ᠪᠠᠭᠠᠷᠢᠨ ᠵᠡᠭᠦᠨ ᠬᠤᠰᠢᠭᠤᠨ ᠤ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠲᠣᠬᠢᠷᠠᠭᠤᠯᠤᠯᠲᠠ ᠪᠠᠶᠢᠷᠢᠯᠠᠭᠤᠯᠤᠯᠲᠠ ᠵᠢᠴᠢ ᠲᠥᠪᠯᠡᠷᠡᠭᠦᠯᠦᠨ ᠪᠣᠭᠤᠮᠲᠠ ᠰᠢᠪᠲᠤᠯᠬᠤ ᠲᠤᠰᠬᠠᠶ ᠠᠵᠢᠯᠯᠠᠭ᠎ᠠ ᠶᠢᠨ ᠳᠠᠶᠢᠴᠢᠯᠠᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/8/18
      ᠣᠶᠢᠷ᠎ᠠ ᠶᠢᠨ ᠡᠳᠦᠷ᠂ ᠪᠠᠭᠠᠷᠢᠨ ᠵᠡᠭᠦᠨ ᠬᠤᠰᠢᠭᠤ ᠨᠢ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠲᠣᠬᠢᠷᠠᠭᠤᠯᠤᠯᠲᠠ ᠪᠠᠶᠢᠷᠢᠯᠠᠭᠤᠯᠤᠯᠲᠠ ᠵᠢᠴᠢ ᠲᠥᠪᠯᠡᠷᠡᠭᠦᠯᠦᠨ ᠪᠣᠭᠤᠮᠲᠠ ᠰᠢᠪᠲᠤᠯᠬᠤ ᠲᠤᠰᠬᠠᠶ ᠠᠵᠢᠯᠯᠠᠭ᠎ᠠ ᠶᠢᠨ ᠳᠠᠶᠢᠴᠢᠯᠠᠯᠲᠠ ᠶᠢᠨ ᠬᠤᠷᠠᠯ  ᠬᠤᠷᠠᠯᠳᠣᠭᠤᠯᠵᠣ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠷᠧᠨ ᠰᠢ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠬᠠᠨ ᠶᠢᠩ ᠬᠤᠷᠠᠯ ᠢ ᠡᠷᠭᠢᠯᠡᠪᠡ᠃ ᠪᠥᠬᠦ ᠬᠤᠰᠢᠭᠤᠨ ᠤ ᠡᠯ᠎ᠡ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠠᠵᠤ ᠦᠢᠯᠡᠰ ᠤᠨ ᠬᠡᠯᠬᠢᠶ᠎ᠡ ᠶᠢᠨ ᠳᠠᠷᠤᠭ᠎ᠠ᠂ ᠲᠤᠰᠬᠠᠶ ᠠᠩᠭᠢ ᠶᠢᠨ ᠳᠠᠷᠤᠭ᠎ᠠ᠂ 10 ᠲᠦᠷᠦᠭᠦᠯᠡᠨ ᠬᠢᠬᠦ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ᠂ ᠬᠤᠰᠢᠭᠤᠨ ᠬᠠᠷᠢᠶ᠎ᠠ ᠡᠯ᠎ᠡ ᠬᠤᠳᠠᠯᠳᠤᠭᠠᠴᠢᠨ ᠤᠷᠢᠵᠤ ᠲᠤᠰᠬᠠᠶ ᠠᠩᠭᠢ ᠶᠢᠨ ᠬᠠᠷᠢᠭᠤᠴᠠᠯᠭᠠᠲᠠᠨ᠂ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠭᠤᠤᠯ ᠬᠠᠷᠢᠭᠤᠴᠠᠯᠭᠠᠲᠠᠨ  ᠵᠢᠴᠢ ᠲᠥᠪᠯᠡᠷᠡᠭᠦᠯᠦᠨ ᠪᠣᠭᠤᠮᠲᠠ ᠰᠢᠪᠲᠤᠯᠬᠤ ᠠᠩᠭᠢ ᠶᠢᠨ ᠪᠦᠷᠢᠯᠳᠦᠬᠦᠨ ᠬᠤᠷᠠᠯ ᠳᠤ ᠣᠷᠣᠯᠴᠠᠪᠠ᠃      ᠬᠤᠷᠠᠯ ᠠᠴᠠ᠂ ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠰᠤᠳᠤᠯᠤᠨ ᠮᠠᠭᠠᠳᠯᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠶᠠᠷ ᠵᠠᠬ᠎ᠠ ᠳᠡᠯᠭᠡᠭᠦᠷ᠂ ᠤᠯᠤᠰ ᠤᠨ ᠳᠣᠲᠣᠭᠠᠳᠤ ᠶᠢᠨ ᠶᠡᠭᠡ ᠣᠷᠴᠢᠯ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠤᠨ ᠰᠢᠨ᠎ᠡ ᠪᠠᠶᠢᠷᠢᠰᠢᠯ ᠳᠤ ᠰᠠᠭᠤᠷᠢᠯᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠡᠷᠬᠡᠪᠰᠢ ︽ᠲᠦᠷᠦᠯ ᠵᠦᠢᠯ ᠢᠶᠠᠷ ᠭᠤᠣᠯ ᠪᠣᠯᠭᠠᠬᠤ᠂ ᠠᠷᠠᠯᠵᠢᠶᠠᠴᠢᠨ ᠤᠷᠢᠬᠤ ᠪᠠᠷ ᠭᠤᠣᠯ ᠪᠣᠯᠭᠠᠬᠤ︾ ᠠᠵᠢᠯ ᠤᠨ ᠣᠶᠢᠯᠠᠭᠠᠭᠳᠠᠬᠤᠨ ᠢ ᠡᠷᠡᠰ ᠪᠤᠢ ᠪᠣᠯᠭᠠᠵᠤ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠶᠢ ︽ᠨᠢᠭᠡᠳᠦᠭᠡᠷ ᠢᠨᠵᠧᠨᠧᠷᠢᠩ︾ ᠪᠣᠯᠭᠠᠵᠤ᠂ ᠢᠲᠡᠭᠡᠯ ᠵᠣᠷᠢᠭ ᠢᠶᠠᠨ ᠬᠥᠪᠴᠢᠯᠡᠨ᠂ ᠠᠰᠠᠭᠤᠳᠠᠯ ᠢᠶᠠᠨ ᠣᠨᠣᠪᠴᠢᠲᠠᠢ ᠡᠷᠢᠵᠦ᠂ ᠪᠣᠭᠤᠮᠳᠠ ᠰᠢᠪᠳᠤᠯᠠᠵᠤ ᠠᠷᠠᠯᠵᠢᠶᠠᠴᠢᠨ ᠤᠷᠢᠬᠤ᠂ ᠰᠠᠯᠪᠤᠷᠢ ᠪᠠᠭ᠎ᠠ ᠠᠩᠬᠢ ᠪᠠᠷ ᠠᠷᠠᠯᠵᠢᠶᠠᠴᠢᠨ ᠤᠷᠢᠬᠤ᠂ ᠠᠷᠠᠯᠵᠢᠶᠠᠴᠢᠨ ᠢᠶᠠᠷ ᠠᠷᠠᠯᠵᠢᠶᠠᠴᠢᠨ ᠢ ᠤᠷᠢᠬᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠢᠶᠠᠷ ᠠᠷᠠᠯᠵᠢᠶᠠᠴᠢᠨ ᠤᠷᠢᠬᠤ᠂ ᠨᠠᠶᠢᠳᠠᠨ ᠠᠷᠠᠯᠵᠢᠶᠠᠴᠢᠨ ᠤᠷᠢᠬᠤ᠂ ᠲᠤᠰᠬᠠᠢ ᠰᠡᠳᠦᠪ ᠢᠶᠠᠷ ᠠᠷᠠᠯᠵᠢᠶᠠᠴᠢᠨ ᠤᠷᠢᠬᠤ ᠵᠡᠷᠭᠡ 7 ᠵᠦᠢᠯ ᠤᠨ ᠠᠷᠠᠯᠵᠢᠶᠠᠴᠢᠨ ᠤᠷᠢᠬᠤ ᠠᠷᠭ᠎ᠠ ᠵᠠᠮ ᠪᠣᠯᠤᠨ ︽1535︾ ᠲᠥᠪᠯᠡᠷᠡᠭᠦᠯᠦᠨ ᠪᠣᠭᠤᠮᠲᠠ ᠰᠢᠪᠲᠤᠯᠬᠤ ᠵᠠᠭᠪᠤᠷ ᠢ ᠬᠡᠷᠡᠭᠵᠢᠭᠦᠯᠵᠦ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ︽ᠰᠠᠨᠠᠭᠠᠴᠢᠯᠠᠭᠠᠲᠤ ᠳᠠᠶᠢᠯᠠᠯᠳᠤᠭᠠᠨ︾ ᠢ ᠡᠷᠡᠰ ᠰᠠᠶᠢᠲᠤᠷ ᠬᠢᠬᠦ ᠬᠡᠷᠡᠭᠲᠡᠢ ᠭᠡᠵᠠᠢ᠃       ᠠᠵᠤ ᠦᠢᠯᠡᠰ ᠤᠨ ᠬᠡᠯᠬᠢᠶ᠎ᠡ ᠶᠢᠨ ᠡᠯ᠎ᠡ ᠭᠤᠭᠴᠤᠭ᠎ᠠ ᠶᠢ ᠨᠠᠷᠢᠨ ᠬᠢᠨᠠᠮᠠᠭᠠᠢ ᠰᠤᠳᠤᠯᠵᠤ᠂ ᠭᠤᠣᠯᠯᠠᠭᠴᠢ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠦᠢᠯᠡᠰ ᠤᠨ ᠨᠢᠮᠪᠠᠢ ᠰᠤᠳᠤᠯᠭᠠᠨ ᠢ ᠴᠢᠩᠭᠠᠳᠬᠠᠵᠤ᠂ ᠳᠠᠶᠢᠴᠢᠯᠠᠬᠤ ᠴᠢᠳᠠᠪᠤᠷᠢ ᠪᠠᠷ ᠴᠢᠩᠭ᠎ᠠ ᠨᠢᠭᠡ ᠪᠦᠯᠦᠭ  ᠬᠡᠯᠬᠢᠶ᠎ᠡ ᠶᠢ ᠨᠥᠬᠦᠪᠥᠷᠢᠯᠡᠬᠦ᠂ ᠬᠡᠯᠬᠢᠶ᠎ᠡ ᠶᠢ ᠤᠷᠲᠤᠳᠬᠠᠬᠤ᠂  ᠬᠡᠯᠬᠢᠶ᠎ᠡ ᠶᠢ ᠬᠦᠴᠦᠷᠬᠡᠭᠵᠢᠭᠦᠯᠬᠦ ᠭᠤᠣᠯᠳᠠᠯᠭ᠎ᠠ ᠲᠠᠢ ᠲᠦᠷᠦᠯ ᠵᠦᠢᠯ ᠢ ᠣᠷᠣᠭᠤᠯᠤᠨ ᠠᠪᠴᠢᠷᠠᠵᠤ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠬᠤ ᠶᠢ ᠲᠦᠷᠭᠡᠳᠬᠡᠨ ᠠᠬᠢᠭᠤᠯᠬᠤ ᠬᠡᠷᠡᠭᠲᠡᠢ᠃ ︽1535︾ ᠲᠥᠪᠯᠡᠷᠡᠩᠭᠦᠶ ᠪᠣᠭᠤᠮᠲᠠ ᠰᠢᠪᠲᠤᠯᠬᠤ ᠵᠠᠭᠪᠤᠷ ᠢ ᠴᠢᠩᠭ᠎ᠠ ᠬᠡᠷᠡᠭᠵᠢᠭᠦᠯᠵᠦ᠂ ᠨᠠᠮ ᠵᠠᠰᠠᠭ ᠤᠨ ᠪᠠᠶᠢᠭᠤᠯᠭ᠎ᠠ᠂ ᠭᠠᠵᠠᠷ ᠣᠷᠣᠨ ᠤ ᠰᠠᠯᠠᠭ᠎ᠠ ᠮᠥᠴᠢᠷ᠂ ᠠᠷᠠᠯᠵᠢᠶᠠᠴᠢᠨ ᠤ ᠡᠪᠯᠡᠯ ᠢ ᠭᠦᠢᠴᠡᠳ ᠳᠠᠶᠢᠴᠢᠯᠠᠵᠤ᠂ ᠬᠦᠷᠢᠶ᠎ᠡ ᠴᠠᠷᠠᠭ᠎ᠠ ᠬᠤᠪᠢᠶᠠᠨ ᠰᠦᠪᠡᠭᠴᠢ ᠴᠤᠭᠯᠠᠭᠤᠯᠬᠤ ᠠᠵᠢᠯ ᠢ ᠥᠷᠨᠢᠭᠦᠯᠵᠦ᠂ ᠭᠤᠤᠯᠳᠠᠯᠭ᠎ᠠ ᠲᠠᠢ ᠣᠷᠣᠨ ᠪᠦᠰᠡ ᠶᠢᠨ ᠠᠵᠤ ᠠᠬᠤᠶ ᠶᠢᠨ ᠲᠥᠷᠥ ᠶᠢᠨ ᠪᠣᠳᠣᠯᠭ᠎ᠠ ᠪᠣᠯᠤᠨ ᠠᠵᠤ ᠦᠢᠯᠡᠰ ᠤᠨ ᠪᠠᠯᠠ ᠣᠷᠣᠭᠤᠯᠤᠯᠲᠠ ᠶᠢᠨ ᠭᠤᠤᠯᠳᠠᠯᠭ᠎ᠠ᠂ ᠠᠵᠤ ᠠᠬᠤᠶᠢᠯᠠᠯ ᠤᠨ ᠬᠥᠭᠵᠢᠯᠲᠡ ᠶᠢᠨ ᠴᠢᠭᠯᠡᠯ ᠪᠣᠯᠤᠨ ᠪᠠᠯᠠ ᠣᠷᠣᠭᠤᠯᠤᠯᠲᠠ ᠶᠢᠨ ᠰᠢᠢᠳᠪᠦᠷᠢᠳᠦ ᠪᠣᠳᠣᠯᠭ᠎ᠠ ᠲᠣᠭᠲᠠᠭᠠᠬᠤ ᠶᠠᠪᠤᠴᠠ᠂ ᠠᠷᠠᠯᠵᠢᠶᠠᠴᠢᠨ ᠤ ᠪᠠᠯᠠ ᠣᠷᠣᠭᠤᠯᠤᠯᠲᠠ ᠶᠢᠨ ᠳᠤᠷᠠᠰᠢᠯ ᠪᠣᠯᠤᠨ ᠠᠮᠢᠳᠤᠷᠠᠯ ᠤᠨ ᠳᠠᠳᠬᠠᠯ ᠢ ᠭᠦᠨᠵᠡᠭᠡᠶ ᠵᠠᠳᠠᠯᠵᠤ᠂ ᠪᠠᠭ᠎ᠠ ᠬᠦᠴᠦ ᠣᠷᠣᠭᠤᠯᠵᠤ ᠶᠡᠭᠡ ᠠᠮᠵᠢᠯᠲᠠ ᠤᠯᠬᠤ᠂ ᠬᠠᠷᠠᠯᠲᠠ ᠲᠠᠢ ᠪᠠᠷ ᠰᠤᠮᠤ ᠬᠠᠷᠪᠤᠬᠤ ᠶᠢ ᠪᠡᠶᠡᠯᠡᠭᠦᠯᠬᠦ ᠬᠡᠷᠡᠭᠲᠡᠶ ᠭᠡᠵᠠᠢ᠃        ᠬᠤᠷᠠᠯ ᠠᠴᠠ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠵᠦ᠂ ᠨᠢᠭᠡᠨᠲᠡ ᠭᠡᠷ᠎ᠡ ᠲᠣᠭᠲᠠᠭᠰᠠᠨ ᠲᠦᠷᠦᠯ ᠵᠦᠢᠯ ᠤᠨ ᠡᠷᠲᠡᠬᠡᠨ ᠠᠵᠢᠯ ᠢᠶᠠᠨ ᠡᠬᠢᠯᠡᠭᠦᠯᠬᠦ ᠶᠢ ᠲᠦᠷᠭᠡᠳᠬᠡᠨ ᠠᠬᠢᠭᠤᠯᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠳᠠᠬᠢ ᠬᠦᠴᠢᠷ ᠠᠰᠠᠭᠤᠳᠠᠯ ᠢ ᠴᠠᠭ ᠲᠤᠬᠠᠢ ᠳᠤᠨᠢ ᠵᠣᠬᠢᠴᠠᠭᠤᠯᠤᠨ ᠰᠠᠶᠢᠲᠤᠷ ᠰᠢᠢᠳᠪᠦᠷᠢᠯᠡᠵᠦ᠂ ᠡᠯ᠎ᠡ ᠭᠤᠭᠴᠤᠭ᠎ᠠ ᠶᠢᠨ ᠠᠵᠢᠯ ᠢ ᠤᠷᠤᠭᠰᠢᠲᠠᠢ ᠠᠬᠢᠭᠤᠯᠬᠤ ᠶᠢ ᠬᠦᠴᠦᠯᠡᠨ ᠠᠬᠢᠭᠤᠯᠵᠤ᠂ ᠪᠣᠳᠠᠲᠠᠢ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ ᠲᠥᠷᠥᠯ ᠵᠦᠢᠯ ᠢ ᠲᠥᠰᠦᠪᠯᠡᠨ ᠨᠥᠭᠡᠴᠡᠯᠡᠬᠦ ᠶᠢ ᠴᠢᠩᠭᠠᠳᠬᠠᠵᠤ᠂ ᠢᠷᠡᠬᠦ ᠵᠢᠯ ᠤᠨ ᠭᠤᠤᠯᠳᠠᠯᠭ᠎ᠠ ᠲᠠᠢ ᠲᠥᠷᠥᠯ  ᠵᠦᠢᠯ ᠢ ᠱᠠᠯᠠᠪᠳᠠᠨ ᠲᠥᠯᠥᠪᠵᠢᠭᠦᠯᠵᠦ᠂ ᠠᠵᠤ  ᠦᠢᠯᠡᠰ  ᠤᠨ ᠲᠥᠷᠥᠯ ᠤᠨ ᠠᠷᠠᠯᠵᠢᠶᠠᠴᠢᠨ ᠤᠷᠢᠬᠤ ᠡᠷᠴᠢᠮ ᠢᠶᠠᠨ ᠴᠢᠩᠭᠠᠷᠠᠭᠤᠯᠵᠤ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠪᠠ ᠲᠥᠷᠥᠯ  ᠵᠦᠢᠯ ᠤᠨ ᠬᠡᠷᠡᠭᠵᠢᠭᠦᠯᠦᠯᠲᠡ ᠶᠢ ᠠᠬᠢᠭᠤᠯᠵᠤ᠂ ᠠᠵᠤ ᠦᠢᠯᠡᠰ  ᠤᠨ ᠲᠥᠷᠥᠯ  ᠵᠦᠢᠯ  ᠤᠨ ᠡᠵᠡᠯᠡᠬᠦ ᠬᠠᠷᠢᠴᠠᠯ ᠢ 70 % ᠠᠴᠠ ᠳᠡᠭᠡᠭᠰᠢ ᠳᠤ ᠬᠦᠷᠭᠡᠬᠦ ᠶᠢ ᠪᠠᠲᠤᠯᠠᠵᠤ᠂ ᠠᠵᠤ ᠠᠬᠤᠶ ᠶᠢᠨ ᠲᠣᠭᠲᠠᠭᠤᠨ ᠨᠡᠮᠡᠭᠳᠡᠯ ᠢ ᠪᠠᠲᠤᠯᠠᠬᠤ ᠬᠡᠷᠡᠭᠲᠡᠶ᠃ ᠲᠥᠪᠯᠡᠷᠡᠭᠦᠯᠦᠨ ᠪᠣᠭᠤᠮᠲᠠ ᠰᠢᠪᠲᠤᠯᠬᠤ ᠠᠩᠭᠢ ᠶᠢᠨ ᠬᠤᠰᠢᠭᠤᠴᠢ ᠵᠢᠱᠢᠶᠡᠴᠢ ᠦᠢᠯᠡᠳᠦᠯ ᠢ ᠪᠠᠳᠠᠷᠠᠭᠤᠯᠵᠤ᠂ ᠪᠦᠬᠦ ᠬᠤᠰᠢᠭᠤᠨ ᠤ ᠠᠷᠠᠯᠵᠢᠶᠠᠴᠢᠨ ᠤᠷᠢᠬᠤ ᠶᠡᠭᠡ ᠲᠠᠯ᠎ᠠ ᠳᠤ ᠪᠦᠲᠦᠮᠵᠢᠲᠡᠢ ᠲᠤᠯᠭᠠᠭᠤᠷᠢᠯᠠᠯ ᠬᠠᠩᠭᠠᠵᠤ᠂ ᠠᠷᠠᠯᠵᠢᠶᠠᠴᠢᠨ ᠤᠷᠢᠬᠤ ᠠᠷᠭ᠎ᠠ ᠬᠡᠮᠵᠢᠶ᠎ᠡ ᠶᠢ ᠦᠷᠭᠦᠯᠵᠢᠯᠡᠨ ᠴᠢᠩᠭᠠᠳᠬᠠᠵᠤ᠂ ᠠᠷᠠᠯᠵᠢᠶᠠᠴᠢᠨ ᠤᠷᠢᠬᠤ ᠬᠠᠮᠢᠶᠠᠷᠤᠯᠲᠠ ᠶᠢᠨ ᠪᠠᠶᠢᠭᠤᠯᠤᠮᠵᠢ ᠶᠢ ᠰᠢᠯᠤᠭᠤᠳᠬᠠᠵᠤ᠂ ᠲᠦᠷᠦᠭᠦᠯᠡᠨ ᠶᠡᠷᠦᠩᠬᠡᠶᠢᠯᠡᠨ ᠠᠳᠬᠤᠬᠤ᠂ ᠵᠣᠬᠢᠴᠠᠭᠤᠯᠤᠨ ᠦᠢᠯᠡᠴᠢᠯᠡᠬᠦ᠂ ᠱᠠᠯᠠᠪᠳᠠᠭᠤᠯᠤᠨ ᠪᠠᠶᠢᠴᠠᠭᠠᠵᠤ ᠵᠢᠯᠣᠭᠤᠳᠬᠤ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠪᠠ ᠲᠦᠷᠦᠯ ᠵᠦᠢᠯ ᠢ ᠨᠠᠶᠢᠳᠠᠪᠤᠷᠢᠵᠢᠭᠤᠯᠬᠤ ᠠᠵᠢᠯ ᠤᠨ ᠥᠨᠳᠥᠷ ᠪᠦᠲᠦᠮᠵᠢᠲᠡᠢ ᠥᠷᠨᠢᠬᠦ ᠶᠢ ᠡᠮᠬᠢ ᠵᠢᠷᠤᠮ ᠲᠠᠢ ᠠᠬᠢᠭᠤᠯᠬᠤ ᠬᠡᠷᠡᠭᠲᠡᠢ ᠭᠡᠵᠠᠢ᠃        ᠬᠤᠷᠠᠯ ᠠᠴᠠ᠂ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠬᠦᠯᠵᠤ᠂ ᠵᠣᠬᠢᠶᠠᠨ ᠪᠠᠶᠢᠭᠤᠯᠵᠤ ᠤᠳᠤᠷᠢᠳᠬᠤ᠂ ᠠᠵᠢᠯ ᠤᠨ ᠠᠷᠭ᠎ᠠ ᠬᠡᠮᠵᠢᠶ᠎ᠡ᠂ ᠪᠠᠲᠤᠯᠠᠭ᠎ᠠ ᠶᠢᠨ ᠡᠯᠧᠮᠧᠨ᠋ᠲ ᠵᠡᠷᠭᠡ ᠲᠠᠯ᠎ᠠ ᠪᠠᠷ ᠳᠠᠬᠢᠨ ᠴᠢᠩᠭᠠᠳᠬᠠᠵᠤ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠠᠵᠢᠯ ᠤᠨ ᠬᠠᠮᠲᠤᠷᠠᠯ ᠬᠦᠴᠦᠨ ᠢ ᠪᠥᠬᠦ ᠲᠠᠯ᠎ᠠ ᠪᠠᠷ ᠨᠢᠭᠲᠠᠷᠠᠭᠤᠯᠬᠤ ᠬᠡᠷᠡᠭᠲᠡᠶ᠃ ︽ᠭᠠᠷᠠᠭ ᠢᠶᠠᠷ ᠲᠣᠬᠢᠷᠠᠭᠤᠯᠬᠤ᠂ ᠰᠠᠷ᠎ᠠ ᠪᠠᠷ ᠵᠠᠷᠯᠠᠬᠤ᠂ ᠤᠯᠠᠷᠢᠯ ᠢᠶᠠᠷ ᠰᠢᠮᠳᠠᠭᠤᠯᠤᠨ ᠪᠠᠶᠢᠴᠠᠭᠠᠬᠤ᠂ ᠣᠨ ᠢᠶᠠᠷ ᠰᠢᠯᠭᠠᠨ ᠬᠢᠨᠠᠬᠤ︾ ᠠᠵᠢᠯ ᠤᠨ ᠲᠣᠭᠲᠠᠴᠠ ᠶᠢ ᠴᠢᠩᠭ᠎ᠠ ᠬᠡᠷᠡᠭᠵᠢᠭᠦᠯᠵᠦ᠂ ᠠᠵᠢᠯ ᠤᠨ ᠠᠬᠢᠴᠠ ᠶᠢ ᠰᠠᠨᠠᠭᠠᠴᠢᠯᠠᠭ᠎ᠠ ᠠᠴᠠ ᠪᠠᠨ ᠮᠥᠷᠳᠡᠵᠦ᠂ ᠰᠠᠷ᠎ᠠ ᠪᠦᠷᠢ ᠠᠵᠢᠯ ᠤᠨ ᠲᠣᠪᠴᠢ ᠮᠡᠳᠡᠭᠡ ᠶᠢ ᠬᠤᠰᠢᠭᠤ ᠨᠠᠮ ᠤᠨ ᠬᠤᠷᠢᠶ᠎ᠠ ᠪᠠ ᠬᠤᠰᠢᠭᠤ ᠵᠠᠰᠠᠭ ᠤᠨ ᠣᠷᠳᠣᠨ ᠳᠤ ᠮᠡᠳᠡᠭᠦᠯᠬᠦ ᠬᠡᠷᠡᠭᠲᠡᠶ᠃  ᠠᠷᠠᠯᠵᠢᠶᠠᠴᠢᠨ ᠤᠷᠢᠬᠤ ᠴᠢᠳᠠᠪᠤᠷᠢᠲᠠᠨ ᠢ ᠰᠢᠯᠢᠨ ᠰᠣᠩᠭᠤᠬᠤ᠂ ᠬᠡᠷᠡᠭᠯᠡᠬᠦ᠂ ᠪᠣᠯᠪᠠᠰᠤᠷᠠᠭᠤᠯᠬᠤ᠂ ᠬᠢᠨᠠᠨ ᠰᠢᠯᠭᠠᠬᠤ ᠲᠣᠭᠲᠠᠴᠠ ᠶᠢ ᠪᠦᠷᠢᠨᠰᠢᠭᠦᠯᠵᠦ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠠᠵᠢᠯ ᠳᠤ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠺᠠᠳ᠋ᠷ ᠢ ᠲᠤᠭ ᠲᠡᠮᠳᠡᠭ ᠲᠣᠳᠣᠷᠬᠠᠶ ᠪᠠᠷ ᠴᠢᠬᠤᠯᠠᠴᠢᠯᠠᠨ ᠬᠡᠷᠡᠭᠯᠡᠵᠦ᠂ ︽ᠰᠠᠶᠢᠨ ᠬᠢᠬᠦ ᠮᠠᠭᠤ ᠬᠢᠬᠦ ᠨᠢ ᠠᠳᠠᠯᠢ ᠥᠬᠡᠶ︾ ᠪᠠᠶᠢᠬᠤ ᠢᠯᠡ ᠲᠣᠳᠣ ᠤᠳᠤᠷᠢᠳᠤᠮᠵᠢ ᠶᠢ ᠪᠣᠶ ᠪᠣᠯᠭᠠᠬᠤ ᠬᠡᠷᠡᠭᠲᠡᠶ᠃ ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠲᠥᠷᠥᠯ  ᠵᠦᠢᠯ ᠤᠨ ᠣᠷᠣᠭᠤᠯᠤᠨ ᠠᠪᠴᠢᠷᠠᠬᠤ ᠬᠡᠮᠵᠢᠶ᠎ᠡ᠂ ᠪᠥᠲᠥᠭᠡᠨ ᠪᠠᠶᠢᠭᠤᠯᠤᠯᠲᠠ ᠶᠢᠨ ᠠᠬᠢᠴᠠ᠂  ᠦᠢᠯᠡᠴᠢᠯᠡᠭᠡᠨ ᠤ ᠦᠷ᠎ᠡ ᠪᠦᠲᠦᠮᠵᠢ ᠶᠢᠨ ᠲᠣᠭᠤᠷᠢᠨ ᠳᠤ ᠪᠠᠶᠢᠩᠭᠤᠵᠢᠭᠰᠠᠨ ᠱᠠᠯᠠᠪᠳᠠᠭᠤᠯᠤᠨ ᠪᠠᠶᠢᠴᠠᠭᠠᠯᠲᠠ ᠥᠷᠨᠢᠭᠦᠯᠵᠦ᠂ ᠠᠵᠢᠯ ᠤᠨ ᠥᠨᠳᠥᠷ ᠪᠦᠲᠦᠮᠵᠢᠲᠡᠶ ᠥᠷᠨᠢᠬᠦ ᠶᠢ ᠪᠠᠲᠤᠯᠠᠵᠤ᠂  ᠰᠢᠢᠳᠪᠦᠷᠢᠳᠦ ᠪᠣᠳᠣᠯᠭ᠎ᠠ ᠪᠠᠶᠢᠷᠢᠯᠠᠭᠤᠯᠤᠯᠲᠠ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠬᠡᠷᠡᠭᠲᠡᠶ  ᠭᠡᠵᠠᠢ᠃         ᠬᠤᠷᠠᠯ ᠳᠡᠭᠡᠷ᠎ᠡ᠂ ᠬᠤᠰᠢᠭᠤ ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ ᠽᠦᠸᠧ ᠰᠢᠶᠠᠩ ᠯᠦᠩ ᠪᠥᠬᠦ ᠬᠤᠰᠢᠭᠤᠨ ᠤ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠠᠵᠢᠯ ᠤᠨ ᠠᠬᠢᠴᠠ ᠶᠢᠨ ᠪᠠᠶᠢᠳᠠᠯ ᠢ  ᠬᠠᠷᠢᠭᠤ ᠮᠡᠳᠡᠭᠦᠯᠵᠤ᠂ ︽ᠪᠠᠭᠠᠷᠢᠨ ᠵᠡᠭᠦᠨ ᠬᠤᠰᠢᠭᠤᠨ ᠤ  ᠠᠷᠠᠯᠵᠢᠶᠠᠴᠢᠨ ᠤᠷᠢᠵᠤ ᠪᠠᠯᠠ ᠣᠷᠣᠭᠤᠯᠬᠤ ︿1535﹀ ᠵᠠᠭᠪᠤᠷ ᠤᠨ ᠲᠥᠪᠯᠡᠷᠡᠭᠦᠯᠦᠨ ᠪᠣᠭᠤᠮᠲᠠ ᠰᠢᠪᠲᠤᠯᠬᠤ ᠠᠵᠢᠯᠯᠠᠭ᠎ᠠ ᠶᠢᠨ ᠲᠥᠰᠦᠯ︾ ᠳᠤ ᠲᠠᠶᠢᠯᠤᠮᠵᠢ ᠬᠢᠭᠰᠡᠨ ᠪᠥᠭᠡᠳ ᠣᠶᠢᠷ᠎ᠠ ᠳᠤ ᠱᠠᠨᠳᠦ᠋ᠩ ᠮᠤᠵᠢ ᠳᠤ ᠬᠦᠷᠴᠦ ᠲᠥᠪᠯᠡᠷᠡᠭᠦᠯᠦᠨ ᠪᠣᠭᠤᠮᠲᠠ ᠰᠢᠪᠲᠤᠯᠬᠤ ᠠᠵᠢᠯᠯᠠᠭ᠎ᠠ ᠥᠷᠨᠢᠭᠦᠯᠬᠦ ᠲᠤᠬᠠᠶ ᠪᠠᠶᠢᠷᠢᠯᠠᠭᠤᠯᠤᠯᠲᠠ ᠬᠢᠪᠠ᠃  ᠠᠷᠠᠯᠵᠢᠶᠠᠴᠢᠨ ᠤᠷᠢᠵᠤ ᠪᠠᠯᠠ ᠣᠷᠣᠭᠤᠯᠬᠤ ᠠᠵᠢᠯ ᠤᠨ ᠨᠡᠷᠡᠰ ᠤᠨ ᠵᠢᠭᠰᠠᠭᠠᠯᠲᠠ ᠶᠢᠨ  ᠰᠡᠬᠦᠯ  ᠤᠨ ᠭᠤᠷᠪᠠᠨ ᠨᠡᠷ᠎ᠡ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ᠂ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠬᠠᠷᠢᠭᠤᠴᠠᠯᠭᠠᠲᠠᠨ ᠲᠣᠰ ᠲᠣᠰ ᠪᠠᠶᠢᠳᠠᠯ ᠤᠨ ᠲᠤᠬᠠᠶ ᠲᠣᠳᠣᠷᠬᠠᠶᠢᠯᠠᠯᠲᠠ ᠬᠢᠪᠠ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号