︽ᠪᠠᠭᠠᠷᠢᠨ ᠵᠡᠭᠦᠨ ᠬᠤᠰᠢᠭᠤᠨ ᠤ ᠤᠯᠤᠰ ᠤᠨ ᠥᠮᠴᠢᠯᠡᠯᠲᠦ ᠣᠶ ᠰᠢᠭᠤᠶ ᠶᠢᠨ ᠲᠠᠯᠠᠪᠠᠶ ᠶᠢᠨ ᠣᠶ ᠰᠢᠭᠤᠶ ᠶᠢᠨ ᠡᠬᠢ ᠪᠠᠶᠠᠯᠢᠭ ᠡᠳ᠋ ᠬᠥᠷᠥᠩᠭᠡ ᠶᠢ ᠲᠥᠯᠥᠪᠦᠷᠢ ᠲᠠᠢ ᠪᠠᠷ ᠬᠡᠷᠡᠭᠯᠡᠬᠦ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ  ᠶᠠᠷᠢᠯᠴᠠᠬᠤ ᠨᠤᠤᠷᠠᠭ︶︾  ᠤᠨ ᠲᠤᠬᠠᠶ ᠵᠠᠷᠯᠠᠯ
ᠨᠡᠶᠢᠲᠡᠯᠡᠭᠰᠡᠨ ᠴᠠᠭ᠄
2022/8/10
       ᠨᠢᠭᠡᠳᠦᠭᠡᠷ ᠪᠦᠯᠦᠭ   ᠶᠡᠷᠦᠩᠬᠡᠶ ᠲᠦᠷᠢᠮ       ᠨᠢᠭᠡᠳᠦᠭᠡᠷ ᠵᠦᠢᠯ   ᠣᠶ ᠰᠢᠭᠤᠶ ᠶᠢᠨ ᠠᠮᠢ ᠠᠬᠤᠶ᠂ ᠨᠡᠶᠢᠭᠡᠮ ᠪᠠ ᠠᠵᠤ ᠠᠬᠤᠶ ᠵᠡᠷᠭᠡ ᠣᠯᠠᠨ ᠵᠦᠢᠯ  ᠤᠨ ᠦᠷ᠎ᠡ ᠠᠰᠢᠭ ᠢ ᠭᠦᠢᠴᠡᠳ ᠪᠠᠳᠠᠷᠠᠭᠤᠯᠵᠤ᠂ ᠤᠯᠤᠰ ᠤᠨ ᠥᠮᠴᠢᠯᠡᠯᠲᠦ ᠣᠶ ᠰᠢᠭᠤᠶ ᠶᠢᠨ ᠲᠠᠯᠠᠪᠠᠶ ᠶᠢᠨ ᠣᠶ ᠰᠢᠭᠤᠶ ᠶᠢᠨ ᠡᠬᠢ ᠪᠠᠶᠠᠯᠢᠭ ᠡᠳ᠋ ᠬᠥᠷᠥᠩᠭᠡ ᠶᠢᠨ ᠥᠷᠲᠡᠭ ᠢ ᠪᠠᠲᠤᠯᠠᠵᠤ ᠥᠷᠲᠡᠭ ᠢ ᠨᠡᠮᠡᠭᠳᠡᠭᠦᠯᠬᠦ ᠶᠢ ᠪᠡᠶᠡᠯᠡᠭᠦᠯᠬᠦ ᠶᠢᠨ ᠲᠤᠰᠠᠳᠠ᠂ ︽ᠪᠥᠬᠦ ᠠᠷᠠᠳ ᠤᠨ ᠥᠮᠴᠢᠯᠡᠯ ᠤᠨ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢ ᠲᠥᠯᠥᠪᠦᠷᠢ ᠲᠠᠢ ᠬᠡᠷᠡᠭᠯᠡᠬᠦ ᠲᠦᠷᠢᠮ ᠤᠨ ᠥᠭᠡᠷᠡᠴᠢᠯᠡᠯᠲᠡ ᠶᠢᠨ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠵᠢᠯᠣᠭᠤᠳᠬᠤ ᠰᠠᠨᠠᠯ︾ ︵ᠲᠥᠷᠥ ᠲᠠᠷᠬᠠᠭᠠᠭᠰᠠᠨ 〔2016〕82 ᠳ᠋ᠤᠭᠠᠷ ᠲᠣᠭᠠᠲᠤ︶᠂ ︽ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠦᠷᠢᠮ︾ ︵ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ 738 ᠳ᠋ᠤᠭᠠᠷ ᠲᠣᠭᠠᠲᠤ︶᠂ ᠤᠯᠤᠰ ᠤᠨ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠶᠢᠨ ︽ᠤᠯᠤᠰ ᠤᠨ ᠥᠮᠴᠢᠯᠡᠯᠲᠦ ᠣᠶ ᠰᠢᠭᠤᠶ ᠶᠢᠨ ᠲᠠᠯᠠᠪᠠᠶ ᠶᠢᠨ ᠬᠠᠮᠢᠶᠠᠷᠤᠯᠲᠠ ᠶᠢᠨ ᠠᠷᠭ᠎ᠠ︾ ︵ᠣᠶ ᠰᠢᠭᠤᠶ ᠶᠢᠨ ᠲᠠᠯᠠᠪᠠᠶ ᠶᠢᠨ ᠲᠣᠭᠲᠠᠭᠠᠯ 〔2021〕6 ᠳ᠋ᠤᠭᠠᠷ ᠲᠣᠭᠠᠲᠤ  ︶  ᠵᠢᠴᠢ ᠮᠠᠨ ᠤ ᠬᠤᠰᠢᠭᠤᠨ ᠤ ᠪᠣᠳᠠᠳᠣ ᠪᠠᠶᠢᠳᠠᠯ  ᠲᠠᠢ  ᠤᠶᠠᠯᠳᠣᠭᠤᠯᠵᠣ᠂ ᠳᠣᠰ ᠬᠠᠮᠢᠶᠠᠷᠤᠯᠳᠠ ᠶᠢᠨ ᠠᠷᠭ᠎ᠠ ᠶᠢ ᠳᠣᠬᠳᠠᠭᠠᠪᠠ᠃     ᠬᠤᠶᠠᠳᠤᠭᠠᠷ ᠵᠦᠢᠯ      ᠲᠣᠰ ᠠᠷᠭ᠎ᠠ ᠳᠤ ᠬᠡᠯᠡᠵᠦ ᠪᠠᠶᠢᠭ᠎ᠠ ᠤᠯᠤᠰ ᠤᠨ ᠥᠮᠴᠢᠯᠡᠯᠲᠦ ᠣᠶ ᠰᠢᠭᠤᠶ ᠶᠢᠨ ᠲᠠᠯᠠᠪᠠᠶ ᠶᠢᠨ ᠣᠶ ᠰᠢᠭᠤᠶ ᠶᠢᠨ ᠡᠬᠢ ᠪᠠᠶᠠᠯᠢᠭ ᠤᠨ ᠡᠳ᠋ ᠬᠥᠷᠥᠩᠭᠡ ᠳᠤ ᠤᠯᠤᠰ ᠤᠨ ᠥᠮᠴᠢᠯᠡᠯᠲᠦ ᠣᠶ ᠰᠢᠭᠤᠶ ᠶᠢᠨ ᠲᠠᠯᠠᠪᠠᠶ ᠶᠢᠨ ᠬᠠᠮᠢᠶᠠᠷᠴᠤ ᠪᠥᠬᠦᠶ ᠬᠡᠪᠴᠢᠶᠡᠨ ᠳᠠᠬᠢ ᠣᠶ ᠰᠢᠭᠤᠶ᠂ ᠣᠶ ᠮᠣᠳᠣ᠂ ᠣᠶᠢᠲᠤ ᠭᠠᠵᠠᠷ᠂ ᠲᠣᠭᠲᠠᠮᠠᠯ ᠡᠳ᠋ ᠬᠥᠷᠥᠩᠭᠡ ᠵᠢᠴᠢ ᠣᠶ ᠰᠢᠭᠤᠶ ᠶᠢᠨ ᠲᠤᠰᠠᠯᠠᠬᠤ ᠪᠦᠲᠦᠭᠡᠭᠳᠡᠬᠦᠨ ᠵᠡᠷᠭᠡ ᠪᠠᠭᠲᠠᠨ᠎ᠠ᠃      ᠭᠤᠷᠪᠠᠳᠤᠭᠠᠷ ᠵᠦᠢᠯ      ᠤᠯᠤᠰ ᠠᠴᠠ ᠤᠯᠤᠰ ᠤᠨ ᠥᠮᠴᠢᠯᠡᠯᠲᠦ ᠣᠶ ᠰᠢᠭᠤᠶ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢᠨ ᠥᠮᠴᠢᠯᠡᠭᠴᠢ ᠪᠣᠯᠵᠣ᠂ ᠬᠤᠰᠢᠭᠤᠨ ᠤ ᠣᠶ ᠰᠢᠭᠤᠶ ᠶᠢᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠤᠯᠤᠰ ᠤᠨ ᠥᠮᠴᠢᠯᠡᠯᠲᠦ ᠣᠶ ᠰᠢᠭᠤᠶ ᠶᠢᠨ ᠲᠠᠯᠠᠪᠠᠶ ᠨᠢ ᠬᠠᠷᠢᠶ᠎ᠠ ᠬᠡᠪᠴᠢᠶᠡᠨ ᠳᠠᠬᠢ ᠤᠯᠤᠰ ᠤᠨ ᠥᠮᠴᠢᠯᠡᠯᠲᠦ ᠣᠶ ᠰᠢᠭᠤᠶ ᠶᠢᠨ ᠲᠠᠯᠠᠪᠠᠶ ᠶᠢᠨ ᠣᠶ ᠰᠢᠭᠤᠶ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢ ᠲᠥᠯᠥᠪᠦᠷᠢ ᠲᠠᠢ ᠬᠡᠷᠡᠭᠯᠡᠬᠦ ᠠᠵᠢᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃       ᠳᠥᠷᠪᠡᠳᠦᠭᠡᠷ ᠵᠦᠢᠯ     ᠲᠣᠰ ᠠᠷᠭ᠎ᠠ ᠳᠤ ᠬᠡᠯᠡᠵᠦ ᠪᠠᠶᠢᠭ᠎ᠠ ᠤᠯᠤᠰ ᠤᠨ ᠥᠮᠴᠢᠯᠡᠯᠲᠦ ᠣᠶ ᠰᠢᠭᠤᠶ ᠶᠢᠨ ᠲᠠᠯᠠᠪᠠᠶ ᠶᠢᠨ ᠣᠶ ᠰᠢᠭᠤᠶ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢ ᠲᠥᠯᠥᠪᠦᠷᠢ ᠲᠠᠢ ᠬᠡᠷᠡᠭᠯᠡᠬᠦ ᠭᠡᠳᠡᠭ ᠨᠢ ᠤᠯᠤᠰ ᠤᠨ ᠥᠮᠴᠢᠯᠡᠯᠲᠦ ᠣᠶ ᠰᠢᠭᠤᠶ ᠶᠢᠨ ᠲᠠᠯᠠᠪᠠᠶ ᠳᠤ ᠳᠤᠮᠳᠠ ᠨᠢᠯᠬ᠎ᠠ ᠣᠶ ᠪᠤᠶᠢᠵᠢᠭᠤᠯᠬᠤ᠂ ᠦᠷ᠎ᠡ ᠴᠢᠬᠢ ᠪᠤᠶᠢᠵᠢᠭᠤᠯᠬᠤ ᠵᠡᠷᠭᠡ ᠬᠤᠷᠰᠢᠨ ᠡᠵᠡᠩᠨᠡᠬᠦ ᠶᠢ ᠭᠠᠷᠭᠠᠪᠠᠯ᠂ ᠲᠥᠯᠥᠪᠦᠷᠢ ᠲᠠᠢ ᠬᠡᠷᠡᠭᠯᠡᠬᠦ ᠭᠡᠷ᠎ᠡ ᠲᠣᠭᠲᠠᠬᠤ ᠪᠠᠷ ᠳᠠᠮᠵᠢᠭᠤᠯᠤᠨ᠂ ᠵᠣᠬᠢᠬᠤ ᠴᠠᠭ ᠬᠤᠭᠤᠴᠠᠭᠠᠨ ᠤ ᠳᠣᠲᠣᠷ᠎ᠠ ᠤᠯᠤᠰ ᠤᠨ ᠥᠮᠴᠢᠯᠡᠯᠲᠦ ᠣᠶ ᠰᠢᠭᠤᠶ ᠶᠢᠨ ᠲᠠᠯᠠᠪᠠᠶ ᠶᠢᠨ ᠣᠶ ᠰᠢᠭᠤᠶ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢ ᠨᠢᠭᠡᠴᠡ ᠪᠠ ᠬᠤᠪᠢ ᠬᠥᠮᠦᠨ ︵ᠳᠣᠷᠣᠭᠰᠢ ᠲᠥᠯᠥᠪᠦᠷᠢ ᠲᠠᠢ ᠬᠡᠷᠡᠭᠯᠡᠭᠴᠢ ᠭᠡᠵᠦ ᠲᠣᠪᠴᠢᠯᠠᠨ᠎ᠠ︶ ᠳᠤ ᠬᠠᠩᠭᠠᠨ ᠬᠡᠷᠡᠭᠯᠡᠭᠦᠯᠵᠦ᠂ ᠬᠡᠷᠡᠭᠯᠡᠭᠴᠢ ᠠᠴᠠ ᠤᠯᠤᠰ ᠤᠨ ᠥᠮᠴᠢᠯᠡᠯᠲᠦ ᠣᠶ ᠰᠢᠭᠤᠶ ᠶᠢᠨ ᠲᠠᠯᠠᠪᠠᠶ ᠳᠤ ᠲᠦᠷᠢᠶᠡᠰᠦᠨ ᠮᠥᠩᠭᠦ ᠥᠭᠬᠦ ᠲᠥᠯᠥᠪᠦᠷᠢ ᠲᠠᠢ ᠬᠡᠷᠡᠭᠯᠡᠬᠦ ᠦᠢᠯᠡ ᠠᠵᠢᠯᠯᠠᠭ᠎ᠠ ᠶᠢ ᠵᠢᠭᠠᠵᠤ ᠪᠣᠶ᠃       ᠲᠠᠪᠤᠳᠤᠭᠠᠷ ᠵᠦᠢᠯ      ᠤᠯᠤᠰ ᠤᠨ ᠥᠮᠴᠢᠯᠡᠯᠲᠦ ᠣᠶ ᠰᠢᠭᠤᠶ ᠶᠢᠨ ᠲᠠᠯᠠᠪᠠᠶ ᠶᠢᠨ ᠣᠶ ᠰᠢᠭᠤᠶ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢ ᠲᠥᠯᠥᠪᠦᠷᠢ ᠲᠠᠢ ᠬᠡᠷᠡᠭᠯᠡᠬᠦ ᠳᠤ ᠠᠮᠢ ᠠᠬᠤᠶ᠂ ᠠᠵᠤ ᠠᠬᠤᠶ᠂ ᠨᠡᠶᠢᠭᠡᠮ ᠤᠨ ᠦᠷ᠎ᠡ ᠠᠰᠢᠭ ᠢ ᠬᠠᠷᠢᠯᠴᠠᠨ ᠨᠢᠭᠡᠳᠬᠡᠬᠦ ᠵᠠᠷᠴᠢᠮ ᠢ ᠪᠠᠷᠢᠮᠲᠠᠯᠠᠵᠤ᠂ ᠤᠯᠤᠰ ᠤᠨ ᠥᠮᠴᠢᠯᠡᠯᠲᠦ ᠣᠶ ᠰᠢᠭᠤᠶ ᠶᠢᠨ ᠲᠠᠯᠠᠪᠠᠶ ᠪᠠᠷ ᠭᠤᠤᠯ ᠤᠳᠤᠷᠢᠳᠤᠮᠵᠢ ᠪᠣᠯᠭᠠᠬᠤ ᠶᠢ ᠠᠬᠢᠭᠤᠯᠤᠨ᠂ ᠤᠯᠤᠰ ᠤᠨ ᠥᠮᠴᠢᠯᠡᠯᠲᠦ ᠣᠶ ᠰᠢᠭᠤᠶ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢ ᠲᠥᠯᠥᠪᠦᠷᠢ ᠲᠠᠢ ᠬᠡᠷᠡᠭᠯᠡᠬᠦ ᠶᠢ ᠥᠷᠨᠢᠭᠦᠯᠬᠦ ᠳᠤ ᠨᠡᠶᠢᠭᠡᠮ ᠤᠨ ᠬᠥᠷᠥᠩᠭᠡ  ᠳᠤ ᠣᠷᠣᠯᠴᠠᠬᠤ ᠶᠢ ᠵᠣᠷᠢᠭᠵᠢᠭᠤᠯᠤᠨ᠎ᠠ᠃        ᠵᠢᠷᠭᠤᠳᠤᠭᠠᠷ ᠵᠦᠢᠯ     ᠤᠯᠤᠰ ᠤᠨ ᠥᠮᠴᠢᠯᠡᠯᠲᠦ ᠣᠶ ᠰᠢᠭᠤᠶ ᠶᠢᠨ ᠲᠠᠯᠠᠪᠠᠶ ᠶᠢᠨ ᠣᠶ ᠰᠢᠭᠤᠶ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢ ᠲᠥᠯᠥᠪᠦᠷᠢ ᠲᠠᠢ ᠬᠡᠷᠡᠭᠯᠡᠬᠦ ᠨᠢ ᠣᠶᠢᠲᠤ ᠭᠠᠵᠠᠷ ᠢ ᠬᠠᠮᠠᠭᠠᠯᠠᠨ ᠠᠰᠢᠭᠯᠠᠬᠤ ᠲᠥᠯᠥᠪᠵᠢᠭᠦᠯᠭᠡ᠂ ᠣᠶ ᠰᠢᠭᠤᠶ ᠶᠢᠨ ᠤᠷᠲᠤᠪᠲᠤᠷ ᠪᠠ ᠣᠷᠳᠣ ᠬᠤᠭᠤᠴᠠᠭᠠᠨ ᠤ ᠲᠥᠯᠥᠪᠵᠢᠭᠦᠯᠭᠡ᠂ ᠣᠶᠢᠲᠤ ᠭᠠᠵᠠᠷ ᠤᠨ ᠬᠡᠷᠡᠭᠴᠡᠭᠡ ᠶᠢ ᠵᠠᠬᠢᠷᠤᠨ ᠬᠠᠮᠢᠶᠠᠷᠬᠤ᠂ ᠣᠶ ᠰᠢᠭᠤᠶ ᠶᠢᠨ ᠠᠮᠢ ᠠᠬᠤᠶ ᠶᠢᠨ ᠰᠢᠰᠲ᠋ᠧᠮ ᠢ ᠬᠠᠮᠠᠭᠠᠯᠠᠬᠤ᠂ ᠣᠶ ᠰᠢᠭᠤᠶ ᠶᠢ ᠲᠥᠷᠥᠯ ᠬᠤᠪᠢᠶᠠᠨ ᠬᠠᠮᠢᠶᠠᠷᠬᠤ ᠪᠠ ᠠᠮᠢ ᠠᠬᠤᠶ ᠶᠢᠨ ᠨᠡᠶᠢᠲᠡ ᠶᠢᠨ ᠠᠰᠠᠷᠠᠮᠵᠢ ᠶᠢᠨ ᠣᠶ ᠵᠡᠷᠭᠡ ᠬᠤᠯᠪᠣᠭᠳᠠᠯ ᠪᠥᠬᠦᠶ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠶ᠂ ᠣᠶᠢᠲᠤ ᠭᠠᠵᠠᠷ ᠤᠨ ᠬᠡᠷᠡᠭᠴᠡᠭᠡ ᠶᠢ ᠳᠤᠷ᠎ᠠ ᠪᠠᠷ ᠢᠶᠠᠨ ᠬᠤᠪᠢᠷᠠᠭᠤᠯᠵᠤ ᠪᠣᠯᠬᠤ ᠥᠬᠡᠶ᠃       ᠳᠣᠯᠣᠳᠤᠭᠠᠷ ᠵᠦᠢᠯ    ᠤᠯᠤᠰ ᠠᠴᠠ ᠥᠮᠴᠢᠯᠡᠯᠲᠡ ᠣᠢ ᠰᠢᠭᠤᠶ ᠶᠢᠨ ᠲᠠᠯᠠᠪᠠᠢ ᠶᠢᠨ ᠣᠢ ᠰᠢᠭᠤᠶ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢ ᠲᠥᠯᠥᠪᠦᠷᠢ ᠲᠠᠢ ᠬᠡᠷᠡᠭᠯᠡᠬᠦ ᠤᠯᠤᠰ ᠠᠴᠠ ᠥᠮᠴᠢᠯᠡᠯᠲᠡ ᠣᠢ ᠰᠢᠭᠤᠶ ᠶᠢᠨ ᠲᠠᠯᠠᠪᠠᠢ ᠶᠢ ᠥᠷᠨᠢᠭᠦᠯᠬᠦ ᠳᠤ ᠳᠤᠤᠷᠠᠬᠢ ᠨᠥᠬᠦᠴᠡᠯ ᠢ ᠬᠠᠮᠲᠤ ᠳᠤᠨᠢ ᠪᠦᠷᠢᠯᠳᠦᠭᠦᠯᠬᠦ ᠬᠡᠷᠡᠭᠲᠡᠶ᠄      ︵ᠨᠢᠭᠡ︶ ︽ᠤᠯᠤᠰ ᠠᠴᠠ ᠥᠮᠴᠢᠯᠡᠯᠲᠡ ᠣᠢ ᠰᠢᠭᠤᠶ ᠶᠢᠨ ᠲᠠᠯᠠᠪᠠᠢ ᠶᠢᠨ ᠳᠠᠩᠰᠠᠯᠠᠬᠤ ᠠᠷᠭ᠎ᠠ︾ ᠶᠣᠰᠣᠭᠠᠷ᠂ ᠤᠯᠤᠰ ᠠᠴᠠ ᠣᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠳᠤ ᠲᠡᠮᠳᠡᠭᠯᠡᠭᠦᠯᠦᠨ ᠳᠠᠩᠰᠠᠯᠠᠭᠤᠯᠤᠭᠰᠠᠨ ᠪᠠᠢᠬᠤ ᠬᠡᠷᠡᠭᠲᠡᠶ︔      ︵ᠬᠤᠶᠠᠷ︶ ᠤᠯᠤᠰ ᠤᠨ ᠥᠮᠴᠢᠯᠡᠯᠲᠦ ᠣᠶ ᠰᠢᠭᠤᠶ ᠶᠢᠨ ᠲᠠᠯᠠᠪᠠᠶ ᠣᠶᠢᠲᠤ ᠭᠠᠵᠠᠷ ᠤᠨ ᠡᠷᠬᠡ ᠶᠢᠨ ᠬᠠᠷᠢᠶ᠎ᠠ ᠨᠢ ᠲᠣᠳᠣᠷᠬᠠᠶ᠂ ᠳᠥᠷᠪᠡᠨ ᠲᠠᠯ᠎ᠠ ᠶᠢᠨ ᠵᠠᠭᠠᠭ ᠨᠢ ᠲᠣᠳᠣᠷᠬᠠᠶ᠂ ᠬᠠᠤᠯᠢ ᠶᠣᠰᠣᠨ ᠤ ᠬᠦᠴᠦᠨ ᠪᠥᠬᠦᠶ ᠣᠶᠢᠲᠤ ᠭᠠᠵᠠᠷ ᠤᠨ ᠡᠷᠬᠡ ᠶᠢᠨ ᠬᠠᠷᠢᠶᠠᠯᠠᠯ ᠤᠨ ᠭᠡᠷᠡᠴᠢ ᠲᠠᠢ ᠪᠠᠶᠢᠬᠤ ᠬᠡᠷᠡᠭᠲᠡᠶ᠃       ᠬᠤᠶᠠᠳᠤᠭᠠᠷ ᠪᠦᠯᠦᠭ    ᠲᠥᠯᠥᠪᠦᠷᠢ ᠲᠠᠢ ᠬᠡᠷᠡᠭᠯᠡᠬᠦ ᠠᠷᠭ᠎ᠠ ᠮᠠᠶ᠋ᠢᠭ ᠵᠢᠴᠢ ᠬᠦᠷᠢᠶ᠎ᠡ ᠬᠡᠪᠴᠢᠶ᠎ᠡ       ᠨᠠᠢᠮᠠᠳᠤᠭᠠᠷ ᠵᠦᠢᠯ    ᠤᠯᠤᠰ ᠤᠨ ᠥᠮᠴᠢᠯᠡᠯᠲᠦ ᠣᠶ ᠰᠢᠭᠤᠶ ᠶᠢᠨ ᠲᠠᠯᠠᠪᠠᠶ ᠶᠢᠨ ᠣᠶ ᠰᠢᠭᠤᠶ ᠶᠢᠨ ᠡᠬᠢ ᠪᠠᠶᠠᠯᠢᠭ ᠡᠳ᠋ ᠬᠥᠷᠥᠩᠭᠡ ᠶᠢ ᠲᠥᠯᠥᠪᠦᠷᠢ ᠲᠠᠢ ᠬᠡᠷᠡᠭᠯᠡᠬᠦ ᠠᠷᠭ᠎ᠠ ᠮᠠᠶ᠋ᠢᠭ᠄       ︵ᠨᠢᠭᠡ︶ ᠣᠶ ᠰᠢᠭᠤᠶ ᠶᠢᠨ ᠵᠢᠭᠤᠯᠴᠢᠯᠠᠯ᠂ ᠰᠡᠯᠡᠭᠦᠴᠡᠯ᠂ ᠣᠶᠢᠯᠠᠭᠠᠯᠲᠠ᠂ ᠡᠷᠡᠭᠦᠯᠵᠢᠯ ᠰᠤᠪᠢᠯᠠᠯᠲᠠ ᠵᠡᠷᠭᠡ ᠵᠢᠭᠤᠯᠴᠢᠯᠠᠯ ᠤᠨ ᠲᠥᠷᠥᠯ ᠵᠦᠢᠯ  ︔       ︵ᠬᠤᠶᠠᠷ︶ ᠲᠠᠷᠢᠮᠠᠯ᠂ ᠲᠡᠵᠢᠭᠡᠨ ᠦᠷᠡᠵᠢᠭᠦᠯᠬᠦ᠂ ᠲᠡᠭᠦᠵᠦ ᠴᠤᠭᠯᠠᠭᠤᠯᠬᠤ ᠵᠡᠷᠭᠡ ᠲᠥᠷᠥ ᠶᠢᠨ ᠪᠤ ᠳ᠋ᠣᠯᠭ᠎ᠠ ᠳᠤ ᠵᠥᠪᠰᠢᠶᠡᠷᠡᠭᠰᠡᠨ ᠣᠶ ᠶᠢᠨ ᠬᠤᠷᠮᠣᠶ ᠶᠢᠨ ᠠᠵᠤ ᠠᠬᠤᠶ ᠶᠢᠨ ᠲᠥᠷᠥᠯ ᠵᠦᠢᠯ  ︔       ︵ᠭᠤᠷᠪᠠ︶ ᠠᠵᠤ ᠠᠬᠤᠶ ᠶᠢᠨ ᠣᠶ ᠵᠡᠷᠭᠡ ᠲᠥᠷᠥᠯ ᠵᠦᠢᠯ  ᠢ ᠪᠠᠶᠢᠭᠤᠯᠬᠤ ᠬᠡᠷᠡᠭᠲᠡᠶ︔       ︵ᠲᠦᠷᠪᠡ︶ ᠤᠢ ᠰᠢᠭᠤᠶ ᠶᠢᠨ ᠪᠦᠳᠦᠭᠡᠠ ᠪᠠᠶᠢᠭᠤᠯᠤᠯᠲᠠ ᠳᠤ ᠨᠡᠶᠢᠴᠡᠬᠦ ᠡᠵᠡᠩᠨᠡᠯᠲᠡ ᠶᠢᠨ ᠴᠢᠨᠠᠷᠲᠠᠶ ᠪᠤᠰᠤᠳ ᠵᠦᠢᠯᠡᠰ᠃        ᠲᠥᠯᠥᠪᠦᠷᠢ ᠲᠠᠢ ᠬᠡᠷᠡᠭᠯᠡᠭᠴᠢ ᠨᠢ ᠣᠶ ᠰᠢᠭᠤᠶ ᠶᠢᠨ ᠦᠵᠡᠮᠵᠢ ᠳᠤ ᠲᠦᠰᠢᠭᠯᠡᠨ ᠣᠶ ᠰᠢᠭᠤᠶ ᠶᠢᠨ ᠵᠢᠭᠤᠯᠴᠢᠯᠠᠯ ᠢ ᠬᠥᠭᠵᠢᠭᠦᠯᠬᠦ ᠶᠢ ᠵᠣᠷᠢᠭᠵᠢᠭᠤᠯᠵᠤ᠂ ᠣᠶ ᠰᠢᠭᠤᠶ ᠶᠢᠨ ᠡᠷᠡᠭᠦᠯᠵᠢᠯ ᠰᠤᠪᠢᠯᠠᠯᠲᠠ᠂ ᠣᠶ ᠰᠢᠭᠤᠶ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠥᠮᠦᠵᠢᠯ᠂ ᠣᠶ ᠰᠢᠭᠤᠶ ᠶᠢᠨ ᠣᠶᠢᠯᠠᠭᠠᠯᠲᠠ ᠶᠢᠨ ᠵᠢᠱᠢᠶ᠎ᠡ ᠦᠵᠡᠭᠦᠯᠬᠦ᠂ ᠣᠶ ᠶᠢᠨ ᠬᠤᠷᠮᠣᠶ ᠶᠢᠨ ᠠᠵᠤ ᠠᠬᠤᠶ ᠶᠢ ᠬᠥᠭᠵᠢᠭᠦᠯᠬᠦ ᠵᠡᠷᠭᠡ ᠬᠡᠯᠪᠡᠷᠢ ᠪᠠᠷ ᠳᠠᠮᠵᠢᠭᠤᠯᠤᠨ ᠣᠶ ᠰᠢᠭᠤᠶ ᠶᠢᠨ ᠡᠬᠢ ᠪᠠᠶᠠᠯᠢᠭ ᠡᠳ᠋ ᠬᠥᠷᠥᠩᠭᠡ ᠶᠢ ᠲᠥᠯᠥᠪᠦᠷᠢ ᠲᠠᠢ ᠬᠡᠷᠡᠭᠯᠡᠬᠦ ᠶᠢ ᠪᠡᠶᠡᠯᠡᠭᠦᠯᠦᠨ᠎ᠡ᠃        ᠶᠢᠰᠦᠳᠦᠭᠡᠷ ᠵᠦᠢᠯ    ᠤᠯᠤᠰ ᠤᠨ ᠥᠮᠴᠢᠯᠡᠯᠲᠦ ᠣᠶ ᠰᠢᠭᠤᠶ ᠶᠢᠨ ᠲᠠᠯᠠᠪᠠᠶ ᠶᠢᠨ ᠣᠶ ᠰᠢᠭᠤᠶ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢ ᠲᠥᠯᠥᠪᠦᠷᠢ ᠲᠠᠢ ᠬᠡᠷᠡᠭᠯᠡᠬᠦ ᠬᠡᠪᠴᠢᠶ᠎ᠡ ᠶᠢ ᠳᠤᠤᠷᠠᠬᠢ ᠵᠠᠷᠴᠢᠮ ᠶᠣᠰᠣᠭᠠᠷ ᠲᠣᠭᠲᠠᠭᠠᠬᠤ ᠬᠡᠷᠡᠭᠲᠡᠶ᠄       ︵ᠨᠢᠭᠡ︶ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠭᠤᠤᠯ ᠲᠣᠭᠤᠷᠢᠭ᠂ ᠵᠠᠪᠰᠠᠷ ᠤᠨ ᠲᠣᠭᠤᠷᠢᠭ ᠤᠨ ᠤᠯᠤᠰ ᠤᠨ ᠥᠮᠴᠢᠯᠡᠯᠲᠦ ᠣᠶ ᠰᠢᠭᠤᠶ ᠶᠢᠨ ᠲᠠᠯᠠᠪᠠᠶ ᠶᠢᠨ ᠣᠶ ᠰᠢᠭᠤᠶ ᠶᠢᠨ ᠡᠬᠢ ᠪᠠᠶᠠᠯᠢᠭ ᠢ ᠲᠥᠯᠥᠪᠦᠷᠢ ᠲᠠᠢ ᠬᠡᠷᠡᠭᠯᠡᠬᠦ ᠶᠢ ᠴᠠᠭᠠᠵᠠᠯᠠᠨ᠎ᠠ︔         ︵ᠬᠤᠶᠠᠷ  ︶ ᠨᠢᠭᠡᠳᠦᠭᠡᠷ᠂ ᠬᠤᠶᠠᠳᠤᠭᠠᠷ ᠳᠡᠰ ᠤᠨ ᠤᠯᠤᠰ ᠤᠨ ᠲᠠᠰ ᠤᠨ ᠨᠡᠶᠢᠲᠡ ᠶᠢᠨ ᠠᠰᠠᠷᠠᠮᠵᠢ ᠶᠢᠨ ᠣᠶ ᠪᠣᠯᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠨᠡᠶᠢᠲᠡ ᠶᠢᠨ ᠠᠰᠠᠷᠠᠮᠵᠢ ᠶᠢᠨ ᠣᠶ ᠠᠴᠠ ᠪᠤᠰᠤᠳ ᠣᠷᠣᠨ ᠪᠦᠰᠡ ᠳᠤ ᠲᠥᠯᠥᠪᠦᠷᠢ ᠲᠠᠢ ᠬᠡᠷᠡᠭᠯᠡᠬᠦ ᠶᠢ ᠥᠷᠨᠢᠭᠦᠯᠦᠭᠰᠡᠨ ᠪᠠᠶᠢᠪᠠᠯ᠂ ᠲᠡᠷᠭᠡᠨ ᠵᠣᠭᠰᠣᠭᠠᠯ᠂  ᠦᠢᠯᠡᠴᠢᠯᠡᠭᠡᠨ ᠤ ᠲᠣᠭᠤᠷᠢᠭ᠂ ᠬᠡᠭᠡᠷ᠎ᠡ ᠪᠠᠭᠤᠳᠠᠯᠯᠠᠬᠤ ᠲᠣᠭᠤᠷᠢᠭ ᠵᠢᠴᠢ ᠪᠤᠰᠤᠳ ᠣᠶ ᠰᠢᠭᠤᠶ ᠶᠢ ᠣᠶᠢᠯᠠᠭᠠᠬᠤ᠂ ᠡᠷᠡᠭᠦᠯᠵᠢᠯ ᠰᠤᠪᠢᠯᠠᠯᠲᠠ ᠵᠡᠷᠭᠡ ᠡᠭᠦᠷᠢᠳᠡ ᠶᠢᠨ ᠴᠢᠨᠠᠷᠲᠠᠶ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠴᠢᠩᠭ᠎ᠠ ᠬᠢᠵᠠᠭᠠᠷᠯᠠᠬᠤ ᠬᠡᠷᠡᠭᠲᠡᠶ᠃       ᠭᠤᠷᠪᠠᠳᠤᠭᠠᠷ ᠪᠦᠯᠦᠭ      ᠬᠡᠷᠡᠭᠯᠡᠬᠦ ᠲᠠᠰ ᠳᠠᠷᠠᠭᠠᠯᠠᠯ       ᠠᠷᠪᠠᠳᠤᠭᠠᠷ ᠵᠦᠢᠯ   ᠤᠯᠤᠰ ᠤᠨ ᠥᠮᠴᠢᠯᠡᠯᠲᠦ ᠣᠶ ᠰᠢᠭᠤᠶ ᠶᠢᠨ ᠲᠠᠯᠠᠪᠠᠶ ᠶᠢᠨ ᠣᠶ ᠰᠢᠭᠤᠶ ᠶᠢᠨ ᠡᠬᠢ ᠪᠠᠶᠠᠯᠢᠭ ᠡᠳ᠋ ᠬᠥᠷᠥᠩᠭᠡ ᠶᠢᠨ ᠬᠡᠷᠡᠭᠯᠡᠯᠲᠡ ᠳᠤ ᠥᠷᠢᠰᠥᠯᠳᠦᠭᠡᠨ ᠤ ᠲᠣᠭᠲᠠᠴᠠ ᠶᠢ ᠣᠷᠣᠭᠤᠯᠤᠨ ᠳᠣᠭᠢᠷᠠᠭᠤᠯᠵᠤ᠂ ᠠᠯᠬᠤᠮ ᠠᠯᠬᠤᠮ ᠢᠶᠠᠷ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠲᠠᠪᠴᠠᠩ ᠳᠤ ᠣᠷᠣᠭᠤᠯᠤᠨ ᠵᠢᠷᠤᠮᠵᠢᠭᠤᠯᠤᠨ ᠠᠷᠠᠯᠵᠢᠶᠠᠯᠠᠵᠤ᠂ ᠤᠯᠤᠰ ᠤᠨ ᠥᠮᠴᠢᠯᠡᠯᠲᠦ ᠣᠶ ᠰᠢᠭᠤᠶ ᠶᠢᠨ ᠲᠠᠯᠠᠪᠠᠶ ᠶᠢᠨ ᠣᠶ ᠰᠢᠭᠤᠶ ᠶᠢᠨ ᠡᠬᠢ ᠪᠠᠶᠠᠯᠢᠭ ᠡᠳ᠋ ᠬᠥᠷᠥᠩᠭᠡ ᠶᠢᠨ ᠬᠡᠷᠡᠭᠯᠡᠯᠲᠡ ᠶᠢᠨ ᠶᠠᠪᠤᠴᠠ ᠶᠢᠨ ᠢᠯᠡ ᠪᠠ ᠢᠯᠡ ᠲᠣᠳᠣ ᠪᠠᠶᠢᠬᠤ ᠶᠢ ᠦᠨᠡᠨᠬᠦ ᠪᠠᠲᠤᠯᠠᠨ᠂ ᠤᠯᠤᠰ ᠤᠨ ᠥᠮᠴᠢᠯᠡᠯᠲᠦ ᠣᠶ ᠰᠢᠭᠤᠶ ᠶᠢᠨ ᠲᠠᠯᠠᠪᠠᠶ ᠶᠢᠨ ᠣᠶ ᠰᠢᠭᠤᠶ ᠶᠢᠨ ᠡᠬᠢ ᠪᠠᠶᠠᠯᠢᠭ ᠤᠨ ᠥᠷᠲᠡᠭ ᠢ ᠪᠠᠲᠤᠯᠠᠨ ᠨᠡᠮᠡᠭᠳᠡᠭᠦᠯᠬᠦ ᠶᠢ ᠠᠬᠢᠭᠤᠯᠵᠤ᠂ ᠤᠯᠤᠰ ᠤᠨ ᠥᠮᠴᠢᠯᠡᠯᠲᠦ ᠣᠶ ᠰᠢᠭᠤᠶ ᠶᠢᠨ ᠡᠬᠢ ᠪᠠᠶᠠᠯᠢᠭ ᠤᠨ ᠠᠯᠳᠠᠭᠳᠠᠬᠤ ᠶᠢ ᠪᠦᠲᠦᠮᠵᠢᠲᠡᠶ ᠰᠡᠷᠭᠡᠶᠢᠯᠡᠬᠦ ᠬᠡᠷᠡᠭᠲᠡᠶ᠃        ᠠᠷᠪᠠᠨ ᠨᠢᠭᠡᠳᠦᠭᠡᠷ ᠵᠦᠢᠯ     ᠤᠯᠤᠰ ᠤᠨ ᠥᠮᠴᠢᠯᠡᠯᠲᠦ ᠣᠶ ᠰᠢᠭᠤᠶ ᠶᠢᠨ ᠲᠠᠯᠠᠪᠠᠶ ᠶᠢᠨ ᠣᠶ ᠰᠢᠭᠤᠶ ᠶᠢᠨ ᠡᠬᠢ ᠪᠠᠶᠠᠯᠢᠭ ᠡᠳ᠋ ᠬᠥᠷᠥᠩᠭᠡ ᠶᠢ ᠲᠥᠯᠥᠪᠦᠷᠢ ᠲᠠᠢ ᠬᠡᠷᠡᠭᠯᠡᠭᠦᠯᠬᠦ ᠪᠠᠷ ᠭᠤᠶᠤᠴᠢᠯᠠᠭᠰᠠᠨ ᠨᠢᠭᠡᠴᠡ ᠪᠤᠶᠤ ᠬᠤᠪᠢ ᠬᠥᠮᠦᠨ ᠨᠢ ᠡᠩ ᠲᠡᠷᠢᠭᠦᠨ ᠳᠤ ᠤᠯᠤᠰ ᠤᠨ ᠥᠮᠴᠢᠯᠡᠯᠲᠦ ᠣᠶ ᠰᠢᠭᠤᠶ ᠶᠢᠨ ᠲᠠᠯᠠᠪᠠᠶ ᠳᠤ ᠭᠤᠶᠤᠴᠢᠯᠠᠯ ᠢᠶᠠᠨ ᠪᠢᠴᠢᠭ ᠢᠶᠠᠷ ᠲᠤᠰᠢᠶᠠᠬᠤ ᠬᠡᠷᠡᠭᠲᠡᠶ᠂ ᠭᠤᠶᠤᠴᠢᠯᠠᠬᠤ ᠠᠭᠤᠯᠭ᠎ᠠ ᠳᠤ᠄ ᠨᠢᠭᠡᠴᠡ ᠪᠤᠶᠤ ᠬᠤᠪᠢ ᠬᠥᠮᠦᠨ ᠤ ᠨᠡᠷᠡᠶᠢᠳᠦᠯ᠂ ᠬᠡᠷᠡᠭᠯᠡᠬᠦ ᠳᠦᠷᠦᠯ ᠵᠦᠢᠯ᠂ ᠣᠷᠣᠨ ᠪᠦᠰᠡ᠂ ᠠᠷᠭ᠎ᠠ ᠮᠠᠶ᠋ᠢᠭ ᠵᠡᠷᠭᠡ ᠠᠭᠤᠯᠭ᠎ᠠ ᠶᠢᠨ ᠪᠣᠯᠤᠮᠵᠢᠲᠤ ᠮᠡᠳᠡᠭᠦᠯᠦᠯᠲᠡ ᠪᠠ ᠣᠷᠴᠢᠨ ᠲᠣᠭᠤᠷᠢᠨ ᠢ ᠦᠨᠡᠯᠡᠭᠰᠡᠨ ᠮᠠᠲ᠋ᠧᠷᠢᠶᠠᠯ ᠵᠡᠷᠭᠡ ᠪᠠᠭᠲᠠᠨ᠎ᠠ᠃       ᠠᠷᠪᠠᠨ ᠬᠤᠶᠠᠳᠤᠭᠠᠷ ᠵᠦᠢᠯ    ᠤᠯᠤᠰ ᠤᠨ ᠥᠮᠴᠢᠯᠡᠯᠲᠦ ᠣᠶ ᠰᠢᠭᠤᠶ ᠶᠢᠨ ᠲᠠᠯᠠᠪᠠᠶ ᠨᠢ ᠣᠶᠢᠲᠤ ᠭᠠᠵᠠᠷ ᠤᠨ ᠬᠡᠷᠡᠭᠴᠡᠭᠡ ᠶᠢ ᠬᠠᠮᠢᠶᠠᠷᠬᠤ᠂ ᠣᠶ ᠰᠢᠭᠤᠶ ᠶᠢᠨ ᠭᠤᠤᠯᠯᠠᠬᠤ ᠴᠢᠳᠠᠮᠵᠢ ᠵᠡᠷᠭᠡ ᠬᠠᠮᠢᠶ᠎ᠠ ᠪᠥᠬᠦᠶ ᠲᠣᠭᠲᠠᠭᠠᠯ ᠢ ᠦᠨᠳᠦᠰᠦᠯᠡᠨ᠂ ᠲᠥᠷᠥᠯ ᠵᠦᠢᠯ ᠤᠨ ᠪᠣᠯᠤᠮᠵᠢᠲᠤ ᠴᠢᠨᠠᠷ ᠪᠠ ᠬᠠᠤᠯᠢ ᠳᠤ ᠨᠡᠶᠢᠴᠡᠬᠦ ᠲᠣᠭᠲᠠᠭᠠᠯ ᠳᠤ ᠨᠡᠶᠢᠴᠡᠬᠦ ᠴᠢᠨᠠᠷ ᠲᠤ ᠠᠩᠬᠠᠨ ᠤ ᠬᠢᠨᠠᠯᠲᠠ ᠬᠢᠵᠦ᠂ ᠪᠣᠯᠤᠮᠵᠢᠲᠠᠶ ᠭᠡᠵᠦ ᠦᠵᠡᠪᠡᠯ᠂ ᠬᠠᠮᠢᠶ᠎ᠠ ᠪᠥᠬᠦᠶ ᠮᠠᠲ᠋ᠧᠷᠢᠶᠠᠯ ᠢ ᠬᠤᠰᠢᠭᠤᠨ ᠤ ᠣᠶ ᠰᠢᠭᠤᠶ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠵᠦ ᠬᠢᠨᠠᠨ ᠪᠠᠶᠢᠴᠠᠭᠠᠯᠭᠠᠬᠤ ᠬᠡᠷᠡᠭᠲᠡᠶ᠃        ᠠᠷᠪᠠᠨ ᠭᠤᠷᠪᠠᠳᠤᠭᠠᠷ ᠵᠦᠢᠯ   ᠬᠤᠰᠢᠭᠤᠨ ᠤ ᠣᠶ ᠰᠢᠭᠤᠶ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ᠂ ᠬᠠᠮᠢᠶ᠎ᠠ ᠪᠥᠬᠦᠶ ᠲᠣᠭᠲᠠᠭᠠᠯ ᠶᠣᠰᠣᠭᠠᠷ ᠬᠢᠷᠢ ᠬᠡᠮ ᠲᠠᠢ ᠦᠨᠡᠯᠡᠨ ᠵᠢᠱᠢᠬᠦ ᠪᠠᠶᠢᠭᠤᠯᠤᠮᠵᠢ ᠳᠤ ᠨᠠᠶᠢᠳᠠᠵᠤ᠂ ᠬᠡᠷᠡᠭᠯᠡᠬᠦ ᠭᠡᠵᠦ ᠪᠠᠶᠢᠭ᠎ᠠ ᠣᠶ ᠰᠢᠭᠤᠶ ᠶᠢᠨ ᠡᠬᠢ ᠪᠠᠶᠠᠯᠢᠭ ᠡᠳ᠋ ᠬᠥᠷᠥᠩᠭᠡ ᠳᠤ ᠦᠨᠡᠯᠡᠨ ᠵᠢᠱᠢᠯᠲᠡ ᠬᠢᠯᠭᠡᠨ᠎ᠡ᠃ ᠤᠯᠤᠰ ᠤᠨ ᠥᠮᠴᠢᠯᠡᠯᠲᠦ ᠣᠶ ᠰᠢᠭᠤᠶ ᠶᠢᠨ ᠲᠠᠯᠠᠪᠠᠶ ᠨᠢ ᠦᠨᠡᠯᠡᠨ ᠵᠢᠱᠢᠭᠰᠡᠨ ᠪᠠᠶᠢᠳᠠᠯ ᠢ ᠦᠨᠳᠦᠰᠦᠯᠡᠨ ᠦᠨ᠎ᠡ ᠲᠥᠯᠥᠪᠦᠷᠢ ᠲᠠᠢ ᠪᠠᠷ ᠬᠡᠷᠡᠭᠯᠡᠬᠦ ᠰᠠᠨᠠᠯ ᠰᠠᠨᠠᠭᠤᠯᠭ᠎ᠠ ᠳᠤᠷᠠᠳᠴᠤ᠂ ᠬᠤᠰᠢᠭᠤᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠳᠤ ᠳᠡᠪᠰᠢᠭᠦᠯᠦᠨ ᠬᠢᠨᠠᠨ ᠵᠥᠪᠯᠡᠭᠦᠯᠵᠦ᠂ ᠬᠢᠨᠠᠨ ᠵᠥᠪᠯᠡᠵᠦ ᠪᠠᠲᠤᠯᠠᠭᠰᠠᠨ ᠤ ᠳᠠᠷᠠᠭ᠎ᠠ ᠦᠨ᠎ᠡ ᠲᠥᠯᠥᠪᠦᠷᠢ ᠲᠠᠢ ᠪᠠᠷ ᠬᠡᠷᠡᠭᠯᠡᠬᠦ ᠫᠠᠶᠢᠰᠠ ᠡᠯᠭᠦᠨ᠎ᠡ᠃         ᠠᠷᠪᠠᠨ ᠳᠥᠷᠪᠡᠳᠦᠭᠡᠷ  ᠵᠦᠢᠯ     ᠤᠯᠤᠰ ᠤᠨ ᠥᠮᠴᠢᠯᠡᠯᠲᠦ ᠣᠶ ᠰᠢᠭᠤᠶ ᠶᠢᠨ ᠲᠠᠯᠠᠪᠠᠶ ᠨᠢ ᠬᠤᠰᠢᠭᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠤᠨ ᠲᠣᠪᠴᠢ ᠲᠡᠮᠳᠡᠭᠯᠡᠯ ᠪᠠ ᠳᠠᠭᠠᠭᠠᠴᠢᠯᠠᠯᠲᠠ ᠵᠠᠷᠯᠠᠨ ᠫᠠᠶᠢᠰᠠ ᠡᠯᠭᠦᠭᠰᠡᠨ ᠦᠷ᠎ᠡ ᠳ᠋ᠦᠩ ᠢ ᠦᠨᠳᠦᠰᠦᠯᠡᠨ ᠣᠶ ᠰᠢᠭᠤᠶ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢ ᠬᠡᠷᠡᠭᠯᠡᠭᠴᠢ ᠯᠦᠭᠡ ᠲᠥᠯᠥᠪᠦᠷᠢ ᠲᠠᠢ ᠪᠠᠷ ᠬᠡᠷᠡᠭᠯᠡᠬᠦ ᠬᠡᠯᠡᠯᠴᠡᠭᠡᠷ ᠲᠣᠭᠲᠠᠬᠤ ᠶᠢᠨ ᠬᠠᠮᠲᠤ ᠵᠥᠪᠳᠡᠯᠴᠡᠬᠡᠷ ᠢᠶᠠᠨ ᠬᠤᠰᠢᠭᠤᠨ ᠣᠶ ᠰᠢᠭᠤᠶ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠬᠤ ᠬᠡᠷᠡᠭᠲᠡᠶ᠃        ᠠᠷᠪᠠᠨ ᠲᠠᠪᠤᠳᠤᠭᠠᠷ ᠵᠦᠢᠯ    ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠢᠨᠠᠨ ᠵᠥᠪᠰᠢᠶᠡᠷᠡᠬᠦ ᠬᠤᠯᠪᠣᠭᠳᠠᠯ ᠪᠦᠬᠦᠢ ᠵᠦᠢᠯ ᠳᠤ ᠬᠤᠯᠪᠣᠭᠳᠠᠪᠠᠯ᠂ ᠭᠠᠵᠠᠷ ᠬᠡᠷᠡᠭᠯᠡᠬᠦ ᠵᠣᠬᠢᠴᠠᠩᠭᠤᠶ ᠭᠠᠷᠳᠠᠮ ᠢ ᠡᠷᠬᠡᠪᠰᠢ ᠭᠦᠢᠴᠡᠳᠬᠡᠵᠦ᠂ ᠬᠡᠷᠡᠭᠯᠡᠭᠴᠢ ᠠᠴᠠ ᠣᠶ ᠲᠠᠢ ᠭᠠᠵᠠᠷ ᠤᠨ ᠣᠶ ᠮᠣᠳᠣᠨ ᠤ ᠨᠥᠬᠦᠪᠥᠷᠢ ᠵᠠᠷᠤᠳᠠᠯ᠂ ᠲᠥᠪᠬᠢᠨᠡᠭᠦᠯᠬᠦ ᠲᠤᠰᠠᠯᠠᠮᠵᠢ ᠶᠢᠨ ᠵᠠᠷᠤᠳᠠᠯ᠂ ᠣᠶ ᠰᠢᠭᠤᠶ ᠶᠢᠨ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠵᠠᠷᠤᠳᠠᠯ ᠪᠣᠯᠤᠨ ᠠᠵᠢᠯᠲᠠᠨ ᠠᠵᠢᠯᠴᠢᠨ ᠤ ᠨᠡᠶᠢᠭᠡᠮ ᠤᠨ ᠪᠠᠲᠤᠯᠠᠭ᠎ᠠ ᠵᠡᠷᠭᠡ ᠵᠠᠷᠤᠳᠠᠯ ᠢ ᠭᠦᠢᠴᠡᠳ ᠲᠤᠭ᠎ᠠ ᠪᠠᠷ ᠥᠭᠬᠦ ᠬᠡᠷᠡᠭᠲᠡᠶ᠃        ᠳᠥᠷᠪᠡᠳᠦᠭᠡᠷ ᠪᠦᠯᠦᠭ     ᠬᠡᠷᠡᠭᠯᠡᠬᠦ ᠬᠤᠭᠤᠴᠠᠭ᠎ᠠ ᠬᠢᠵᠠᠭᠠᠷ ᠵᠢᠴᠢ ᠠᠰᠢᠭ ᠣᠷᠣᠯᠭ᠎ᠠ ᠶᠢ ᠪᠣᠯᠵᠣᠨ ᠲᠣᠭᠲᠠᠭᠰᠠᠨ        ᠠᠷᠪᠠᠨ ᠵᠢᠷᠭᠤᠳᠤᠭᠠᠷ ᠵᠦᠢᠯ    ᠨᠢᠭᠡᠴᠢ ᠪᠠ ᠬᠤᠪᠢ ᠬᠥᠮᠦᠨ ᠲᠦᠷᠢᠶᠡᠰᠦᠯᠡᠬᠦ᠂ ᠣᠨᠴᠠ ᠵᠥᠪᠰᠢᠶᠡᠷᠡᠯ ᠲᠠᠢ ᠪᠠᠷ ᠡᠵᠡᠩᠨᠡᠬᠦ ᠠᠷᠭ᠎ᠠ ᠬᠡᠯᠪᠡᠷᠢ ᠪᠠᠷ ᠤᠯᠤᠰ ᠤᠨ ᠥᠮᠴᠢᠯᠡᠯᠲᠦ ᠣᠶ ᠰᠢᠭᠤᠶ ᠶᠢᠨ ᠲᠠᠯᠠᠪᠠᠶ ᠶᠢᠨ ᠣᠶ ᠰᠢᠭᠤᠶ ᠶᠢᠨ ᠲᠠᠯᠠᠪᠠᠶ ᠶᠢᠨ ᠡᠬᠢ ᠪᠠᠶᠠᠯᠢᠭ ᠡᠳ᠋ ᠬᠥᠷᠥᠩᠭᠡ ᠶᠢ ᠦᠨ᠎ᠡ ᠲᠥᠯᠥᠪᠦᠷᠢ ᠲᠠᠢ ᠪᠠᠷ ᠬᠡᠷᠡᠭᠯᠡᠬᠦ ᠶᠢ ᠥᠷᠨᠢᠭᠦᠯᠵᠦ ᠪᠣᠯᠤᠨ᠎ᠠ᠂ ᠬᠡᠷᠡᠭᠯᠡᠬᠦ ᠬᠤᠭᠤᠴᠠᠭ᠎ᠠ ᠬᠢᠵᠠᠭᠠᠷ ᠢ ᠡᠩ ᠤᠨ ᠪᠠᠶᠢᠳᠠᠯ ᠳᠤ 20 ᠵᠢᠯ ᠠᠴᠠ ᠬᠡᠲᠦᠷᠡᠭᠦᠯᠵᠦ ᠪᠣᠯᠬᠤ ᠥᠬᠡᠶ᠂ ᠲᠦᠷᠢᠶᠡᠰᠦᠯᠡᠬᠦ ᠵᠠᠷᠤᠳᠠᠯ ᠢ ᠦᠨ᠎ᠡ ᠲᠥᠯᠥᠪᠦᠷᠢ ᠲᠠᠢ ᠪᠠᠷ ᠬᠡᠷᠡᠭᠯᠡᠬᠦ ᠬᠡᠯᠡᠯᠴᠡᠭᠡᠷ ᠲᠣᠭᠲᠠᠬᠤ ᠦᠶ᠎ᠡ ᠳᠤ ᠨᠢᠭᠡ ᠯᠡ ᠤᠳᠠᠭ᠎ᠠ ᠳᠤ ᠲᠤᠰᠢᠶᠠᠵᠤ ᠳᠠᠭᠤᠰᠬᠠᠬᠤ ᠬᠡᠷᠡᠭᠲᠡᠶ᠂ ᠣᠨᠴᠠᠭᠠᠶ ᠪᠠᠶᠢᠳᠠᠯ ᠢ ᠬᠤᠰᠢᠭᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠢᠶ᠎ᠠ ᠠᠴᠠ ᠪᠣᠳᠠᠲᠠᠶ ᠬᠡᠷᠡᠭᠴᠡᠭᠡ ᠶᠢ ᠦᠨᠳᠦᠰᠦᠯᠡᠨ ᠬᠡᠷᠡᠭᠯᠡᠬᠦ ᠵᠢᠯ ᠬᠤᠭᠤᠴᠠᠭ᠎ᠠ ᠪᠠ ᠲᠦᠷᠢᠶᠡᠰᠦᠯᠡᠬᠦ ᠵᠠᠷᠤᠳᠠᠯ ᠢ ᠳ᠋ᠦᠩᠨᠡᠨ ᠪᠤᠳᠤᠬᠤ ᠴᠠᠭ ᠬᠤᠭᠤᠴᠠᠭ᠎ᠠ ᠶᠢ ᠲᠣᠭᠲᠠᠭᠠᠨ᠎ᠠ᠃        ᠠᠷᠪᠠᠨ ᠳᠣᠯᠣᠳᠤᠭᠠᠷ ᠵᠦᠢᠯ    ᠣᠶ ᠰᠢᠭᠤᠶ ᠶᠢᠨ ᠵᠢᠭᠤᠯᠴᠢᠯᠠᠯ᠂ ᠣᠶ ᠰᠢᠭᠤᠶ ᠶᠢᠨ ᠡᠷᠡᠭᠦᠯᠵᠢᠯ ᠰᠤᠪᠢᠯᠠᠯᠲᠠ ᠶᠢ ᠥᠷᠨᠢᠭᠦᠯᠬᠦ ᠳᠤ ᠡᠬᠢ ᠪᠠᠶᠠᠯᠢᠭ ᠢ ᠦᠨᠡᠯᠡᠨ ᠵᠢᠱᠢᠬᠦ ᠥᠷᠲᠡᠭ ᠢᠶᠠᠷ ᠯᠠᠪᠯᠠᠯᠲᠠ ᠪᠣᠯᠭᠠᠵᠤ᠂ ᠰᠠᠭᠤᠷᠢ ᠲᠤᠭ᠎ᠠ ᠶᠢᠨ ᠰᠠᠭᠤᠷᠢ ᠶᠢ ᠪᠠᠲᠤᠯᠠᠬᠤ ᠪᠠ ᠵᠢᠱᠢᠭᠰᠡᠨ ᠠᠰᠢᠭ ᠣᠯᠵᠠᠪᠤᠷᠢ ᠶᠢᠨ 10 % ᠠᠴᠠ ᠳᠣᠣᠷ᠎ᠠ ᠦᠭᠡᠶ ᠬᠡᠷᠡᠭᠯᠡᠬᠦ ᠰᠦᠢᠳᠬᠡᠯ ᠬᠤᠷᠢᠶᠠᠨ᠎ᠠ᠃ ᠬᠤᠶᠠᠷ ᠲᠠᠯ᠎ᠠ ᠪᠠᠷ ᠢᠶᠠᠨ ᠠᠵᠤ ᠠᠬᠤᠢ ᠶᠢᠨ ᠬᠥᠭᠵᠢᠯᠲᠡ ᠶᠢᠨ ᠬᠢᠷᠢ ᠬᠡᠮᠵᠢ᠊ ᠡᠶ᠎ᠡ ᠶᠢ ᠦᠨᠳᠦᠰᠦᠯᠡᠨ ᠵᠦᠢ ᠵᠣᠬᠢᠰᠲᠠᠢ ᠠᠰᠢᠭ ᠣᠷᠣᠯᠭ᠎ᠠ ᠶᠢᠨ ᠬᠤᠪᠢᠶᠠᠷᠢᠯᠠᠯᠲᠠ ᠶᠢᠨ ᠬᠠᠷᠢᠴᠠᠯ ᠢ ᠲᠣᠭᠲᠠᠭᠠᠬᠤ ᠬᠡᠷᠡᠭᠲᠡᠢ᠃        ᠠᠷᠪᠠᠨ ᠨᠠᠢᠮᠠᠳᠤᠭᠠᠷ ᠵᠦᠢᠯ      ᠲᠠᠷᠢᠮᠠᠯ᠂ ᠲᠡᠵᠢᠭᠡᠨ ᠦᠷᠡᠵᠢᠭᠦᠯᠬᠦ᠂ ᠲᠡᠭᠦᠵᠦ ᠴᠤᠭᠯᠠᠭᠤᠯᠬᠤ ᠵᠡᠷᠭᠡ ᠣᠶ ᠶᠢᠨ ᠬᠤᠷᠮᠣᠶ ᠶᠢᠨ ᠠᠵᠤ ᠠᠬᠤᠶ ᠶᠢᠨ ᠲᠥᠷᠥᠯ ᠵᠦᠢᠯ ᠢ ᠥᠷᠨᠢᠭᠦᠯᠬᠦ ᠳᠤ᠂ ᠬᠠᠮᠢᠶ᠎ᠠ ᠪᠥᠬᠦᠶ ᠲᠣᠭᠲᠠᠭᠠᠯ ᠢ ᠦᠨᠳᠦᠰᠦᠯᠡᠨ ᠬᠢᠷᠢ ᠴᠢᠳᠠᠮᠵᠢ ᠲᠠᠢ ᠦᠨᠡᠯᠡᠨ ᠵᠢᠱᠢᠬᠦ ᠪᠠᠶᠢᠭᠤᠯᠤᠮᠵᠢ ᠳᠤ ᠨᠠᠶᠢᠳᠠᠨ ᠦᠨᠡᠯᠡᠨ ᠵᠢᠱᠢᠯᠲᠡ ᠬᠢᠯᠭᠡᠵᠦ᠂ ᠡᠬᠢ ᠪᠠᠶᠠᠯᠢᠭ ᠡᠳ᠋ ᠬᠥᠷᠥᠩᠭᠡ ᠶᠢᠨ ᠬᠡᠷᠡᠭᠯᠡᠬᠦ ᠵᠦᠶ ᠵᠣᠬᠢᠰᠲᠠᠶ ᠰᠦᠢᠳᠬᠡᠯ ᠢ ᠲᠣᠭᠲᠠᠭᠠᠬᠤ ᠬᠡᠷᠡᠭᠲᠡᠶ᠃        ᠠᠷᠪᠠ ᠶᠢᠰᠦᠳᠦᠭᠡᠷ ᠵᠦᠢᠯ     ᠤᠯᠤᠰ ᠤᠨ ᠥᠮᠴᠢᠯᠡᠯᠲᠦ ᠣᠶ ᠰᠢᠭᠤᠶ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢ ᠲᠥᠯᠥᠪᠦᠷᠢ ᠲᠠᠢ ᠬᠡᠷᠡᠭᠯᠡᠭᠰᠡᠨ ᠤ ᠠᠰᠢᠭ ᠭᠥᠷᠳᠡᠬᠦ ᠡᠷᠬᠡ ᠶᠢ ᠡᠳ᠋ ᠤᠨ ᠵᠠᠰᠠᠭ ᠤᠨ ᠶᠠᠮᠤᠨ ᠤᠯᠤᠰ ᠤᠨ ᠣᠶ ᠰᠢᠭᠤᠶ ᠶᠢᠨ ᠲᠣᠪᠴᠢᠶ᠎ᠠ ᠶᠢᠨ ︽ᠤᠯᠤᠰ ᠤᠨ ᠥᠮᠴᠢᠯᠡᠯᠲᠦ ᠣᠶ ᠰᠢᠭᠤᠶ ᠶᠢᠨ ᠲᠠᠯᠠᠪᠠᠶ ︵ᠴᠢᠬᠢ ᠮᠣᠳᠣᠨ ᠬᠦᠷᠢᠶᠡᠯᠡᠩ︶ ᠶᠢᠨ ᠡᠳ᠋ ᠤᠨ ᠶᠠᠪᠤᠳᠠᠯ ᠤᠨ ᠲᠦᠷᠢᠮ︾ ︵ᠡᠳ᠋ ᠲᠠᠷᠢᠶᠠᠯᠠᠩ 2017〔72 〕ᠳ᠋ᠤᠭᠠᠷ ᠲᠣᠭᠠᠲᠤ︶ ᠢ ᠦᠨᠳᠦᠰᠦᠯᠡᠨ ᠤᠯᠤᠰ ᠤᠨ ᠥᠮᠴᠢᠯᠡᠯᠲᠦ ᠣᠶ ᠰᠢᠭᠤᠶ ᠶᠢᠨ ᠲᠠᠯᠠᠪᠠᠶ ᠳᠤ ᠨᠠᠶᠢᠳᠠᠪᠤᠷᠢᠵᠢᠭᠤᠯᠵᠤ᠂ ︽ᠣᠷᠣᠯᠭ᠎ᠠ ᠵᠠᠷᠤᠯᠭ᠎ᠠ ᠶᠢ ᠠᠰ ᠠᠰ ᠲᠤᠨᠢ ᠪᠠᠶᠢᠯᠭᠠᠬᠤ︾ ᠬᠠᠮᠢᠶᠠᠷᠤᠯᠲᠠ ᠶᠢ ᠴᠢᠩᠭ᠎ᠠ ᠬᠡᠷᠡᠭᠵᠢᠭᠦᠯᠵᠦ᠂ ᠠᠰᠢᠭ ᠣᠯᠵᠠᠪᠤᠷᠢ ᠶᠢ ᠪᠥᠬᠦ ᠲᠤᠭ᠎ᠠ ᠪᠠᠷ ᠨᠢ ᠬᠤᠰᠢᠭᠤᠨ  ᠤ ᠡᠳ᠋ ᠤᠨ ᠵᠠᠰᠠᠭ᠂ ᠤᠯᠤᠰ ᠤᠨ ᠥᠮᠴᠢᠯᠡᠯᠲᠦ ᠣᠶ ᠰᠢᠭᠤᠶ ᠶᠢᠨ ᠲᠠᠯᠠᠪᠠᠶ ᠶᠢ ᠬᠡᠷᠡᠭᠯᠡᠬᠦ ᠪᠠᠷ ᠭᠤᠶᠤᠴᠢᠯᠠᠭᠰᠠᠨ ᠵᠠᠷᠤᠯᠭ᠎ᠠ ᠳᠤ ᠲᠤᠰᠢᠶᠠᠬᠤ ᠬᠡᠷᠡᠭᠲᠡᠶ᠃      ᠲᠠᠪᠤᠳᠤᠭᠠᠷ ᠪᠦᠯᠦᠭ     ᠬᠠᠮᠢᠶᠠᠷᠤᠯᠲᠠ ᠪᠠ ᠬᠢᠨᠠᠯᠲᠠ      ᠬᠤᠷᠢᠳᠤᠭᠠᠷ ᠵᠦᠢᠯ     ᠲᠥᠯᠥᠪᠦᠷᠢ ᠲᠠᠢ ᠬᠡᠷᠡᠭᠯᠡᠭᠴᠢ ᠨᠢ ᠤᠯᠤᠰ ᠤᠨ ᠥᠮᠴᠢᠯᠡᠯᠲᠦ ᠣᠶ ᠰᠢᠭᠤᠶ ᠶᠢᠨ ᠲᠠᠯᠠᠪᠠᠶ ᠶᠢᠨ ᠬᠠᠤᠯᠢ ᠶᠣᠰᠣᠭᠠᠷ ᠣᠶ ᠰᠢᠭᠤᠶ ᠶᠢᠨ ᠡᠵᠡᠩᠨᠡᠯᠲᠡ ᠬᠠᠮᠠᠭᠠᠯᠠᠯᠲᠠ ᠶᠢᠨ ᠠᠵᠢᠯᠯᠠᠭ᠎ᠠ ᠥᠷᠨᠢᠭᠦᠯᠬᠦ ᠳᠤ ᠬᠠᠮᠵᠢᠯᠴᠠᠬᠤ ᠡᠭᠦᠷᠭᠡ ᠶᠢ  ᠭᠦᠢᠴᠡᠳᠬᠡᠵᠦ᠂ ᠬᠠᠤᠯᠢ ᠴᠠᠭᠠᠵᠠ ᠶᠢᠨ ᠲᠣᠭᠲᠠᠭᠠᠯ ᠪᠤᠶᠤ ᠭᠡᠷ᠎ᠡ ᠶᠢᠨ ᠪᠣᠯᠵᠤᠭ᠎ᠠ ᠠᠴᠠ ᠵᠥᠷᠢᠴᠡᠭᠰᠡᠨ ᠪᠠᠶᠢᠪᠠᠯ᠂ ᠤᠯᠤᠰ ᠤᠨ ᠥᠮᠴᠢᠯᠡᠯᠲᠦ ᠣᠶ ᠰᠢᠭᠤᠶ ᠶᠢᠨ ᠲᠠᠯᠠᠪᠠᠶ ᠨᠢ ᠭᠡᠷ᠎ᠡ ᠪᠠᠨ ᠬᠦᠴᠦᠨ ᠥᠬᠡᠶ ᠪᠣᠯᠭᠠᠬᠤ ᠡᠷᠬᠡ ᠲᠠᠢ᠃        ᠬᠤᠷᠢᠨ ᠨᠢᠭᠡᠳᠦᠭᠡᠷ ᠵᠦᠢᠯ    ᠬᠤᠰᠢᠭᠤᠨ ᠤ ᠣᠶ ᠰᠢᠭᠤᠶ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠥᠯᠥᠪᠦᠷᠢ ᠲᠠᠢ ᠬᠡᠷᠡᠭᠯᠡᠬᠦ ᠳᠤ ᠣᠷᠣᠭᠤᠯᠤᠭᠰᠠᠨ ᠤᠯᠤᠰ ᠤᠨ ᠥᠮᠴᠢᠯᠡᠯᠲᠦ ᠣᠶ ᠰᠢᠭᠤᠶ ᠶᠢᠨ ᠲᠠᠯᠠᠪᠠᠶ ᠶᠢᠨ ᠣᠶ ᠰᠢᠭᠤᠶ ᠶᠢᠨ ᠲᠠᠯᠠᠪᠠᠶ ᠶᠢᠨ ᠡᠬᠢ ᠪᠠᠶᠠᠯᠢᠭ ᠢ ᠬᠠᠮᠠᠭᠠᠯᠠᠵᠤ ᠬᠢᠨᠠᠨ ᠬᠠᠮᠢᠶᠠᠷᠴᠤ᠂ ᠲᠥᠯᠥᠪᠦᠷᠢ ᠲᠠᠢ ᠬᠡᠷᠡᠭᠯᠡᠭᠴᠢ ᠠᠴᠠ ᠤᠯᠤᠰ ᠤᠨ ᠥᠮᠴᠢᠯᠡᠯᠲᠦ ᠣᠶ ᠰᠢᠭᠤᠶ ᠶᠢᠨ ᠲᠠᠯᠠᠪᠠᠶ ᠶᠢᠨ ᠣᠶ ᠰᠢᠭᠤᠶ ᠶᠢᠨ ᠲᠠᠯᠠᠪᠠᠶ ᠶᠢᠨ ᠡᠬᠢ ᠪᠠᠶᠠᠯᠢᠭ ᠢ ᠡᠪᠳᠡᠭᠰᠡᠨ ᠦᠢᠯᠡ ᠠᠵᠢᠯᠯᠠᠭ᠎ᠠ ᠶᠢ ᠵᠠᠷᠯᠢᠭᠳᠠᠵᠤ ᠪᠠᠶᠢᠭᠠᠳ ᠬᠠᠮᠢᠶ᠎ᠠ ᠪᠥᠬᠦᠶ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠨᠢ ᠵᠣᠭᠰᠣᠭᠠᠬᠤ ᠶᠢᠨ ᠬᠠᠮᠲᠤ ᠬᠠᠤᠯᠢ ᠶᠣᠰᠣᠭᠠᠷ ᠰᠢᠳᠬᠡᠨ ᠲᠣᠷᠭᠠᠬᠤ ᠡᠷᠬᠡ ᠲᠠᠢ᠃        ᠵᠢᠷᠭᠤᠳᠤᠭᠠᠷ ᠪᠦᠯᠦᠭ    ᠳᠠᠭᠠᠯᠳᠤᠭᠤᠯᠤᠯ ᠳᠦᠷᠢᠮ        ᠬᠤᠷᠢᠨ ᠬᠤᠶᠠᠳᠤᠭᠠᠷ ᠵᠦᠢᠯ    ᠲᠣᠰ ᠠᠷᠭ᠎ᠠ ᠶᠢ ᠬᠤᠰᠢᠭᠤᠨ ᠤ ᠣᠢ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ ᠠᠴᠠ ᠬᠠᠷᠢᠭᠤᠴᠠᠨ ᠲᠠᠶᠢᠯᠪᠤᠷᠢᠯᠠᠨ᠎ᠠ᠃        ᠬᠤᠷᠢᠨ ᠭᠤᠷᠪᠠᠳᠤᠭᠠᠷ ᠵᠦᠢᠯ      ᠲᠣᠰ ᠠᠷᠭ᠎ᠠ ᠶᠢ 2022 ᠣᠨ ᠤ 10 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号