ᠪᠠᠭᠠᠷᠢᠨ ᠵᠡᠭᠦᠨ ᠬᠤᠰᠢᠭᠤ᠄ ᠵᠠᠰᠠᠯᠲᠠ ᠶᠢ ᠠᠳᠬᠤᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠣᠷᠣᠰᠢᠭᠤᠯᠭ᠎ᠠ ᠶᠢᠨ ᠥᠭᠡᠷᠡᠴᠢᠯᠡᠯᠲᠡ ᠪᠣᠳᠠᠲᠤ ᠦᠷ᠎ᠡ ᠪᠦᠲᠦᠮᠵᠢ ᠤᠯᠪᠠ
ᠨᠡᠶᠢᠲᠡᠯᠡᠭᠰᠡᠨ ᠴᠠᠭ᠄
2022/8/18
      8 ᠰᠠᠷ᠎ᠠ ᠶᠢᠨ 15 ᠤ ᠡᠳᠦᠷ᠂ ᠪᠠᠭᠠᠷᠢᠨ ᠵᠡᠭᠦᠨ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠨᠢ  ᠰᠠᠳᠣᠨ   ᠪᠠᠨ ᠣᠷᠣᠰᠢᠭᠤᠯᠬᠤ ᠪᠠᠷ ᠢᠷᠡᠭᠰᠡᠨ ᠵᠧᠤ ᠠᠪᠤᠭᠠᠶ ᠶᠢ ᠭᠥᠯᠢᠶᠡᠨ ᠠᠪᠴᠠᠶ᠃   ᠳᠡᠷᠡ ᠬᠡᠯᠡᠬᠰᠡᠨ ᠨᠢ᠄ ︽ᠪᠢᠳᠡ ᠨᠢᠭᠡᠨᠲᠡ ᠴᠠᠭ ᠡᠳᠦᠷ ᠢᠶᠠᠨ ᠲᠣᠭᠲᠠᠭᠠᠵᠤ᠂ ᠭᠠᠷ ᠭᠦᠢᠴᠡᠳᠬᠡᠯ ᠢᠶᠠᠨ ᠬᠢᠵᠦ ᠪᠠᠷᠠᠪᠠᠯ ᠳᠠᠷᠣᠢ ᠨᠠᠰᠤ ᠪᠠᠷᠠᠭᠰᠠᠨ ᠲᠦᠷᠦᠯ ᠰᠠᠳᠤᠨ  ᠤ ᠪᠠᠨ ︽ᠭᠡᠷ︾   ᠶᠢ ᠨᠡᠭᠦᠯᠭᠡᠵᠦ ᠪᠣᠯᠤᠨ᠎ᠠ᠃ ᠭᠠᠵᠠᠷ ᠠᠷᠪᠢᠯᠠᠬᠤ ᠠᠮᠢ ᠠᠬᠤᠶᠢᠴᠢ ᠣᠷᠣᠰᠢᠭᠤᠯᠤᠭ᠎ᠠ ᠨᠢ ᠭᠠᠵᠠᠷ ᠰᠢᠷᠣᠶ ᠶᠢ ᠬᠠᠮᠠᠭᠠᠯᠠᠭᠰᠠᠨ ᠢᠶᠠᠷ ᠪᠠᠷᠠᠬᠤ ᠥᠬᠡᠶ᠂ ᠤᠯᠤᠰ ᠠᠴᠠ ᠪᠠᠰᠠ ᠨᠥᠬᠦᠪᠥᠷᠢ ᠲᠠᠢ᠂ ᠪᠢᠳᠡ ᠠᠯᠢ ᠲᠦᠷᠭᠡᠨ ᠢᠶᠠᠷ ᠨᠡᠭᠦᠯᠭᠡᠨ᠎ᠡ︾  ᠃       ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ︽ᠭᠤᠷᠪᠠᠨ ᠵᠠᠮ ᠳᠠᠭᠠᠤ ᠲᠤᠯᠤᠭᠠᠨ ᠳᠣᠭᠤᠷᠢᠭ︾ ᠢ ᠪᠥᠬᠦ ᠲᠠᠯ᠎ᠠ ᠪᠠᠷ ᠥᠷᠨᠢᠭᠦᠯᠬᠦ ᠪᠠ ᠣᠷᠣᠰᠢᠭᠤᠯᠭ᠎ᠠ ᠶᠢᠨ ᠬᠦᠷᠢᠶᠡᠨ ᠳᠠᠬᠢ ᠲᠤᠰᠬᠠᠶ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢ ᠪᠠᠬᠢᠵᠢᠭᠦᠯᠬᠦ ᠶᠢᠨ ᠲᠥᠯᠥᠭᠡ᠂ ᠪᠠᠭᠠᠷᠢᠨ ᠵᠡᠭᠦᠨ ᠬᠤᠰᠢᠭᠤ ᠨᠢ ᠤᠳᠤᠷᠢᠳᠤᠯᠭ᠎ᠠ ᠪᠠᠨ ᠲᠠᠰᠤᠷᠠᠯᠲᠠ ᠥᠬᠡᠶ ᠴᠢᠩᠭᠠᠳᠬᠠᠵᠤ᠂ ᠦᠵᠡᠯ ᠰᠠᠨᠠᠭ᠎ᠠ ᠪᠠᠨ ᠨᠢᠭᠡᠳᠬᠡᠨ᠂ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠲᠤᠰᠬᠠᠶ ᠠᠵᠢᠯ ᠤᠨ ᠲᠥᠰᠦᠯ ᠲᠣᠭᠲᠠᠭᠠᠨ᠂ ᠡᠭᠦᠷᠭᠡ ᠶᠢᠨ ᠨᠠᠷᠢᠨ ᠲᠠᠩᠰᠠ ᠶᠢ ᠲᠣᠳᠣᠷᠬᠠᠶᠢᠯᠠᠵᠤ᠂ ᠣᠷᠣᠰᠢᠭᠤᠯᠭ᠎ᠠ ᠶᠢᠨ ᠥᠭᠡᠷᠡᠴᠢᠯᠡᠯᠲᠡ ᠶᠢᠨ ᠬᠡᠪ ᠵᠠᠩᠰᠢᠯ ᠢ ᠥᠭᠡᠷᠡᠴᠢᠯᠡᠬᠦ ᠡᠨᠡ ᠬᠦ  ᠶᠠᠪᠤᠳᠠᠯ ᠢ ᠦᠨᠡᠨ ᠬᠦ ᠪᠣᠳᠠᠲᠠᠶ ᠬᠢᠵᠦ᠂ ᠪᠣᠳᠠᠲᠤ ᠶᠠᠪᠤᠳᠠᠯ ᠢ ᠦᠨᠡᠨ ᠬᠦ ᠰᠠᠶᠢᠲᠤᠷ ᠬᠢᠵᠡᠶ᠃          ᠴᠡᠭᠴᠡᠯᠡᠨ ᠵᠠᠰᠠᠬᠤ ᠵᠣᠭᠰᠣᠴᠠ ᠪᠠᠨ  ᠳᠡᠭᠡᠭᠰᠢᠯᠡᠭᠦᠯᠵᠦ ᠭᠤᠤᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠶ  ᠠᠬᠢᠭᠤᠯᠪᠠ᠃       ︽ᠪᠠᠭᠠᠷᠢᠨ ᠵᠡᠭᠦᠨ ᠬᠤᠰᠢᠭᠤᠨ ᠤ 2022 ᠣᠨ ᠤ ︿ᠭᠤᠷᠪᠠᠨ ᠵᠠᠮ ᠲᠤᠯᠤᠭᠠᠨ ᠲᠣᠭᠤᠷᠢᠭ﹀ ᠤᠨ ᠬᠠᠤᠯᠢ ᠪᠤᠰᠤ ᠪᠠᠷ ᠪᠠᠶᠢᠭᠤᠯᠤᠭᠰᠠᠨ ᠣᠩᠭᠤᠨ ᠤ ᠭᠠᠵᠠᠷ ᠢ ᠲᠤᠰᠬᠠᠶ ᠴᠡᠭᠴᠡᠯᠡᠨ ᠵᠠᠰᠠᠬᠤ ᠠᠵᠢᠯ ᠤᠨ ᠬᠡᠷᠡᠭᠵᠢᠭᠦᠯᠬᠦ ᠲᠥᠰᠦᠯ︾ ᠢ ᠲᠣᠭᠲᠠᠭᠠᠪᠠ  ᠃ ᠪᠠᠭᠠᠷᠢᠨ ᠵᠡᠭᠦᠨ ᠬᠤᠰᠢᠭᠤᠨ ᠤ ︽ᠭᠤᠷᠪᠠᠨ ᠵᠠᠮ ᠳᠣᠯᠣᠭᠠᠨ ᠳᠣᠭᠤᠷᠢᠭ︾ ᠠᠴᠠ ᠵᠥᠷᠢᠴᠡᠵᠦ ᠪᠠᠶᠢᠭᠤᠯᠤᠭᠰᠠᠨ ᠣᠩᠭᠤᠨ ᠤ ᠭᠠᠵᠠᠷ ᠢ ᠲᠤᠰᠬᠠᠶ ᠴᠡᠭᠴᠡᠯᠡᠨ ᠵᠠᠰᠠᠬᠤ ᠠᠵᠢᠯ ᠤᠨ ᠤᠳᠤᠷᠢᠳᠬᠤ ᠳᠤᠭᠤᠢᠯᠠᠩ  ᠢ ᠪᠠᠶᠢᠭᠤᠯᠤᠨ᠎ᠠ᠂ ᠨᠠᠮ ᠵᠠᠰᠠᠭ ᠤᠨ ︽ᠨᠢᠭᠡᠳᠦᠭᠡᠷ ᠭᠠᠷ︾ ᠢᠶᠠᠷ ᠮᠠᠩᠯᠠᠶᠢᠯᠠᠭᠤᠯᠤᠭᠰᠠᠨ ᠲᠤᠰᠬᠠᠶ ᠴᠡᠭᠴᠡᠯᠡᠨ ᠵᠠᠰᠠᠬᠤ  ᠠᠵᠢᠯ ᠤᠨ ᠲᠤᠰᠬᠠᠶ ᠠᠩᠭᠢ ᠶᠢ  ᠪᠠᠶᠢᠭᠤᠯᠵᠤ᠂  ᠡᠯ᠎ᠡ ᠰᠤᠮᠤ ᠰᠢᠶᠠᠩ ᠪᠠᠯᠭᠠᠰᠤ ᠠᠴᠠ ᠲᠣᠳᠣᠷᠬᠠᠶ  ᠳᠣᠬᠳᠠᠭᠠᠵᠤ᠂ ᠵᠡᠭᠡᠯᠢ ᠭᠤᠳᠤᠮᠵᠢ ᠶᠢᠨ ᠴᠡᠭᠴᠡᠯᠡᠨ ᠵᠠᠰᠠᠬᠤ ᠠᠵᠢᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ  ᠡᠭᠦᠷᠭᠡᠯᠡᠵᠤ ᠲᠤᠰᠬᠠᠶ ᠴᠡᠭᠴᠡᠯᠡᠨ ᠵᠠᠰᠠᠬᠤ ᠲᠣᠬᠢᠷᠠᠭᠤᠯᠤᠯᠲᠠ ᠶᠢᠨ ᠬᠤᠷᠠᠯ ᠢ ᠣᠯᠠᠨ ᠤᠳᠠᠭ᠎ᠠ ᠬᠤᠷᠠᠯᠳᠤᠭᠤᠯᠪᠠ  ᠃ ᠤᠤᠯ ᠤᠨ ᠵᠢᠬᠰᠠᠭᠠᠨ ᠪᠠᠶᠢᠴᠠᠭᠠᠬᠰᠠᠨ ᠲᠤᠭ᠎ᠠ ᠪᠠᠷᠢᠮᠲᠠ ᠶᠢᠨ ᠰᠠᠭᠤᠷᠢᠨ ᠳᠡᠭᠡᠷ᠎ᠡ᠂ ᠬᠠᠷᠢᠶ᠎ᠠ ᠣᠷᠣᠨ ᠤ ᠳᠣᠲᠣᠷᠠᠬᠢ ︽ᠭᠤᠷᠪᠠᠨ ᠳᠠᠭᠠᠤ ᠳᠣᠯᠣᠭᠠᠨ ᠲᠣᠭᠤᠷᠢᠭ︾ ᠤᠨ ᠲᠣᠭᠲᠠᠭᠠᠯ ᠠᠴᠠ ᠵᠥᠷᠢᠴᠡᠨ ᠪᠠᠶᠢᠭᠤᠯᠤᠭᠰᠠᠨ ᠣᠩᠭᠤᠨ ᠤ ᠭᠠᠵᠠᠷ ᠢ  ᠵᠢᠬᠰᠠᠭᠠᠨ  ᠪᠠᠶᠢᠴᠠᠭᠠᠬᠤ ᠠᠵᠢᠯᠯᠠᠭ᠎ᠠ ᠶᠢ ᠤᠯᠠᠮ ᠨᠢᠭᠡ ᠠᠯᠬᠤᠮ  ᠦᠷᠨᠢᠭᠦᠯᠦᠨ᠎ᠠ᠃        ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠣᠯᠠᠨ ᠲᠦᠮᠡᠨ ᠤ ᠣᠶᠢᠯᠠᠭᠠᠵᠤ ᠮᠡᠳᠡᠬᠦ ᠨᠣᠷᠮ᠎ᠠ ᠶᠢ ᠳᠡᠭᠡᠭᠰᠢᠯᠡᠭᠦᠯᠪᠡ᠃        ᠪᠠᠭᠠᠷᠢᠨ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ᠂ ᠪᠠᠭᠠᠷᠢᠨ ᠵᠡᠭᠦᠨ ᠬᠤᠰᠢᠭᠤᠨ ᠤ ᠠᠷᠠᠳ ᠤᠨ ᠶᠠᠪᠤᠳᠠᠯ᠂ ᠪᠠᠭᠠᠷᠢᠨ ᠵᠡᠭᠦᠨ ᠬᠤᠰᠢᠭᠤᠨ ᠤ ᠰᠣᠨᠢᠨ ᠮᠡᠳᠡᠭᠡᠨ ᠤ ᠸᠢᠴᠠᠲ ᠤᠨ ᠨᠡᠶᠢᠲᠡ ᠶᠢᠨ ᠳ᠋ᠤᠭᠠᠷ᠂  ᠪᠠᠭᠠᠷᠢᠨ ᠵᠡᠭᠦᠨ ᠬᠤᠰᠢᠭᠤᠨ ᠤ ᠬᠡᠷᠡᠭᠯᠡᠭᠴᠢ ᠳᠤ ᠠᠯᠪᠠᠨ ᠵᠠᠷ ᠨᠡᠶᠢᠲᠡᠯᠡᠬᠦ᠂ ᠤᠷᠢᠶ᠎ᠠ ᠯᠣᠽᠦ᠋ᠩ ᠡᠯᠭᠦᠬᠦ᠂ ᠤᠬᠠᠭᠤᠯᠭ᠎ᠠ ᠶᠢᠨ ᠬᠠᠭᠤᠳᠠᠰᠤ ᠶᠢ ᠳᠠᠷᠤᠮᠠᠯᠯᠠᠨ ᠲᠠᠷᠬᠠᠭᠠᠬᠤ᠂ ᠤᠬᠠᠭᠤᠯᠭ᠎ᠠ ᠶᠢᠨ ᠤᠭᠤᠲᠠ ᠲᠠᠷᠬᠠᠭᠠᠬᠤ ᠵᠡᠷᠭᠡ ᠬᠡᠯᠪᠡᠷᠢ ᠪᠠᠷ ᠪᠥᠬᠦ ᠲᠠᠯ᠎ᠠ ᠪᠠᠷ᠂ ᠣᠯᠠᠨ ᠳᠠᠪᠬᠤᠷᠭ᠎ᠠ ᠪᠠᠷ ᠤᠬᠠᠭᠤᠯᠭ᠎ᠠ ᠬᠢᠵᠦ᠂ ᠣᠯᠠᠨ ᠲᠦᠮᠡᠨ ᠢ ᠢᠳᠡᠪᠬᠢᠲᠡᠶ ᠬᠥᠲᠥᠯᠦᠨ ᠵᠢᠯᠣᠭᠤᠳᠴᠤ ᠪᠠᠶᠢᠭᠠᠳ ᠪᠣᠯᠪᠠᠰᠤᠨ ᠣᠷᠣᠰᠢᠭᠤᠯᠭ᠎ᠠ ᠶᠢᠨ ᠠᠵᠢᠯ ᠳᠤ ᠣᠷᠣᠯᠴᠠᠭᠤᠯᠵᠤ᠂ ᠪᠥᠬᠦ ᠬᠤᠰᠢᠭᠤᠨ ᠳᠤ ᠪᠣᠯᠪᠠᠰᠤᠨ ᠣᠷᠣᠰᠢᠭᠤᠯᠭ᠎ᠠ ᠶᠢᠨ ᠠᠵᠢᠯ ᠢ ᠬᠠᠯᠠᠮᠵᠢᠯᠠᠨ ᠳᠡᠮᠵᠢᠬᠦ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠣᠶ ᠪᠣᠯᠭᠠᠪᠠ᠃         ᠠᠷᠠᠳ ᠲᠤ ᠠᠰᠢᠭ ᠬᠦᠷᠲᠡᠭᠡᠬᠦ ᠣᠷᠣᠰᠢᠭᠤᠯᠭ᠎ᠠ ᠶᠢ ᠪᠣᠳᠠᠲᠠᠶ ᠠᠳᠬᠤᠵᠤ᠂ ᠬᠠᠪᠰᠤᠷᠤᠨ ᠠᠬᠢᠭᠤᠯᠬᠤ ᠠᠵᠢᠯ ᠤᠨ ᠪᠣᠳᠠᠲᠤ ᠦᠷ᠎ᠡ ᠪᠦᠲᠦᠮᠵᠢ ᠶᠢ  ᠠᠬᠢᠭᠤᠯᠪᠠ᠃        ︽︿ᠪᠠᠭᠠᠷᠢᠨ ᠵᠡᠭᠦᠨ ᠬᠤᠰᠢᠭᠤᠨ ᠤ ᠪᠣᠯᠪᠠᠰᠤᠨ ᠣᠷᠣᠰᠢᠭᠤᠯᠭ᠎ᠠ ᠶᠢᠨ ᠠᠵᠢᠯ ᠢ ᠠᠬᠢᠭᠤᠯᠬᠤ ᠬᠡᠷᠡᠭᠵᠢᠭᠦᠯᠬᠦ ᠲᠥᠰᠦᠯ﹀ ᠢ ᠳᠠᠷᠤᠮᠠᠯᠯᠠᠨ ᠲᠠᠷᠬᠠᠭᠠᠬᠤ ᠲᠤᠬᠠᠶ ᠪᠠᠭᠠᠷᠢᠨ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ ︽ᠤᠯᠠᠭᠠᠨᠬᠠᠳᠠ ᠬᠤᠲᠠ ᠶᠢᠨ ᠠᠷᠠᠳ ᠲᠤ ᠠᠰᠢᠭ ᠬᠦᠷᠲᠡᠭᠡᠬᠦ ᠣᠷᠣᠰᠢᠭᠤᠯᠭ᠎ᠠ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠲᠥᠰᠦᠯ︾ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠷᠠᠳ ᠤᠨ ᠶᠠᠪᠤᠳᠠᠯ ᠤᠨ ᠭᠤᠤᠯᠳᠠᠯᠭ᠎ᠠ ᠲᠠᠢ ᠠᠪᠤᠷᠠᠨ ᠲᠤᠰᠠᠯᠠᠬᠤ ᠡᠲᠡᠭᠡᠳ ᠤᠨ ᠦᠨᠳᠦᠰᠦᠨ ᠣᠷᠣᠰᠢᠭᠤᠯᠭ᠎ᠠ ᠶᠢᠨ ᠦᠢᠯᠡᠴᠢᠯᠡᠭᠡᠨ ᠤ ᠲᠥᠷᠥᠯ  ᠵᠦᠢᠯ ᠤᠨ ᠵᠠᠷᠤᠳᠠᠯ ᠢ ᠭᠡᠯᠳᠦᠷᠢᠭᠦᠯᠦᠭᠰᠡᠨ ᠰᠠᠭᠤᠷᠢᠨ ᠳᠡᠭᠡᠷ᠎ᠡ᠂ ᠲᠥᠷᠥ ᠶᠢᠨ ᠪᠣᠳᠣᠯᠭ᠎ᠠ ᠶᠢ ᠪᠠᠭᠠᠷᠢᠨ ᠵᠡᠭᠦᠨ ᠬᠤᠰᠢᠭᠤᠨ ᠤ ᠪᠠᠶᠢᠩᠭᠤ ᠰᠠᠭᠤᠭ᠎ᠠ ᠡᠷᠦᠬᠡ ᠠᠮᠠ ᠶᠢᠨ ᠲᠠᠩᠰᠠ ᠲᠠᠢ  ᠨᠠᠰᠦ ᠪᠠᠷᠠᠬᠰᠠᠨ ᠬᠥᠮᠦᠰ  ᠢ ᠪᠦᠬᠦᠨ ᠶᠢ ᠪᠦᠷᠬᠦᠬᠦᠯᠪᠡ᠃ 2020 ᠣᠨ ᠠᠴᠠ ᠪᠠᠭᠠᠷᠢᠨ ᠵᠡᠭᠦᠨ ᠬᠤᠰᠢᠭᠤᠨ ᠤ ᠪᠠᠶᠢᠩᠭᠤ ᠰᠠᠭᠤᠭ᠎ᠠ ᠡᠷᠦᠬᠡ ᠠᠮᠠ ᠲᠠᠢ ᠰᠠᠭᠤᠭᠠᠯᠢ ᠠᠷᠠᠳ ᠤᠨ  ᠨᠠᠰᠦ ᠪᠠᠷᠠᠬᠰᠠᠨ ᠤ ᠳᠠᠷᠠᠭᠠᠬᠢ ᠴᠢᠨᠳᠠᠷ ᠢ ᠳᠡᠭᠳᠡᠭᠡᠭᠰᠡᠨ ᠦᠨᠳᠦᠰᠦᠨ ᠣᠷᠣᠰᠢᠭᠤᠯᠭ᠎ᠠ ᠶᠢᠨ  ᠦᠢᠯᠡᠴᠢᠯᠡᠭᠡᠨ ᠤ ᠵᠠᠷᠤᠳᠠᠯ ᠢ ᠪᠦᠬᠦᠨ ᠢ ᠬᠡᠯᠳᠦᠷᠡᠭᠦᠯᠪᠡ᠃ ᠭᠠᠵᠠᠷ ᠠᠷᠪᠢᠯᠠᠵᠤ ᠠᠮᠢ ᠠᠬᠤᠶ ᠪᠠᠷ ᠣᠷᠣᠰᠢᠭᠤᠯᠬᠤ ᠠᠷᠭ᠎ᠠ ᠶᠢ ᠨᠢᠭᠡ ᠯᠡ ᠤᠳᠠᠭ᠎ᠠ ᠳᠡᠭᠡᠷ᠎ᠡ ᠱᠠᠩᠨᠠᠬᠤ ᠪᠠᠷᠢᠮᠵᠢᠶ᠎ᠠ ᠶᠢ 500 ᠲᠥᠭᠦᠷᠢᠭ ᠪᠠᠶᠢᠭᠰᠠᠨ ᠠᠴᠠ 2500 ᠲᠥᠭᠦᠷᠢᠭ ᠪᠣᠯᠭᠠᠨ ᠳᠡᠭᠡᠭᠰᠢᠯᠡᠭᠦᠯᠵᠡᠢ᠃        ᠲᠠᠷᠠᠭᠠᠴᠢ ᠶᠢᠨ ᠠᠯᠬᠤᠮ ᠳᠤ᠂ ᠪᠠᠭᠠᠷᠢᠨ ᠵᠡᠭᠦᠨ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠨᠢ ᠦᠷᠭᠦᠯᠵᠢᠯᠡᠨ ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠰᠢᠨ᠎ᠡ ᠴᠠᠭ ᠦᠶ᠎ᠡ ᠶᠢᠨ ᠠᠷᠠᠳ ᠤᠨ ᠶᠠᠪᠤᠳᠠᠯ ᠤᠨ ᠠᠵᠢᠯ ᠤᠨ ᠨᠢᠭᠡᠨ ᠴᠢᠬᠤᠯᠠ ᠠᠭᠤᠯᠭ᠎ᠠ ᠪᠣᠯᠭᠠᠵᠤ᠂ ᠵᠠᠩ ᠳᠠᠳᠬᠠᠯ ᠢ ᠥᠭᠡᠷᠡᠴᠢᠯᠡᠬᠦ᠂ ᠪᠣᠯᠪᠠᠰᠤᠨ ᠰᠢᠨ᠎ᠡ ᠰᠤᠷᠲᠠᠯ ᠢ ᠰᠠᠨᠠᠭᠠᠴᠢᠯᠠᠬᠤ ᠵᠢᠴᠢ ᠭᠠᠵᠠᠷ ᠠᠷᠪᠢᠯᠠᠬᠤ ᠠᠮᠢ ᠠᠬᠤᠶᠢᠴᠢ ᠣᠷᠣᠰᠢᠭᠤᠯᠭ᠎ᠠ ᠶᠢᠨ ᠠᠷᠭ᠎ᠠ ᠵᠡᠷᠭᠡ ᠶᠢ ᠦᠷᠭᠦᠯᠵᠢᠯᠡᠨ ᠤᠬᠠᠭᠤᠯᠵᠤ᠂ ᠣᠯᠠᠨ ᠲᠦᠮᠡᠨ ᠢ ᠰᠤᠷᠭᠠᠨ ᠬᠥᠮᠦᠵᠢᠭᠦᠯᠵᠦ ᠬᠥᠲᠥᠯᠥᠨ ᠵᠢᠯᠣᠭᠤᠳᠬᠤ ᠠᠵᠢᠯ ᠢ ᠬᠦᠯᠢᠴᠡᠩᠭᠦᠶ ᠨᠠᠷᠢᠨ ᠨᠢᠮᠪᠠᠶ ᠰᠠᠶᠢᠲᠤᠷ ᠬᠢᠬᠦ ᠶᠢᠨ ᠬᠠᠮᠲᠤ᠂ ᠠᠷᠠᠳ ᠤᠨ ᠶᠠᠪᠤᠳᠠᠯ ᠤᠨ ᠰᠢᠰᠲ᠋ᠧᠮ ᠤᠨ ᠨᠠᠮ ᠤᠨ ᠭᠡᠰᠢᠭᠦᠨ ᠺᠠᠳ᠋ᠷᠴᠤᠳ ᠲᠦᠷᠦᠭᠦᠯᠡᠨ ᠰᠠᠨᠠᠭᠠᠴᠢᠯᠠᠭ᠎ᠠ ᠠᠴᠠ ᠪᠠᠨ ᠣᠩᠭᠤᠨ ᠢ ᠨᠡᠭᠦᠯᠭᠡᠨ ᠰᠢᠯᠵᠢᠭᠦᠯᠵᠦ᠂ ᠭᠠᠵᠠᠷ ᠠᠷᠪᠢᠯᠠᠬᠤ ᠠᠮᠢ  ᠠᠬᠤᠶᠢᠴᠢ ᠣᠷᠣᠰᠢᠭᠤᠯᠭ᠎ᠠ ᠶᠢ ᠲᠦᠷᠦᠭᠦᠯᠡᠨ ᠬᠢᠵᠦ᠂ ᠣᠷᠣᠰᠢᠭᠤᠯᠭ᠎ᠠ ᠶᠢ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢ ᠥᠷᠭᠡᠳᠬᠡᠬᠦ ᠳᠤ ᠲᠦᠷᠦᠭᠦᠯᠡᠨ ᠣᠷᠣᠯᠴᠠᠵᠤ᠂ ᠡᠶ᠎ᠡ ᠵᠣᠬᠢᠴᠠᠯ ᠲᠠᠢ ᠨᠡᠶᠢᠭᠡᠮ ᠢ ᠪᠠᠶᠢᠭᠤᠯᠬᠤ ᠳᠤ ᠨᠠᠩ ᠶᠡᠭᠡ ᠬᠤᠪᠢ ᠨᠡᠮᠡᠷᠢ ᠦᠵᠡᠭᠦᠯᠦᠨ᠎ᠡ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号