9 ᠰᠠᠷ᠎ᠠ ᠶᠢᠨ 27 ᠤ ᠡᠳᠦᠷ᠂ ᠮᠠᠨ ᠤ ᠬᠤᠰᠢᠭᠤ ᠦᠨᠳᠦᠰᠦᠨ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ | ᠬᠢᠨᠠᠨ ᠪᠠᠶᠢᠴᠠᠭᠠᠬᠤ ᠵᠣᠬᠢᠶᠠᠨ ᠪᠠᠶᠢᠭᠤᠯᠤᠯᠲᠠ ᠬᠢᠭᠡᠳ ᠲᠣᠰᠬᠤᠨ ᠤ ᠶᠠᠪᠤᠳᠠᠯ ᠳᠤ ᠬᠢᠨᠠᠯᠲᠠ ᠲᠠᠯᠪᠢᠬᠤ ᠵᠥᠪᠯᠡᠯ ᠤᠨ | ᠪᠦᠲᠦᠮᠵᠢᠲᠡᠶ ᠵᠣᠯᠭᠠᠭᠤᠯᠬᠤ ᠠᠵᠢᠯ ᠤᠨ ᠪᠣᠯᠪᠠᠰᠤᠷᠠᠯ ᠤᠨ ᠬᠤᠷᠠᠯ ᠬᠤᠷᠠᠯᠳᠤᠭᠤᠯᠵᠤ᠂ ᠲᠤᠬᠠᠶ ᠶᠢᠨ ᠲᠠᠯᠠᠪᠤᠷ ᠲᠤ | ᠲᠣᠭᠤᠷᠢᠨ ᠦᠵᠡᠬᠦ᠂ ᠶᠠᠷᠢᠯᠴᠠᠬᠤ ᠬᠤᠷᠠᠯ ᠤᠨ ᠲᠤᠷᠰᠢᠯᠭ᠎ᠠ ᠪᠠᠨ ᠰᠣᠯᠢᠯᠴᠠᠬᠤ ᠪᠠᠷ ᠳᠡᠮᠵᠢᠨ᠂ ᠪᠥᠬᠦ ᠬᠤᠰᠢᠭᠤᠨ ᠤ | 13 ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠦᠨᠳᠦᠰᠦᠨ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ | ᠬᠢᠨᠠᠨ ᠪᠠᠶᠢᠴᠠᠭᠠᠬᠤ ᠵᠣᠬᠢᠶᠠᠨ ᠪᠠᠶᠢᠭᠤᠯᠤᠯᠲᠠ ᠶᠢᠨ ᠠᠵᠢᠯ ᠢ ᠪᠠᠶᠢᠷᠢᠯᠠᠭᠤᠯᠪᠠ᠃ ᠬᠤᠰᠢᠭᠤᠨ ᠨᠠᠮ ᠤᠨ | ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ᠂ ᠬᠢᠨᠠᠨ | ᠪᠠᠶᠢᠴᠠᠭᠠᠬᠤ ᠵᠥᠪᠯᠡᠯ ᠤᠨ ᠡᠷᠬᠢᠯᠡᠭᠴᠢ ᠰᠦᠨ ᠾᠧ ᠬᠠᠮᠢᠶ᠎ᠠ ᠪᠥᠬᠦᠶ ᠠᠵᠢᠯᠯᠠᠭ᠎ᠠ ᠳᠤ ᠣᠷᠣᠯᠴᠠᠵᠠᠶ᠃ | ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠡᠷ ᠲᠡᠭᠡᠨ ᠪᠠᠶᠢᠭ᠎ᠠ | ᠤᠳᠤᠷᠢᠳᠬᠤ ᠪᠠᠭ ᠤᠨ ᠭᠡᠰᠢᠭᠦᠨ᠂ ᠬᠠᠮᠢᠶ᠎ᠠ ᠪᠥᠬᠦᠶ ᠪᠠᠶᠢᠭᠤᠯᠭ᠎ᠠ ᠨᠢᠭᠡᠴᠡ ᠶᠢᠨ ᠬᠠᠷᠢᠭᠤᠴᠠᠯᠭᠠᠲᠠᠨ᠂ ᠬᠡᠰᠡᠭ | ᠨᠠᠮ ᠤᠨ ᠭᠡᠰᠢᠭᠦᠨ ᠤ ᠲᠥᠯᠥᠭᠡᠯᠡᠭᠴᠢ᠂ ᠠᠷᠠᠳ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ | ᠭᠡᠰᠢᠭᠦᠨ᠂ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠬᠢᠨᠠᠨ ᠪᠠᠶᠢᠴᠠᠭᠠᠬᠤ ᠵᠥᠪᠯᠡᠯ ᠤᠨ ᠣᠨᠴᠠ | ᠤᠷᠢᠭᠰᠠᠨ ᠬᠢᠨᠠᠨ ᠪᠠᠶᠢᠴᠠᠭᠠᠭᠴᠢ ᠪᠠ ᠡᠯ᠎ᠡ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠬᠠᠮᠢᠶ᠎ᠠ ᠪᠥᠬᠦᠶ | ᠬᠠᠷᠢᠭᠤᠴᠠᠯᠭᠠᠲᠠᠨ ᠪᠣᠯᠪᠠᠰᠤᠷᠠᠯ ᠤᠨ ᠠᠵᠢᠯᠯᠠᠭ᠎ᠠ ᠳᠤ ᠣᠷᠣᠯᠴᠠᠵᠠᠶ᠃ |