ᠪᠡᠭᠡᠵᠢᠩ ᠬᠤᠳᠠ ᠶᠢᠨ ᠱᠦᠨ ᠢ ᠲᠣᠭᠤᠷᠢᠭ ᠤᠨ ᠬᠠᠪᠰᠤᠷᠤᠨ ᠲᠡᠳᠬᠦᠬᠦ ᠠᠵᠤ ᠠᠬᠤᠶᠢᠯᠠᠯ ᠠᠷᠪᠠᠨ ᠭᠤᠷᠪᠠᠨ ᠤᠪᠤᠭ᠎ᠠ ᠪᠠᠯᠭᠠᠰᠤᠨ ᠤ ᠤᠳᠠ ᠲᠣᠰᠬᠤᠨ ᠳᠤ ᠭᠦᠨᠵᠡᠭᠡᠶᠢᠷᠡᠨ ᠬᠤᠯᠪᠤᠭᠠᠯᠠᠬᠰᠠᠨ ᠠᠵᠢᠯᠯᠠᠭᠠᠨ ᠥᠷᠨᠢᠭᠦᠯᠪᠡ
ᠨᠡᠶᠢᠲᠡᠯᠡᠭᠰᠡᠨ ᠴᠠᠭ᠄
2022/8/19
     ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠴᠢᠨᠠᠭᠰᠢᠳᠠ ᠪᠠᠬᠢᠵᠢᠭᠦᠯᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠢ ᠢᠳᠡᠪᠬᠢᠲᠡᠢ ᠬᠦᠳᠦᠯᠥᠨ ᠳᠠᠭᠠᠭᠤᠯᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠶᠢᠨ ᠲᠥᠯᠥᠭᠡ᠂ ᠤᠢᠢᠷ᠎ᠠ ᠶᠢᠨ ᠡᠳᠦᠷ᠂ ᠪᠡᠭᠡᠵᠢᠩ ᠬᠤᠳᠠ ᠶᠢᠨ ᠱᠦᠨ ᠢ ᠲᠣᠭᠤᠷᠢᠭ ᠤᠨ ᠪᠸᠢ ᠡᠤ ᠪᠠᠯᠭᠠᠰᠤᠨ ᠤ ᠨᠠᠮ ᠤᠨ ᠬᠤᠷᠢᠶᠠᠨ ᠤ ᠭᠡᠰᠢᠭᠦᠨ᠂ ᠨᠠᠮ ᠤᠨ ᠬᠤᠷᠢᠶᠠᠨ ᠤ ᠳᠡᠳ᠋ ᠱᠦᠵᠢ ᠯᠢ ᠴᠠᠩ ᠯᠢᠶᠠᠩ᠂ ᠪᠡᠭᠡᠵᠢᠩ ᠤᠨ ᠹᠦ᠋ ᠱᠢ ᠲᠧ ᠭᠦᠸᠧᠯᠦ ᠶᠢᠨ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠯᠢ ᠪᠢᠩ ᠰᠢ ᠠᠷᠪᠠᠨ ᠭᠤᠷᠪᠠᠨ ᠤᠪᠤᠭ᠎ᠠ ᠪᠠᠯᠭᠠᠰᠤᠨ ᠤ ᠤᠳᠠ ᠲᠣᠰᠬᠤᠨ ᠳᠤ ᠭᠦᠨᠵᠡᠭᠡᠶᠢᠷᠡᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠠᠪᠰᠤᠷᠤᠨ ᠲᠡᠳᠬᠦᠬᠦ ᠭᠤᠣᠯᠳᠠᠯᠭ᠎ᠠ ᠲᠠᠢ ᠲᠣᠰᠬᠤᠨ  ᠳᠤ ᠭᠦᠨᠵᠡᠭᠡᠶᠢᠷᠡᠵᠤ ᠬᠤᠯᠪᠣᠭᠠᠯᠠᠬᠰᠠᠨ ᠠᠵᠢᠯᠯᠠᠭᠠᠨ ᠥᠷᠨᠢᠭᠦᠯᠵᠦ᠂  ᠤᠳᠠ ᠲᠣᠰᠬᠤᠨ ᠤ ᠲᠠᠷᠢᠵᠤ ᠲᠡᠵᠢᠭᠡᠬᠦ ᠲᠤᠮᠤ ᠡᠷᠦᠭᠡ  ᠶᠢᠨ ᠲᠤᠬᠠᠢ ᠶᠢᠨ ᠭᠠᠵᠠᠷ ᠲᠤᠨᠢ ᠬᠦᠷᠴᠦ᠂ ᠡᠷᠳᠡᠨᠢ ᠰᠢᠰᠢ ᠲᠠᠷᠢᠬᠤ᠂ ᠦᠬᠡᠷ ᠤᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠵᠡᠷᠭᠡ  ᠶᠢ ᠪᠠᠶᠢᠴᠠᠭᠠᠨ ᠦᠵᠡᠪᠡ᠃ ᠹᠧᠩ ᠬᠤᠸᠠ ᠱᠦᠭᠦᠷ ᠪᠦᠲᠦᠭᠡᠭᠳᠡᠬᠦᠨ ᠤ ᠬᠢᠵᠠᠭᠠᠷᠲᠤ ᠺᠣᠮᠫᠠᠨᠢ ᠳᠤ ᠬᠦᠷᠴᠦ ᠱᠦᠭᠦᠷ ᠴᠢᠬᠢ ᠶᠢᠨ ᠭᠠᠷ ᠤᠷᠠᠯᠠᠯ ᠤᠨ ᠪᠦᠲᠦᠭᠡᠭᠳᠡᠬᠦᠨ ᠤ ᠦᠵᠡᠭᠦᠯᠭᠡ ᠶᠢᠨ ᠲᠢᠩᠬᠢᠮ ᠢ ᠲᠣᠭᠤᠷᠢᠨ ᠦᠵᠡᠵᠦ᠂ ᠠᠷᠪᠠᠨ ᠭᠤᠷᠪᠠᠨ ᠣᠪᠣᠭ᠎ᠠ ᠪᠠᠯᠭᠠᠰᠤᠨ ᠤ ᠱᠦᠭᠦᠷ ᠴᠢᠬᠢ ᠶᠢᠨ ᠠᠵᠤ  ᠦᠢᠯᠡᠰ ᠤᠨ ᠬᠥᠭᠵᠢᠯᠲᠡ ᠶᠢᠨ ᠪᠠᠶᠢᠳᠠᠯ ᠢ ᠣᠶᠢᠯᠠᠭᠠᠪᠠ᠃
     ᠬᠤᠶᠠᠷ ᠲᠠᠯ᠎ᠠ ᠪᠠᠷ ᠢᠶᠠᠨ ᠤᠳᠠ ᠲᠣᠰᠬᠤᠨ ᠤ ᠠᠵᠤ  ᠦᠢᠯᠡᠰ ᠤᠨ ᠬᠥᠭᠵᠢᠯᠲᠡ ᠶᠢᠨ ᠲᠤᠬᠠᠶ ᠭᠦᠨᠵᠡᠭᠡᠶ ᠰᠣᠯᠢᠯᠴᠠᠨ ᠶᠠᠷᠢᠯᠴᠠᠵᠤ᠂ ᠪᠣᠯᠤᠮᠵᠢᠲᠤ ᠴᠢᠨᠠᠷᠲᠠᠶ ᠬᠥᠭᠵᠢᠯᠲᠡ ᠶᠢᠨ ᠰᠠᠨᠠᠯ ᠰᠠᠨᠠᠭᠤᠯᠭ᠎ᠠ ᠳᠤᠷᠠᠳᠤᠭᠰᠠᠨ ᠪᠥᠭᠡᠳ ᠬᠤᠶᠢᠰᠢᠳᠠ ᠲᠣᠰᠬᠤᠨ ᠤ ᠬᠠᠮᠲᠤ ᠶᠢᠨ ᠠᠵᠤ ᠠᠬᠤᠶ ᠶᠢᠨ ᠣᠷᠣᠯᠭ᠎ᠠ ᠶᠢ ᠨᠡᠮᠡᠭᠳᠡᠭᠦᠯᠬᠦ᠂ ᠲᠣᠰᠬᠤᠨ ᠤ ᠠᠵᠤ ᠦᠢᠯᠡᠰ ᠢ ᠲᠥᠯᠥᠪᠵᠢᠭᠦᠯᠬᠦ ᠵᠢᠴᠢ ᠲᠣᠰᠬᠤᠨ ᠤ ᠰᠠᠭᠤᠷᠢ ᠪᠥᠲᠥᠭᠡᠨ ᠪᠠᠶᠢᠭᠤᠯᠤᠯᠲᠠ ᠵᠡᠷᠭᠡ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠭᠤᠤᠯᠳᠠᠯᠭ᠎ᠠ ᠲᠠᠢ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠠᠵᠢᠯ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠪᠡ᠃ ᠤᠳ᠋ᠨ ᠲᠣᠰᠬᠤᠨ ᠪᠣᠯᠤᠨ ᠪᠡᠭᠡᠵᠢᠩ ᠤᠨ ᠹᠦ᠋ ᠱᠢ ᠲᠧ ᠭᠦᠸᠧᠯᠦ ᠶᠢᠨ ᠬᠢᠵᠠᠭᠠᠷᠲᠤ ᠺᠣᠮᠫᠠᠨᠢ ᠴᠤ ᠲᠤᠰ ᠤᠳᠠᠭ᠎ᠠ ᠶᠢᠨ  ᠬᠤᠯᠪᠣᠭᠠᠯᠠᠯ  ᠢᠶᠠᠷ ᠠᠵᠠ ᠲᠣᠬᠢᠶᠠᠯ ᠪᠣᠯᠭᠠᠵᠤ᠂ ᠲᠣᠰᠬᠤᠨ ᠪᠣᠯᠤᠨ ᠠᠵᠤ ᠠᠬᠤᠶᠢᠯᠠᠯ ᠤᠨ ᠠᠵᠢᠯ ᠣᠯᠭᠤᠯᠲᠠ᠂ ᠠᠵᠤ ᠦᠢᠯᠡᠰ ᠤᠨ ᠬᠥᠭᠵᠢᠯᠲᠡ᠂ ᠤᠯᠠᠨ ᠨᠡᠶᠢᠲᠡ ᠶᠢᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠵᠡᠷᠭᠡ ᠲᠠᠯ᠎ᠠ ᠪᠠᠷ ᠭᠦᠨᠵᠡᠭᠡᠢ ᠬᠠᠮᠲᠤᠷᠠᠯᠴᠠᠭ᠎ᠠ ᠬᠢᠬᠦ ᠶᠢ ᠠᠬᠢᠭᠤᠯᠬᠤ ᠪᠣᠯᠤᠨ᠎ᠠ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号