ᠭᠠᠪᠢᠶ᠎ᠠ ᠪᠠᠶᠢᠭᠤᠯᠤᠭᠰᠠᠨ ᠪᠠᠶᠠᠷ ᠬᠦᠷᠭᠡᠵᠦ᠂ ᠴᠡᠷᠢᠭ ᠢᠶᠠᠨ ᠬᠦᠷᠢᠶᠡᠯᠡᠨ ᠭᠡᠷ ᠪᠦᠯᠢ ᠶᠢ ᠨᠢ ᠬᠠᠷᠠᠭᠠᠯᠵᠠᠵᠤ ᠬᠥᠮᠦᠰ ᠤᠨ ᠰᠡᠳᠬᠢᠯ ᠢ ᠳᠣᠯᠠᠭᠠᠴᠠᠭᠤᠯᠪᠠ
ᠨᠡᠶᠢᠲᠡᠯᠡᠭᠰᠡᠨ ᠴᠠᠭ᠄
2022/7/19
    7 ᠰᠠᠷ᠎ᠠ ᠶᠢᠨ 15 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠤᠯᠤᠰ ᠲᠥᠷᠥ ᠶᠢᠨ ᠭᠡᠰᠢᠭᠦᠨ ᠵᠠᠶ ᠯᠢ ᠵᠢᠶᠦ᠋ᠨ ᠪᠣᠯᠤᠨ ᠬᠤᠰᠢᠭᠤᠨ ᠤ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶᠠᠨ ᠤ ᠬᠠᠷᠢᠭᠤᠴᠠᠯᠭᠠᠲᠠᠨ ᠯᠢᠨᠳᠦ᠋ᠩ ᠪᠠᠯᠭᠠᠰᠤᠨ ᠳᠤ ᠬᠦᠷᠴᠦ ᠭᠠᠪᠢᠶ᠎ᠠ ᠪᠠᠶᠢᠭᠤᠯᠤᠭᠰᠠᠨ ᠴᠡᠷᠢᠭ ᠤᠨ ᠬᠡᠷ ᠪᠦᠯᠢ ᠶᠢᠨ ᠬᠢᠨ ᠢ ᠲᠣᠬᠤᠨᠢᠭᠤᠯᠵᠤ᠂ ᠵᠢᠶᠠ ᠬᠠᠶ ᠬᠠᠩ ᠪᠣᠯᠤᠨ ᠸᠠᠩ ᠴᠤᠤ ᠬᠤᠶᠠᠷ ᠴᠡᠷᠢᠭ ᠤᠨ ᠬᠡᠷ ᠪᠦᠯᠢ ᠶᠢᠨ ᠬᠢᠨ ᠳᠤ ᠭᠠᠪᠢᠶ᠎ᠠ ᠪᠠᠶᠢᠭᠤᠯᠤᠭᠰᠠᠨ ᠪᠠᠶᠠᠷ ᠤᠨ ᠮᠡᠳᠡᠭᠡ ᠬᠦᠷᠭᠡᠪᠡ᠃       ᠲᠣᠬᠤᠨᠢᠭᠤᠯᠬᠤ ᠳᠤᠭᠤᠶᠢᠯᠠᠩ ᠴᠡᠷᠢᠭ ᠤᠨ ᠬᠡᠷ ᠪᠦᠯᠢ ᠶᠢᠨ ᠬᠢᠨ ᠳᠤ ᠬᠦᠷᠴᠦ ᠭᠠᠪᠢᠶ᠎ᠠ ᠪᠠᠶᠢᠭᠤᠯᠤᠭᠰᠠᠨ ᠱᠠᠩᠨᠠᠯ ᠭᠥᠷᠳᠡᠭᠰᠡᠨ ᠦᠨᠡᠮᠯᠡᠯ ᠪᠠ ᠲᠣᠬᠤᠨᠢᠭᠤᠯᠬᠤ ᠮᠥᠩᠭᠦ ᠬᠦᠷᠭᠡᠭᠰᠡᠨ ᠪᠥᠭᠡᠳ ᠴᠡᠷᠢᠭ ᠤᠨ ᠬᠡᠷ ᠪᠦᠯᠢ ᠶᠢᠨ ᠬᠢᠨ ᠳᠤ ︽ᠴᠡᠷᠢᠭ ᠤᠨ ᠬᠡᠷ ᠪᠦᠯᠢ ᠶᠢᠨ ᠢᠷᠠᠭᠤ ᠠᠯᠳᠠᠷ︾ ᠤᠨ ᠪᠦᠴᠡ ᠵᠡᠭᠦᠯᠭᠡᠭᠰᠡᠨ ᠪᠥᠭᠡᠳ ᠭᠠᠪᠢᠶ᠎ᠠ ᠪᠠᠶᠢᠭᠤᠯᠤᠭᠰᠠᠨ ᠱᠠᠩᠨᠠᠯ ᠭᠥᠷᠳᠡᠭᠰᠡᠨ ᠴᠡᠷᠢᠭ ᠤᠨ ᠬᠡᠷ ᠪᠦᠯᠢ ᠶᠢᠨ ᠬᠢᠨ ᠳᠤ ᠪᠠᠶᠠᠷ ᠬᠦᠷᠭᠡᠵᠦ᠂ ᠬᠡᠷ ᠪᠦᠯᠢ ᠶᠢᠨ ᠬᠢᠨ ᠤ ᠤᠯᠤᠰ ᠲᠤ ᠰᠢᠯᠢᠳᠡᠭ ᠲᠤᠯᠭᠠᠭᠤᠷᠢ ᠴᠢᠳᠠᠪᠤᠷᠢᠲᠠᠨ ᠬᠥᠮᠦᠵᠢᠭᠦᠯᠵᠦ ᠥᠭᠭᠦᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠴᠡᠷᠢᠭ ᠤᠨ ᠬᠡᠷ ᠪᠦᠯᠢ ᠶᠢᠨ ᠬᠢᠨ ᠢᠯᠡᠷᠬᠡᠶᠢᠯᠡᠬᠦ ᠳᠡᠭᠡᠨ᠂ ᠭᠠᠪᠢᠶ᠎ᠠ ᠪᠠᠶᠢᠭᠤᠯᠤᠭᠰᠠᠨ ᠴᠡᠷᠢᠭ ᠤᠨ ᠬᠡᠷ ᠪᠦᠯᠢ ᠶᠢᠨ ᠬᠤᠪᠢ ᠳᠤ᠂ ᠣᠮᠣᠭᠰᠢᠨ ᠪᠠᠭ᠋ᠠᠳᠤᠵᠤ ᠪᠠᠶᠢᠨ᠎ᠠ᠂ ᠬᠤᠶᠢᠰᠢᠳᠠ ᠥᠩᠭᠡᠷᠡᠭᠰᠡᠨ ᠲᠠᠢ ᠪᠠᠨ ᠠᠳᠠᠯᠢ ᠪᠠᠷ ᠬᠡᠦᠬᠡᠳ ᠤᠨ ᠢᠶᠠᠨ ᠴᠡᠷᠢᠭ ᠠᠩᠭᠢ ᠳᠤ ᠰᠠᠨᠠᠭ᠎ᠠ ᠠᠮᠤᠷ ᠠᠯᠪᠠ ᠬᠠᠭᠠᠬᠤ ᠶᠢ ᠳᠡᠮᠵᠢᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠦᠢᠯᠡᠰ ᠲᠤ ᠬᠦᠴᠦ ᠨᠡᠮᠡᠷᠢᠯᠡᠵᠦ᠂ ᠨᠤᠲᠤᠭ ᠤᠨ ᠠᠷᠠᠳ ᠲᠦᠮᠡᠨ ᠳᠡᠭᠡᠨ ᠥᠩᠭᠡ ᠬᠡᠷᠡᠯ ᠨᠡᠮᠡᠷᠢᠯᠡᠨ᠎ᠡ ᠭᠡᠵᠡᠶ᠃        ᠣᠶᠢᠯᠠᠭᠠᠭᠰᠠᠨ ᠢᠶᠠᠷ᠂ ᠵᠢᠶᠠ ᠬᠠᠶ ᠬᠠᠩ ᠪᠣᠯᠤᠨ ᠸᠠᠩ ᠴᠤᠤ ᠵᠢᠶᠦ᠋ᠨ ᠪᠣᠯ ᠠᠯᠪᠠ ᠬᠠᠭᠠᠵᠤ ᠪᠠᠶᠢᠭ᠎ᠠ ᠴᠡᠷᠢᠭ ᠮᠥᠨ᠂ ᠵᠢᠶᠠ ᠬᠠᠶ ᠬᠠᠩ ᠴᠡᠷᠢᠭ ᠲᠤ ᠤᠷᠤᠭᠰᠠᠨ ᠠᠴᠠ ᠪᠠᠨ ᠣᠲᠣ ᠪᠣᠯᠲᠠᠯ᠎ᠠ ᠨᠡᠶᠢᠲᠡ ᠳᠥᠷᠪᠡ ᠤᠳᠠᠭ᠎ᠠ ᠭᠤᠷᠪᠠᠳᠤᠭᠠᠷ ᠳᠡᠰ ᠤᠨ ᠭᠠᠪᠢᠶ᠎ᠠ ᠪᠠᠶᠢᠭᠤᠯᠵᠤ᠂ ᠨᠢᠭᠡ ᠤᠳᠠᠭ᠎ᠠ ᠱᠠᠩᠨᠠᠯ ᠭᠥᠷᠳᠡᠵᠡᠶ᠃ ᠸᠠᠩ ᠴᠤᠤ 2021 ᠣᠨ ᠤ 8 ᠰᠠᠷ᠎ᠠ ᠳᠤ ᠭᠤᠷᠪᠠᠳᠤᠭᠠᠷ ᠳᠡᠰ ᠤᠨ ᠭᠠᠪᠢᠶ᠎ᠠ ᠪᠠᠶᠢᠭᠤᠯᠵᠠᠢ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号