8 . 1 ᠤ ᠡᠳᠦᠷ ᠬᠤᠰᠢᠭᠤᠨ ᠤ ᠤᠳᠤᠷᠢᠳᠤᠯᠭ᠎ᠠ ᠵᠡᠭᠦᠨ ᠬᠤᠰᠢᠭᠤᠨ ᠳᠤ ᠰᠠᠭᠤᠭ᠎ᠠ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠢ ᠳᠣᠬᠤᠨᠢᠭᠤᠯᠪᠠ
ᠨᠡᠶᠢᠲᠡᠯᠡᠭᠰᠡᠨ ᠴᠠᠭ᠄
2022/8/10
     7 ᠰᠠᠷ᠎ᠠ ᠶᠢᠨ 29 ᠤ ᠦᠳᠡ ᠶᠢᠨ ᠡᠮᠦᠨ᠎ᠡ᠂ ︽8 . 1︾  ᠤ ᠴᠡᠷᠢᠭ ᠪᠠᠶᠢᠭᠤᠯᠤᠭᠳᠠᠭᠰᠠᠨ ᠪᠠᠶᠠᠷ ᠬᠦᠷᠴᠦ ᠢᠷᠡᠬᠦ ᠲᠠᠰᠢᠷᠠᠮ ᠢᠶᠠᠷ ᠬᠤᠰᠢᠭᠤᠨ ᠤ ᠨᠠᠮ ᠤᠨ ᠬᠤᠷᠢᠶᠠᠨ ᠤ ᠱᠦᠵᠢ ᠷᠧᠨ ᠰᠢ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠤᠯᠤᠰ ᠲᠥᠷᠥ ᠶᠢᠨ ᠭᠡᠰᠢᠭᠦᠨ ᠵᠠᠶ ᠯᠢ ᠵᠢᠶᠦ᠋ᠨ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠳᠠᠷᠤᠭ᠎ᠠ ᠪᠦᠦ ᠱᠤᠸᠠᠩ ᠴᠢᠤᠸᠠᠨ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠰᠦ ᠳ᠋ᠦᠩ ᠶᠢᠩ  ᠨᠠᠷ ᠮᠠᠨ ᠤ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠵᠡᠪᠰᠡᠭᠲᠦ ᠴᠠᠭᠳᠠᠭ᠎ᠠ ᠶᠢᠨ ᠳᠤᠮᠳᠠ ᠠᠩᠭᠢ ᠳᠤ ᠬᠦᠷᠴᠦ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠢ ᠲᠣᠬᠤᠨᠢᠭᠤᠯᠵᠤ᠂ ᠲᠡᠳᠡᠨ ᠳᠤ ᠪᠠᠶᠠᠷ ᠤᠨ ᠡᠳᠦᠷ ᠤᠨ ᠵᠥᠩᠨᠡᠯ ᠳᠡᠪᠰᠢᠭᠦᠯᠵᠦ᠂ ᠨᠠᠮ ᠪᠠ ᠵᠠᠰᠠᠭ ᠤᠨ ᠣᠷᠳᠣᠨ ᠤ ᠬᠠᠯᠠᠮᠵᠢᠯᠠᠯ ᠪᠠ ᠮᠡᠨᠳᠦᠴᠢᠯᠡᠯ ᠢ ᠬᠦᠷᠭᠡᠪᠡ᠃       ᠲᠣᠬᠤᠨᠢᠭᠤᠯᠬᠤ ᠳᠤᠮᠳᠠ᠂ ᠷᠧᠨ ᠰᠢ ᠳᠠᠷᠤᠭ᠎ᠠ ᠪᠠᠶᠢᠯᠳᠤᠭᠴᠢᠳ ᠲᠠᠢ ᠨᠢᠭᠡᠳ ᠨᠢᠭᠡ ᠪᠠᠷ ᠭᠠᠷ ᠠᠳᠬᠤᠵᠤ ᠂ ᠳᠣᠲᠣᠨᠣ ᠮᠡᠨᠳᠦᠴᠢᠯᠡᠯ ᠬᠦᠷᠭᠡᠵᠦ᠂ ᠳᠠᠷᠤᠭ᠎ᠠ ᠪᠠᠶᠢᠯᠳᠤᠭᠴᠢᠳ ᠤᠨ ᠠᠮᠢᠳᠤᠷᠠᠯ ᠪᠣᠯᠤᠨ ᠪᠣᠯᠪᠠᠰᠤᠷᠠᠯ ᠤᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠲᠣᠬᠤᠨᠢᠭᠤᠯᠬᠤ ᠡᠳ᠋ ᠪᠣᠳᠠᠰ ᠬᠦᠷᠭᠡᠵᠦ᠂ ᠪᠦᠬᠦ ᠳᠠᠷᠤᠭ᠎ᠠ ᠪᠠᠶᠢᠯᠳᠤᠭᠴᠢᠳ ᠤᠨ ᠪᠦᠬᠦ ᠬᠤᠰᠢᠭᠤᠨ ᠤ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠬᠠᠮᠠᠭᠠᠯᠠᠬᠤ ᠵᠢᠴᠢ ᠠᠷᠠᠳ ᠲᠦᠮᠡᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠠᠲᠤᠯᠠᠬᠤ ᠵᠡᠷᠭᠡ ᠲᠠᠯ᠎ᠠ ᠪᠠᠷ ᠦᠵᠡᠭᠦᠯᠦᠭᠰᠡᠨ ᠬᠤᠪᠢ ᠨᠡᠮᠡᠷᠢ ᠳᠤ ᠬᠦᠨ᠎ᠡ ᠲᠠᠯᠠᠷᠬᠠᠪᠠ᠃ ᠥᠷᠭᠡᠨ ᠤᠯᠠᠨ ᠳᠠᠷᠤᠭ᠎ᠠ ᠪᠠᠶᠢᠯᠳᠤᠭᠴᠢᠳ ᠬᠤᠶᠢᠰᠢᠳᠠ ᠶᠢᠨ ᠠᠵᠢᠯ ᠤᠨ ᠳᠤᠮᠳᠠ ᠪᠠᠨ ᠰᠢᠯᠢᠳᠡᠭ ᠤᠯᠠᠮᠵᠢᠯᠠᠯ ᠪᠣᠯᠤᠨ ᠴᠠᠭᠠᠷᠠᠭᠰᠠᠨ ᠰᠤᠷᠲᠠᠯ ᠢᠶᠠᠨ ᠦᠷᠭᠦᠯᠵᠢᠯᠡᠨ ᠪᠠᠳᠠᠷᠠᠭᠤᠯᠵᠤ᠂ ᠡᠷᠳᠡᠮ ᠴᠢᠳᠠᠪᠤᠷᠢ ᠪᠠᠨ ᠬᠠᠲᠠᠭᠤᠵᠢᠯᠲᠠᠢ ᠪᠣᠯᠪᠠᠰᠤᠷᠠᠵᠤ᠂ ᠬᠡᠪ ᠪᠣᠯᠪᠠᠰᠤᠷᠠᠯ ᠢᠶᠠᠨ ᠳᠡᠭᠡᠭᠰᠢᠯᠡᠭᠦᠯᠵᠦ᠂ ᠴᠡᠷᠢᠭ ᠠᠩᠬᠢ ᠶᠢᠨ ᠢᠷᠠᠭᠤ ᠠᠯᠳᠠᠷᠲᠤ ᠤᠯᠠᠮᠵᠢᠯᠠᠯ ᠢᠶᠠᠨ ᠦᠷᠭᠦᠯᠵᠢᠯᠡᠨ ᠪᠠᠳᠠᠷᠠᠭᠤᠯᠵᠤ᠂ ᠴᠡᠷᠢᠭ ᠵᠠᠰᠠᠭ ᠴᠡᠷᠢᠭ ᠠᠷᠠᠳ ᠤᠨ ᠬᠠᠷᠢᠴᠠᠭ᠎ᠠ ᠶᠢ ᠴᠢᠨᠠᠭᠰᠢᠳᠠ ᠨᠢᠭᠲᠠᠷᠠᠭᠤᠯᠵᠤ᠂ ᠡᠩᠨᠡᠭᠡᠨ ᠤ ᠪᠠᠶᠢᠭᠤᠯᠤᠯᠲᠠ ᠪᠠᠨ ᠲᠠᠰᠤᠷᠠᠯᠳᠡ ᠦᠭᠡᠢ ᠴᠢᠩᠭᠠᠳᠬᠠᠵᠤ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠬᠠᠮᠠᠭᠠᠯᠠᠬᠤ ᠳᠤ ᠲᠠᠬᠢᠨ ᠰᠢᠨ᠎ᠡ ᠭᠠᠪᠢᠶ᠎ᠠ ᠪᠠᠶᠢᠭᠤᠯᠬᠤ ᠶᠢ ᠬᠦᠰᠡᠭᠰᠡᠨ ᠪᠠᠶᠢᠨ᠎ᠠ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号