ᠮᠠᠨ ᠤ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠲᠤᠰᠬᠠᠶ ᠰᠡᠳᠦᠪᠲᠦ ᠬᠠᠷᠢᠭᠤ ᠮᠡᠳᠡᠭᠦᠯᠦᠯᠲᠡ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/7/19
      7 ᠰᠠᠷ᠎ᠠ ᠶᠢᠨ 14 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠷᠧᠨ ᠰᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠲᠤᠰᠬᠠᠶ ᠰᠡᠳᠦᠪᠲᠦ ᠬᠠᠷᠢᠭᠤ ᠮᠡᠳᠡᠭᠦᠯᠦᠯᠲᠡ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠪᠥᠬᠦ ᠲᠠᠯ᠎ᠠ ᠪᠠᠷ ᠠᠬᠢᠭᠤᠯᠬᠤ ᠲᠤᠬᠠᠶ ᠳᠠᠬᠢᠨ ᠳᠠᠶᠢᠴᠢᠯᠠᠵᠤ᠂ ᠳᠠᠬᠢᠨ ᠪᠠᠶᠢᠷᠢᠯᠠᠭᠤᠯᠪᠠ᠃ ᠬᠤᠰᠢᠭᠤᠨ ᠤ ᠤᠳᠤᠷᠢᠳᠤᠯᠭ᠎ᠠ ᠬᠠᠨ ᠶᠢᠩ᠂ ᠯᠢ ᠽᠦᠩ ᠮᠢᠩ᠂ ᠵᠠᠩ ᠶᠠᠨ᠂ ᠳ᠋ᠤᠸᠠᠨ ᡁᠢ ᠭᠦᠸᠧ ᠬᠤᠷᠠᠯ ᠳᠤ ᠣᠷᠣᠯᠴᠠᠪᠠ᠃       ᠬᠤᠷᠠᠯ ᠳᠡᠭᠡᠷ᠎ᠡ᠂ ᠭᠤᠤᠯᠳᠠᠯᠭ᠎ᠠ ᠲᠠᠢ ᠠᠩᠬᠠᠷᠴᠤ ᠪᠠᠶᠢᠭ᠎ᠠ ᠠᠵᠢᠯ ᠢ ᠥᠷᠨᠢᠭᠦᠯᠦᠭᠰᠡᠨ ᠪᠠᠶᠢᠳᠠᠯ᠂ ᠪᠥᠬᠦ ᠬᠤᠰᠢᠭᠤᠨ ᠤ ᠵᠡᠭᠦᠨ ᠪᠠᠷᠠᠭᠤᠨ ᠣᠷᠣᠨ ᠤ ᠬᠠᠮᠵᠢᠯᠴᠠᠭ᠎ᠠ ᠪᠠ ᠲᠥᠪ ᠤᠨ ᠴᠡᠭ ᠲᠣᠭᠲᠠᠭᠠᠨ ᠬᠠᠪᠰᠤᠷᠤᠨ ᠲᠡᠳᠬᠦᠬᠦ ᠠᠵᠢᠯ ᠤᠨ ᠬᠤᠯᠪᠣᠭᠳᠠᠯ ᠪᠥᠬᠦᠶ ᠪᠠᠶᠢᠳᠠᠯ ᠢ ᠬᠠᠷᠢᠭᠤ ᠮᠡᠳᠡᠭᠦᠯᠦᠭᠰᠡᠨ ᠪᠥᠭᠡᠳ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠬᠡᠷᠬᠢᠨ ᠤᠯᠠᠮ ᠨᠢᠭᠡ ᠠᠯᠬᠤᠮ ᠠᠬᠢᠭᠤᠯᠬᠤ ᠲᠤᠬᠠᠶ ᠪᠣᠳᠠᠲᠠᠶ ᠱᠠᠭᠠᠷᠳᠠᠯᠭ᠎ᠠ ᠳᠤᠷᠠᠳᠪᠠ᠃        ᠷᠧᠨ ᠰᠢ ᠴᠢᠬᠤᠯᠠᠴᠢᠯᠠᠬᠤ ᠳᠠᠭᠠᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ  ᠬᠤᠷᠢᠶ᠎ᠠ ᠵᠠᠰᠠᠭ ᠤᠨ ᠣᠷᠳᠣᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠳᠡᠭᠡᠳᠦ ᠱᠠᠲᠤᠨ ᠤ ᠱᠠᠭᠠᠷᠳᠠᠯᠭ᠎ᠠ ᠲᠠᠢ ᠬᠠᠷᠭᠤᠭᠤᠯᠤᠨ ᠲᠦᠷᠦ ᠶᠢᠨ ᠪᠤᠳᠤᠯᠭ᠎ᠠ ᠶᠢᠨ ᠭᠦᠢᠴᠡᠳᠬᠡᠯ ᠲᠤᠭ᠎ᠠ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠠᠵᠢᠯ ᠲᠥᠷᠥᠯ ᠤᠨ ᠰᠠᠯᠠᠭ᠎ᠠ ᠮᠥᠴᠢᠷ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠰᠠᠷ᠎ᠠ ᠶᠢᠨ ᠲᠣᠬᠢᠷᠠᠭᠤᠯᠤᠯᠲᠠ ᠬᠢᠵᠦ᠂ ᠴᠠᠭ ᠲᠤᠬᠠᠶ ᠳᠤᠨᠢ ᠰᠡᠷᠡᠮᠵᠢᠯᠡᠭᠦᠯᠬᠦ ᠶᠢ ᠦᠨᠡᠨ ᠬᠦ ᠪᠠᠲᠤᠯᠠᠵᠤ᠂  ᠬᠦᠳᠡᠭᠡ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠪᠣᠯᠤᠨ ᠨᠢᠭᠡᠳᠦᠭᠡᠷ ᠱᠦᠵᠢ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠤ᠂ ᠨᠠᠶᠢᠳᠠᠪᠤᠷᠢᠵᠢᠭᠤᠯᠬᠤ ᠲᠥᠷᠥ ᠶᠢᠨ ᠪᠣᠳᠣᠯᠭ᠎ᠠ ᠪᠣᠯᠤᠨ ᠬᠡᠷᠡᠭᠵᠢᠭᠦᠯᠬᠦ ᠲᠥᠷᠥᠯ  ᠵᠦᠢᠯ ᠢ ᠵᠣᠬᠢᠴᠠᠭᠤᠯᠤᠨ ᠠᠬᠢᠭᠤᠯᠬᠤ ᠵᠢᠴᠢ ᠬᠠᠪᠰᠤᠷᠤᠨ ᠲᠡᠳᠬᠦᠬᠦ ᠠᠵᠢᠯ ᠥᠷᠨᠢᠭᠦᠯᠬᠦ ᠬᠡᠷᠡᠭᠲᠡᠶ᠃ ᠠᠵᠢᠯ ᠣᠯᠭᠤᠬᠤ᠂ ᠰᠤᠷᠭᠠᠨ ᠬᠥᠮᠦᠵᠢᠯ ᠢᠶᠠᠷ ᠬᠠᠪᠰᠤᠷᠤᠨ ᠲᠡᠳᠬᠦᠬᠦ᠂ ᠡᠷᠡᠭᠦᠯ ᠮᠡᠨᠳᠦ ᠪᠠᠷ ᠬᠠᠪᠰᠤᠷᠤᠨ ᠲᠡᠳᠬᠦᠬᠦ᠂ ᠣᠷᠣᠨ ᠰᠠᠭᠤᠴᠠ ᠶᠢᠨ ᠠᠮᠤᠷ ᠲᠦᠪᠰᠢᠨ᠂ ᠤᠤᠭᠤᠬᠤ ᠤᠰᠤ ᠣᠷᠣᠨ ᠰᠠᠭᠤᠴᠠ᠂ ᠨᠡᠶᠢᠭᠡᠮ ᠤᠨ ᠪᠠᠲᠤᠯᠠᠭ᠎ᠠ ᠵᠡᠷᠭᠡ ᠲᠠᠯ᠎ᠠ ᠶᠢᠨ ᠲᠣᠭᠤᠷᠢᠨ ᠳᠤ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠪᠠ ᠲᠥᠷᠥᠯ  ᠵᠦᠢᠯ ᠢ ᠬᠡᠷᠡᠭᠵᠢᠭᠦᠯᠬᠦ ᠠᠵᠢᠯ ᠤᠨ ᠲᠥᠰᠦᠯ ᠢ ᠰᠤᠳᠤᠯᠤᠨ ᠲᠣᠭᠲᠠᠭᠠᠬᠤ ᠬᠡᠷᠡᠭᠲᠡᠶ᠃ ᠲᠠᠷᠢᠶᠠᠴᠢᠨ ᠡᠷᠦᠬᠡ ᠶᠢᠨ ᠮᠡᠳᠡᠭᠡ ᠵᠠᠩᠭᠢ ᠶᠢ ᠵᠢᠭᠰᠠᠭᠠᠨ ᠪᠠᠶᠢᠴᠠᠭᠠᠵᠤ ᠬᠢᠨᠠᠨ ᠬᠡᠮᠵᠢᠵᠦ ᠬᠠᠪᠰᠤᠷᠤᠨ ᠲᠡᠳᠬᠦᠭᠰᠡᠨ ᠪᠠᠶᠢᠳᠠᠯ ᠢ ᠪᠥᠬᠦ ᠲᠠᠯ᠎ᠠ ᠪᠠᠷ ᠣᠶᠢᠯᠠᠭᠠᠵᠤ᠂ ᠬᠥᠳᠡᠯᠦᠩᠭᠦᠶ ᠬᠢᠨᠠᠨ ᠬᠡᠮᠵᠢᠯᠲᠡ ᠶᠢ ᠴᠠᠭ ᠲᠤᠬᠠᠶ ᠳᠤᠨᠢ ᠥᠷᠨᠢᠭᠦᠯᠵᠦ᠂ ᠰᠠᠯᠠᠭ᠎ᠠ ᠮᠥᠴᠢᠷ ᠤᠨ ᠲᠤᠭ᠎ᠠ ᠪᠠᠷᠢᠮᠲᠠ ᠶᠢ ᠰᠢᠭᠰᠢᠨ ᠪᠠᠶᠢᠴᠠᠭᠠᠵᠤ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠳᠠᠬᠢᠨ ᠶᠠᠳᠠᠭᠤᠷᠠᠬᠤ ᠶᠢ ᠬᠢᠨᠠᠨ ᠬᠡᠮᠵᠢᠵᠦ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠤᠬᠠᠭᠤᠯᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠶ᠃ ᠳᠠᠷᠢᠵᠤ ᠲᠡᠵᠢᠭᠡᠬᠦ ᠤᠨᠴᠠᠯᠢᠬᠳᠤ ᠠᠵᠤ ᠦᠢᠯᠡᠰ ᠤᠨ ᠦᠷᠭᠦᠯᠵᠢᠯᠡᠨ ᠲᠣᠭᠲᠠᠭᠤᠨ ᠡᠷᠡᠭᠦᠯ ᠢᠶᠠᠷ ᠬᠥᠭᠵᠢᠬᠦ ᠶᠢ ᠠᠬᠢᠭᠤᠯᠵᠤ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂  ᠬᠦᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢ ᠲᠠᠰᠤᠷᠠᠯᠳᠠ ᠦᠭᠡᠢ ᠪᠤᠵᠠᠭᠠᠶᠢᠷᠠᠭᠤᠯᠬᠤ᠂ ᠶᠠᠳᠠᠭᠤ ᠠᠴᠠ ᠠᠩᠭᠢᠵᠢᠷᠠᠭᠰᠠᠨ ᠡᠷᠦᠬᠡ ᠶᠢᠨ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠬᠦ ᠶᠢ ᠪᠡᠶᠡᠯᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠣᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠶᠢ ᠠᠬᠢᠭᠤᠯᠬᠤ ᠬᠡᠷᠡᠭᠲᠡᠢ᠃ ᠡᠯ᠎ᠡ ᠱᠠᠲᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠠᠵᠢᠯ ᠤᠨ ᠰᠡᠳᠬᠢᠴᠡ ᠪᠠᠨ ᠤᠯᠠᠮ ᠴᠢᠨᠠᠭᠰᠢᠳᠠ ᠲᠣᠳᠣᠷᠬᠠᠶ ᠪᠣᠯᠭᠠᠵᠤ᠂ ᠠᠵᠢᠯ ᠤᠨ ᠡᠭᠦᠷᠭᠡ ᠪᠠᠨ ᠨᠠᠷᠢᠯᠢᠬᠵᠢᠭᠤᠯᠤᠨ ᠬᠤᠪᠢᠶᠠᠷᠢᠯᠠᠵᠤ᠂ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ᠂  ᠠᠵᠢᠯ ᠢᠶᠠᠨ ᠳᠠᠷᠠᠭᠠᠯᠠᠨ ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠯ᠎ᠡ  ᠵᠦᠢᠯ ᠤᠨ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ  ᠭᠡᠵᠠᠢ᠃       ᠷᠧᠨ ᠰᠢ  ᠵᠢᠭᠠᠵᠤ ᠭᠠᠷᠭᠠᠬᠰᠠᠨ ᠨᠢ᠂ ᠲᠠᠷᠢᠶᠠᠯᠠᠩ ᠤᠨ ᠪᠦᠲᠦᠭᠡᠭᠳᠡᠬᠦᠨ ᠤ ᠪᠣᠷᠣᠯᠠᠭᠤᠯᠭ᠎ᠠ ᠶᠢᠨ ᠠᠷᠭ᠎ᠠ ᠵᠠᠮ ᠢ ᠤᠯᠠᠮ ᠴᠢᠨᠠᠭᠰᠢᠳᠠ ᠥᠷᠭᠡᠳᠬᠡᠵᠦ᠂ ︽ᠰᠦᠯᠵᠢᠶᠡᠨ ᠳᠡᠭᠡᠷᠡᠬᠢ︾ ᠪᠠ ︽ᠰᠦᠯᠵᠢᠶᠡᠨ ᠭᠠᠳᠠᠨᠠᠬᠢ︾ ᠶᠢ ᠤᠶᠠᠯᠳᠤᠭᠤᠯᠬᠤ ᠠᠷᠭ᠎ᠠ ᠬᠡᠯᠪᠡᠷᠢ ᠶᠢ ᠠᠪᠴᠤ᠂ ᠲᠠᠷᠢᠶᠠᠯᠠᠩ ᠤᠨ ᠲᠦᠷᠦᠯ ᠲᠡᠮᠳᠡᠭ ᠢ ᠪᠤᠶᠢᠵᠢᠭᠤᠯᠬᠤ ᠡᠷᠴᠢᠮ ᠪᠠ ᠳᠡᠯᠭᠡᠨ ᠪᠣᠷᠣᠯᠠᠭᠤᠯᠬᠤ ᠲᠠᠨᠢᠯᠴᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠦᠨᠡᠨ ᠬᠦ ᠣᠨᠴᠠᠯᠢᠭ ᠢ ᠲᠤᠪᠤᠶᠢᠯᠭᠠᠨ᠂ ᠰᠣᠳᠣᠨ ᠪᠦᠲᠦᠭᠡᠯ ᠢ ᠬᠥᠭᠵᠢᠭᠦᠯᠵᠦ᠂ ᠲᠦᠷᠦᠯ ᠲᠡᠮᠳᠡᠭ ᠢ ᠡᠭᠦᠳᠬᠦ ᠬᠡᠷᠡᠭᠲᠡᠢ᠃ ᠮᠠᠨ ᠤ ᠬᠤᠰᠢᠭᠤᠨ ᠤ ᠠᠵᠤ ᠠᠬᠤᠶᠢᠯᠠᠯ ᠬᠢᠭᠡᠳ ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠤᠨ ᠪᠥᠬᠦ ᠲᠠᠯ᠎ᠠ ᠶᠢᠨ ᠬᠠᠮᠲᠤᠷᠠᠯᠴᠠᠭ᠎ᠠ ᠶᠢ ᠤᠯᠠᠮ ᠨᠢᠭᠡ ᠠᠯᠬᠤᠮ ᠠᠬᠢᠭᠤᠯᠵᠤ᠂ ᠠᠵᠤ ᠠᠬᠤᠶᠢᠯᠠᠯ ᠤᠨ ᠮᠡᠷᠭᠡᠵᠢᠯ ᠤᠨ ᠬᠦᠴᠢᠷ ᠠᠰᠠᠭᠤᠳᠠᠯ ᠢ ᠰᠢᠢᠳᠪᠦᠷᠢᠯᠡᠨ᠂ ᠮᠠᠨ ᠤ ᠬᠤᠰᠢᠭᠤᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠳᠤ ᠰᠠᠭᠤᠷᠢ ᠲᠠᠯᠪᠢᠵᠤ ᠥᠭᠬᠦ ᠬᠡᠷᠡᠭᠲᠡᠶ᠃ ᠡᠮᠴᠢᠯᠡᠭᠡᠨ ᠤ ᠡᠬᠢ ᠪᠠᠶᠠᠯᠢᠭ᠂ ᠮᠠᠯ ᠠᠵᠤ ᠠᠬᠤᠶ ᠲᠠᠷᠢᠶᠠᠯᠠᠩ ᠤᠨ ᠮᠠᠰᠢᠨᠴᠢᠯᠠᠯᠲᠠ ᠶᠢᠨ ᠡᠬᠢ ᠪᠠᠶᠠᠯᠢᠭ ᠤᠨ ᠳᠠᠯᠳᠠ ᠬᠦᠴᠦᠨ ᠢ  ᠭᠦᠢᠴᠡᠳ ᠠᠭᠤᠳᠠᠯᠵᠤ᠂ ᠰᠢᠨᠵᠢᠯᠡᠬᠦ ᠤᠬᠠᠭᠠᠨᠴᠢ ᠪᠠᠷ ᠬᠠᠪᠰᠤᠷᠤᠨ ᠲᠡᠳᠬᠦᠬᠦ ᠶᠢ ᠳᠣᠪᠤᠶᠢᠯᠭᠠᠬᠤ ᠬᠡᠷᠡᠭᠲᠡᠶ᠃ ᠪᠦᠬᠦ ᠬᠤᠰᠢᠭᠤᠨ ᠤ  ᠵᠣᠬᠰᠣᠴᠠ ᠠᠴᠠ 2023 ᠣᠨ ᠤ ᠤᠨᠢᠨ ᠳᠡᠭᠡᠷ᠎ᠡ ᠨᠢ ᠬᠠᠪᠰᠤᠷᠤᠨ ᠲᠡᠳᠬᠦᠬᠦ ᠲᠦᠷᠦᠯ  ᠵᠦᠢᠯ ᠢ ᠭᠦᠨᠵᠡᠭᠡᠢ ᠲᠥᠯᠥᠪᠵᠢᠭᠦᠯᠵᠦ᠂ ᠬᠤᠯᠠ ᠶᠢ ᠬᠠᠷᠠᠵᠤ᠂ ᠬᠠᠷᠠᠭᠠᠰᠤ ᠪᠠᠨ ᠣᠨᠣᠪᠴᠢᠲᠠᠢ ᠰᠣᠩᠭᠤᠵᠤ᠂ ᠲᠦᠷᠦ ᠶᠢᠨ ᠪᠤᠳᠤᠯᠭ᠎ᠠ ᠶᠢᠨ ᠡᠯᠧᠮᠧᠨ᠋ᠲ᠂ ᠮᠡᠷᠭᠡᠵᠢᠯ ᠤᠨ ᠡᠯᠧᠮᠧᠨ᠋ᠲ᠂ ᠠᠵᠤ ᠦᠢᠯᠡᠰ ᠤᠨ ᠬᠤᠯᠪᠣᠭᠳᠠᠬᠤ  ᠬᠡᠮᠵᠢᠶ᠎ᠡ ᠵᠡᠷᠭᠡ ᠠᠰᠠᠭᠤᠳᠠᠯ ᠢ ᠶᠡᠷᠦᠩᠬᠡᠶᠢᠯᠡᠨ ᠪᠣᠳᠣᠯᠬᠢᠯᠠᠵᠤ᠂ ᠨᠢᠭᠡ ᠪᠦᠯᠦᠭ ᠪᠠᠶᠢᠯᠳᠤᠬᠤ ᠪᠤᠳᠤᠯᠭ᠎ᠠ ᠶᠢᠨ ᠴᠢᠨᠠᠷᠲᠠᠢ᠂ ᠰᠢᠰᠲ᠋ᠧᠮᠲᠦ ᠴᠢᠨᠠᠷᠲᠠᠢ᠂ ᠬᠡᠷᠡᠭᠵᠢᠭᠦᠯᠵᠦ ᠪᠣᠯᠬᠤᠶᠢᠴᠠ ᠲᠦᠷᠦᠯ ᠵᠦᠢᠯ ᠢ ᠲᠥᠯᠥᠪᠵᠢᠭᠦᠯᠵᠦ ᠭᠠᠷᠭᠠᠬᠤ ᠶᠢ ᠪᠠᠲᠤᠯᠠᠬᠤ ᠬᠡᠷᠡᠭᠲᠡᠢ᠃ ᠪᠥᠬᠦ ᠬᠤᠰᠢᠭᠤᠨ ᠤ ᠵᠡᠭᠦᠨ ᠪᠠᠷᠠᠭᠤᠨ ᠣᠷᠣᠨ ᠤ ᠶᠠᠳᠠᠭᠤ ᠶᠢ ᠲᠡᠳᠬᠦᠬᠦ ᠬᠠᠮᠵᠢᠯᠴᠠᠭ᠎ᠠ ᠪᠠ ᠲᠥᠪ ᠤᠨ ᠴᠡᠭ ᠲᠣᠭᠲᠠᠭᠠᠨ ᠬᠠᠪᠰᠤᠷᠤᠨ ᠲᠡᠳᠬᠦᠬᠦ ᠠᠵᠢᠯ ᠤᠨ ᠣᠷᠳᠣ ᠬᠤᠭᠤᠴᠠᠭᠠᠨ ᠤ ᠪᠦᠲᠦᠮᠵᠢᠲᠡᠶ ᠬᠠᠪᠰᠤᠷᠤᠨ ᠲᠡᠳᠬᠦᠬᠦ ᠲᠣᠭᠲᠠᠴᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠰᠤᠷᠭᠠᠨ ᠬᠥᠮᠦᠵᠢᠯ᠂ ᠡᠮ ᠡᠮᠨᠡᠯᠭᠡ᠂ ᠴᠢᠳᠠᠪᠤᠷᠢᠲᠠᠨ ᠵᠡᠷᠭᠡ ᠬᠦᠷᠢᠶᠡᠨ ᠳᠠᠬᠢ ᠬᠠᠪᠰᠤᠷᠤᠨ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ᠡᠯ᠎ᠡ ᠠᠵᠢᠯ  ᠦᠢᠯᠡᠰ ᠤᠨ ᠳᠤᠲᠠᠭᠤᠳᠠᠯ ᠢᠶᠠᠨ ᠨᠥᠬᠦᠪᠥᠷᠢᠯᠡᠬᠦ ᠶᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ  ᠭᠡᠵᠠᠢ  ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号