ᠮᠠᠨ ᠤ ᠬᠤᠰᠢᠭᠤ ︽ᠰᠢᠨ᠎ᠡ ᠠᠶᠠᠨ ᠵᠠᠮ ᠢ ᠴᠤᠤᠷᠢᠶᠠᠲᠤᠭᠤᠯᠬᠤ︾ ᠦᠨᠳᠦᠰᠦᠨ ᠱᠠᠲᠤᠨ ᠤ ᠣᠨᠣᠯ ᠤᠨ ᠤᠬᠠᠭᠤᠯᠤᠨ ᠲᠠᠶᠢᠯᠪᠤᠷᠢᠯᠠᠬᠤ ᠡᠬᠢᠯᠡᠯᠲᠡ ᠶᠢᠨ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2022/8/10
       ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠥᠬᠦᠶ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠵᠤ ᠤᠬᠠᠭᠤᠯᠤᠨ ᠲᠤᠤᠱᠯᠠᠭᠤᠯᠵᠤ᠂ ᠴᠠᠭ ᠦᠶ᠎ᠡ ᠶᠢᠨ ᠭᠤᠤᠯ ᠬᠥᠭ ᠠᠶᠠᠰ ᠢ ᠴᠤᠤᠷᠢᠶᠠᠲᠤᠭᠤᠯᠤᠨ᠂ ᠦᠨᠳᠦᠰᠦᠨ ᠱᠠᠲᠤᠨ ᠤ ᠣᠨᠣᠯ ᠤᠨ ᠤᠬᠠᠭᠤᠯᠤᠨ ᠲᠠᠶᠢᠯᠪᠤᠷᠢᠯᠠᠬᠤ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ 7 ᠰᠠᠷ᠎ᠠ ᠶᠢᠨ 29 ᠤ ᠡᠳᠦᠷ᠂ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ︽ᠰᠢᠨ᠎ᠡ ᠠᠶᠠᠨ ᠵᠠᠮ ᠢ ᠴᠤᠤᠷᠢᠶᠠᠲᠤᠭᠤᠯᠬᠤ︾ ᠦᠨᠳᠦᠰᠦᠨ ᠱᠠᠲᠤᠨ ᠤ ᠣᠨᠣᠯ ᠤᠨ ᠤᠬᠠᠭᠤᠯᠤᠨ ᠲᠠᠶᠢᠯᠪᠤᠷᠢᠯᠠᠬᠤ ᠡᠬᠢᠯᠡᠯᠲᠡ ᠶᠢᠨ ᠶᠣᠰᠣᠯᠠᠯ ᠶᠠᠪᠤᠭᠤᠯᠵᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠰᠦ᠋  ᠳ᠋ᠦᠩ ᠶᠢᠩ ᠶᠣᠰᠣᠯᠠᠯ ᠳᠤ ᠣᠷᠣᠯᠴᠠᠪᠠ᠃        ᠰᠦ᠋ ᠳ᠋ᠦᠩ ᠶᠢᠩ᠂ ᠰᠢᠨ᠎ᠡ ᠲᠡᠦᠬᠡ ᠶᠢᠨ ᠭᠠᠷᠤᠭ᠎ᠠ ᠳᠤ ᠵᠣᠭᠰᠣᠵᠤ᠂ ᠤᠨᠤᠯ ᠤᠨ ᠤᠬᠠᠭᠤᠯᠭ᠎ᠠ ᠬᠢᠬᠦ ᠳᠤ ᠭᠠᠭᠴᠠ ᠬᠦ ᠴᠠᠭ ᠦᠶ᠎ᠡ ᠶᠢᠨ ᠱᠠᠭᠠᠷᠳᠠᠯᠭ᠎ᠠ ᠶᠢ ᠲᠠᠭᠠᠵᠦ᠂ ᠲᠡᠦᠬᠡ ᠶᠢᠨ ᠠᠵᠠ ᠲᠣᠬᠢᠶᠠᠯ ᠢ ᠠᠮᠵᠢᠵᠤ᠂ ᠳᠠᠮᠵᠢᠭᠤᠯᠬᠤ ᠬᠦᠴᠦᠨ᠂ ᠬᠦᠲᠦᠯᠦᠨ ᠵᠢᠯᠣᠭᠤᠳᠬᠤ ᠬᠦᠴᠦᠨ ᠪᠣᠯᠤᠨ ᠨᠥᠯᠥᠭᠡᠯᠡᠬᠦ ᠬᠦᠴᠦᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠪᠡᠯ ᠰᠠᠶ᠋ᠢ ᠨᠠᠮ ᠤᠨ ᠠᠵᠢᠯ ᠤᠨ ᠶᠡᠭᠡ ᠲᠠᠯ᠎ᠠ ᠳᠤ ᠨᠡᠩ ᠰᠠᠶᠢᠲᠤᠷ ᠦᠢᠯᠡᠴᠢᠯᠡᠵᠦ᠂ ᠥᠷᠭᠡᠨ ᠤᠯᠠᠠ ᠲᠦᠮᠡᠨ ᠢ ᠨᠡᠩ ᠰᠠᠶᠢᠲᠤᠷ ᠬᠦᠲᠦᠯᠦᠨ ᠵᠢᠯᠣᠭᠤᠳᠴᠤ ᠪᠠᠶᠢᠭᠠᠳ ︽ᠲᠦᠷᠪᠡᠡ ᠤᠬᠠᠮᠰᠠᠷ︾ ᠢ ᠨᠢ ᠴᠢᠩᠭᠠᠳᠬᠠᠵᠤ᠂ ︽ᠲᠦᠷᠪᠡᠡ ᠢᠲᠡᠭᠡᠯ︾ ᠢ ᠨᠢ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ ᠴᠢᠳᠠᠨ᠎ᠠ᠃ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠨᠠᠮ ᠤᠨ ᠤᠨᠤᠯ ᠪᠣᠯᠤᠨ ᠱᠤᠭᠤᠮ ᠴᠢᠭᠯᠡᠯᠲᠡ ᠲᠦᠷᠦ ᠶᠢᠨ ᠪᠤᠳᠤᠯᠭ᠎ᠠ ᠶᠢ ᠴᠠᠭ ᠲᠤᠬᠠᠢ ᠳᠤᠨᠢ ᠵᠥᠪ ᠣᠨᠣᠪᠴᠢᠲᠠᠢ ᠤᠬᠠᠭᠤᠯᠤᠨ ᠲᠠᠶᠢᠯᠪᠤᠷᠢᠯᠠᠵᠤ᠂ ᠦᠨᠳᠦᠰᠦᠨ ᠱᠠᠲᠤᠨ ᠤ ᠤᠨᠤᠯ ᠤᠨ ᠤᠬᠠᠭᠤᠯᠤᠨ ᠲᠠᠶᠢᠯᠪᠤᠷᠢᠯᠠᠬᠤ ᠶᠢ ᠪᠣᠳᠠᠲᠤ ᠶᠠᠪᠤᠳᠠᠯ ᠳᠤᠨᠢ ᠲᠤᠬᠢᠷᠠᠭᠤᠯᠤᠨ ᠬᠤᠪᠢᠷᠠᠭᠤᠯᠵᠤ᠂ ᠨᠠᠮ ᠤᠨ ᠤᠨᠤᠯ ᠤᠨ ᠰᠢᠨ᠎ᠡ ᠡᠭᠦᠳᠦᠯᠲᠡ ᠶᠢᠨ ᠦᠷ᠎ᠡ ᠪᠦᠲᠦᠭᠡᠯ ᠢ ︽ᠡᠭᠡᠯ ᠠᠷᠠᠳ ᠤᠨ ᠭᠡᠷ ᠲᠤ ᠬᠦᠷᠭᠡᠬᠦ︾ ᠬᠡᠷᠡᠭᠲᠡᠢ︔ ︽ᠤᠯᠠᠨ ᠲᠦᠮᠡᠨ ᠤ ᠨᠡᠷ᠎ᠡ ᠲᠦᠷᠦ︾ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠠᠮᠢᠳᠤᠯᠢᠭ ᠴᠢᠨᠠᠷ ᠢᠶᠠᠷ ᠴᠢᠩᠭ᠎ᠠ᠂ ᠤᠯᠠᠨ ᠲᠦᠮᠡᠨ ᠠᠴᠠ ᠣᠶᠢᠷᠠᠬᠠᠨ ᠤᠨᠤᠯ ᠤᠨ ᠤᠬᠠᠭᠤᠯᠤᠨ ᠲᠠᠶᠢᠯᠪᠤᠷᠢᠯᠠᠬᠤ ᠰᠠᠶᠢᠨ ᠳᠤᠷ᠎ᠠ ᠶᠢᠨ ᠠᠵᠢᠯᠯᠠᠭᠴᠢ ᠶᠢᠨ ᠡᠩᠨᠡᠭᠡ ᠶᠢ ᠪᠠᠶᠢᠭᠤᠯᠵᠤ᠂ ᠦᠨᠳᠦᠰᠦᠨ ᠱᠠᠲᠤᠨ ᠤ ᠤᠨᠤᠯ ᠤᠨ ᠤᠬᠠᠭᠤᠯᠤᠨ ᠲᠠᠶᠢᠯᠪᠤᠷᠢᠯᠠᠬᠤ ᠪᠠᠷ ᠠᠷᠠᠳ ᠤᠯᠠᠨ ᠳᠤ ᠲᠠᠰᠤᠷᠠᠯᠳᠠ ᠦᠭᠡᠢ ᠠᠰᠢᠭ ᠬᠦᠷᠲᠡᠭᠡᠬᠦ ᠬᠡᠷᠡᠭᠲᠡᠢ︔ ᠠᠮᠢᠳᠤ ᠪᠣᠳᠠᠲᠠᠢ  ᠵᠢᠱᠢᠶ᠎ᠡ ᠶᠢ ᠭᠦᠢᠴᠡᠳ ᠬᠡᠷᠡᠭᠯᠡᠵᠦ᠂ ᠪᠢᠴᠢᠭ ᠤᠨ ᠬᠡᠯᠡ᠂ ᠶᠡᠭᠡ ᠶᠣᠰᠣ ᠶᠢ ᠤᠯᠠᠨ ᠲᠦᠮᠡᠨ ᠤ ᠬᠠᠮᠲᠤ ᠶᠢᠨ ᠲᠦᠷᠦᠭᠳᠡᠯ᠂ ᠪᠡᠶ᠎ᠡ ᠪᠠᠷ ᠢᠶᠠᠨ ᠥᠩᠭᠡᠷᠡᠭᠦᠯᠦᠭᠰᠡᠨ ᠤᠯᠤᠰ ᠤᠨ ᠬᠠᠶᠢᠷ᠎ᠠ ᠰᠡᠳᠬᠢᠯᠭᠡ ᠪᠣᠯᠭᠠᠨ ᠬᠤᠪᠢᠷᠠᠭᠤᠯᠵᠤ᠂ ᠲᠦᠷᠦ ᠶᠢᠨ ᠪᠤᠳᠤᠯᠭ᠎ᠠ ᠤᠨᠤᠯ ᠪᠣᠯᠤᠨ ᠠᠷᠠᠳ ᠤᠯᠠᠨ ᠤ ᠬᠤᠭᠤᠷᠣᠨᠳᠣᠬᠢ ᠬᠥᠭᠦᠷᠭᠡ ᠬᠤᠯᠪᠣᠭᠠᠰᠤ ᠶᠢ ᠰᠠᠶᠢᠲᠤᠷ ᠴᠣᠭᠴᠠᠯᠠᠬᠤ ᠬᠡᠷᠡᠭᠲᠡᠢ︔ ᠤᠬᠠᠭᠤᠯᠤᠨ ᠲᠠᠶᠢᠯᠪᠤᠷᠢᠯᠠᠬᠤ ᠠᠷᠭ᠎ᠠ ᠬᠡᠯᠪᠡᠷᠢ ᠪᠠᠨ ᠲᠠᠰᠤᠷᠠᠯᠲᠠ ᠥᠬᠡᠶ ᠰᠢᠨᠡᠴᠢᠯᠡᠵᠦ᠂ ᠴᠢᠭᠯᠡᠭᠦᠯᠦᠯᠲᠦ ᠴᠢᠨᠠᠷᠲᠠᠶ ᠪᠠᠷ ︽ᠣᠨᠢᠨ ᠳᠡᠭᠡᠷ᠎ᠡ ᠨᠢ ᠣᠨᠣᠭᠠᠬᠤ ᠮᠠᠶ᠋ᠢᠭ︾ ᠤᠨ ᠤᠬᠠᠭᠤᠯᠤᠨ ᠲᠠᠶᠢᠯᠪᠤᠷᠢᠯᠠᠵᠤ᠂ ᠡᠭᠦᠨ ᠤ ᠤᠯᠠᠮ ᠢᠶᠠᠷ ᠦᠨᠳᠦᠰᠦᠨ ᠱᠠᠲᠤᠨ ᠤ ᠣᠨᠣᠯ ᠤᠨ ᠤᠬᠠᠭᠤᠯᠭ᠎ᠠ ᠶᠢ ᠣᠯᠠᠨ ᠲᠦᠮᠡᠨ ᠲᠠᠢ ᠣᠶᠢᠷᠠᠲᠤᠭᠤᠯᠵᠤ ᠂ ᠪᠣᠳᠠᠲᠤ ᠦᠷ᠎ᠡ ᠪᠦᠲᠦᠮᠵᠢ ᠣᠯᠵᠤ᠂ ᠦᠵᠡᠵᠦ ᠰᠣᠨᠣᠰᠬᠤ ᠳᠤᠷᠠᠲᠠᠶ ᠤᠯᠤᠰ ᠲᠥᠷᠥ ᠶᠢᠨ ᠬᠠᠮᠲᠤ ᠶᠢᠨ ᠲᠠᠨᠢᠯᠲᠠ ᠂ ᠦᠵᠡᠯ ᠰᠠᠨᠠᠭᠠᠨ ᠤ ᠬᠠᠮᠲᠤ ᠶᠢᠨ ᠲᠠᠨᠢᠯᠲᠠ᠂ ᠬᠠᠶᠢᠷ᠎ᠠ ᠰᠡᠳᠬᠢᠯᠭᠡ ᠶᠢᠨ ᠬᠠᠮᠲᠤ ᠶᠢᠨ ᠲᠠᠨᠢᠯᠲᠠ ᠶᠢ ᠪᠣᠶ ᠪᠣᠯᠭᠠᠬᠤ ᠬᠡᠷᠡᠭᠲᠡᠶ᠃ ︽ᠰᠤᠷᠤᠯᠴᠠᠯᠭ᠎ᠠ ᠶᠢᠨ ᠬᠦᠴᠦᠷᠬᠡᠭ ᠤᠯᠤᠰ︾ ᠰᠤᠷᠤᠯᠴᠠᠯᠭ᠎ᠠ ᠶᠢᠨ ᠲᠠᠪᠴᠠᠩ ᠵᠡᠷᠭᠡ ᠬᠤᠪᠢ ᠶᠢᠨ ᠵᠢᠩ ᠲᠠᠢ ᠰᠢᠨ᠎ᠡ ᠵᠠᠭᠤᠴᠢᠯᠠᠭᠤᠷ ᠢᠶᠠᠷ ᠶᠠᠷᠢᠶ᠎ᠠ ᠲᠠᠯᠪᠢᠬᠤ ᠳᠠᠭᠠᠨ ᠴᠢᠳᠠᠮᠠᠭᠠᠢ ᠪᠠᠶᠢᠵᠤ᠂ ᠰᠦᠯᠵᠢᠶᠡᠨ ᠳᠡᠭᠡᠷᠡᠬᠢ ᠤᠨᠤᠯ ᠤᠨ ᠤᠬᠠᠭᠤᠯᠭ᠎ᠠ ᠶᠢᠨ ᠬᠦᠷᠬᠦ ᠨᠤᠷᠮ᠎ᠠ᠂ ᠤᠩᠰᠢᠯᠭ᠎ᠠ ᠶᠢᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠦᠨᠡᠨ ᠶᠣᠰᠣᠨ ᠤ ︽ᠠᠩᠬᠢᠯᠤᠮ᠎ᠠ︾ ᠦᠨᠦᠷ ᠢ ᠰᠦᠯᠵᠢᠶᠡᠨ ᠤ ᠣᠷᠣᠨ ᠵᠠᠢ ᠪᠠᠷ ᠪᠢᠯᠬᠠᠭᠤᠯᠤᠨ᠎ᠠ ᠭᠡᠵᠠᠢ᠃         ᠬᠤᠷᠠᠯ ᠳᠡᠭᠡᠷ᠎ᠡ᠂ ︽ᠪᠠᠭᠠᠷᠢᠨ ᠵᠡᠭᠦᠨ ᠬᠤᠰᠢᠭᠤᠨ ᠤ ︿ᠰᠢᠨ᠎ᠡ ᠠᠶᠠᠨ ᠳᠤ ᠮᠣᠷᠳᠠᠨᠠᠮ﹀ ᠭᠡᠬᠦ ᠦᠨᠳᠦᠰᠦᠨ ᠱᠠᠲᠤᠨ ᠤ ᠣᠨᠣᠯ ᠤᠨ ᠤᠬᠠᠭᠤᠯᠤᠨ ᠲᠠᠶᠢᠯᠪᠤᠷᠢᠯᠠᠬᠤ ᠠᠵᠢᠯ ᠤᠨ ᠲᠥᠰᠦᠯ︾ ᠢ ᠤᠩᠰᠢᠨ ᠨᠡᠶᠢᠲᠡᠯᠡᠵᠦ ᠂ 10 ᠨᠡᠷᠡᠰ ︽ᠠᠷᠠᠳ ᠤᠨ ᠨᠡᠷᠡᠲᠦ ᠬᠥᠮᠦᠨ︾ ᠳᠤ ᠤᠷᠢᠯᠭ᠎ᠠ ᠶᠢᠨ ᠪᠢᠴᠢᠭ ᠭᠠᠷᠳᠠᠭᠤᠯᠵᠤ᠂ ︽ᠪᠠᠭᠠᠷᠢᠨ ᠵᠡᠭᠦᠨ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠤᠬᠠᠭᠤᠯᠤᠨ ᠲᠠᠶᠢᠯᠪᠤᠷᠢᠯᠠᠬᠤ ᠰᠠᠯᠪᠤᠷᠢ ᠠᠩᠭᠢ︾ ᠳᠤ ᠲᠤᠭ ᠣᠯᠭᠤᠪᠠ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号