ᠪᠥᠬᠦ ᠬᠤᠰᠢᠭᠤᠨ ᠤ ᠭᠠᠴᠠᠭ᠎ᠠ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠤᠰᠬᠠᠶ ᠰᠡᠳᠦᠪᠲᠦ ᠪᠣᠯᠪᠠᠰᠤᠷᠠᠯ ᠤᠨ ᠠᠩᠭᠢ ᠡᠬᠢᠯᠡᠪᠡ
ᠨᠡᠶᠢᠲᠡᠯᠡᠭᠰᠡᠨ ᠴᠠᠭ᠄
2022/8/18
     ᠭᠠᠴᠠᠭ᠎ᠠ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠ ᠲᠥᠷᠥ ᠶᠢᠨ ᠪᠣᠳᠣᠯᠭ᠎ᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠯ᠎ᠡ ᠵᠦᠢᠯ ᠤᠨ ᠡᠭᠦᠷᠭᠡ ᠶᠢ ᠨᠠᠷᠢᠯᠢᠭ ᠪᠣᠳᠠᠲᠠᠶ ᠨᠠᠶᠢᠳᠠᠪᠤᠷᠢᠵᠢᠭᠤᠯᠬᠤ ᠶᠢ ᠠᠬᠢᠭᠤᠯᠬᠤ ᠶᠢᠨ ᠲᠥᠯᠥᠭᠡ᠂ 8 ᠰᠠᠷ᠎ᠠ ᠶᠢᠨ 16 ᠤ ᠡᠳᠦᠷ᠂ ᠬᠤᠰᠢᠭᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠪᠥᠬᠦ ᠬᠤᠰᠢᠭᠤᠨ ᠤ ᠭᠠᠴᠠᠭ᠎ᠠ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠤᠰᠬᠠᠶ ᠰᠡᠳᠦᠪᠲᠦ ᠪᠣᠯᠪᠠᠰᠤᠷᠠᠯ ᠤᠨ ᠠᠩᠭᠢ ᠶᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠬᠤᠰᠢᠭᠤ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠸᠠᠩ ᠷᠦᠢ ᠯᠢ ᠬᠤᠷᠠᠯ ᠳᠤ ᠣᠷᠣᠯᠴᠠᠭᠰᠠᠳ ᠲᠤ ᠪᠣᠯᠪᠠᠰᠤᠷᠠᠯ ᠬᠦᠷᠲᠡᠭᠡᠪᠡ᠃      ᠸᠠᠩ ᠷᠦᠢ ᠯᠢ ︽ᠨᠠᠮ ᠤᠨ ᠪᠠᠶᠢᠭᠤᠯᠤᠯᠲᠠ ᠪᠠᠷ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠬᠥᠲᠥᠯᠥᠨ ᠳᠠᠭᠠᠭᠤᠯᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠠᠮ ᠢ ᠰᠡᠳᠬᠢᠨ ᠪᠣᠳᠣᠯᠬᠢᠯᠠᠬᠤ ᠪᠠ ᠬᠠᠶᠢᠨ ᠰᠦᠪᠡᠭᠴᠢᠯᠡᠬᠦ︾ ᠭᠡᠬᠦ ᠰᠡᠳᠦᠪ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠠ ᠲᠣᠬᠢᠶᠠᠯ᠂ ᠲᠠᠪᠤᠨ ᠶᠡᠭᠡ ᠬᠥᠭᠵᠢᠭᠦᠯᠦᠨ ᠮᠠᠨᠳᠤᠭᠤᠯᠬᠤ ᠰᠡᠳᠬᠢᠴᠡ᠂ ᠲᠠᠷᠢᠶᠠᠯᠠᠩ ᠤᠨ ᠭᠤᠷᠪᠠᠨ ᠶᠡᠭᠡ ᠰᠢᠰᠲ᠋ᠧᠮ ᠢ ᠲᠦᠷᠭᠡᠳᠬᠡᠨ ᠪᠠᠶᠢᠭᠤᠯᠬᠤ ᠵᠡᠷᠭᠡ ᠲᠠᠯ᠎ᠠ ᠪᠠᠷ ᠲᠤᠰᠬᠠᠶ ᠰᠡᠳᠦᠪᠲᠦ ᠲᠠᠶᠢᠯᠤᠮᠵᠢ ᠬᠢᠪᠠ᠃ ᠬᠤᠷᠠᠯ ᠠᠴᠠ᠂ ᠭᠠᠴᠠᠭ᠎ᠠ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠤᠯᠤᠰ ᠲᠥᠷᠥ ᠶᠢᠨ ᠲᠠᠯ᠎ᠠ ᠪᠠᠷ ︽ᠮᠡᠷᠭᠡᠨ ᠬᠥᠮᠦᠨ︾ ᠪᠣᠯᠵᠣ᠂ ᠬᠠᠷᠢᠭᠤᠴᠠᠯᠭ᠎ᠠ ᠲᠤᠯᠭᠠᠷᠠᠪᠠᠯ ᠲᠦᠯᠬᠢᠬᠦ ᠥᠬᠡᠶ᠂ ᠬᠦᠴᠢᠷᠳᠡᠯ ᠲᠤᠯᠭᠠᠷᠠᠪᠠᠯ ᠤᠬᠤᠷᠢᠬᠤ ᠥᠬᠡᠶ ᠪᠠᠶᠢᠵᠤ᠂ ᠵᠣᠷᠢᠭᠲᠠᠶ ᠪᠠᠷ ᠬᠦᠴᠢᠷ ᠶᠠᠪᠤᠳᠠᠯ ᠢ ᠬᠠᠮᠢᠶᠠᠷᠴᠤ᠂ ᠮᠠᠭᠤ ᠶᠠᠪᠤᠳᠠᠯ ᠢ ᠵᠠᠯᠬᠠᠭᠠᠬᠤ ᠬᠡᠷᠡᠭᠲᠡᠶ︔ ᠨᠠᠮ ᠤᠨ ᠪᠠᠶᠢᠭᠤᠯᠤᠯᠲᠠ ᠶᠢᠨ ︽ᠬᠠᠷᠢᠭᠤᠴᠠᠯᠭᠠᠲᠠᠨ︾ ᠪᠤᠯᠵᠤ᠂ ᠨᠠᠮ ᠤᠨ ᠭᠡᠰᠢᠭᠦᠨ ᠢ ᠪᠦᠯᠬᠦᠮᠳᠡᠭᠦᠯᠦᠨ ᠳᠠᠭᠠᠭᠤᠯᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤᠮᠳᠠ ᠬᠤᠰᠢᠭᠤᠴᠢ ᠦᠢᠯᠡᠳᠦᠯ ᠢᠶᠠᠨ ᠪᠠᠳᠠᠷᠠᠭᠤᠯᠵᠤ᠂ ᠦᠨᠡᠨ ᠪᠣᠳᠠᠲᠠᠢ ᠠᠵᠢᠯ ᠤᠨ ᠦᠷ᠎ᠡ ᠪᠦᠲᠦᠮᠵᠢ ᠪᠠᠷ ᠤᠯᠠᠨ ᠲᠦᠮᠡᠨ ᠤ ᠳᠡᠮᠵᠢᠯᠭᠡ ᠪᠠ ᠬᠦᠷᠢᠶᠡᠯᠡᠯ ᠢ ᠤᠯᠬᠤ ᠬᠡᠷᠡᠭᠲᠡᠢ︔ ᠠᠵᠤ ᠠᠬᠤᠢ ᠶᠢ ᠬᠥᠭᠵᠢᠭᠦᠯᠬᠦ ︽ᠵᠠᠮᠴᠢᠯᠠᠭᠴᠢ︾ ᠪᠤᠯᠵᠤ᠂ ᠤᠯᠠᠨ ᠢ ᠳᠠᠭᠠᠭᠤᠯᠤᠨ ᠢᠳᠡᠪᠬᠢᠲᠡᠢ ᠪᠠᠷ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠠᠵᠤ ᠦᠢᠯᠡᠰ ᠤᠨ ᠪᠦᠲᠦᠴᠡ ᠶᠢ ᠲᠤᠬᠢᠷᠠᠭᠤᠯᠤᠨ᠂ ᠦᠢᠯᠡᠳᠪᠦᠷᠢᠯᠡᠯ ᠡᠵᠡᠩᠨᠡᠯᠲᠡ ᠶᠢᠨ ᠬᠡᠪᠴᠢᠶᠡᠵᠢᠬᠦ᠂ ᠡᠷᠴᠢᠮᠵᠢᠬᠦ ᠬᠡᠮᠵᠢᠶ᠎ᠡ ᠶᠢ ᠳᠡᠭᠡᠭᠰᠢᠯᠡᠭᠦᠯᠵᠦ᠂ ᠤᠯᠠᠨ ᠲᠦᠮᠡᠨ ᠢ ᠵᠣᠬᠢᠶᠠᠨ ᠪᠠᠶᠢᠭᠤᠯᠤᠨ ᠬᠠᠮᠲᠤ ᠪᠠᠷ ᠵᠠᠬ᠎ᠠ ᠳᠡᠯᠭᠡᠭᠦᠷ ᠲᠤ ᠭᠠᠷᠴᠤ᠂ ᠬᠠᠮᠲᠤ ᠶᠢᠨ ᠠᠵᠤ ᠠᠬᠤᠢ ᠶᠢᠨ ᠲᠦᠷᠭᠡᠨ ᠬᠥᠭᠵᠢᠯᠲᠡ ᠶᠢ ᠠᠬᠢᠭᠤᠯᠬᠤ ᠬᠡᠷᠡᠭᠲᠡᠢ︔ ᠤᠯᠠᠨ ᠲᠦᠮᠡᠨ ᠤ ᠳᠡᠷᠭᠡᠳᠡᠬᠢ ︽ᠳᠣᠲᠣᠨᠣ ᠬᠥᠮᠦᠨ︾ ᠪᠤᠯᠵᠤ᠂ ᠤᠯᠠᠨ ᠲᠦᠮᠡᠨ ᠤ ᠲᠥᠯᠥᠭᠡ ᠤᠴᠢᠷ ᠶᠠᠪᠤᠳᠠᠯ ᠪᠦᠬᠦᠨ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠰᠠᠭᠤᠳᠠᠯ ᠨᠢᠭᠡᠪᠦᠷᠢ ᠶᠢ ᠨᠠᠷᠢᠨ ᠬᠢᠨᠠᠮᠠᠭᠠᠢ ᠰᠢᠢᠳᠪᠦᠷᠢᠯᠡᠵᠦ᠂ ᠤᠯᠠᠨ ᠲᠦᠮᠡᠨ ᠤ ᠬᠦᠴᠢᠷ ᠵᠣᠪᠠᠭᠤᠷᠢ ᠶᠢ ᠨᠡᠩ ᠰᠠᠶᠢᠲᠤᠷ ᠰᠢᠢᠳᠪᠦᠷᠢᠯᠡᠵᠦ ᠥᠭᠬᠦ ᠬᠡᠷᠡᠭᠲᠡᠢ︔ ᠠᠷᠢᠭᠤᠨ ᠴᠢᠬᠡᠴᠢ ︽ᠠᠷᠢᠭᠤᠨ ᠴᠢᠬᠡᠴᠢ ᠬᠥᠮᠦᠨ︾ ᠪᠤᠯᠵᠤ᠂ ᠡᠯ᠎ᠡ ᠵᠦᠢᠯ ᠤᠨ ᠨᠠᠮ ᠤᠨ ᠶᠠᠪᠤᠳᠠᠯ᠂ ᠲᠣᠰᠬᠤᠨ ᠤ ᠶᠠᠪᠤᠳᠠᠯ᠂ ᠡᠳ᠋ ᠤᠨ ᠶᠠᠪᠤᠳᠠᠯ ᠢ ᠴᠠᠭ ᠲᠤᠬᠠᠢ ᠳᠤᠨᠢ ᠪᠦᠬᠦ ᠲᠠᠯ᠎ᠠ ᠪᠠᠷ ᠢᠯᠡ ᠪᠣᠯᠭᠠᠵᠤ᠂ ᠤᠯᠠᠨ ᠲᠦᠮᠡᠨ ᠪᠣᠯᠤᠨ ᠨᠡᠶᠢᠭᠡᠮ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ︽ᠤᠯᠠᠨ ᠲᠦᠮᠡᠨ ᠳᠤ ᠲᠣᠳᠣᠷᠬᠠᠢ ᠮᠡᠳᠡᠭᠦᠯᠬᠦ᠂ ᠺᠠᠳ᠋ᠷ ᠢ ᠠᠷᠢᠭᠤᠨ ᠴᠢᠬᠡᠴᠢ ᠪᠠᠶᠢᠯᠭᠠᠬᠤ︾ ᠶᠢ ᠦᠨᠡᠨ ᠬᠦ
ᠪᠡᠶᠡᠯᠡᠭᠦᠯᠬᠦ ᠬᠡᠷᠡᠭᠲᠡᠢ ᠭᠡᠵᠠᠢ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号