ᠰᠢ ᠶᠢᠨ ᠫᠢᠩ ᠣᠷᠣᠯᠴᠠᠬᠰᠠᠨ ᠪᠦᠬᠡᠳ | ᠴᠢᠬᠤᠯᠠ ᠶᠠᠷᠢᠶ᠎ᠠ ᠲᠠᠯᠪᠢᠵᠠᠢ ᠰᠢᠶᠠᠩᠭᠠᠩ | ᠡᠬᠡ ᠤᠯᠤᠰ ᠲᠠᠭᠠᠨ ᠪᠤᠴᠠᠵᠤ ᠢᠷᠡᠭᠰᠡᠨ 25 | ᠵᠢᠯ ᠤᠨ ᠤᠢ ᠶᠢ ᠪᠡᠯᠭᠡᠯᠡᠬᠦ ᠶᠡᠭᠡ ᠬᠤᠷᠠᠯ | ᠵᠢᠴᠢ ᠰᠢᠶᠠᠩᠭᠠᠩ ᠣᠨᠴᠠᠭᠠᠢ ᠵᠠᠰᠠᠭ | ᠵᠠᠬᠢᠷᠭᠠᠨ ᠤ ᠣᠷᠣᠨ ᠤ ᠵᠢᠷᠭᠤᠳᠤᠭᠠᠷ | ᠬᠤᠭᠤᠴᠠᠭᠠᠨ ᠤ ᠵᠠᠰᠠᠭ ᠤᠨ ᠣᠷᠳᠣᠨ ᠤ | ᠲᠤᠰᠢᠶᠠᠯ ᠳᠤ ᠭᠠᠷᠬᠤ ᠶᠣᠰᠣᠯᠠᠯ 1 ᠤ ᠦᠳᠡ ᠶᠢᠨ | ᠡᠮᠦᠨ᠎ᠡ ᠰᠢᠶᠠᠩᠭᠠᠩ ᠤᠨ ᠬᠤᠷᠠᠯ | ᠦᠵᠡᠰᠭᠦᠯᠡᠩ ᠤᠨ ᠲᠥᠪ ᠲᠤ ᠦᠪᠡᠳᠡᠭᠰᠢ | ᠶᠡᠭᠡ ᠪᠠᠷ ᠶᠠᠪᠤᠭᠳᠠᠪᠠ᠃ ᠨᠠᠮ ᠤᠨ ᠲᠥᠪ | ᠬᠤᠷᠢᠶᠠᠨ ᠤ ᠶᠡᠷᠦᠩᠬᠡᠶ ᠱᠦᠵᠢ᠂ ᠤᠯᠣᠰ ᠤᠨ | ᠲᠡᠷᠢᠭᠦᠯᠡᠭᠴᠢ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶᠠᠨ ᠤ ᠲᠡᠷᠢᠭᠦᠯᠡᠭᠴᠢ | ᠰᠢ ᠶᠢᠨ ᠫᠢᠩ ᠬᠤᠷᠠᠯ ᠳᠤ ᠣᠷᠣᠯᠴᠠᠬᠰᠠᠨ ᠪᠦᠬᠡᠳ | ᠴᠢᠬᠤᠯᠠ ᠶᠠᠷᠢᠶ᠎ᠠ ᠲᠠᠯᠪᠢᠵᠠᠶ᠃ ᠲᠡᠷᠡ᠂ 25 | ᠵᠢᠯ ᠤᠨ ᠲᠤᠷᠰᠢ᠂ ᠡᠬᠡ ᠤᠯᠤᠰ ᠤᠨ ᠪᠦᠬᠦ | ᠬᠦᠴᠦᠨ ᠤ ᠳᠡᠮᠵᠢᠯᠭᠡ ᠳᠣᠣᠷ᠎ᠠ᠂ ᠰᠢᠶᠠᠩᠭᠠᠩ | ᠣᠨᠴᠠᠭᠠᠢ ᠵᠠᠰᠠᠭ ᠵᠠᠬᠢᠷᠭᠠᠨ ᠤ ᠣᠷᠣᠨ ᠤ | ᠵᠠᠰᠠᠭ ᠤᠨ ᠣᠷᠳᠣᠨ ᠪᠣᠯᠤᠨ ᠨᠡᠶᠢᠭᠡᠮ ᠤᠨ ᠡᠯ᠎ᠡ | ᠡᠲᠡᠭᠡᠳ ᠤᠨ ᠬᠠᠮᠲᠤ ᠶᠢᠨ | ᠴᠢᠷᠮᠠᠶᠢᠯᠭ᠎ᠠ ᠪᠠᠷ᠂ ︽ᠨᠢᠭᠡ ᠤᠯᠤᠰ ᠲᠤ | ᠬᠤᠶᠠᠷ ᠪᠠᠶᠢᠭᠤᠯᠤᠯ ᠢ ᠬᠡᠷᠡᠭᠵᠢᠭᠦᠯᠬᠦ︾ | ᠦᠢᠯᠡᠳᠦᠯᠭᠡ ᠰᠢᠶᠠᠩᠭᠠᠩ ᠳᠤ ᠳᠡᠯᠡᠬᠡᠢ | ᠳ᠋ᠠᠬᠢᠨ ᠳᠤ ᠮᠡᠳᠡᠷᠡᠭᠳᠡᠭᠰᠡᠨ ᠠᠮᠵᠢᠯᠲᠠ | ᠣᠯᠵᠠᠢ᠃ ︽ᠨᠢᠭᠡ ᠤᠯᠤᠰ ᠲᠤ ᠬᠤᠶᠠᠷ | ᠪᠠᠶᠢᠭᠤᠯᠤᠯ ᠢ ᠬᠡᠷᠡᠭᠵᠢᠭᠦᠯᠬᠦ︾ ᠪᠣᠯ | ᠦᠢᠯᠡᠳᠦᠯᠭᠡ ᠶᠢᠨ ᠲᠠᠬᠢᠨ ᠳᠠᠪᠲᠠᠭᠰᠠᠨ | ᠰᠢᠯᠭᠠᠯᠲᠠ ᠶᠢ ᠥᠩᠭᠡᠷᠡᠭᠡᠭᠰᠡᠨ ᠶᠤᠮ᠂ ᠤᠯᠤᠰ᠂ | ᠦᠨᠳᠦᠰᠦᠲᠡᠨ ᠤ ᠦᠨᠳᠦᠰᠦᠨ ᠠᠰᠢᠭ ᠲᠤᠰᠠ ᠳᠤ | ᠨᠡᠶᠢᠴᠡᠵᠤ᠂ ᠰᠢᠶᠠᠩᠭᠠᠩ᠂ ᠣᠣᠮᠧᠨ ᠤ ᠦᠨᠳᠦᠰᠦᠨ | ᠠᠰᠢᠭ ᠲᠤᠰᠠ ᠳᠤ ᠨᠡᠶᠢᠴᠡᠵᠤ᠂ 14 ᠳ᠋ᠦᠩᠰᠢᠭᠤᠷ | ᠭᠠᠷᠤᠢ ᠡᠭᠡ ᠤᠯᠤᠰ ᠤᠨ ᠠᠷᠠᠳ ᠲᠦᠮᠡᠨ ᠤ | ᠬᠦᠴᠦᠲᠡᠢ ᠳᠡᠮᠵᠢᠯᠭᠡ ᠶᠢ ᠣᠯᠵᠤ᠂ ᠰᠢᠶᠠᠩᠭᠠᠩ᠂ | ᠣᠣᠮᠧᠨ ᠤ ᠰᠠᠭᠤᠭᠠᠯᠢ ᠠᠷᠠᠳ ᠤᠨ ᠰᠠᠨᠠᠯ | ᠨᠢᠭᠡᠲᠡᠢ ᠬᠦᠷᠢᠶᠡᠯᠡᠯ ᠢ ᠣᠯᠤᠭᠰᠠᠨ ᠪᠥᠭᠡᠳ | ᠳᠡᠯᠡᠬᠡᠢ ᠨᠡᠶᠢᠭᠡᠮ ᠤᠨ ᠨᠡᠶᠢᠳᠡᠮ ᠤᠨ | ᠵᠦᠪᠰᠢᠶᠡᠷᠡᠯ ᠢ ᠣᠯᠤᠭᠰᠠᠨ ᠶᠤᠮ᠃ ᠡᠶᠢᠮᠦ | ᠰᠡᠶᠢᠠ ᠪᠠᠶᠢᠭᠤᠯᠤᠯ ᠢ ᠬᠤᠪᠢᠷᠠᠭᠤᠯᠬᠤ ᠶᠠᠮᠠᠷ | ᠴᠤ ᠰᠢᠯᠲᠠᠭᠠᠨ ᠪᠠᠶᠢᠳᠠᠭ ᠤᠢᠭᠡᠢ᠂ ᠡᠷᠬᠡᠪᠰᠢ | ᠤᠷᠳᠦ ᠬᠤᠭᠤᠴᠠᠭ᠎ᠠ ᠪᠠᠷ ᠪᠠᠷᠢᠮᠲᠠᠯᠠᠬᠤ | ᠬᠡᠷᠡᠭᠲᠡᠢ ᠭᠡᠵᠤ ᠴᠢᠬᠤᠯᠠᠴᠢᠯᠠᠵᠠᠢ᠃ 7 | ᠰᠠᠷ᠎ᠠ ᠶᠢᠨ 1 ᠤ ᠦᠳᠡ ᠶᠢᠨ ᠡᠮᠦᠨ᠎ᠡ᠂ | ᠰᠢᠶᠠᠩᠭᠠᠩ ᠡᠬᠡ ᠤᠯᠤᠰ ᠲᠠᠭᠠᠨ ᠪᠤᠴᠠᠵᠤ | ᠢᠷᠡᠭᠰᠡᠨ 25 ᠵᠢᠯ ᠤᠨ ᠣᠶ ᠶᠢ ᠪᠡᠯᠭᠡᠯᠡᠬᠦ | ᠶᠡᠭᠡ ᠬᠤᠷᠠᠯ ᠵᠢᠴᠢ ᠰᠢᠶᠠᠩᠭᠠᠩ ᠣᠨᠴᠠᠭᠠᠶ | ᠵᠠᠰᠠᠭ ᠵᠠᠬᠢᠷᠭᠠᠨ ᠤ ᠣᠷᠣᠨ ᠤ ᠵᠢᠷᠭᠤᠳᠤᠭᠠᠷ | ᠬᠤᠭᠤᠴᠠᠭᠠᠨ ᠤ ᠵᠠᠰᠠᠭ ᠤᠨ ᠣᠷᠳᠣᠨ ᠤ | ᠲᠤᠰᠢᠶᠠᠯ ᠳᠤ ᠭᠠᠷᠬᠤ ᠶᠣᠰᠣᠯᠠᠯ | ᠰᠢᠶᠠᠩᠭᠠᠩ ᠤᠨ ᠬᠤᠷᠠᠯ ᠦᠵᠡᠰᠭᠦᠯᠡᠩ ᠤᠨ | ᠲᠥᠪ ᠲᠤ ᠦᠪᠡᠳᠡᠭᠰᠢ ᠶᠡᠭᠡ ᠪᠠᠷ ᠶᠠᠪᠤᠭᠳᠠᠪᠠ᠃ | ᠨᠠᠮ ᠤᠨ ᠲᠥᠪ ᠬᠤᠷᠢᠶᠠᠨ ᠤ ᠶᠡᠷᠦᠩᠬᠡᠶ ᠱᠦᠵᠢ᠂ | ᠤᠯᠤᠰ ᠤᠨ ᠲᠡᠷᠢᠭᠦᠯᠡᠭᠴᠢ᠂ ᠲᠥᠪ ᠤᠨ | ᠴᠡᠷᠢᠭ ᠤᠨ ᠶᠠᠪᠤᠳᠠᠯ ᠤᠨ ᠬᠤᠷᠢᠶᠠᠨ ᠤ | ᠲᠡᠷᠢᠭᠦᠯᠡᠭᠴᠢ ᠰᠢ ᠶᠢᠨ ᠫᠢᠩ ᠣᠷᠣᠯᠴᠠᠭᠰᠠᠨ | ᠪᠦᠭᠡᠳ ᠴᠢᠬᠤᠯᠠ ᠶᠠᠷᠢᠶ᠎ᠠ ᠲᠠᠯᠪᠢᠵᠠᠶ᠃ | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠶᠣᠣ | ᠳ᠋ᠠ ᠸᠧᠶ ᠰᠡᠭᠦᠳᠡᠷᠯᠡᠪᠡ 7 ᠰᠠᠷ᠎ᠠ ᠶᠢᠨ | 1 ᠤ ᠦᠳᠡ ᠶᠢᠨ ᠡᠮᠦᠨ᠎ᠡ᠂ ᠰᠢᠶᠠᠩᠭᠠᠩ ᠡᠬᠡ | ᠤᠯᠤᠰ ᠲᠠᠭᠠᠨ ᠪᠤᠴᠠᠵᠤ ᠢᠷᠡᠭᠰᠡᠨ 25 ᠵᠢᠯ ᠤᠨ | ᠣᠶ ᠶᠢ ᠪᠡᠯᠭᠡᠯᠡᠬᠦ ᠶᠡᠭᠡ ᠬᠤᠷᠠᠯ ᠵᠢᠴᠢ | ᠰᠢᠶᠠᠩᠭᠠᠩ ᠣᠨᠴᠠᠭᠠᠶ ᠵᠠᠰᠠᠭ ᠵᠠᠬᠢᠷᠭᠠᠨ ᠤ | ᠣᠷᠣᠨ ᠤ ᠵᠢᠷᠭᠤᠳᠤᠭᠠᠷ ᠬᠤᠭᠤᠴᠠᠭᠠᠨ ᠤ | ᠵᠠᠰᠠᠭ ᠤᠨ ᠣᠷᠳᠣᠨ ᠤ ᠲᠤᠰᠢᠶᠠᠯ ᠳᠤ ᠭᠠᠷᠬᠤ | ᠶᠣᠰᠣᠯᠠᠯ ᠰᠢᠶᠠᠩᠭᠠᠩ ᠤᠨ ᠬᠤᠷᠠᠯ | ᠦᠵᠡᠰᠭᠦᠯᠡᠩ ᠤᠨ ᠲᠥᠪ ᠲᠤ ᠦᠪᠡᠳᠡᠭᠰᠢ | ᠶᠡᠭᠡ ᠪᠠᠷ ᠶᠠᠪᠤᠭᠳᠠᠪᠠ᠃ ᠨᠠᠮ ᠤᠨ ᠲᠥᠪ | ᠬᠤᠷᠢᠶᠠᠨ ᠤ ᠶᠡᠷᠦᠩᠬᠡᠶ ᠱᠦᠵᠢ᠂ ᠤᠯᠤᠰ ᠤᠨ | ᠲᠡᠷᠢᠭᠦᠯᠡᠭᠴᠢ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶᠠᠨ ᠤ ᠲᠡᠷᠢᠭᠦᠯᠡᠭᠴᠢ | ᠰᠢ ᠶᠢᠨ ᠫᠢᠩ ᠣᠷᠣᠯᠴᠠᠭᠰᠠᠨ ᠪᠦᠭᠡᠳ ᠴᠢᠬᠤᠯᠠ | ᠶᠠᠷᠢᠶ᠎ᠠ ᠲᠠᠯᠪᠢᠵᠠᠶ᠃ ᠵᠢᠷᠤᠭ ᠪᠣᠯ ᠰᠢ ᠶᠢᠨ | ᠫᠢᠩ ᠳᠠᠩᠭᠠᠷᠢᠭᠯᠠᠬᠤ ᠶᠢ ᠬᠢᠨᠠᠵᠤ᠂ | ᠰᠢᠶᠠᠩᠭᠠᠩ ᠣᠨᠴᠠᠭᠠᠶ ᠵᠠᠰᠠᠭ ᠵᠠᠬᠢᠷᠭᠠᠨ ᠤ | ᠣᠷᠣᠨ ᠤ ᠵᠢᠷᠭᠤᠳᠤᠭᠠᠷ ᠬᠤᠭᠤᠴᠠᠭᠠᠨ ᠤ ᠵᠠᠰᠠᠭ | ᠵᠠᠬᠢᠷᠭᠠᠨ ᠤ ᠳᠠᠷᠤᠭ᠎ᠠ ᠯᠢ ᠵᠢᠶᠠ ᠴᠤᠤ | ᠲᠤᠰᠢᠶᠠᠯ ᠳᠤ ᠭᠠᠷᠬᠤ ᠳᠠᠩᠭᠠᠷᠢᠭ ᠬᠢᠵᠦ | ᠪᠠᠶᠢᠭ᠎ᠠ ᠨᠢ᠃ ᠰᠢᠨᠬᠤᠸᠠ ᠬᠤᠷᠢᠶᠠᠨ ᠤ | ᠰᠤᠷᠪᠤᠯᠵᠢᠯᠠᠭᠴᠢ ᠵᠢᠤᠢ ᠫᠧᠩ ᠰᠡᠭᠦᠳᠡᠷᠯᠡᠪᠡ | ᠬᠤᠷᠠᠯ ᠤᠨ ᠲᠠᠯᠠᠪᠠᠢ ᠳᠤ᠂ ᠠᠭᠤᠷ ᠠᠮᠢᠰᠬᠤᠯ | ᠲᠥᠪ ᠶᠡᠬᠡᠮᠰᠦᠭ ᠪᠥᠭᠡᠳ ᠬᠦᠷ ᠬᠥᠭᠵᠢᠶᠡᠨ ᠲᠠᠢ | ᠪᠠᠶᠢᠯ᠎ᠠ᠃ ᠲᠡᠷᠢᠭᠦᠯᠡᠭᠴᠢ ᠶᠢᠨ ᠲᠠᠶᠢᠰᠠᠨ | ᠳᠡᠭᠡᠷ᠎ᠡ᠂ ᠪᠦᠬᠦᠳᠠ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠤᠯᠤᠰ ᠤᠨ ᠲᠤᠭ᠂ ᠤᠯᠤᠰ ᠤᠨ | ᠰᠦᠯᠳᠡ ᠪᠣᠯᠤᠨ ᠰᠢᠶᠠᠩᠭᠠᠩ ᠣᠨᠴᠠᠭᠠᠢ ᠵᠠᠰᠠᠭ | ᠵᠠᠬᠢᠷᠭᠠᠨ ᠤ ᠣᠷᠣᠨ ᠤ ᠣᠷᠣᠨ ᠤ ᠲᠤᠭ | ᠣᠨᠴᠠ ᠶᠢᠨ ᠢᠯᠡᠳᠡᠢ ᠬᠠᠷᠠᠭᠳᠠᠨ᠎ᠠ᠃ ᠰᠢ ᠶᠢᠨ | ᠫᠢᠩ ᠬᠠᠳᠤᠨ ᠫᠧᠩ ᠯᠢ ᠶᠤᠸᠠᠨ ᠲᠠᠢ ᠪᠠᠨ | ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ | ᠣᠷᠣᠨ ᠤ ᠵᠢᠷᠭᠤᠳᠤᠭᠠᠷ ᠬᠤᠭᠤᠴᠠᠭᠠᠨ ᠤ ᠵᠠᠰᠠᠭ | ᠵᠠᠬᠢᠷᠭᠠᠨ ᠤ ᠳᠠᠷᠤᠭ᠎ᠠ ᠯᠢ ᠵᠢᠶᠠ ᠴᠤᠤ ᠪᠣᠯᠤᠨ | ᠲᠡᠭᠦᠨ ᠤ ᠬᠠᠳᠤᠨ ᠯᠢᠨ ᠯᠢ ᠴᠠᠨ ᠤ ᠪᠠᠷ᠎ᠠ | ᠪᠤᠯᠤᠯᠭ᠎ᠠ ᠲᠠᠢ ᠪᠠᠷ ᠬᠤᠷᠠᠯ ᠤᠨ | ᠲᠠᠯᠠᠪᠠᠢ ᠳᠤ ᠠᠯᠬᠤᠨ ᠣᠷᠣᠬᠤ ᠳᠤ᠂ ᠲᠠᠯᠠᠪᠠᠢ | ᠳᠠᠶᠠᠭᠠᠷ ᠪᠣᠰᠴᠤ ᠵᠣᠭᠰᠣᠨ ᠨᠢᠵᠢᠭᠢᠨᠡᠲᠡᠯ᠎ᠡ | ᠠᠯᠠᠭ᠎ᠠ ᠲᠠᠰᠢᠪᠠ᠃ ᠦᠳᠡ ᠶᠢᠨ ᠡᠮᠦᠨᠡᠬᠢ 10 | ᠴᠠᠭ ᠤᠨ ᠦᠶ᠎ᠡ ᠪᠠᠷ᠂ ᠪᠡᠯᠭᠡᠯᠡᠬᠦ ᠶᠡᠭᠡ | ᠬᠤᠷᠠᠯ ᠵᠢᠴᠢ ᠲᠤᠰᠢᠶᠠᠯ ᠳᠤ ᠭᠠᠷᠬᠤ ᠶᠣᠰᠣᠯᠠᠯ | ᠡᠬᠢᠯᠡᠵᠠᠢ᠃ ᠪᠦᠬᠦᠳᠡᠭᠡᠷ ᠢᠶᠠᠨ ᠪᠣᠰᠴᠤ | ᠵᠣᠭᠰᠣᠨ᠂ ᠪᠦᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠤᠯᠤᠰ ᠤᠨ ᠰᠦᠯᠳᠡ ᠳᠠᠭᠤᠤ ᠶᠢ | ᠳᠠᠭᠤᠯᠠᠵᠠᠭᠠᠪᠠ᠃ ᠰᠢ ᠶᠢᠨ ᠫᠢᠩ | ᠲᠡᠷᠢᠭᠦᠯᠡᠭᠴᠢ ᠶᠢᠨ ᠲᠠᠶᠢᠰᠠᠨ ᠳᠤ ᠭᠠᠷᠴᠤ | ᠲᠠᠩᠭᠠᠷᠢᠭᠯᠠᠬᠤ ᠶᠢ ᠬᠢᠨᠠᠪᠠ᠃ ᠯᠢ ᠵᠢᠶᠠ ᠴᠤᠤ | ᠡᠩ ᠲᠡᠷᠢᠭᠦᠨ ᠳᠤ ᠲᠤᠰᠢᠶᠠᠯ ᠳᠤ ᠭᠠᠷᠬᠤ | ᠲᠠᠩᠭᠠᠷᠢᠭ ᠬᠢᠪᠡ᠂ ᠲᠡᠷᠡ ᠪᠦᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠤᠯᠤᠰ ᠤᠨ ᠲᠤᠭ᠂ ᠤᠯᠤᠰ ᠤᠨ ᠰᠦᠯᠳᠡ ᠪᠣᠯᠤᠨ | ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ | ᠣᠷᠣᠨ ᠤ ᠤᠷᠤᠨ ᠤ ᠲᠤᠭ ᠲᠤ ᠬᠠᠨᠳᠤᠵᠤ᠂ | ᠪᠠᠷᠠᠭᠤᠨ ᠭᠠᠷ ᠢᠶᠠᠨ ᠡᠷᠭᠦᠨ᠂ ᠰᠢᠶᠠᠩᠭᠠᠩ | ᠣᠨᠴᠠᠭᠠᠢ ᠵᠠᠰᠠᠭ ᠵᠠᠬᠢᠷᠭᠠᠨ ᠤ ᠣᠷᠣᠨ ᠤ | ᠦᠨᠳᠦᠰᠦ ᠪᠣᠯᠬᠤ ᠬᠠᠤᠯᠢ ᠶᠢᠨ ᠲᠣᠭᠲᠠᠭᠠᠯ | ᠶᠣᠰᠣᠭᠠᠷ ᠲᠥᠪ ᠴᠢᠩᠭ᠎ᠠ ᠪᠠᠷ | ᠲᠠᠩᠭᠠᠷᠢᠭᠯᠠᠪᠠ᠃ ᠵᠠᠯᠭᠠᠭᠠᠳ᠂ ᠰᠢ ᠶᠢᠨ | ᠫᠢᠩ ᠲᠠᠩᠭᠠᠷᠢᠭᠯᠠᠬᠤ ᠶᠢ ᠬᠢᠨᠠᠵᠤ᠂ | ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ | ᠣᠷᠣᠨ ᠤ ᠵᠢᠷᠭᠤᠳᠤᠭᠠᠷ ᠬᠤᠭᠤᠴᠠᠭᠠᠨ ᠤ | ᠵᠠᠰᠠᠭ ᠤᠨ ᠣᠷᠳᠣᠨ ᠤ ᠭᠤᠣᠯ ᠠᠯᠪᠠᠨ | ᠲᠤᠰᠢᠶᠠᠯᠲᠠᠳ ᠯᠢ ᠵᠢᠶᠠ ᠴᠤᠤ ᠶᠢᠨ | ᠲᠠᠭᠠᠭᠤᠯᠭ᠎ᠠ ᠪᠠᠷ ᠲᠤᠰᠢᠶᠠᠯ ᠳᠤ ᠭᠠᠷᠬᠤ | ᠲᠠᠩᠭᠠᠷᠢᠭ ᠬᠢᠪᠡ᠃ ᠲᠠᠷᠠᠭ᠎ᠠ ᠨᠢ᠂ ᠯᠢ | ᠵᠢᠶᠠ ᠴᠤᠤ ᠲᠠᠩᠭᠠᠷᠢᠭᠯᠠᠬᠤ ᠶᠢ ᠬᠢᠨᠠᠵᠤ᠂ | ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ | ᠣᠷᠣᠨ ᠤ ᠵᠠᠰᠠᠭ ᠵᠠᠬᠢᠷᠭᠠᠨ ᠤ ᠬᠤᠷᠠᠯ ᠤᠨ | ᠪᠦᠷᠢᠯᠳᠦᠬᠦᠨ ᠨᠠᠷ ᠲᠤᠰᠢᠶᠠᠯ ᠳᠤ ᠭᠠᠷᠬᠤ | ᠲᠠᠩᠭᠠᠷᠢᠭ ᠬᠢᠪᠡ᠃ ᠬᠠᠯᠠᠭᠤᠨ ᠠᠯᠠᠭ᠎ᠠ | ᠲᠠᠰᠢᠯᠳᠠ ᠶᠢᠨ ᠳᠤᠮᠳᠠ᠂ ᠰᠢ ᠶᠢᠨ ᠫᠢᠩ ᠴᠢᠬᠤᠯᠠ | ᠶᠠᠷᠢᠶ᠎ᠠ ᠲᠠᠯᠪᠢᠪᠠ᠃ ᠲᠡᠷᠡ ᠡᠩ ᠲᠡᠷᠢᠭᠦᠨ ᠳᠤ | ᠰᠢᠶᠠᠩᠭᠠᠩ ᠤᠨ ᠪᠦᠬᠦ ᠰᠠᠭᠤᠭᠠᠯᠢ ᠠᠷᠠᠳ ᠲᠤ | ᠴᠢᠩ ᠰᠡᠳᠭᠢᠯ ᠤᠨ ᠮᠡᠨᠳᠦᠴᠢᠯᠡᠯ ᠬᠦᠷᠬᠡᠵᠦ᠂ | ᠰᠢᠨ᠎ᠡ ᠪᠠᠷ ᠲᠤᠰᠢᠶᠠᠯ ᠳᠤ ᠭᠠᠷᠤᠭᠰᠠᠨ | ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ | ᠣᠷᠣᠨ ᠤ ᠵᠢᠷᠭᠤᠳᠤᠭᠠᠷ ᠬᠤᠭᠤᠴᠠᠭᠠᠨ ᠤ ᠵᠠᠰᠠᠭ | ᠵᠠᠬᠢᠷᠭᠠᠨ ᠤ ᠳᠠᠷᠤᠭ᠎ᠠ ᠯᠢ ᠵᠢᠶᠠ ᠴᠤᠤ ᠪᠣᠯᠤᠨ | ᠵᠢᠷᠭᠤᠳᠤᠭᠠᠷ ᠬᠤᠭᠤᠴᠠᠭᠠᠨ ᠤ ᠵᠠᠰᠠᠭ ᠤᠨ | ᠣᠷᠳᠣᠨ ᠤ ᠭᠤᠣᠯ ᠪᠣᠯᠬᠤ ᠠᠯᠪᠠᠨ ᠲᠤᠰᠢᠶᠠᠯᠲᠠᠳ᠂ | ᠵᠠᠰᠠᠭ ᠵᠠᠬᠢᠷᠭᠠᠨ ᠤ ᠬᠤᠷᠠᠯ ᠤᠨ | ᠪᠦᠷᠢᠯᠳᠦᠬᠦᠨ ᠨᠠᠷ ᠲᠤ ᠬᠠᠯᠠᠭᠤᠨ ᠪᠠᠶᠠᠷ | ᠬᠦᠷᠭᠡᠵᠦ᠂ ︽ᠨᠢᠭᠡ ᠤᠯᠤᠰ ᠲᠤ ᠬᠤᠶᠠᠷ | ᠪᠠᠶᠢᠭᠤᠯᠤᠯ ᠢ ᠬᠡᠷᠡᠭᠵᠢᠭᠦᠯᠬᠦ︾ ᠦᠢᠯᠡᠰ ᠢ | ᠳᠡᠮᠵᠢᠭᠰᠡᠨ᠂ ᠰᠢᠶᠠᠩᠭᠠᠩ ᠤᠨ ᠬᠥᠭᠵᠢᠯ | ᠴᠡᠴᠡᠭᠯᠡᠯ ᠲᠣᠭᠲᠠᠭᠤᠨ ᠢ ᠳᠡᠮᠵᠢᠭᠰᠡᠨ | ᠤᠯᠤᠰ ᠤᠨ ᠳᠣᠲᠣᠭᠠᠳᠤ ᠭᠠᠳᠠᠭᠠᠳᠤ ᠶᠢᠨ ᠠᠬ᠎ᠠ | ᠳᠡᠭᠦᠦ ᠨᠡᠷ ᠪᠣᠯᠤᠨ ᠤᠯᠠᠨ ᠤᠯᠤᠰ ᠤᠨ | ᠨᠥᠬᠦᠷᠰᠡᠭ ᠬᠥᠮᠦᠰ ᠲᠤ ᠴᠢᠩ ᠰᠡᠳᠭᠢᠯ ᠤᠨ | ᠲᠠᠯᠠᠷᠬᠠᠯ ᠳᠡᠪᠰᠢᠭᠦᠯᠪᠡ᠃ ᠰᠢ ᠶᠢᠨ ᠫᠢᠩ᠂ | ᠳᠤᠮᠳᠠᠳᠤ ᠶᠢᠨ ᠦᠨᠳᠦᠰᠦᠲᠡᠨ ᠤ ᠲᠠᠪᠤᠨ | ᠮᠢᠩᠭ᠎ᠠ ᠭᠠᠷᠤᠢ ᠵᠢᠯ ᠤᠨ ᠪᠣᠯᠪᠠᠰᠤᠨ ᠤ | ᠲᠡᠦᠬᠡ ᠨᠢ ᠳᠤᠮᠳᠠᠳᠤ ᠶᠢᠨ ᠦᠨᠳᠦᠰᠦᠲᠡᠨ ᠤ | ᠡᠪᠦᠭᠡ ᠳᠡᠭᠡᠳᠦᠰ ᠤᠨ ᠯᠢᠩᠨᠠᠨ ᠣᠷᠣᠨ ᠳᠤ | ᠰᠢᠷᠭᠠᠭᠤ ᠬᠠᠲᠠᠭᠤᠵᠢᠯᠲᠠᠢ ᠠᠵᠤ ᠲᠦᠷᠦᠵᠤ | ᠪᠠᠶᠢᠭᠰᠠᠨ ᠢ ᠲᠡᠮᠳᠡᠭᠯᠡᠵᠦ ᠪᠠᠶᠢᠨ᠎ᠠ᠃ | ᠬᠠᠷ᠎ᠠ ᠲᠠᠮᠠᠬᠢ ᠶᠢᠨ ᠲᠠᠶᠢᠨ ᠤ ᠳᠠᠷᠠᠭᠠᠬᠢ | ᠳᠤᠮᠳᠠᠳᠤ ᠤᠯᠤᠰ ᠤᠨ ᠣᠷᠴᠢᠨ ᠦᠶ᠎ᠡ ᠶᠢᠨ | ᠲᠡᠦᠬᠡ ᠨᠢ ᠰᠢᠶᠠᠩᠭᠠᠩ ᠢ ᠠᠷᠭ᠎ᠠ ᠪᠤᠰᠤ | ᠬᠡᠰᠡᠭᠯᠡᠨ ᠥᠭᠭᠦᠭᠰᠡᠨ ᠭᠤᠲᠤᠮᠰᠢᠭ ᠢ | ᠲᠡᠮᠳᠡᠭᠯᠡᠵᠦ᠂ ᠨᠡᠩ ᠴᠤ ᠳᠤᠮᠳᠠᠳᠤ ᠶᠢᠨ | ᠬᠥᠪᠡᠭᠦᠳ ᠥᠬᠢᠳ ᠤᠨ ᠤᠯᠤᠰ ᠬᠦᠷᠦᠨ ᠢᠶᠠᠨ | ᠮᠥᠬᠦᠯ ᠠᠴᠠ ᠠᠪᠤᠷᠠᠬᠤ ᠭᠡᠰᠡᠨ ᠡᠰᠡᠷᠭᠦᠴᠡᠯ ᠢ | ᠲᠡᠮᠳᠡᠭᠯᠡᠵᠦ ᠪᠠᠶᠢᠨ᠎ᠠ᠃ ᠳᠤᠮᠳᠠᠳᠤ ᠤᠯᠤᠰ ᠤᠨ | ᠡᠪ ᠬᠠᠮᠲᠤ ᠨᠠᠮ ᠤᠨ ᠠᠷᠠᠳ ᠲᠦᠮᠡᠨ ᠢ | ᠪᠦᠯᠬᠦᠮᠳᠡᠭᠦᠯᠦᠨ ᠳᠠᠭᠠᠭᠤᠯᠵᠤ ᠬᠢᠭᠰᠡᠨ ᠰᠦᠷ | ᠳᠠᠯᠠᠶᠢᠴᠠᠲᠠᠢ ᠵᠠᠭᠤᠨ ᠵᠢᠯ ᠤᠨ ᠲᠡᠮᠡᠴᠡᠯ ᠤᠨ | ᠲᠡᠦᠬᠡ ᠨᠢ ᠰᠢᠶᠠᠩᠭᠠᠩ ᠤᠨ ᠠᠬ᠎ᠠ ᠳᠡᠭᠦᠦ | ᠨᠡᠷ ᠤᠨ ᠦᠵᠡᠭᠦᠯᠦᠭᠰᠡᠨ ᠥᠪᠡᠷᠮᠢᠴᠡ ᠪᠥᠭᠡᠳ | ᠴᠢᠬᠤᠯᠠ ᠬᠤᠪᠢ ᠨᠡᠮᠡᠷᠢ ᠶᠢ ᠲᠡᠮᠳᠡᠭᠯᠡᠵᠦ | ᠪᠠᠶᠢᠨ᠎ᠠ᠃ ᠲᠡᠦᠬᠡᠨ ᠠᠴᠠ ᠨᠠᠭᠠᠰᠢ᠂ | ᠰᠢᠶᠠᠩᠭᠠᠩ ᠤᠨ ᠠᠬ᠎ᠠ ᠳᠡᠭᠦᠦ ᠨᠡᠷ ᠢᠮᠠᠭᠲᠠ | ᠡᠬᠡ ᠤᠯᠤᠰ ᠲᠠᠢ ᠪᠠᠨ ᠬᠠᠲᠠᠭᠤ | ᠪᠡᠷᠬᠡᠰᠢᠶᠡᠯ ᠢ ᠬᠠᠮᠲᠤ ᠪᠠᠷ ᠲᠤᠭᠤᠯᠵᠤ᠂ | ᠴᠢᠰᠤ ᠮᠢᠬᠠᠨ ᠤ ᠪᠠᠷᠢᠯᠳᠤᠯᠭ᠎ᠠ ᠲᠠᠢ ᠶᠤᠮ | ᠭᠡᠵᠤ ᠴᠢᠬᠤᠯᠠᠴᠢᠯᠠᠵᠠᠢ᠃ ᠰᠢ ᠶᠢᠨ ᠫᠢᠩ᠂ | ︽ᠨᠢᠭᠡ ᠤᠯᠤᠰ ᠲᠤ ᠬᠤᠶᠠᠷ ᠪᠠᠶᠢᠭᠤᠯᠤᠯ ᠢ | ᠬᠡᠷᠡᠭᠵᠢᠭᠦᠯᠬᠦ︾ ᠶᠢᠨ ᠦᠨᠳᠦᠰᠦᠨ ᠵᠣᠷᠢᠯᠲᠠ | ᠪᠣᠯ ᠤᠯᠤᠰ ᠤᠨ ᠡᠷᠬᠡ ᠮᠡᠳᠡᠯ᠂ ᠠᠮᠤᠷ ᠲᠦᠪᠰᠢᠨ᠂ | ᠬᠥᠭᠵᠢᠯᠲᠡ ᠶᠢᠨ ᠠᠰᠢᠭ ᠲᠤᠰᠠ ᠶᠢ | ᠬᠠᠮᠠᠭᠠᠯᠠᠵᠤ᠂ ᠰᠢᠶᠠᠩᠭᠠᠩ᠂ ᠣᠣᠮᠧᠨ ᠤ ᠤᠷᠳᠤ | ᠬᠤᠭᠤᠴᠠᠭᠠᠨ ᠤ ᠬᠥᠭᠵᠢᠯ ᠴᠡᠴᠡᠭᠯᠡᠯ | ᠲᠣᠭᠲᠠᠭᠤᠨ ᠢ ᠪᠠᠲᠤᠯᠠᠬᠤ ᠶᠠᠪᠤᠳᠠᠯ | ᠪᠣᠯᠤᠨ᠎ᠠ᠃ ᠲᠥᠪ ᠵᠠᠰᠠᠭ ᠤᠨ ᠣᠷᠳᠣᠨ ᠤ ᠬᠢᠵᠦ | ᠪᠠᠶᠢᠭ᠎ᠠ ᠠᠯᠢᠪᠠ ᠪᠦᠬᠦᠨ ᠪᠣᠯ ᠴᠥᠮ ᠤᠯᠤᠰ | ᠬᠡᠷ ᠤᠨ ᠰᠠᠶᠢᠨ ᠰᠠᠶᠢᠬᠠᠨ ᠤ ᠲᠥᠯᠥᠭᠡ᠂ | ᠰᠢᠶᠠᠩᠭᠠᠩ ᠣᠣᠮᠧᠨ ᠤ ᠰᠠᠶᠢᠨ ᠰᠠᠶᠢᠬᠠᠨ ᠤ | ᠲᠥᠯᠥᠭᠡ᠂ ᠰᠢᠶᠠᠩᠭᠠᠩ ᠣᠣᠮᠧᠨ ᠤ ᠠᠬ᠎ᠠ ᠳᠡᠭᠦᠦ | ᠨᠡᠷ ᠤᠨ ᠰᠠᠶᠢᠨ ᠰᠠᠶᠢᠬᠠᠨ ᠤ ᠲᠥᠯᠥᠭᠡ ᠶᠤᠮ᠃ | ︽ᠨᠢᠭᠡ ᠤᠯᠤᠰ ᠲᠤ ᠬᠤᠶᠠᠷ ᠪᠠᠶᠢᠭᠤᠯᠤᠯ ᠢ | ᠬᠡᠷᠡᠭᠵᠢᠭᠦᠯᠬᠦ︾ ᠪᠣᠯ ᠦᠢᠯᠡᠳᠦᠯᠭᠡ ᠶᠢᠨ | ᠲᠠᠬᠢᠨ ᠳᠠᠪᠲᠠᠭᠰᠠᠨ ᠰᠢᠯᠭᠠᠯᠲᠠ ᠶᠢ | ᠥᠩᠭᠡᠷᠡᠭᠡᠭᠰᠡᠨ᠂ ᠤᠯᠤᠰ᠂ ᠦᠨᠳᠦᠰᠦᠲᠡᠨ ᠤ | ᠦᠨᠳᠦᠰᠦᠨ ᠠᠰᠢᠭ ᠲᠤᠰᠠ ᠳᠤ ᠨᠡᠶᠢᠴᠡᠵᠦ᠂ | ᠰᠢᠶᠠᠩᠭᠠᠩ᠂ ᠣᠣᠮᠧᠨ ᠤ ᠦᠨᠳᠦᠰᠦᠨ ᠠᠰᠢᠭ | ᠲᠤᠰᠠ ᠳᠤ ᠨᠡᠶᠢᠴᠡᠵᠦ᠂ ᠡᠭᠡ ᠤᠯᠤᠰ ᠤᠨ 14 | ᠳ᠋ᠦᠩᠰᠢᠭᠤᠷ ᠭᠠᠷᠤᠢ ᠠᠷᠠᠳ ᠲᠦᠮᠡᠨ ᠤ ᠬᠦᠴᠦᠲᠡᠢ | ᠳᠡᠮᠵᠢᠯᠭᠡ ᠶᠢ ᠣᠯᠵᠤ᠂ ᠰᠢᠶᠠᠩᠭᠠᠩ᠂ ᠣᠣᠮᠧᠨ ᠤ | ᠰᠠᠭᠤᠭᠠᠯᠢ ᠠᠷᠠᠳ ᠤᠨ ᠰᠠᠨᠠᠯ ᠨᠢᠭᠡᠲᠡᠢ | ᠬᠦᠷᠢᠶᠡᠯᠡᠯ ᠢ ᠣᠯᠤᠭᠰᠠᠨ ᠪᠥᠭᠡᠳ ᠳᠡᠯᠡᠬᠡᠢ | ᠨᠡᠶᠢᠭᠡᠮ ᠤᠨ ᠨᠡᠶᠢᠳᠡᠮ ᠤᠨ ᠵᠦᠪᠰᠢᠶᠡᠷᠡᠯ ᠢ | ᠣᠯᠤᠭᠰᠠᠨ ᠶᠤᠮ᠃ ᠡᠶᠢᠮᠦ ᠰᠡᠶᠢᠠ ᠪᠠᠶᠢᠭᠤᠯᠤᠯ ᠢ | ᠬᠤᠪᠢᠷᠠᠭᠤᠯᠬᠤ ᠶᠠᠮᠠᠷ ᠴᠤ ᠰᠢᠯᠳᠠᠭᠠᠨ | ᠪᠠᠶᠢᠳᠠᠭ ᠤᠢᠭᠡᠢ᠂ ᠡᠷᠬᠡᠪᠰᠢ ᠤᠷᠳᠦ | ᠬᠤᠭᠤᠴᠠᠭ᠎ᠠ ᠪᠠᠷ ᠪᠠᠷᠢᠮᠲᠠᠯᠠᠬᠤ ᠬᠡᠷᠡᠭᠲᠡᠢ | ᠭᠡᠵᠤ ᠴᠢᠬᠤᠯᠠᠴᠢᠯᠠᠪᠠ᠃ ᠰᠢ ᠶᠢᠨ ᠫᠢᠩ᠂ | ︽ᠨᠢᠭᠡ ᠤᠯᠤᠰ ᠲᠤ ᠬᠤᠶᠠᠷ ᠪᠠᠶᠢᠭᠤᠯᠤᠯ ᠢ | ᠬᠡᠷᠡᠭᠵᠢᠭᠦᠯᠬᠦ︾ ᠶᠢᠨ ᠰᠢᠶᠠᠩᠭᠠᠩ ᠳᠠᠬᠢ | ᠪᠠᠶᠠᠯᠢᠭ ᠦᠢᠯᠡᠳᠦᠯᠭᠡ ᠨᠢ ᠪᠢᠳᠡᠨ ᠳᠤ ᠮᠠᠰᠢ | ᠤᠯᠠᠨ ᠡᠷᠬᠢᠮ ᠨᠠᠨᠳᠢᠨ ᠲᠤᠷᠰᠢᠯᠭ᠎ᠠ | ᠦᠯᠡᠳᠡᠭᠡᠵᠦ ᠦᠭᠭᠦᠭᠰᠡᠨ ᠪᠥᠭᠡᠳ ᠪᠠᠰᠠ ᠴᠥᠭᠡᠨ | ᠪᠤᠰᠤ ᠭᠦᠨᠵᠡᠭᠡᠢ ᠰᠡᠩᠬᠡᠷᠡᠭᠦᠯᠦᠯ | ᠦᠯᠡᠳᠡᠭᠡᠵᠦ ᠦᠭᠴᠡᠢ᠃ ᠭᠠᠭᠴᠠ ᠬᠦ ︽ᠨᠢᠭᠡ | ᠤᠯᠤᠰ ᠲᠤ ᠬᠤᠶᠠᠷ ᠪᠠᠶᠢᠭᠤᠯᠤᠯ ᠢ | ᠬᠡᠷᠡᠭᠵᠢᠭᠦᠯᠬᠦ︾ ᠦᠢᠯᠡᠳᠦᠯᠭᠡ ᠶᠢᠨ ᠵᠢᠮ᠎ᠡ | ᠶᠣᠰᠣ ᠶᠢ ᠭᠦᠨᠵᠡᠭᠡᠢ ᠤᠢᠢᠯᠠᠭᠠᠨ ᠣᠨᠣᠪᠴᠢᠲᠠᠢ | ᠡᠵᠡᠮᠰᠢᠪᠡᠯ ᠰᠠᠶ᠋ᠢ ︽ᠨᠢᠭᠡ ᠤᠯᠤᠰ ᠲᠤ ᠬᠤᠶᠠᠷ | ᠪᠠᠶᠢᠭᠤᠯᠤᠯ ᠢ ᠬᠡᠷᠡᠭᠵᠢᠭᠦᠯᠬᠦ︾ ᠦᠢᠯᠡᠰ ᠤᠨ | ᠢᠮᠠᠭᠲᠠ ᠵᠥᠪ ᠴᠢᠭᠯᠡᠯ ᠢᠶᠠᠷ ᠯᠠᠪᠳᠠᠭᠤᠨ ᠬᠤᠯᠠ | ᠠᠶᠠᠯᠠᠬᠤ ᠶᠢ ᠪᠠᠲᠤᠯᠠᠵᠤ ᠴᠢᠳᠠᠨ᠎ᠠ᠃ | ᠨᠢᠭᠡᠳᠦᠭᠡᠷ ᠲᠤ᠂ ᠡᠷᠬᠡᠪᠰᠢ ︽ᠨᠢᠭᠡ ᠤᠯᠤᠰ ᠲᠤ | ᠬᠤᠶᠠᠷ ᠪᠠᠶᠢᠭᠤᠯᠤᠯ ᠢ ᠬᠡᠷᠡᠭᠵᠢᠭᠦᠯᠬᠦ︾ | ᠴᠢᠭᠯᠡᠯᠲᠡ ᠶᠢ ᠪᠦᠬᠦ ᠲᠠᠯ᠎ᠠ ᠪᠠᠷ | ᠣᠨᠣᠪᠴᠢᠲᠠᠢ ᠲᠤᠭᠤᠰᠢᠯᠠᠭᠤᠯᠬᠤ ᠬᠡᠷᠡᠭᠲᠡᠢ᠃ | ︽ᠨᠢᠭᠡ ᠤᠯᠤᠰ ᠲᠤ ᠬᠤᠶᠠᠷ ᠪᠠᠶᠢᠭᠤᠯᠤᠯ ᠢ | ᠬᠡᠷᠡᠭᠵᠢᠭᠦᠯᠬᠦ︾ ᠴᠢᠭᠯᠡᠯᠲᠡ ᠪᠣᠯ ᠨᠢᠭᠡᠨ | ᠪᠦᠷᠢᠨ ᠪᠦᠲᠦᠨ ᠰᠢᠰᠲ᠋ᠧᠮ ᠮᠥᠨ᠃ ᠤᠯᠤᠰ ᠤᠨ | ᠡᠷᠬᠡ ᠮᠡᠳᠡᠯ᠂ ᠠᠮᠤᠷ ᠲᠦᠪᠰᠢᠨ᠂ | ᠬᠥᠭᠵᠢᠯᠲᠡ ᠶᠢᠨ ᠠᠰᠢᠭ ᠲᠤᠰᠠ ᠶᠢ | ᠬᠠᠮᠠᠭᠠᠯᠠᠬᠤ ᠪᠣᠯ ︽ᠨᠢᠭᠡ ᠤᠯᠤᠰ ᠲᠤ ᠬᠤᠶᠠᠷ | ᠪᠠᠶᠢᠭᠤᠯᠤᠯ ᠢ ᠬᠡᠷᠡᠭᠵᠢᠭᠦᠯᠬᠦ︾ | ᠴᠢᠭᠯᠡᠯᠲᠡ ᠶᠢᠨ ᠬᠠᠮᠤᠭ ᠤᠨ ᠳᠡᠭᠡᠳᠦ ᠵᠠᠷᠴᠢᠮ | ᠮᠥᠨ᠂ ᠡᠨᠡ ᠬᠦ ᠤᠷᠢᠲᠠᠯ ᠳᠣᠣᠷ᠎ᠠ ᠰᠢᠶᠠᠩᠭᠠᠩ᠂ | ᠣᠣᠮᠧᠨ ᠤᠤᠯ ᠤᠨ ᠬᠥᠷᠥᠩᠭᠡᠲᠦ ᠶᠣᠰᠣᠨ ᠤ | ᠪᠠᠶᠢᠭᠤᠯᠤᠯ ᠢᠶᠠᠨ ᠤᠷᠳᠤ ᠬᠤᠭᠤᠴᠠᠭ᠎ᠠ ᠪᠠᠷ | ᠬᠤᠪᠢᠷᠠᠭᠤᠯᠬᠤ ᠦᠭᠡᠢ ᠪᠠᠶᠢᠵᠤ᠂ ᠳᠡᠭᠡᠳᠦ | ᠬᠡᠮᠵᠢᠶᠡᠨ ᠤ ᠥᠪᠡᠷᠲᠡᠭᠡᠨ ᠵᠠᠰᠠᠬᠤ ᠡᠷᠬᠡ ᠶᠢ | ᠡᠳ᠋ᠯᠡᠨ᠎ᠡ᠃ ︽ᠨᠢᠭᠡ ᠤᠯᠤᠰ ᠲᠤ ᠬᠤᠶᠠᠷ | ᠪᠠᠶᠢᠭᠤᠯᠤᠯ ᠢ ᠬᠡᠷᠡᠭᠵᠢᠭᠦᠯᠬᠦ︾ | ᠴᠢᠭᠯᠡᠯᠲᠡ ᠶᠢ ᠪᠦᠬᠦ ᠲᠠᠯ᠎ᠠ ᠪᠠᠷ | ᠣᠨᠣᠪᠴᠢᠲᠠᠢ ᠲᠤᠭᠤᠰᠢᠯᠠᠭᠤᠯᠬᠤ ᠨᠢ | ᠰᠢᠶᠠᠩᠭᠠᠩ᠂ ᠣᠣᠮᠧᠨ ᠳᠤ ᠬᠢᠵᠠᠭᠠᠯᠠᠰᠢ ᠦᠭᠡᠢ | ᠥᠷᠭᠡᠨ ᠠᠭᠤᠳᠠᠮ ᠬᠥᠭᠵᠢᠯᠲᠡ ᠶᠢᠨ ᠣᠷᠣᠨ | ᠵᠠᠢ ᠶᠢ ᠪᠤᠢ ᠪᠣᠯᠭᠠᠵᠤ ᠥᠭᠬᠦ ᠪᠣᠯᠤᠨ᠎ᠠ᠃ | ︽ᠨᠢᠭᠡ ᠤᠯᠤᠰ︾ ᠤᠨ ᠵᠠᠷᠴᠢᠮ ᠪᠠᠲᠤ ᠪᠠᠬᠢ | ᠪᠣᠯᠬᠤ ᠲᠤᠳᠤᠮ ︽ᠬᠤᠶᠠᠷ ᠪᠠᠶᠢᠭᠤᠯᠤᠯ︾ ᠤᠨ | ᠳᠠᠪᠠᠭᠤᠯᠢᠭ ᠤᠯᠠᠮ ᠲᠤᠪᠤᠶᠢᠮ᠎ᠠ ᠪᠤᠯᠬᠤ | ᠪᠤᠯᠤᠨ᠎ᠠ᠃ ᠬᠤᠶᠠᠳᠤᠭᠠᠷ ᠲᠤ᠂ ᠡᠷᠬᠡᠪᠰᠢ | ᠲᠥᠪ ᠤᠨ ᠪᠦᠬᠦ ᠲᠠᠯ᠎ᠠ ᠪᠠᠷ ᠬᠠᠮᠢᠶᠠᠷᠤᠨ | ᠵᠠᠰᠠᠬᠤ ᠡᠷᠬᠡ ᠪᠣᠯᠤᠨ ᠣᠨᠴᠠᠭᠠᠢ ᠵᠠᠰᠠᠭ | ᠵᠠᠬᠢᠷᠭᠠᠨ ᠤ ᠣᠷᠣᠨ ᠤ ᠳᠡᠭᠡᠳᠦ | ᠬᠡᠮᠵᠢᠶ᠎ᠡ ᠪᠠᠷ ᠥᠪᠡᠷᠲᠡᠭᠡᠨ ᠵᠠᠰᠠᠬᠤ | ᠡᠷᠬᠡ ᠶᠢᠨ ᠨᠢᠭᠡᠳᠦᠯᠲᠡᠢ ᠪᠠᠶᠢᠬᠤ ᠶᠢ | ᠪᠠᠲᠤᠯᠠᠬᠤ ᠬᠡᠷᠡᠭᠲᠡᠢ᠃ ᠲᠥᠪ ᠵᠠᠰᠠᠭ ᠤᠨ | ᠣᠷᠳᠣᠨ ᠣᠨᠴᠠᠭᠠᠢ ᠵᠠᠰᠠᠭ ᠵᠠᠬᠢᠷᠭᠠᠨ ᠤ | ᠣᠷᠣᠨ ᠢ ᠪᠦᠬᠦ ᠲᠠᠯ᠎ᠠ ᠪᠠᠷ ᠬᠠᠮᠢᠶᠠᠷᠤᠨ | ᠵᠠᠰᠠᠬᠤ ᠡᠷᠬᠡ ᠲᠠᠢ᠂ ᠡᠨᠡ ᠪᠣᠯ ᠣᠨᠴᠠᠭᠠᠢ | ᠵᠠᠰᠠᠭ ᠵᠠᠬᠢᠷᠭᠠᠨ ᠤ ᠣᠷᠣᠨ ᠤ ᠳᠡᠭᠡᠳᠦ | ᠬᠡᠮᠵᠢᠶ᠎ᠡ ᠪᠠᠷ ᠥᠪᠡᠷᠲᠡᠭᠡᠨ ᠵᠠᠰᠠᠬᠤ | ᠡᠷᠬᠡ ᠶᠢᠨ ᠡᠬᠢ ᠦᠨᠳᠦᠰᠦ ᠮᠥᠨ᠂ ᠡᠭᠦᠨ ᠤ | ᠵᠡᠷᠭᠡ ᠪᠠᠷ ᠲᠥᠪ ᠠᠴᠠ ᠣᠨᠴᠠᠭᠠᠢ ᠵᠠᠰᠠᠭ | ᠵᠠᠬᠢᠷᠭᠠᠨ ᠤ ᠣᠷᠣᠨ ᠤ ᠬᠠᠤᠯᠢ ᠶᠣᠰᠣᠭᠠᠷ | ᠡᠳ᠋ᠯᠡᠬᠦ ᠳᠡᠭᠡᠳᠦ ᠬᠡᠮᠵᠢᠶ᠎ᠡ ᠪᠠᠷ | ᠥᠪᠡᠷᠲᠡᠭᠡᠨ ᠵᠠᠰᠠᠬᠤ ᠡᠷᠬᠡ ᠶᠢ ᠭᠦᠢᠴᠡᠳ | ᠬᠦᠨᠳᠦᠳᠭᠡᠨ ᠡᠷᠡᠰ ᠬᠠᠮᠠᠭᠠᠯᠠᠨ᠎ᠠ᠃ ᠲᠥᠪ ᠤᠨ | ᠪᠦᠬᠦ ᠲᠠᠯ᠎ᠠ ᠪᠠᠷ ᠬᠠᠮᠢᠶᠠᠷᠤᠨ ᠵᠠᠰᠠᠬᠤ | ᠡᠷᠬᠡ ᠶᠢ ᠨᠠᠶᠢᠳᠠᠪᠤᠷᠢᠵᠢᠭᠤᠯᠬᠤ ᠪᠠ | ᠣᠨᠴᠠᠭᠠᠢ ᠵᠠᠰᠠᠭ ᠵᠠᠬᠢᠷᠭᠠᠨ ᠤ ᠣᠷᠣᠨ ᠤ | ᠳᠡᠭᠡᠳᠦ ᠬᠡᠮᠵᠢᠶ᠎ᠡ ᠪᠠᠷ ᠥᠪᠡᠷᠲᠡᠭᠡᠨ | ᠵᠠᠰᠠᠬᠤ ᠡᠷᠬᠡ ᠶᠢ ᠪᠠᠲᠤᠯᠠᠬᠤ ᠪᠣᠯ | ᠨᠢᠭᠡᠳᠦᠯᠲᠡᠢ ᠵᠣᠯᠭᠠᠯᠴᠠᠭᠰᠠᠨ ᠶᠠᠪᠤᠳᠠᠯ | ᠪᠣᠯᠤᠨ᠎ᠠ᠂ ᠭᠠᠭᠴᠠ ᠬᠦ ᠡᠭᠦᠨ ᠢ | ᠪᠡᠶᠡᠯᠡᠭᠦᠯᠪᠡᠯ ᠰᠠᠶ᠋ᠢ ᠣᠨᠴᠠᠭᠠᠢ ᠵᠠᠰᠠᠭ | ᠵᠠᠬᠢᠷᠭᠠᠨ ᠤ ᠣᠷᠣᠨ ᠢ ᠰᠠᠶᠢᠲᠤᠷ ᠵᠠᠰᠠᠵᠤ | ᠴᠢᠳᠠᠨ᠎ᠠ᠃ ᠭᠤᠷᠪᠠᠳᠤᠭᠠᠷ ᠲᠤ᠂ | ︽ᠤᠯᠤᠰ ᠢᠶᠠᠨ ᠬᠠᠶᠢᠷᠠᠯᠠᠭᠴᠢᠳ ᠢᠶᠠᠷ | ᠰᠢᠶᠠᠩᠭᠠᠩ ᠢ ᠵᠠᠰᠠᠭᠤᠯᠬᠤ︾ ᠶᠢ ᠡᠷᠬᠡᠪᠰᠢ | ᠨᠠᠶᠢᠳᠠᠪᠤᠷᠢᠵᠢᠭᠤᠯᠬᠤ ᠬᠡᠷᠡᠭᠲᠡᠢ᠃ | ᠵᠠᠰᠠᠭ ᠤᠨ ᠡᠷᠬᠡ ᠶᠢ ᠡᠷᠬᠡᠪᠰᠢ ᠤᠯᠤᠰ ᠢᠶᠠᠨ | ᠬᠠᠶᠢᠷᠠᠯᠠᠭᠴᠢᠳ ᠤᠨ ᠭᠠᠷ ᠲᠤ ᠠᠳᠬᠤᠭᠤᠯᠬᠤ | ᠬᠡᠷᠡᠭᠲᠡᠢ᠂ ᠡᠨᠡ ᠪᠣᠯ ᠳᠡᠯᠡᠬᠡᠢ ᠳ᠋ᠠᠬᠢᠨ ᠳᠤ | ᠨᠡᠶᠢᠳᠡᠮ ᠬᠡᠷᠡᠭᠯᠡᠭᠳᠡᠵᠦ ᠪᠠᠶᠢᠭ᠎ᠠ ᠤᠯᠤᠰ | ᠲᠦᠷᠦ ᠶᠢᠨ ᠵᠢᠮ᠎ᠡ ᠶᠣᠰᠣ ᠮᠥᠨ᠃ ᠰᠢᠶᠠᠩᠭᠠᠩ | ᠣᠨᠴᠠᠭᠠᠢ ᠵᠠᠰᠠᠭ ᠵᠠᠬᠢᠷᠭᠠᠨ ᠤ ᠣᠷᠣᠨ ᠢ | ᠬᠠᠮᠢᠶᠠᠷᠤᠨ ᠵᠠᠰᠠᠬᠤ ᠡᠷᠬᠡ ᠶᠢ ᠤᠯᠤᠰ ᠢᠶᠠᠨ | ᠬᠠᠶᠢᠷᠠᠯᠠᠭᠴᠢᠳ ᠤᠨ ᠭᠠᠷ ᠲᠤ ᠪᠠᠲᠤ | ᠡᠵᠡᠮᠳᠡᠭᠦᠯᠬᠦ ᠪᠣᠯ ᠰᠢᠶᠠᠩᠭᠠᠩ ᠤᠨ ᠥᠨᠢ | ᠤᠳᠠᠭᠠᠨ ᠠᠮᠤᠷ ᠲᠦᠪᠰᠢᠨ ᠪᠠᠶᠢᠬᠤ ᠶᠢ | ᠪᠠᠲᠤᠯᠠᠬᠤ ᠶᠢᠨ ᠵᠠᠶᠢᠯᠠᠰᠢ ᠦᠭᠡᠢ | ᠱᠠᠭᠠᠷᠳᠠᠯᠭ᠎ᠠ ᠮᠥᠨ᠂ ᠶᠠᠮᠠᠷᠪᠠ ᠦᠶ᠎ᠡ ᠳᠤ ᠴᠦ | ᠭᠤᠶᠢᠪᠢᠯᠵᠠᠵᠤ ᠪᠣᠯᠬᠤ ᠦᠭᠡᠢ᠃ ᠬᠠᠮᠢᠶᠠᠷᠤᠨ | ᠵᠠᠰᠠᠬᠤ ᠡᠷᠬᠡ ᠶᠢ ᠰᠠᠶᠢᠲᠤᠷ ᠰᠠᠬᠢᠨ | ᠬᠠᠮᠠᠭᠠᠯᠠᠬᠤ ᠪᠣᠯ ᠳᠠᠷᠤᠢ ᠰᠢᠶᠠᠩᠭᠠᠩ ᠤᠨ | ᠴᠡᠴᠡᠭᠯᠡᠯ ᠬᠥᠭᠵᠢᠯ ᠪᠠ ᠲᠣᠭᠲᠠᠭᠤᠨ | ᠪᠠᠶᠢᠳᠠᠯ ᠢ ᠰᠠᠬᠢᠨ ᠬᠠᠮᠠᠭᠠᠯᠠᠵᠤ᠂ | ᠰᠢᠶᠠᠩᠭᠠᠩ ᠤᠨ 700 ᠭᠠᠷᠤᠢ ᠲᠦᠮᠡᠨ ᠰᠠᠭᠤᠭᠠᠯᠢ | ᠠᠷᠠᠳ ᠤᠨ ᠬᠤᠪᠢ ᠪᠡᠶ᠎ᠠ ᠶᠢᠨ ᠬᠢᠨᠢ ᠠᠰᠢᠭ | ᠲᠤᠰᠠ ᠶᠢ ᠰᠠᠬᠢᠨ ᠬᠠᠮᠠᠭᠠᠯᠠᠬᠤ ᠶᠠᠪᠤᠳᠠᠯ | ᠪᠣᠯᠤᠨ᠎ᠠ᠃ ᠳᠥᠷᠪᠡᠳᠦᠭᠡᠷ ᠲᠤ᠂ | ᠰᠢᠶᠠᠩᠭᠠᠩ ᠤᠨ ᠥᠪᠡᠷᠮᠢᠴᠡ ᠪᠠᠶᠢᠷᠢ ᠰᠠᠭᠤᠷᠢ | ᠪᠠ ᠳᠠᠪᠠᠭᠤᠯᠢᠭ ᠲᠠᠯ᠎ᠠ ᠶᠢ ᠡᠷᠬᠡᠪᠰᠢ | ᠪᠠᠲᠤᠯᠠᠬᠤ ᠬᠡᠷᠡᠭᠲᠡᠢ᠃ ᠡᠬᠡ ᠤᠯᠤᠰ ᠢᠶᠠᠨ | ᠲᠦᠰᠢᠵᠦ᠂ ᠳᠡᠯᠡᠬᠡᠢ ᠳ᠋ᠠᠬᠢᠨ ᠲᠠᠢ | ᠬᠤᠯᠪᠣᠯᠳᠤᠨ ᠨᠡᠪᠲᠡᠷᠡᠯᠴᠡᠬᠦ ᠪᠣᠯ | ᠰᠢᠶᠠᠩᠭᠠᠩ ᠤᠨ ᠤᠯᠠᠨ ᠠᠴᠠ ᠬᠡᠲᠦᠶᠢᠳᠦᠭᠰᠡᠨ | ᠳᠠᠪᠠᠭᠤᠯᠢᠭ ᠪᠣᠯᠤᠨ᠎ᠠ᠃ ᠲᠥᠪ ᠵᠠᠰᠠᠭ ᠤᠨ | ᠣᠷᠳᠣᠨ ᠠᠴᠠ ᠰᠢᠶᠠᠩᠭᠠᠩ ᠤᠨ ᠤᠷᠳᠤ | ᠬᠤᠭᠤᠴᠠᠭ᠎ᠠ ᠪᠠᠷ ᠥᠪᠡᠷᠮᠢᠴᠡ ᠪᠠᠶᠢᠷᠢ | ᠰᠠᠭᠤᠷᠢ ᠪᠠ ᠳᠠᠪᠠᠭᠤᠯᠢᠭ ᠢᠶᠠᠨ | ᠪᠠᠷᠢᠮᠲᠠᠯᠠᠬᠤ ᠶᠢ ᠪᠦᠷᠢᠮᠦᠰᠦᠨ ᠲᠡᠮᠵᠢᠵᠤ᠂ | ᠤᠯᠠᠨ ᠤᠯᠤᠰ ᠤᠨ ᠮᠥᠩᠭᠦᠨ ᠭᠦᠢᠯᠭᠡᠭᠡᠨ᠂ ᠤᠰᠤᠨ | ᠵᠠᠮ ᠤᠨ ᠲᠡᠭᠡᠭᠡᠪᠦᠷᠢ᠂ ᠠᠷᠠᠯᠵᠢᠶᠠᠨ ᠤ ᠲᠥᠪ | ᠪᠣᠯᠬᠤ ᠪᠠᠶᠢᠷᠢ ᠰᠠᠭᠤᠷᠢ ᠶᠢ ᠪᠠᠬᠢᠵᠢᠭᠦᠯᠦᠨ᠂ | ᠴᠢᠯᠥᠭᠡᠲᠡᠢ ᠨᠡᠭᠡᠭᠡᠯᠲᠡᠲᠡᠢ ᠵᠢᠷᠤᠮᠵᠢᠭᠰᠠᠨ | ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ | ᠬᠠᠮᠠᠭᠠᠯᠠᠵᠤ᠂ ᠡᠩ ᠤᠨ ᠬᠠᠤᠯᠢ ᠶᠢᠨ ᠲᠦᠷᠢᠮ ᠢ | ᠪᠠᠷᠢᠮᠲᠠᠯᠠᠨ᠂ ᠰᠠᠭᠠᠳ ᠦᠭᠡᠢ ᠨᠡᠪᠲᠡᠷᠡᠬᠦ | ᠳᠥᠭᠦᠮ ᠳᠥᠲᠡ ᠤᠯᠠᠨ ᠤᠯᠤᠰ ᠤᠨ | ᠬᠠᠷᠢᠯᠴᠠᠭ᠎ᠠ ᠶᠢ ᠥᠷᠭᠡᠳᠭᠡᠨ᠎ᠡ᠃ ᠨᠡᠶᠢᠭᠡᠮ | ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ | ᠲᠠᠯ᠎ᠠ ᠪᠠᠷ ᠪᠦᠳᠦᠭᠡᠨ ᠪᠠᠶᠢᠭᠤᠯᠬᠤ᠂ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ | ᠰᠡᠷᠭᠦᠨ ᠮᠠᠨᠳᠤᠯᠲᠠ ᠶᠢ ᠪᠡᠶᠡᠯᠡᠭᠦᠯᠬᠦ | ᠲᠡᠦᠬᠡᠨ ᠠᠬᠢᠴᠠ ᠳᠤᠮᠳᠠ᠂ ᠰᠢᠶᠠᠩᠭᠠᠩ ᠴᠢᠬᠤᠯᠠ | ᠶᠡᠭᠡ ᠬᠤᠪᠢ ᠨᠡᠮᠡᠷᠢ ᠦᠵᠡᠭᠦᠯᠬᠦ ᠨᠢ ᠯᠠᠪᠳᠠᠢ | ᠭᠡᠵᠦ ᠵᠢᠭᠠᠵᠤ ᠭᠠᠷᠭᠠᠪᠠ᠃ ᠰᠢ ᠶᠢᠨ ᠫᠢᠩ | ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ | ᠣᠷᠣᠨ ᠤ ᠰᠢᠨ᠎ᠡ ᠨᠢᠭᠡ ᠬᠤᠭᠤᠴᠠᠭᠠᠨ ᠤ | ᠵᠠᠰᠠᠭ ᠤᠨ ᠣᠷᠳᠣᠨ ᠪᠣᠯᠤᠨ ᠨᠡᠶᠢᠭᠡᠮ ᠤᠨ ᠡᠯ᠎ᠡ | ᠡᠲᠡᠭᠡᠳ ᠤᠨ ᠬᠥᠮᠦᠰ ᠲᠤ 4 ᠲᠠᠯ᠎ᠠ ᠶᠢᠨ ᠬᠦᠰᠡᠯ | ᠲᠠᠯᠪᠢᠵᠠᠢ᠄ ᠨᠢᠭᠡ ᠳᠤ᠂ ᠵᠠᠰᠠᠯᠲᠠ ᠶᠢᠨ | ᠲᠦᠪᠰᠢᠨ ᠢᠶᠠᠨ ᠬᠦᠴᠦᠯᠡᠨ | ᠳᠡᠭᠡᠭᠰᠢᠯᠡᠭᠦᠯᠵᠦ᠂ ᠰᠠᠶᠢᠨ ᠵᠠᠰᠠᠭ ᠢᠶᠠᠷ | ᠴᠢᠳᠠᠮᠠᠭᠠᠢ ᠵᠠᠰᠠᠬᠤ ᠰᠢᠨ᠎ᠡ ᠳᠦᠷᠰᠦ | ᠪᠠᠶᠢᠳᠠᠯ ᠢ ᠢᠯᠡᠷᠡᠭᠦᠯᠬᠦ ᠬᠡᠷᠡᠭᠲᠡᠢ᠃ | ᠬᠤᠶᠠᠷ ᠲᠤ᠂ ᠬᠥᠭᠵᠢᠯᠲᠡ ᠶᠢᠨ ᠬᠥᠳᠡᠯᠭᠡᠬᠦ | ᠴᠢᠳᠠᠪᠤᠷᠢ ᠶᠢ ᠲᠠᠰᠤᠷᠠᠯᠲᠠ ᠦᠭᠡᠢ | ᠴᠢᠩᠭᠠᠳᠬᠠᠵᠤ᠂ ᠰᠢᠶᠠᠩᠭᠠᠩ ᠤᠨ ᠨᠡᠶᠢᠭᠡᠮ ᠳᠤ | ᠬᠠᠳᠠᠭᠠᠯᠠᠭᠳᠠᠵᠤ ᠪᠠᠶᠢᠭ᠎ᠠ ᠯᠤᠲᠤ ᠶᠡᠭᠡ | ᠪᠦᠲᠦᠭᠡᠯᠴᠢ ᠬᠦᠴᠦᠨ ᠪᠠ ᠬᠥᠭᠵᠢᠯᠲᠡ ᠶᠢᠨ | ᠠᠮᠢᠵᠢᠷᠠᠯ ᠤᠨ ᠬᠦᠴᠦᠨ ᠢ ᠭᠦᠢᠴᠡᠳ | ᠪᠠᠳᠠᠷᠠᠭᠠᠬᠤ ᠬᠡᠷᠡᠭᠲᠡᠢ᠃ ᠭᠤᠷᠪᠠ ᠳᠤ᠂ | ᠠᠷᠠᠳ ᠤᠨ ᠠᠮᠢᠳᠤᠷᠠᠯ ᠤᠨ ᠬᠦᠴᠢᠷᠳᠡᠯ ᠢ ᠦᠨᠡᠨ | ᠬᠦ ᠰᠢᠢᠳᠪᠦᠷᠢᠯᠡᠵᠦ᠂ ᠬᠥᠭᠵᠢᠯᠲᠡ ᠶᠢᠨ ᠦᠷ᠎ᠡ | ᠪᠦᠲᠦᠭᠡᠯ ᠢ ᠪᠦᠬᠦ ᠬᠤᠲᠠ ᠶᠢᠨ ᠠᠷᠠᠳ ᠲᠤ ᠨᠠᠩ | ᠣᠯᠠᠨ ᠨᠠᠩ ᠡᠷᠬᠡ ᠲᠡᠭᠰᠢ ᠪᠠᠷ ᠬᠦᠷᠲᠡᠭᠡᠬᠦ | ᠬᠡᠷᠡᠭᠲᠡᠢ᠃ ᠲᠦᠷᠪᠡ ᠳᠤ᠂ ᠡᠶ᠎ᠡ ᠵᠣᠬᠢᠴᠠᠩᠭᠤᠢ | ᠲᠣᠭᠲᠠᠭᠤᠨ ᠢ ᠬᠠᠮᠲᠤ ᠪᠠᠷ ᠬᠠᠮᠠᠭᠠᠯᠠᠵᠤ᠂ | ᠨᠡᠩ ᠰᠠᠶᠢᠨ ᠰᠠᠶᠢᠬᠠᠨ ᠠᠮᠢᠳᠤᠷᠠᠯ ᠢ | ᠬᠠᠮᠲᠤ ᠪᠠᠷ ᠴᠣᠭᠴᠠᠯᠠᠬᠤ ᠬᠡᠷᠡᠭᠲᠡᠢ᠃ | ᠰᠢ ᠶᠢᠨ ᠫᠢᠩ᠂ ᠵᠠᠯᠠᠭᠤᠴᠤᠳ ᠢ ᠣᠨᠴᠠᠭᠠᠶᠢᠯᠠᠨ | ᠬᠠᠯᠠᠮᠵᠢᠯᠠᠨ ᠬᠠᠶᠢᠷᠠᠯᠠᠬᠤ ᠬᠡᠷᠡᠭᠲᠡᠢ᠃ | ᠵᠠᠯᠠᠭᠤᠴᠤᠳ ᠪᠠᠭᠠᠴᠤᠳ ᠢ ᠬᠥᠲᠥᠯᠥᠨ | ᠳᠠᠭᠠᠭᠤᠯᠵᠤ ᠤᠯᠤᠰ ᠪᠠ ᠳᠡᠯᠡᠬᠡᠶ ᠶᠢᠨ | ᠬᠥᠭᠵᠢᠯᠲᠡ ᠶᠢᠨ ᠶᠡᠭᠡ ᠬᠠᠨᠳᠤᠰᠢ ᠶᠢ | ᠭᠦᠨᠵᠡᠭᠡᠶ ᠲᠠᠨᠢᠭᠤᠯᠵᠤ᠂ ᠦᠨᠳᠦᠰᠦᠲᠡᠨ ᠤ | ᠣᠮᠣᠭᠰᠢᠯᠲᠤ ᠰᠡᠳᠭᠢᠯᠭᠡ ᠪᠠ ᠡᠵᠡᠨ ᠬᠥᠮᠦᠨ ᠤ | ᠤᠬᠠᠮᠰᠠᠷ ᠢ ᠨᠢ ᠴᠢᠩᠭᠠᠳᠬᠠᠬᠤ ᠬᠡᠷᠡᠭᠲᠡᠶ᠃ | ᠥᠷᠭᠡᠨ ᠤᠯᠠᠨ ᠵᠠᠯᠠᠭᠤᠴᠤᠳ ᠢ ᠬᠠᠪᠰᠤᠷᠤᠨ | ᠰᠤᠷᠤᠯᠭ᠎ᠠ᠂ ᠠᠵᠢᠯ ᠣᠯᠬᠤ᠂ ᠦᠢᠯᠡᠰ ᠪᠤᠰᠬᠠᠬᠤ᠂ | ᠠᠮᠢᠳᠤᠷᠠᠯ ᠪᠤᠰᠬᠠᠬᠤ ᠳᠤ ᠲᠤᠯᠭᠠᠷᠠᠵᠤ | ᠪᠠᠶᠢᠭ᠎ᠠ ᠪᠣᠳᠠᠲᠠᠢ ᠬᠦᠴᠢᠷᠳᠡᠯ ᠢ ᠨᠢ | ᠰᠢᠢᠳᠪᠦᠷᠢᠯᠡᠵᠦ᠂ ᠲᠡᠳᠡᠨ ᠤ ᠦᠰᠦᠨ ᠪᠣᠶᠢᠵᠢᠵᠤ | ᠴᠢᠳᠠᠪᠤᠷᠢᠲᠠᠨ ᠪᠣᠯᠬᠤ ᠳᠤᠨᠢ ᠨᠡᠩ ᠤᠯᠠᠨ ᠠᠵᠠ | ᠲᠣᠬᠢᠶᠠᠯ ᠡᠭᠦᠳᠴᠦ ᠥᠭᠬᠦ ᠬᠡᠷᠡᠭᠲᠡᠢ᠃ | ᠰᠢᠶᠠᠩᠭᠠᠩ ᠤᠨ ᠵᠠᠯᠠᠭᠤᠴᠤᠳ ᠨᠢᠭᠡ ᠪᠦᠷᠢ ᠴᠥᠮ | ᠰᠠᠶᠢᠨ ᠰᠠᠶᠢᠬᠠᠨ ᠰᠢᠶᠠᠩᠭᠠᠩ ᠢ ᠪᠦᠳᠦᠭᠡᠨ | ᠪᠠᠶᠢᠭᠤᠯᠬᠤ ᠡᠩᠨᠡᠭᠡᠨ ᠳᠤ ᠣᠷᠣᠯᠴᠠᠵᠤ᠂ ᠭᠠᠯ | ᠵᠠᠯᠠᠭᠤ ᠨᠠᠰᠤ ᠪᠠᠷ ᠢᠶᠠᠨ ᠭᠤᠶᠢᠳᠠ ᠰᠠᠶᠢᠬᠠᠨ | ᠠᠮᠢᠳᠤᠷᠠᠯ ᠢᠶᠠᠨ ᠪᠢᠴᠢᠭᠯᠡᠬᠦ ᠶᠢ ᠬᠦᠰᠡᠵᠦ | ᠪᠠᠶᠢᠨ᠎ᠠ ᠭᠡᠵᠦ ᠴᠢᠬᠤᠯᠠᠴᠢᠯᠠᠪᠠ᠃ | ᠰᠢ ᠶᠢᠨ ᠫᠢᠩ᠂ ᠳᠤᠮᠳᠠᠳᠤ ᠶᠢᠨ ᠦᠨᠳᠦᠰᠦᠲᠡᠨ ᠤ | ᠠᠭᠤᠤ ᠶᠡᠭᠡ ᠰᠡᠷᠭᠦᠨ ᠮᠠᠨᠳᠤᠯᠲᠠ ᠨᠢᠭᠡᠨᠲᠡ | ᠪᠤᠴᠠᠰᠢ ᠦᠭᠡᠢ ᠲᠡᠦᠬᠡ ᠶᠢᠨ ᠠᠬᠢᠴᠠ ᠳᠤ | ᠣᠷᠣᠪᠠ᠃ ︽ᠨᠢᠭᠡ ᠤᠯᠤᠰ ᠲᠤ ᠬᠤᠶᠠᠷ | ᠪᠠᠶᠢᠭᠤᠯᠤᠯ ᠢ ᠬᠡᠷᠡᠭᠵᠢᠭᠦᠯᠬᠦ︾ ᠶᠢᠨ | ᠰᠢᠶᠠᠩᠭᠠᠩ ᠳᠠᠬᠢ ᠠᠮᠵᠢᠯᠲᠠ ᠲᠠᠢ | ᠦᠢᠯᠡᠳᠦᠯᠭᠡ ᠶᠢ ᠠᠬᠢᠭᠤᠯᠬᠤ ᠪᠣᠯ ᠡᠨᠡ ᠬᠦ | ᠲᠡᠦᠬᠡᠨ ᠠᠬᠢᠴᠠ ᠶᠢᠨ ᠴᠢᠬᠤᠯᠠ ᠪᠦᠷᠢᠯᠳᠦᠬᠦᠨ | ᠬᠡᠰᠡᠭ ᠪᠣᠯᠤᠨ᠎ᠠ᠃ ᠠᠭᠤᠤ ᠶᠡᠭᠡ ᠡᠬᠡ ᠤᠯᠤᠰ ᠤᠨ | ᠡᠷᠡᠰ ᠪᠠᠲᠤ ᠳᠡᠮᠵᠢᠯᠭᠡ᠂ ︽ᠨᠢᠭᠡ ᠤᠯᠤᠰ ᠲᠤ | ᠬᠤᠶᠠᠷ ᠪᠠᠶᠢᠭᠤᠯᠤᠯ ᠢ ᠬᠡᠷᠡᠭᠵᠢᠭᠦᠯᠬᠦ︾ | ᠴᠢᠭᠯᠡᠯᠲᠡ ᠶᠢᠨ ᠪᠠᠲᠤ ᠴᠢᠩᠭ᠎ᠠ ᠪᠠᠲᠤᠯᠠᠭ᠎ᠠ | ᠪᠠᠶᠢᠬᠤ ᠪᠤᠯᠬᠤᠷ ᠮᠠᠨ ᠤ ᠤᠯᠤᠰ ᠤᠨ | ᠬᠤᠶᠠᠳᠤᠭᠠᠷ ᠵᠠᠭᠤᠨ ᠵᠢᠯ ᠤᠨ ᠲᠡᠮᠡᠴᠡᠬᠦ | ᠬᠠᠷᠠᠯᠲᠠ ᠶᠢ ᠪᠡᠶᠡᠯᠡᠭᠦᠯᠬᠦ ᠰᠢᠨ᠎ᠡ | ᠠᠶᠠᠨ ᠳᠤ ᠰᠢᠶᠠᠩᠭᠠᠩ ᠯᠠᠪᠲᠠᠢ ᠨᠡᠩ ᠶᠡᠭᠡ | ᠭᠡᠷᠡᠯ ᠰᠠᠴᠤᠷᠠᠩᠭᠤᠢ ᠠᠮᠵᠢᠯᠲᠠ ᠶᠢ ᠡᠭᠦᠳᠴᠦ᠂ | ᠯᠠᠪᠲᠠᠢ ᠡᠬᠡ ᠤᠯᠤᠰ ᠤᠨ ᠠᠷᠠᠳ ᠲᠦᠮᠡᠨ ᠲᠠᠢ | ᠬᠠᠮᠲᠤ ᠪᠠᠷ ᠳᠤᠮᠳᠠᠳᠤ ᠶᠢᠨ ᠦᠨᠳᠦᠰᠦᠲᠡᠨ ᠤ | ᠠᠭᠤᠤ ᠶᠡᠭᠡ ᠰᠡᠷᠭᠦᠨ ᠮᠠᠨᠳᠤᠯᠲᠠ ᠶᠢᠨ ᠦᠩᠭᠡ | ᠭᠡᠷᠡᠯ ᠢ ᠬᠠᠮᠲᠤ ᠪᠠᠷ ᠡᠳ᠋ᠯᠡᠬᠦ ᠪᠣᠯᠤᠨ᠎ᠠ | ᠭᠡᠳᠡᠭ ᠢ ᠪᠢᠳᠡ ᠪᠠᠲᠤ ᠢᠲᠡᠭᠡᠵᠦ ᠪᠠᠶᠢᠨ᠎ᠠ | ᠭᠡᠵᠦ ᠵᠢᠭᠠᠵᠤ ᠭᠠᠷᠭᠠᠪᠠ᠃ ᠯᠢ ᠵᠢᠶᠠ ᠴᠤᠤ | ᠪᠠᠶᠠᠷ ᠤᠨ ᠦᠭᠡ ᠳᠡᠭᠡᠨ᠂ ᠰᠢᠶᠠᠩᠭᠠᠩ | ᠣᠨᠴᠠᠭᠠᠢ ᠵᠠᠰᠠᠭ ᠵᠠᠬᠢᠷᠭᠠᠨ ᠤ ᠣᠷᠣᠨ ᠤ | ᠵᠢᠷᠭᠤᠳᠤᠭᠠᠷ ᠬᠤᠭᠤᠴᠠᠭᠠᠨ ᠤ ᠵᠠᠰᠠᠭ | ᠵᠠᠬᠢᠷᠭᠠᠨ ᠤ ᠳᠠᠷᠤᠭ᠎ᠠ ᠪᠣᠯᠤᠭᠰᠠᠨ ᠤ | ᠬᠤᠪᠢ ᠳᠤ᠂ ᠪᠢ ᠬᠢᠵᠠᠭᠠᠯᠠᠰᠢ ᠦᠭᠡᠢ ᠢᠷᠠᠭᠤ | ᠠᠯᠳᠠᠷ ᠲᠠᠢ ᠰᠠᠨᠠᠭᠳᠠᠵᠤ ᠪᠠᠶᠢᠬᠤ ᠪᠥᠭᠡᠳ | ᠬᠠᠷᠢᠭᠤᠴᠠᠯᠭ᠎ᠠ ᠬᠦᠨᠳᠦ ᠶᠡᠭᠡ ᠬᠡᠳᠡᠭ ᠢ ᠭᠦᠨ | ᠣᠶᠢᠯᠠᠭᠠᠵᠤ ᠪᠠᠶᠢᠨ᠎ᠠ᠃ ᠪᠢ ᠬᠠᠮᠢᠶᠠᠷᠤᠨ | ᠵᠠᠰᠠᠬᠤ ᠪᠦᠯᠬᠦᠮ ᠢᠶᠠᠨ ᠳᠠᠭᠠᠭᠤᠯᠤᠨ ᠪᠦᠬᠦ | ᠬᠦᠴᠦ ᠪᠠᠷ ᠢᠶᠠᠨ ᠴᠢᠷᠮᠠᠶᠢᠵᠤ᠂ | ᠰᠢᠶᠠᠩᠭᠠᠩ ᠤᠨ ᠨᠡᠶᠢᠭᠡᠮ ᠤᠨ ᠡᠯ᠎ᠡ | ᠡᠲᠡᠭᠡᠳ ᠤᠨ ᠬᠢᠨ ᠲᠠᠢ ᠪᠦᠯᠬᠦᠮᠳᠡᠵᠦ᠂ | ︽ᠨᠢᠭᠡ ᠤᠯᠤᠰ ᠲᠤ ᠬᠤᠶᠠᠷ ᠪᠠᠶᠢᠭᠤᠯᠤᠯ ᠢ | ᠬᠡᠷᠡᠭᠵᠢᠭᠦᠯᠬᠦ︾᠂ ︽ᠰᠢᠶᠠᠩᠭᠠᠩᠴᠤᠳ ᠢᠶᠠᠷ | ᠰᠢᠶᠠᠩᠭᠠᠩ ᠢ ᠵᠠᠰᠠᠭᠤᠯᠬᠤ︾᠂ ᠳᠡᠭᠡᠳᠦ | ᠬᠡᠮᠵᠢᠶ᠎ᠡ ᠪᠠᠷ ᠥᠪᠡᠷᠲᠡᠭᠡᠨ ᠵᠠᠰᠠᠬᠤ | ᠴᠢᠭᠯᠡᠯᠲᠡ ᠶᠢ ᠪᠦᠬᠦ ᠲᠠᠯ᠎ᠠ ᠪᠠᠷ | ᠣᠨᠣᠪᠴᠢᠲᠠᠢ ᠲᠤᠭᠤᠰᠢᠯᠠᠭᠤᠯᠵᠤ᠂ ᠦᠨᠳᠦᠰᠦᠨ | ᠬᠠᠤᠯᠢ ᠪᠠ ᠦᠨᠳᠦᠰᠦ ᠪᠣᠯᠬᠤ ᠬᠠᠤᠯᠢ ᠳᠤ | ᠲᠣᠭᠲᠠᠭᠠᠭᠰᠠᠨ ᠣᠨᠴᠠᠭᠠᠢ ᠵᠠᠰᠠᠭ | ᠵᠠᠬᠢᠷᠭᠠᠨ ᠤ ᠣᠷᠣᠨ ᠤ ᠦᠨᠳᠦᠰᠦᠨ ᠬᠠᠤᠯᠢ ᠶᠢᠨ | ᠲᠦᠷᠢᠮ ᠤᠨ ᠡᠮᠬᠢ ᠳᠢᠭᠯᠢᠮ ᠢ ᠬᠠᠮᠠᠭᠠᠯᠠᠵᠤ᠂ | ᠤᠯᠤᠰ ᠤᠨ ᠡᠷᠬᠡ ᠮᠡᠳᠡᠯ᠂ ᠠᠮᠤᠷ ᠲᠦᠪᠰᠢᠨ᠂ | ᠬᠥᠭᠵᠢᠯᠲᠡ ᠶᠢᠨ ᠠᠰᠢᠭ ᠲᠤᠰᠠ ᠶᠢ | ᠬᠠᠮᠠᠭᠠᠯᠠᠵᠤ᠂ ᠰᠢᠶᠠᠩᠭᠠᠩ ᠤᠨ ᠤᠷᠳᠤ | ᠬᠤᠭᠤᠴᠠᠭ᠎ᠠ ᠪᠠᠷ ᠴᠡᠴᠡᠭᠯᠡᠨ ᠬᠥᠭᠵᠢᠵᠦ | ᠲᠣᠭᠲᠠᠭᠤᠨ ᠪᠠᠶᠢᠬᠤ ᠶᠢ ᠪᠠᠲᠤᠯᠠᠵᠤ᠂ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ | ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ | ᠬᠤᠪᠢ ᠨᠡᠮᠡᠷᠢ ᠦᠵᠡᠭᠦᠯᠦᠨ᠎ᠡ ᠭᠡᠵᠦ | ᠢᠯᠡᠳᠭᠡᠪᠡ᠃ ᠳ᠋ᠢᠩ ᠰᠢᠤᠸᠠᠢ ᠰᠢᠶᠠᠩ᠂ | ᠰᠢᠤᠢ ᠴᠢ ᠯᠢᠶᠠᠩ᠂ ᠱᠧᠨ ᠶᠤᠸᠠᠢ ᠶᠤᠸᠠᠢ᠂ ᠸᠠᠩ ᠢ᠂ | ᠰᠢᠶᠠ ᠪᠣᠣ ᠯᠦᠩ ᠪᠡᠯᠭᠡᠯᠡᠬᠦ ᠶᠡᠭᠡ ᠬᠤᠷᠠᠯ | ᠵᠢᠴᠢ ᠲᠤᠰᠢᠶᠠᠯ ᠳᠤ ᠭᠠᠷᠬᠤ ᠶᠣᠰᠣᠯᠠᠯ ᠳᠤ | ᠣᠷᠣᠯᠴᠠᠪᠠ᠃ ᠪᠦᠬᠦ ᠤᠯᠤᠰ ᠤᠨ ᠤᠯᠤᠰ | ᠲᠦᠷᠦ ᠶᠢᠨ ᠵᠥᠪᠯᠡᠯᠭᠡᠨ ᠤ ᠳᠡᠳ᠋ | ᠲᠡᠷᠢᠭᠦᠯᠡᠭᠴᠢ ᠯᠢᠶᠠᠩ ᠵᠧᠨ ᠶᠢᠩ᠂ ᠣᠣᠮᠧᠨ | ᠣᠨᠴᠠᠭᠠᠢ ᠵᠠᠰᠠᠭ ᠵᠠᠬᠢᠷᠭᠠᠨ ᠤ ᠣᠷᠣᠨ ᠤ | ᠵᠠᠰᠠᠭ ᠵᠠᠬᠢᠷᠭᠠᠨ ᠤ ᠳᠠᠷᠤᠭ᠎ᠠ ᠾᠧ ᠢ ᠴᠧᠩ᠂ | ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ | ᠣᠷᠣᠨ ᠤ ᠲᠡᠭᠡᠷ᠎ᠠ ᠨᠢᠬᠡ ᠬᠤᠭᠤᠴᠠᠭᠠᠨ ᠤ | ᠵᠠᠰᠠᠭ ᠵᠠᠬᠢᠷᠭᠠᠨ ᠤ ᠳᠠᠷᠤᠭ᠎ᠠ ᠯᠢᠨ ᠵᠧᠩ | ᠶᠤᠸᠠᠢ ᠧ ᠵᠢᠴᠢ ᠰᠢᠶᠠᠩᠭᠠᠩ ᠤᠨ ᠡᠯ᠎ᠡ | ᠡᠲᠡᠭᠡᠳ ᠤᠨ ᠲᠥᠯᠥᠭᠡᠯᠡᠭᠴᠢᠳ ᠪᠣᠯᠤᠨ ᠣᠨᠴᠠ | ᠤᠷᠢᠭᠰᠠᠨ ᠬᠦᠨᠳᠦᠲᠦ ᠵᠣᠴᠢᠳ ᠪᠠᠰᠠ ᠪᠡᠯᠭᠡᠯᠡᠬᠦ | ᠶᠡᠭᠡ ᠬᠤᠷᠠᠯ ᠵᠢᠴᠢ ᠲᠤᠰᠢᠶᠠᠯ ᠳᠤ ᠭᠠᠷᠬᠤ | ᠶᠣᠰᠣᠯᠠᠯ ᠳᠤ ᠣᠷᠣᠯᠴᠠᠵᠠᠢ᠃ ︵ᠰᠢᠨᠬᠤᠸᠠ | ᠬᠤᠷᠢᠶᠠᠨ ᠤ ᠰᠢᠶᠠᠩᠭᠠᠩ ᠤᠨ 7 ᠰᠠᠷ᠎ᠠ ᠶᠢᠨ 1 ᠤ | ᠴᠠᠬᠢᠯᠭᠠᠨ ᠮᠡᠳᠡᠭᠡ︶
|