ᠮᠠᠨ ᠤ ᠬᠤᠰᠢᠭᠤ 2023 ᠣᠨ ᠤ ᠵᠢᠷᠭᠤᠳᠤᠭᠠᠷ ᠬᠤᠭᠤᠴᠠᠭᠠᠨ ᠤ ᠱᠠᠩ ᠵᠢᠩ ᠺᠠᠳ᠋ᠷᠴᠤᠳ ᠤᠨ ᠶᠠᠷᠢᠶᠠᠨ ᠤ ᠲᠠᠪᠴᠠᠩ ᠢ ᠡᠷᠭᠢᠯᠡᠪᠡ
ᠨᠡᠶᠢᠲᠡᠯᠡᠭᠰᠡᠨ ᠴᠠᠭ᠄
2023/10/11
      9 ᠰᠠᠷ᠎ᠠ ᠶᠢᠨ 27᠎ ᠤ ᠡᠳᠦᠷ᠂ ᠮᠠᠨ ᠤ ᠬᠤᠰᠢᠭᠤᠨ ᠤ 2023 ᠣᠨ ᠤ ᠵᠢᠷᠭᠤᠳᠤᠭᠠᠷ ᠬᠤᠭᠤᠴᠠᠭᠠᠨ ᠤ ᠱᠠᠩ ᠵᠢᠩ ᠺᠠᠳ᠋ᠷᠴᠤᠳ ᠤᠨ ᠶᠠᠷᠢᠶᠠᠨ ᠤ ᠲᠠᠪᠴᠠᠩ ᠢ ᠡᠷᠭᠢᠯᠡᠵᠦ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠰᠦᠨ ᠶᠠᠨ ᠵᠢᠶᠧ ᠶᠠᠷᠢᠶᠠᠨ ᠤ ᠲᠠᠪᠴᠠᠩ ᠢ ᠡᠷᠭᠢᠯᠡᠵᠦ᠂ ᠬᠡᠷ ᠲᠡᠭᠡᠨ ᠪᠠᠶᠢᠭ᠎ᠠ ᠭᠠᠵᠠᠷ ᠤᠨ ᠲᠠᠰ ᠤᠨ ᠤᠳᠤᠷᠢᠳᠤᠯᠭ᠎ᠠ  ᠂ ᠪᠥᠬᠦ ᠰᠠᠯᠠᠭᠠᠨ ᠤ ᠲᠠᠰ ᠤᠨ ᠤᠳᠤᠷᠢᠳᠬᠤ ᠺᠠᠳ᠋ᠷ᠂ ᠬᠤᠰᠢᠭᠤᠨ ᠤ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠵᠢᠴᠢ ᠤᠯᠤᠰ ᠲᠥᠷᠥ ᠬᠠᠤᠯᠢ ᠴᠠᠭᠠᠵᠠ ᠶᠢᠨ ᠡᠯ᠎ᠡ ᠨᠢᠭᠡᠴᠡ ᠶᠢᠨ ᠬᠠᠮᠢᠶ᠎ᠠ ᠪᠥᠬᠦᠶ ᠠᠵᠢᠯ ᠢ ᠬᠠᠷᠢᠭᠤᠴᠠᠵᠤ ᠪᠠᠶᠢᠭ᠎ᠠ ᠺᠠᠳ᠋ᠷ ᠶᠠᠷᠢᠶᠠᠨ ᠤ ᠲᠠᠪᠴᠠᠩ ᠳᠤ ᠣᠷᠣᠯᠴᠠᠵᠠᠶ᠃      ᠲᠤᠰ ᠬᠤᠭᠤᠴᠠᠭᠠᠨ ᠤ ᠱᠠᠩ ᠵᠢᠩ ᠺᠠᠳ᠋ᠷᠴᠤᠳ ᠤᠨ ᠶᠠᠷᠢᠶᠠᠨ ᠤ ᠲᠠᠪᠴᠠᠩ ᠨᠢ ︽ᠭᠤᠣᠯ ᠰᠡᠳᠦᠪᠲᠦ ᠬᠥᠮᠦᠵᠢᠯ ᠢ ᠭᠦᠨᠵᠡᠭᠡᠶᠢᠷᠡᠭᠦᠯᠦᠨ᠂ ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠵᠤ᠂ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢ ᠬᠦᠴᠦᠯᠡᠨ ᠠᠬᠢᠭᠤᠯᠤᠶ᠎ᠠ︾ ᠭᠡᠬᠦ ᠰᠡᠳᠦᠪ ᠢᠶᠠᠷ ᠭᠤᠣᠯ ᠰᠡᠳᠦᠪ ᠪᠣᠯᠭᠠᠵᠤ᠂  ᠵᠣᠷᠢᠯᠭ᠎ᠠ ᠨᠢ ᠺᠠᠳ᠋ᠷᠴᠤᠳ ᠢ ᠬᠠᠪᠰᠤᠷᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂  ᠬᠤᠳᠠ ᠶᠢᠨ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢ ᠤᠢᠢᠯᠠᠭᠠᠨ ᠡᠵᠡᠮᠰᠢᠭᠦᠯᠵᠦ᠂ ᠠᠵᠢᠯ ᠤᠨ ᠴᠢᠳᠠᠪᠤᠷᠢ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠂ ᠨᠡᠶᠢᠭᠡᠮ ᠤᠨ ᠵᠠᠰᠠᠯᠲᠠ ᠶᠢᠨ ᠦᠷ᠎ᠡ ᠪᠦᠲᠦᠮᠵᠢ ᠶᠢ ᠬᠦᠴᠦᠯᠡᠨ ᠳᠡᠭᠡᠭᠰᠢᠯᠡᠭᠦᠯᠬᠦ ᠶᠢᠨ ᠲᠥᠯᠥᠭᠡ ᠶᠤᠮ᠃ ᠥᠪᠥᠷ ᠮᠣᠩᠭᠤᠯ ᠤᠨ ᠬᠠᠤᠯᠢ ᠶᠢᠨ ᠤᠬᠠᠭᠠᠨ ᠤ ᠨᠡᠶᠢᠭᠡᠮᠯᠢᠭ ᠤᠨ ᠠᠮᠤᠷ ᠲᠦᠪᠰᠢᠨ ᠤ ᠪᠠᠶᠢᠭᠤᠯᠤᠯᠲᠠ ᠶᠢᠨ ᠰᠤᠳᠤᠯᠭᠠᠨ ᠤ ᠨᠡᠶᠢᠭᠡᠮᠯᠢᠭ ᠤᠨ ᠳᠠᠷᠤᠭ᠎ᠠ᠂ ᠤᠯᠠᠭᠠᠨᠬᠠᠳᠠ ᠬᠤᠲᠠ ᠶᠢᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠸᠠᠩ ᠯᠢᠨ ᠼᠦᠩ ᠢ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠣᠭᠤᠷᠢᠨ ᠳᠤ ᠣᠨᠴᠠᠭᠠᠶᠢᠯᠠᠨ ᠤᠷᠢᠵᠤ᠂ ︽︿22555﹀᠎ ᠶᠢᠨ ᠠᠮᠤᠷ ᠠᠮᠤᠭᠤᠯᠠᠩ ᠤᠯᠠᠭᠠᠨᠬᠠᠳᠠ ᠶᠢᠨ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠲᠤᠬᠠᠶ ᠪᠣᠳᠣᠯᠬᠢᠯᠠᠯ︾᠎ ᠢᠶᠠᠷ ᠰᠡᠳᠦᠪ ᠪᠣᠯᠭᠠᠵᠤ᠂ ︽2︾ ᠲᠥᠷᠥᠯ ᠤᠨ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ᠂ ︽2︾ ᠲᠥᠷᠥᠯ ᠤᠨ ᠬᠥᠭᠵᠢᠯᠲᠡ ᠳᠤ ᠦᠢᠯᠡᠴᠢᠯᠡᠬᠦ᠂ ︽5︾᠎ ᠶᠢᠨ ᠬᠦᠴᠢᠷ ᠠᠰᠠᠭᠤᠳᠠᠯ ᠢ ᠰᠢᠢᠳᠪᠦᠷᠢᠯᠡᠬᠦ᠂ ︽5︾᠎ ᠶᠢᠨ ᠳᠤᠲᠠᠭᠤᠳᠠᠯ ᠢ ᠨᠥᠬᠦᠪᠥᠷᠢᠯᠡᠬᠦ᠂ ︽5︾᠎ ᠶᠢᠨ ᠵᠠᠰᠠᠯᠲᠠ ᠶᠢ ᠠᠭᠤᠰᠤᠯᠴᠠᠭᠤᠯᠬᠤ ᠶᠢ ᠴᠢᠩᠭᠠᠳᠬᠠᠬᠤ ᠵᠡᠷᠭᠡ ᠪᠥᠬᠦ ᠲᠠᠯ᠎ᠠ ᠪᠠᠷ ᠰᠢᠰᠲ᠋ᠧᠮ ᠲᠠᠢ᠂ ᠭᠤᠤᠯᠳᠠᠯᠭ᠎ᠠ ᠲᠠᠢ ᠲᠣᠪᠤᠶᠢᠮ᠎ᠠ ᠲᠠᠶᠢᠯᠤᠮᠵᠢ ᠬᠢᠪᠠ᠃      ᠰᠦᠨ ᠶᠠᠨ ᠵᠢᠶᠧ ᠴᠢᠬᠤᠯᠠᠴᠢᠯᠠᠭᠰᠠᠨ ᠨᠢ᠂ ᠪᠦᠬᠦ ᠬᠤᠰᠢᠭᠤᠨ ᠤ ᠨᠡᠶᠢᠭᠡᠮ ᠤᠨ ᠵᠠᠰᠠᠯᠲᠠ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠵᠤ᠂ ᠬᠤᠰᠢᠭᠤᠨ ᠳᠡᠰ ᠤᠨ ᠭᠤᠤᠯᠳᠠᠯᠭᠠᠳᠤ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ ᠠᠬᠢᠭᠤᠯᠵᠤ᠂ ︽ᠲᠠᠪᠤᠨ ᠱᠠᠲᠤᠨ ᠤ ᠡᠶᠡᠳᠡᠭᠦᠯᠦᠨ ᠰᠢᠢᠳᠪᠦᠷᠢᠯᠡᠬᠦ︾ ︽ᠭᠤᠷᠪᠠᠨ ᠱᠠᠲᠤᠨ ᠤ ᠬᠠᠮᠲᠤᠷᠠᠨ ᠬᠥᠳᠡᠯᠦᠯᠴᠡᠬᠦ︾ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠠᠷᠢᠯᠭᠠᠬᠤ ᠲᠣᠭᠲᠠᠴᠠ ᠶᠢᠨ ᠲᠣᠭᠤᠷᠢᠨ ᠳᠤ᠂ ᠶᠡᠷᠦᠩᠬᠡᠶ ᠠᠵᠢᠯ ᠢ ᠠᠳᠬᠤᠬᠤ  ᠦᠢᠯᠡᠳᠦᠯ ᠢ ᠭᠦᠢᠴᠡᠳ ᠪᠠᠳᠠᠷᠠᠭᠤᠯᠤᠨ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠥᠷᠭᠡᠨ ᠢᠶᠠᠷ ᠴᠤᠭᠯᠠᠭᠤᠯᠤᠨ᠂ ᠭᠠᠴᠠᠭ᠎ᠠ ᠲᠣᠰᠬᠤᠨ ᠤ ᠶᠡᠷᠦᠩᠬᠡᠶᠢᠯᠡᠨ ᠵᠠᠰᠠᠵᠤ ᠬᠠᠮᠢᠶᠠᠷᠬᠤ ᠠᠵᠢᠯᠲᠠᠨ ︵ᠨᠡᠶᠢᠭᠡᠮ ᠲᠣᠭᠤᠷᠢᠭ ᠤᠨ ᠰᠦᠯᠵᠢᠶᠡᠨ ᠤ ᠠᠵᠢᠯᠲᠠᠨ︶᠎ ᠤ ᠴᠠᠭ ᠲᠤᠬᠠᠶ ᠳᠤᠨᠢ ᠰᠡᠷᠡᠮᠵᠢᠯᠡᠭᠦᠯᠬᠦ ᠦᠢᠯᠡᠳᠦᠯ ᠢ ᠭᠦᠢᠴᠡᠳ ᠪᠠᠳᠠᠷᠠᠭᠤᠯᠵᠤ᠂ ᠵᠥᠷᠢᠴᠡᠯ ᠵᠢᠭᠤᠷᠠᠯᠳᠤᠭᠠᠨ ᠤ ᠳᠠᠯᠳᠠ ᠬᠡᠮ ᠢ ᠬᠠᠮᠤᠭ ᠤᠨ ᠶᠡᠭᠡ ᠬᠡᠮᠵᠢᠶ᠎ᠡ ᠪᠠᠷ ᠦᠨᠳᠦᠰᠦᠨ ᠱᠠᠲᠤᠨ ᠳᠤ ᠠᠷᠢᠯᠭᠠᠬᠤ ᠬᠡᠷᠡᠭᠲᠡᠶ᠃ ᠠᠮᠤᠷ ᠲᠠᠶᠢᠪᠤᠩ ᠪᠠᠭᠠᠷᠢᠨ ᠵᠡᠭᠦᠨ ᠬᠤᠰᠢᠭᠤᠨ ᠤ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠵᠠᠮ ᠬᠠᠷᠢᠯᠴᠠᠭᠠᠨ ᠤ ᠠᠮᠤᠷ ᠲᠦᠪᠰᠢᠨ ᠪᠠ ᠲᠡᠭᠡᠭᠡᠪᠦᠷᠢ ᠶᠢᠨ ᠬᠠᠤᠯᠢ ᠬᠡᠷᠡᠭᠵᠢᠭᠦᠯᠬᠦ ᠬᠦᠷᠢᠶ᠎ᠡ ᠴᠠᠷᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠴᠢᠩᠭᠠᠳᠬᠠᠨ ᠂ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠠᠵᠢᠯ ᠤᠨ ᠡᠷᠴᠢᠮ ᠢ ᠴᠢᠩᠭᠠᠷᠠᠭᠤᠯᠵᠤ᠂ ᠰᠤᠷᠭᠠᠭᠤᠯᠢ ᠶᠢᠨ ᠬᠦᠷᠢᠶ᠎ᠡ ᠵᠢᠴᠢ ᠡᠷᠬᠢᠨ ᠲᠣᠭᠤᠷᠢᠨ ᠤ ᠠᠮᠤᠷ ᠲᠦᠪᠰᠢᠨ ᠤ ᠬᠠᠮᠢᠶᠠᠷᠤᠯᠲᠠ ᠶᠢ ᠲᠠᠰᠤᠷᠠᠯᠲᠠ ᠥᠬᠡᠶ ᠴᠢᠩᠭᠠᠳᠬᠠᠨ᠂ ᠨᠠᠰᠤᠨ ᠳᠤ ᠥᠯᠥ ᠭᠦᠷᠦᠭᠰᠡᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠪᠠᠲᠤᠯᠠᠬᠤ ᠬᠡᠷᠡᠭᠲᠡᠶ᠃ ︽ ᠹᠦᠵᠢᠶᠠᠩ ᠤᠨ ᠲᠤᠷᠰᠢᠯᠭ᠎ᠠ︾ ᠪᠣᠯᠤᠨ ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾᠎ ᠶᠢ ᠢᠳᠡᠪᠬᠢᠲᠡᠢ ᠦᠢᠯᠡᠳᠦᠯᠭᠡᠵᠢᠭᠦᠯᠵᠦ᠂ ᠶᠡᠷᠦᠩᠬᠡᠢ ᠠᠵᠢᠯ ᠢ ᠠᠳᠬᠤᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠪᠣᠳᠠᠲᠠᠶᠢᠵᠢᠭᠤᠯᠵᠤ᠂  ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠰᠢᠢᠳᠪᠦᠷᠢᠯᠡᠬᠦ ᠠᠵᠢᠯ ᠢ ᠦᠷᠭᠦᠯᠵᠢᠯᠡᠨ ᠠᠬᠢᠭᠤᠯᠬᠤ ᠬᠡᠷᠡᠭᠲᠡᠢ ᠭᠡᠵᠠᠢ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号