ᠬᠤᠸᠠᠵᠢᠯᠠᠭ᠎ᠠ ᠰᠢᠶᠠᠩ ᠠᠶᠤᠯᠭᠦᠶ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2022/8/18
       8 ᠰᠠᠷ᠎ᠠ ᠶᠢᠨ 16 ᠤ ᠡᠳᠦᠷ᠂ ᠬᠤᠸᠠᠵᠢᠯᠠᠭ᠎ᠠ ᠰᠢᠶᠠᠩ ᠤᠨ ᠠᠶᠤᠯᠭᠦᠶ  ᠦᠢᠯᠡᠳᠪᠦᠷᠢᠯᠡᠯ ᠤᠨ ᠬᠢᠨᠠᠯᠲᠠ ᠲᠠᠯᠪᠢᠬᠤ ᠥᠷᠲᠡᠭᠡ᠂ ᠲᠣᠮᠢᠯᠠᠭᠰᠠᠨ ᠰᠠᠯᠪᠤᠷᠢ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠯᠪᠠᠨ ᠬᠡᠷ ᠵᠢᠴᠢ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠬᠠᠮᠲᠤᠷᠠᠨ ᠲᠤᠰᠬᠠᠶ ᠪᠠᠶᠢᠴᠠᠭᠠᠬᠤ ᠳᠤᠭᠤᠶᠢᠯᠠᠩ ᠪᠠᠶᠢᠭᠤᠯᠵᠤ᠂  ᠳᠣᠰ ᠰᠢᠶᠠᠩ ᠤᠨ ᠲᠥᠷᠥᠯ ᠵᠦᠢᠯ ᠤᠨ ᠪᠠᠷᠢᠯᠭ᠎ᠠ ᠶᠢᠨ ᠲᠤᠬᠠᠶ ᠶᠢᠨ ᠲᠠᠯᠠᠪᠠᠶ ᠵᠢᠴᠢ ᠬᠡᠰᠡᠭ ᠠᠵᠤ ᠠᠬᠤᠶᠢᠯᠠᠯ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠶᠤᠯᠭᠦᠶ  ᠦᠢᠯᠡᠳᠪᠦᠷᠢᠯᠡᠯ ᠤᠨ ᠠᠵᠢᠯ ᠤᠨ ᠳᠣᠬᠠᠢ ᠲᠤᠰᠬᠠᠶ ᠪᠠᠶᠢᠴᠠᠭᠠᠯᠲᠠ ᠬᠢᠪᠠ᠃        ᠪᠠᠶᠢᠴᠠᠭᠠᠬᠤ ᠳᠤᠭᠤᠶᠢᠯᠠᠩ ᠲᠤᠬᠠᠶ ᠶᠢᠨ ᠭᠠᠵᠠᠷ ᠲᠤ ᠬᠦᠷᠴᠦ ᠪᠠᠶᠢᠴᠠᠭᠠᠯᠲᠠ ᠬᠢᠬᠦ ᠪᠠᠷ ᠳᠡᠮᠵᠢᠨ᠂ ᠤᠷᠢᠳ ᠬᠤᠵᠢᠳ ᠮᠢᠬᠠᠨ ᠤ ᠦᠬᠡᠷ ᠲᠡᠵᠢᠭᠡᠨ ᠦᠷᠡᠵᠢᠭᠦᠯᠬᠦ ᠲᠠᠯᠠᠪᠠᠶ ᠶᠢᠨ ᠬᠤᠶᠠᠳᠤᠭᠠᠷ ᠬᠤᠭᠤᠴᠠᠭᠠᠨ ᠤ ᠪᠠᠷᠢᠯᠭ᠎ᠠ ᠶᠢᠨ ᠠᠬᠤᠶ ᠲᠠᠯᠠᠪᠠᠶ᠂ ᠡᠷᠳᠡᠨᠢ ᠰᠢᠰᠢ ᠶᠢᠨ ᠢᠯᠲᠠᠰᠤ ᠳᠠᠷᠤᠰᠢᠭᠤᠯᠬᠤ  ᠦᠢᠯᠡᠳᠪᠦᠷᠢ ᠶᠢᠨ ᠪᠠᠷᠢᠯᠭ᠎ᠠ ᠶᠢᠨ ᠠᠬᠤᠶ ᠲᠠᠯᠠᠪᠠᠶ᠂  ᠰᠧᠨ ᠷᠦᠨ ᠠᠮᠢᠳᠤ ᠪᠣᠳᠠᠰ ᠤᠨ ᠮᠥᠬᠦᠯᠢᠭ ᠤᠨ ᠦᠢᠯᠡᠳᠪᠦᠷᠢ᠂ ᠮᠢᠩ ᠢᠦᠶ ᠢᠳᠡᠭᠡᠨ ᠤᠮᠳᠠᠭᠠᠨ ᠤ ᠳᠡᠯᠭᠡᠭᠦᠷ᠂ ᠬᠡᠷ ᠤᠨ ᠳᠠᠶᠢᠯᠠᠯᠭ᠎ᠠ ᠵᠢᠵᠢᠭ ᠲᠣᠭᠤᠭᠠᠨ ᠬᠡᠷ ᠤᠨ ᠢᠳᠡᠭᠡᠨ ᠤᠮᠳᠠᠭᠠᠨ ᠤ ᠳᠡᠯᠭᠡᠭᠦᠷ ᠲᠤ ᠬᠦᠷᠴᠦ ᠵᠢᠭᠠᠨ ᠵᠢᠯᠣᠭᠤᠳᠴᠤ ᠪᠠᠶᠢᠴᠠᠭᠠᠪᠠ᠃ ᠪᠠᠶᠢᠴᠠᠭᠠᠬᠤ ᠳᠤᠭᠤᠶᠢᠯᠠᠩ ᠤᠨ ᠬᠢᠨ ᠲᠤᠬᠠᠶ ᠶᠢᠨ ᠲᠠᠯᠠᠪᠠᠶ ᠶᠢᠨ ᠬᠥᠮᠦᠰ ᠲᠠᠢ ᠨᠠᠷᠢᠨ ᠶᠠᠷᠢᠯᠴᠠᠵᠤ᠂ ᠡᠯ᠎ᠡ ᠪᠠᠷᠢᠯᠭ᠎ᠠ ᠶᠢᠨ ᠲᠥᠷᠥᠯ ᠵᠦᠢᠯ᠂ ᠡᠯ᠎ᠡ ᠠᠵᠤ ᠠᠬᠤᠶᠢᠯᠠᠯ ᠤᠨ ᠠᠶᠤᠯᠭᠦᠶ ᠦᠶ᠋ᠯᠡᠳᠪᠦᠷᠢᠯᠡᠯ ᠤᠨ ᠠᠵᠢᠯ ᠤᠨ ᠪᠠᠶᠢᠳᠠᠯ ᠢ ᠭᠦᠨᠵᠡᠭᠡᠶ ᠣᠶᠢᠯᠠᠭᠠᠬᠤ ᠶᠢᠨ ᠬᠠᠮᠲᠤ ᠠᠶᠤᠯᠭᠦᠶ ᠦᠢᠯᠡᠳᠪᠦᠷᠢᠯᠡᠯ ᠤᠨ ᠪᠠᠷᠢᠮᠵᠢᠶᠠᠵᠢᠭᠤᠯᠤᠯᠲᠠ ᠶᠢᠨ ᠦᠨᠳᠦᠰᠦᠨ ᠵᠢᠷᠤᠮᠵᠢᠯ ᠵᠢᠴᠢ ᠠᠵᠢᠯ ᠲᠥᠷᠥᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠨᠠᠷᠢᠨ ᠪᠠᠶᠢᠴᠠᠭᠠᠵᠤ᠂ ᠲᠤᠬᠠᠶ ᠶᠢᠨ ᠲᠠᠯᠠᠪᠠᠶ ᠳᠤ ᠣᠷᠣᠰᠢᠵᠤ ᠪᠠᠶᠢᠭ᠎ᠠ ᠠᠰᠠᠭᠤᠳᠠᠯ ᠢ ᠵᠢᠭᠠᠨ ᠭᠠᠷᠭᠠᠵᠤ᠂ ᠪᠣᠳᠠᠲᠠᠶ ᠱᠠᠭᠠᠷᠳᠠᠯᠭ᠎ᠠ ᠳᠤᠷᠠᠳᠴᠠᠶ᠃        ᠬᠤᠸᠠᠵᠢᠯᠠᠭ᠎ᠠ ᠰᠢᠶᠠᠩ ᠤᠨ ᠬᠢᠨ ᠡᠨᠡ ᠤᠳᠠᠭ᠎ᠠ ᠶᠢᠨ ᠪᠠᠶᠢᠴᠠᠭᠠᠯᠲᠠ ᠪᠠᠷ ᠲᠣᠬᠢᠶᠠᠯ ᠪᠣᠯᠭᠠᠵᠤ᠂ ᠠᠶᠤᠯᠭᠦᠢ ᠦᠢᠯᠡᠳᠪᠦᠷᠢᠯᠡᠯ ᠢ ᠱᠠᠯᠠᠪᠳᠠᠭᠤᠯᠤᠨ ᠵᠢᠯᠣᠭᠤᠳᠬᠤ ᠬᠢᠨᠠᠨ ᠪᠠᠶᠢᠴᠠᠭᠠᠬᠤ ᠪᠠ ᠬᠢᠨᠠᠨ ᠰᠢᠯᠭᠠᠬᠤ ᠲᠣᠭᠲᠠᠴᠠ ᠶᠢ ᠤᠯᠠᠮ ᠴᠢᠨᠠᠭᠰᠢᠳᠠ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠪᠠᠴᠢᠮ ᠪᠠᠶᠢᠳᠠᠯ ᠢ ᠠᠷᠭᠠᠴᠠᠭᠠᠬᠤ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠴᠢᠳᠠᠪᠤᠷᠢ ᠪᠣᠯᠤᠨ ᠲᠣᠭᠲᠠᠴᠠ ᠶᠢ ᠲᠠᠰᠤᠷᠠᠯᠲᠠ ᠦᠭᠡᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠦᠨᠳᠦ ᠶᠡᠭᠡ ᠠᠮᠤᠷ ᠲᠦᠪᠰᠢᠨ ᠤ ᠠᠶᠤᠯ ᠲᠦᠭᠰᠢᠭᠦᠷᠢ ᠶᠢ ᠡᠷᠡᠰ ᠰᠡᠷᠭᠡᠶᠢᠯᠡᠨ ᠠᠷᠢᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠳᠤ ᠰᠠᠶᠢᠨ ᠰᠠᠶᠢᠬᠠᠨ ᠠᠮᠤᠷ ᠲᠦᠪᠰᠢᠨ ᠤ ᠣᠷᠴᠢᠨ ᠲᠣᠭᠤᠷᠢᠨ ᠢ ᠪᠤᠢ ᠪᠣᠯᠭᠠᠵᠤ ᠦᠩᠭᠦᠭᠰᠡᠨ ᠪᠠᠶᠢᠨ᠎ᠠ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号