ᠯᠦᠩᠴᠠᠩ ᠪᠠᠯᠭᠠᠰᠤ᠄ ᠨᠣᠭᠤᠭᠠᠨ ᠦᠵᠡᠮᠵᠢ ᠶᠢ ︽ᠵᠣᠭᠤᠰᠣᠨ ᠦᠵᠡᠮᠵᠢ︾ ᠪᠣᠯᠭᠠᠵᠤ ᠨᠣᠭᠤᠭᠠᠨ ᠳᠠᠷᠤᠰᠢᠭᠤᠯᠬᠤ ᠵᠠᠬᠢᠶᠠᠯᠠᠭ᠎ᠠ ᠶᠢᠨ ᠬᠠᠭᠤᠳᠠᠰᠤ ᠪᠠᠷ ᠣᠯᠠᠨ ᠲᠦᠮᠡᠨ ᠤ ᠪᠠᠶᠠᠵᠢᠯ ᠤᠨ ᠵᠠᠮ ᠢ ᠦᠷᠭᠡᠳᠬᠡᠵᠤ ᠪᠤᠢ
ᠨᠡᠶᠢᠲᠡᠯᠡᠭᠰᠡᠨ ᠴᠠᠭ᠄
2023/10/11
   ᠤᠢᠢᠷ᠎ᠠ ᠶᠢᠨ ᠵᠢᠯ ᠠᠴᠠ᠂ ᠯᠦᠩᠴᠠᠩ ᠪᠠᠯᠭᠠᠰᠤ ᠶᠢᠨ ᠬᠢᠨ ︽ᠨᠢᠭᠡ ᠬᠦᠷᠢᠶᠡᠯᠡᠩ᠂ ᠬᠤᠶᠠᠷ ᠪᠦᠰᠡ᠂ ᠲᠦᠷᠪᠡᠨ ᠲᠣᠭᠤᠷᠢᠭ᠂ ᠭᠤᠷᠪᠠᠨ ᠬᠡᠯᠬᠢᠶ᠎ᠡ︾ ᠶᠢᠨ ᠬᠥᠭᠵᠢᠯᠲᠡ ᠶᠢᠨ ᠰᠡᠳᠬᠢᠴᠡ ᠶᠢᠨ ᠲᠣᠭᠤᠷᠢᠨ ᠳᠤ᠂ ᠪᠠᠭᠠᠷᠢᠨ ᠵᠡᠭᠦᠨ ᠬᠤᠰᠢᠭᠤᠨ ᠤ ᠦᠬᠡᠷ ᠤᠨ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ  ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠤᠨ ᠪᠦᠳᠦᠬᠡᠨ ᠪᠠᠶᠢᠭᠤᠯᠤᠯᠲᠠ ᠶᠢᠨ ᠠᠰᠢᠭᠲᠠᠢ ᠠᠵᠠ ᠲᠣᠬᠢᠶᠠᠯ ᠳᠤ ᠲᠦᠰᠢᠭᠯᠡᠨ᠂ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠦᠬᠡᠷ ᠤᠨ ᠠᠵᠤ ᠦᠢᠯᠡᠰ ᠨᠢ ᠨᠢᠭᠡᠨᠲᠡ ᠠᠳᠡᠬᠢ ᠶᠢᠨ ᠤᠨᠴᠠᠯᠢᠬᠳᠤ ᠠᠵᠤ ᠦᠢᠯᠡᠰ ᠪᠠ ᠭᠤᠣᠯᠯᠠᠭᠴᠢ ᠠᠵᠤ ᠦᠢᠯᠡᠰ ᠪᠣᠯᠤᠭᠰᠠᠨ ᠪᠠᠶᠢᠨ᠎ᠠ᠃     ᠱᠧᠩ ᠾᠦᠢ ᠶᠢᠨ ᠮᠠᠯ ᠠᠵᠤ ᠠᠬᠤᠶ ᠪᠠ ᠹᠦ᠋ ᠵᠣᠣ ᠲᠡᠵᠢᠭᠡᠨ ᠦᠷᠡᠵᠢᠭᠦᠯᠬᠦ ᠲᠤᠰᠬᠠᠶ ᠬᠤᠷᠰᠢᠶ᠎ᠠ ᠨᠢ ᠲᠤᠬᠠᠶ ᠶᠢᠨ ᠭᠠᠵᠠᠷ ᠤᠨ ᠲᠣᠯᠣᠭᠠᠶᠢᠯᠠᠭᠴᠢ ᠠᠵᠤ ᠠᠬᠤᠶᠢᠯᠠᠯ ᠪᠣᠯᠤᠭᠰᠠᠨ ᠤ ᠬᠤᠪᠢ ᠳᠤ᠂ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠢᠨ ᠠᠵᠠ ᠲᠣᠬᠢᠶᠠᠯ ᠢ ᠠᠮᠵᠢᠵᠤ᠂ ᠣᠷᠣᠨ ᠪᠦᠰᠡ ᠶᠢᠨ ᠳᠠᠪᠠᠭᠤᠯᠢᠭ ᠪᠣᠯᠤᠨ ᠲᠠᠷᠢᠵᠦ ᠲᠡᠵᠢᠭᠡᠬᠦ ᠡᠷᠦᠭᠡ ᠶᠢᠨ ᠬᠥᠭᠵᠢᠯᠲᠡ ᠶᠢᠨ ᠬᠦᠰᠡᠯ ᠡᠷᠡᠮᠡᠯᠵᠡᠯ ᠲᠠᠢ ᠤᠶᠠᠯᠳᠤᠭᠤᠯᠵᠤ᠂ ︽ᠺᠣᠮᠫᠠᠨᠢ + ᠲᠣᠰᠬᠤᠨ ᠤ ᠬᠠᠮᠲᠤ ᠨᠡᠶᠢᠳᠡ + ᠲᠠᠷᠢᠶᠠᠴᠢᠨ ᠡᠷᠦᠭᠡ︾ ᠶᠢᠨ ᠵᠠᠭᠪᠤᠷ ᠢ ᠬᠡᠷᠡᠭᠯᠡᠵᠦ᠂ ᠵᠠᠬᠢᠶᠠᠯᠠᠭ᠎ᠠ ᠶᠢᠨ ᠲᠠᠷᠢᠶᠠᠯᠠᠩ ᠢ ᠬᠡᠷᠡᠭᠵᠢᠭᠦᠯᠵᠦ᠂ ᠺᠣᠮᠫᠠᠨᠢ ᠵᠠᠬᠢᠶᠠᠯᠠᠭ᠎ᠠ ᠶᠢᠨ ᠰᠠᠭᠤᠷᠢ ᠦᠨ᠎ᠡ ᠪᠠᠷ ᠳᠠᠷᠤᠰᠢ ᠶᠢᠨ ᠡᠷᠳᠡᠨᠢ ᠰᠢᠰᠢ ᠶᠢ ᠬᠤᠳᠠᠯᠳᠤᠨ ᠠᠪᠬᠤ ᠶᠢᠨ ᠬᠠᠮᠲᠤ᠂ ᠲᠠᠷᠢᠬᠤ ᠮᠡᠷᠭᠡᠵᠢᠯ ᠤᠨ ᠵᠢᠯᠤᠭᠤᠳᠤᠯᠭ᠎ᠠ ᠥᠷᠨᠢᠭᠦᠯᠵᠦ᠂ ᠲᠣᠰᠬᠤᠨ ᠤ ᠬᠠᠮᠲᠤ ᠨᠡᠶᠢᠳᠡ ᠪᠣᠯᠤᠨ ᠲᠠᠷᠢᠶᠠᠴᠢᠨ ᠡᠷᠦᠭᠡ ᠶᠢᠨ ᠠᠰᠢᠭ ᠲᠤᠰᠠ ᠶᠢ ᠬᠠᠮᠤᠭ ᠤᠨ ᠶᠡᠭᠡ ᠪᠣᠯᠭᠠᠬᠤ ᠶᠢ ᠪᠠᠳᠣᠯᠠᠬᠰᠠᠨ ᠪᠠᠶᠢᠨ᠎ᠠ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号