ᠪᠠᠭᠠᠷᠢᠨ ᠵᠡᠭᠦᠨ ᠬᠤᠰᠢᠭᠤᠨ ᠤ ︽ᠬᠤᠣᠰ ᠬᠡᠰᠡᠭ ᠤᠨ ᠳᠠᠷᠤᠭ᠎ᠠ︾ ᠵᠠᠮ ᠪᠠ ᠭᠠᠵᠠᠷ ᠣᠷᠣᠨ ᠤ ᠬᠠᠮᠲᠤᠷᠠᠭᠰᠠᠨ ᠠᠵᠢᠯ ᠤᠨ ᠬᠤᠷᠠᠯ
ᠨᠡᠶᠢᠲᠡᠯᠡᠭᠰᠡᠨ ᠴᠠᠭ᠄
2022/9/26
      9 ᠰᠠᠷ᠎ᠠ ᠶᠢᠨ 23 ᠤ ᠡᠳᠦᠷ‌‍ᠪᠠᠭᠠᠷᠢᠨ ᠵᠡᠭᠦᠨ ᠬᠤᠰᠢᠭᠤᠨ ᠤ ︽ᠬᠤᠣᠰ ᠬᠡᠰᠡᠭ ᠤᠨ ᠳᠠᠷᠤᠭ᠎ᠠ︾ ᠵᠠᠮ ᠪᠠ ᠭᠠᠵᠠᠷ ᠣᠷᠣᠨ ᠤ ᠬᠠᠮᠲᠤᠷᠠᠭᠰᠠᠨ ᠠᠵᠢᠯ ᠤᠨ ᠬᠤᠷᠠᠯ ᠬᠤᠷᠠᠯᠳᠤᠪᠠ᠃ ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠡᠩ ᠤᠨ ᠬᠤᠷᠳᠤᠴᠠᠲᠤ ᠲᠡᠮᠦᠷ ᠵᠠᠮ ᠤᠨ ᠣᠷᠴᠢᠨ ᠲᠣᠭᠤᠷᠢᠨ ᠤ ᠵᠠᠰᠠᠯᠲᠠ ᠶᠢᠨ ᠠᠵᠢᠯ ᠤᠨ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠵᠢᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠂ ᠤᠯᠠᠭᠠᠨᠬᠠᠳᠠ ᠬᠤᠲᠠ ᠶᠢᠨ ᠡᠩ ᠤᠨ ᠬᠤᠷᠳᠤᠴᠠᠲᠤ ᠲᠡᠮᠦᠷ ᠵᠠᠮ ᠤᠨ ᠠᠮᠤᠷ ᠲᠦᠪᠰᠢᠨ ᠤ ᠬᠡᠮ ᠰᠣᠭᠤᠭ ᠢ ᠵᠠᠰᠠᠬᠤ ᠠᠵᠢᠯ ᠤᠨ ᠬᠡᠷᠡᠭᠵᠢᠭᠦᠯᠬᠦ ᠲᠥᠰᠦᠯ ᠤᠨ ᠪᠣᠳᠠᠲᠠᠶ ᠱᠠᠭᠠᠷᠳᠠᠯᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠩ ᠤᠨ ᠬᠤᠷᠳᠤᠴᠠᠲᠤ ᠲᠡᠮᠦᠷ ᠵᠠᠮ ᠤᠨ ᠭᠠᠳᠠᠭᠠᠳᠤ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠯᠲᠠ ᠶᠢᠨ ᠠᠵᠢᠯ ᠢ ᠪᠥᠬᠦ ᠲᠠᠯ᠎ᠠ ᠪᠠᠷ ᠴᠢᠩᠭᠠᠳᠬᠠᠵᠤ᠂ ᠪᠠᠭᠠᠷᠢᠨ ᠵᠡᠭᠦᠨ ᠬᠤᠰᠢᠭᠤᠨ ᠤ ᠲᠡᠮᠦᠷ ᠵᠠᠮ ᠳᠠᠭᠠᠤ ᠶᠢᠨ ᠠᠮᠤᠷ ᠲᠦᠪᠰᠢᠨ ᠣᠷᠴᠢᠨ ᠲᠣᠭᠤᠷᠢᠨ ᠤ ᠬᠠᠮᠢᠶᠠᠷᠤᠯᠲᠠ ᠶᠢᠨ ︽ᠬᠤᠤᠰ ᠬᠡᠰᠡᠭ ᠤᠨ ᠳᠠᠷᠤᠭ᠎ᠠ︾ ᠶᠢᠨ ᠲᠦᠷᠢᠮ ᠤᠨ ᠠᠵᠢᠯ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠪᠦᠦ ᠱᠤᠸᠠᠩ ᠴᠢᠤᠸᠠᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠥᠪᠥᠷ ᠮᠣᠩᠭᠤᠯ ᠤᠨ ᠵᠢᠶ ᠲᠦᠩ ᠲᠡᠮᠦᠷ ᠵᠠᠮ ᠤᠨ ︵ᠪᠦᠯᠦᠭᠯᠡᠯ︶ ᠬᠢᠵᠠᠭᠠᠷᠲᠤ ᠺᠣᠮᠫᠠᠨᠢ ᠶᠢᠨ ᠳ᠋ᠠᠪᠠᠨ ᠶᠡᠷᠦᠩᠬᠡᠶᠢᠯᠡᠭᠰᠡᠨ ᠰᠡᠯᠪᠢᠨ ᠵᠠᠰᠠᠬᠤ ᠬᠡᠰᠡᠭ ᠤᠨ ᠳᠡᠳ᠋ ᠳᠠᠷᠤᠭ᠎ᠠ ᠯᠢ ᡁᠢ ᠵᠢᠶᠦ᠋ᠨ᠂ ᠥᠪᠥᠷ ᠮᠣᠩᠭᠤᠯ ᠤᠨ ᠵᠢᠶ ᠲᠦᠩ ᠲᠡᠮᠦᠷ ᠵᠠᠮ ᠤᠨ ︵ᠪᠦᠯᠦᠭᠯᠡᠯ︶ ᠬᠢᠵᠠᠭᠠᠷᠲᠤ ᠺᠣᠮᠫᠠᠨᠢ ᠶᠢᠨ ᠳ᠋ᠠᠪᠠᠨ ᠲᠡᠷᠭᠡᠨ ᠤ ᠶᠠᠪᠤᠳᠠᠯ ᠤᠨ ᠬᠡᠰᠡᠭ ᠤᠨ ᠳᠡᠳ᠋ ᠳᠠᠷᠤᠭ᠎ᠠ ᠯᠢ ᠳ᠋ᠦᠩ ᠬᠤᠷᠠᠯ ᠳᠤ ᠣᠷᠣᠯᠴᠠᠪᠠ᠃
            ᠪᠦᠦ ᠱᠤᠸᠠᠩ ᠴᠢᠤᠸᠠᠨ᠂ ᠪᠥᠬᠦ ᠬᠤᠰᠢᠭᠤ ᠪᠠᠷ ᠢᠶᠠᠨ ᠲᠡᠮᠦᠷ ᠵᠠᠮ ᠤᠨ ᠲᠡᠭᠡᠭᠡᠪᠦᠷᠢ ᠶᠢᠨ ᠠᠮᠤᠷ
ᠲᠦᠪᠰᠢᠨ ᠢ ᠪᠠᠲᠤᠯᠠᠬᠤ ᠴᠢᠬᠤᠯᠠ ᠴᠢᠨᠠᠷ ᠢ ᠭᠦᠢᠴᠡᠳ ᠲᠠᠨᠢᠵᠤ᠂ ᠣᠳᠣᠬᠠᠨ ᠤ ᠲᠡᠮᠦᠷ ᠵᠠᠮ ᠳᠠᠭᠠᠤ ᠶᠢᠨ ᠠᠮᠤᠷ ᠲᠦᠪᠰᠢᠨ ᠣᠷᠴᠢᠨ ᠲᠣᠭᠤᠷᠢᠨ ᠤ ᠵᠠᠰᠠᠯᠲᠠ ᠶᠢᠨ ᠠᠵᠢᠯ ᠳᠤ ᠲᠤᠯᠭᠠᠷᠠᠵᠤ ᠪᠠᠶᠢᠭ᠎ᠠ ᠬᠦᠨᠳᠦ ᠨᠣᠴᠢᠲᠠᠶ ᠪᠠᠶᠢᠳᠠᠯ ᠢ ᠲᠣᠳᠣᠷᠬᠠᠶ ᠲᠠᠨᠢᠵᠤ᠂ ᠲᠡᠮᠦᠷ ᠵᠠᠮ ᠤᠨ ᠬᠠᠮᠢᠶᠠᠷᠤᠯᠲᠠ ᠶᠢᠨ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠤᠨ ᠱᠠᠭᠠᠷᠳᠠᠯᠭ᠎ᠠ ᠶᠢ ᠰᠤᠷᠤᠯᠴᠠᠨ ᠡᠵᠡᠮᠰᠢᠵᠦ᠂ ︽ᠬᠤᠤᠰ ᠬᠡᠰᠡᠭ ᠤᠨ ᠳᠠᠷᠤᠭ᠎ᠠ︾ ᠶᠢᠨ ᠲᠦᠷᠢᠮ ᠤᠨ ᠠᠵᠢᠯ ᠤᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠵᠣᠭᠰᠣᠴᠠ ᠪᠠᠨ ᠳᠡᠭᠡᠭᠰᠢᠯᠡᠭᠦᠯᠵᠦ᠂ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠤ᠂ ᠲᠡᠮᠦᠷ ᠵᠠᠮ ᠳᠠᠭᠠᠤ ᠶᠢᠨ ᠠᠮᠤᠷ ᠲᠦᠪᠰᠢᠨ ᠣᠷᠴᠢᠨ ᠲᠣᠭᠤᠷᠢᠨ ᠤ ᠵᠠᠰᠠᠯᠲᠠ ᠶᠢᠨ ᠡᠭᠦᠷᠭᠡ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠬᠦ ᠬᠡᠷᠡᠭᠲᠡᠶ᠃ ᠵᠠᠮ ᠳᠠᠭᠠᠤ ᠶᠢᠨ ᠠᠮᠤᠷ ᠲᠦᠪᠰᠢᠨ ᠤ ᠬᠡᠮ ᠰᠣᠭᠤᠭ ᠢ ᠵᠠᠰᠠᠬᠤ᠂ ᠣᠨᠣᠴᠠᠲᠠᠶ ᠪᠠᠷ ᠵᠢᠭᠰᠠᠭᠠᠨ ᠪᠠᠶᠢᠴᠠᠭᠠᠬᠤ᠂ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠠᠮᠤᠷ ᠲᠦᠪᠰᠢᠨ ᠤ ᠬᠡᠮ ᠰᠣᠭᠤᠭ ᠢ ᠲᠣᠳᠣᠷᠬᠠᠶᠢᠯᠠᠨ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠲᠣᠭᠲᠠᠭᠠᠵᠤ᠂ ᠣᠲᠣ ᠪᠠᠶᠢᠭ᠎ᠠ ᠬᠡᠮ ᠰᠣᠭᠤᠭ ᠢ ᠬᠥᠳᠡᠯᠦᠩᠭᠦᠶ ᠪᠠᠷ ᠠᠷᠢᠯᠭᠠᠬᠤ ᠶᠢ ᠪᠡᠶᠡᠯᠡᠭᠦᠯᠬᠦ ᠬᠡᠷᠡᠭᠲᠡᠶ᠃ ᠶᠠᠷᠢᠶ᠎ᠠ ᠬᠡᠯᠡᠯᠴᠡᠭᠡᠨ ᠤ ᠤᠬᠠᠭᠤᠯᠭ᠎ᠠ ᠪᠠ ᠬᠠᠤᠯᠢ ᠲᠦᠭᠡᠮᠡᠯᠵᠢᠭᠦᠯᠬᠦ ᠬᠥᠮᠦᠵᠢᠯ ᠤᠨ ᠡᠷᠴᠢᠮ ᠢ ᠴᠢᠩᠭᠠᠳᠬᠠᠵᠤ᠂ ᠲᠡᠮᠦᠷ ᠵᠠᠮ ᠳᠠᠭᠠᠤ ᠶᠢᠨ ᠣᠯᠠᠨ ᠲᠦᠮᠡᠨ ᠤ ᠬᠠᠤᠯᠢ ᠰᠠᠬᠢᠯᠭ᠎ᠠ ᠶᠢ ᠵᠢᠷᠤᠮᠯᠠᠬᠤ᠂ ᠵᠠᠮ ᠢᠶᠠᠨ ᠬᠠᠶᠢᠷᠠᠯᠠᠵᠤ ᠵᠠᠮ ᠢᠶᠠᠨ ᠬᠠᠮᠠᠭᠠᠯᠠᠬᠤ ᠬᠠᠷᠢᠭᠤᠴᠠᠯᠭᠠᠲᠤ ᠤᠬᠠᠮᠰᠠᠷ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ᠃ ᠵᠠᠮ ᠳᠠᠭᠠᠤ ᠶᠢᠨ ᠡᠯ᠎ᠡ ᠰᠤᠮᠤ ᠰᠢᠶᠠᠩ ᠪᠠᠯᠭᠠᠰᠤ᠂ ᠬᠤᠰᠢᠭᠤᠨ ᠤ ᠰᠢᠭᠤᠳ ᠬᠠᠷᠢᠶ᠎ᠠ ᠬᠤᠯᠪᠣᠭᠳᠠᠯ ᠪᠥᠬᠦᠶ ᠨᠢᠭᠡᠴᠠ ᠬᠦᠴᠦ ᠪᠠᠨ ᠬᠠᠮᠲᠤᠳᠬᠠᠨ ᠬᠠᠮᠵᠢᠯᠴᠠᠨ ᠪᠠᠶᠢᠯᠳᠤᠵᠤ᠂ ︽ᠬᠤᠤᠰ ᠬᠡᠰᠡᠭ ᠤᠨ ᠳᠠᠷᠤᠭ᠎ᠠ︾ ᠶᠢᠨ ᠲᠦᠷᠢᠮ ᠤᠨ ᠠᠵᠢᠯ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠠᠷᠢᠶᠠᠯᠠᠯ ᠤᠨ ᠬᠡᠪᠴᠢᠶᠡᠨ ᠳᠠᠬᠢ ᠠᠮᠤᠷ ᠲᠦᠪᠰᠢᠨ ᠣᠷᠴᠢᠨ ᠲᠣᠭᠤᠷᠢᠨ ᠤ ᠬᠡᠮ ᠰᠣᠭᠤᠭ ᠢ ᠵᠠᠰᠠᠬᠤ ᠠᠵᠢᠯ ᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠬᠢᠵᠦ᠂ ᠭᠤᠤᠯᠳᠠᠯᠭ᠎ᠠ ᠲᠠᠢ ᠬᠦᠴᠢᠷ ᠠᠰᠠᠭᠤᠳᠠᠯ ᠢ ᠱᠠᠯᠠᠪᠳᠠᠭᠤᠯᠤᠨ  ᠭᠦᠢᠴᠡᠳᠬᠡᠬᠦ ᠪᠠᠨ ᠴᠢᠩᠭᠠᠳᠬᠠᠵᠤ᠂ ᠡᠯ᠎ᠡ ᠠᠵᠢᠯ ᠤᠨ ᠱᠠᠭᠠᠷᠳᠠᠯᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ ᠵᠡᠷᠭᠡ ᠪᠠᠷ ᠠᠳᠬᠤᠵᠤ ᠬᠠᠮᠲᠤ ᠪᠠᠷ ᠬᠠᠮᠢᠶᠠᠷᠬᠤ ᠵᠠᠰᠠᠯᠲᠠ ᠶᠢᠨ ᠪᠠᠶᠢᠳᠠᠯ ᠢ ᠴᠢᠷᠮᠠᠶᠢᠨ ᠪᠣᠶ ᠪᠣᠯᠭᠠᠬᠤ ᠬᠡᠷᠡᠭᠲᠡᠶ᠃      ᠯᠢ ᡁᠢ ᠵᠢᠶᠦ᠋ᠨ ︽ᠬᠤᠤᠰ ᠬᠡᠰᠡᠭ ᠤᠨ ᠳᠠᠷᠤᠭ᠎ᠠ︾ ᠶᠢᠨ ᠲᠦᠷᠢᠮ ᠢ ᠨᠠᠶᠢᠳᠠᠪᠤᠷᠢᠵᠢᠭᠤᠯᠬᠤ ᠠᠵᠢᠯ ᠳᠤ ᠪᠣᠳᠠᠲᠠᠶ ᠱᠠᠭᠠᠷᠳᠠᠯᠭ᠎ᠠ ᠳᠤᠷᠠᠳᠤᠭᠰᠠᠨ ᠪᠥᠭᠡᠳ ᠨᠢᠭᠡᠳᠦᠭᠡᠷ ᠳᠡᠰ᠂ ᠬᠤᠶᠠᠳᠤᠭᠠᠷ ᠳᠡᠰ ᠤᠨ ᠬᠡᠰᠡᠭ ᠤᠨ ᠳᠠᠷᠤᠭ᠎ᠠ ᠳᠤ ᠭᠠᠳᠠᠭᠠᠳᠤ ᠣᠷᠴᠢᠨ ᠲᠣᠭᠤᠷᠢᠨ ᠤ 18 ᠲᠥᠷᠥᠯ ᠤᠨ ᠳᠠᠯᠳᠠ ᠬᠡᠮ ᠤᠨ ᠠᠩᠭᠢᠯᠠᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ ᠪᠠ ᠲᠡᠮᠦᠷ ᠵᠠᠮ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ ᠵᠡᠷᠭᠡ ᠬᠠᠮᠢᠶ᠎ᠠ ᠪᠥᠬᠦᠶ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠬᠢᠪᠠ᠃       ᠬᠤᠷᠠᠯ ᠳᠡᠭᠡᠷ᠎ᠡ᠂ ︽ᠪᠠᠭᠠᠷᠢᠨ ᠵᠡᠭᠦᠨ ᠬᠤᠰᠢᠭᠤᠨ ᠤ ᠲᠡᠮᠦᠷ ᠵᠠᠮ ᠳᠠᠭᠠᠤ ᠶᠢᠨ ᠠᠮᠤᠷ ᠲᠦᠪᠰᠢᠨ ᠣᠷᠴᠢᠨ ᠲᠣᠭᠤᠷᠢᠨ ᠤ ᠬᠠᠮᠢᠶᠠᠷᠤᠯᠲᠠ ᠶᠢᠨ ︿ᠬᠤᠤᠰ ᠬᠡᠰᠡᠭ ᠤᠨ ᠳᠠᠷᠤᠭ᠎ᠠ﹀ ᠶᠢᠨ ᠲᠦᠷᠢᠮ ᠢ ᠬᠡᠷᠡᠭᠵᠢᠭᠦᠯᠬᠦ ᠲᠥᠰᠦᠯ ︵ᠶᠠᠷᠢᠯᠴᠠᠬᠤ ᠨᠤᠤᠷᠠᠭ︶︾ ᠢ ᠤᠩᠰᠢᠨ ᠨᠡᠶᠢᠲᠡᠯᠡᠪᠡ᠃      ᠥᠪᠥᠷ ᠮᠣᠩᠭᠤᠯ ᠤᠨ ᠵᠢᠶ ᠲᠦᠩ ᠲᠡᠮᠦᠷ ᠵᠠᠮ ᠤᠨ ︵ᠪᠦᠯᠦᠭᠯᠡᠯ︶ ᠬᠢᠵᠠᠭᠠᠷᠲᠤ ᠺᠣᠮᠫᠠᠨᠢ ᠶᠢᠨ ᠳ᠋ᠠᠪᠠᠨ ᠶᠡᠷᠦᠩᠬᠡᠶᠢᠯᠡᠭᠰᠡᠨ ᠰᠡᠯᠪᠢᠨ ᠵᠠᠰᠠᠬᠤ ᠬᠡᠰᠡᠭ ᠪᠣᠯᠤᠨ ᠲᠡᠷᠭᠡᠨ ᠤ ᠶᠠᠪᠤᠳᠠᠯ ᠤᠨ ᠬᠡᠰᠡᠭ ᠤᠨ ᠬᠤᠯᠪᠣᠭᠳᠠᠯ ᠪᠥᠬᠦᠶ ᠬᠠᠷᠢᠭᠤᠴᠠᠯᠭᠠᠲᠠᠨ ᠨᠥᠬᠦᠳ᠂ ᠬᠤᠰᠢᠭᠤᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠪᠣᠯᠤᠨ
ᠡᠯ᠎ᠡ ᠬᠠᠮᠢᠶ᠎ᠠ ᠪᠥᠬᠦᠶ ᠰᠤᠮᠤ ᠰᠢᠶᠠᠩ ᠪᠠᠯᠭᠠᠰᠤᠨ ᠤ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号