ᠮᠠᠨ ᠤ ᠬᠤᠰᠢᠭᠤ 2023 ᠣᠨ ᠤ ᠵᠢᠷᠭᠤᠳᠤᠭᠠᠷ ᠬᠤᠭᠤᠴᠠᠭᠠᠨ ᠤ ᠱᠠᠩ ᠵᠢᠩ ᠺᠠᠳ᠋ᠷᠴᠤᠳ ᠤᠨ ᠶᠠᠷᠢᠶᠠᠨ ᠤ ᠲᠠᠪᠴᠠᠩ ᠢ ᠡᠷᠭᠢᠯᠡᠪᠡ
ᠨᠡᠶᠢᠲᠡᠯᠡᠭᠰᠡᠨ ᠴᠠᠭ᠄
2023/10/11
      9 ᠰᠠᠷ᠎ᠠ ᠶᠢᠨ 27 ᠤ ᠡᠳᠦᠷ᠂ ᠮᠠᠨ ᠤ ᠬᠤᠰᠢᠭᠤᠨ ᠤ 2023 ᠣᠨ ᠤ ᠵᠢᠷᠭᠤᠳᠤᠭᠠᠷ ᠬᠤᠭᠤᠴᠠᠭᠠᠨ ᠤ ᠱᠠᠩ ᠵᠢᠩ ᠺᠠᠳ᠋ᠷᠴᠤᠳ ᠤᠨ ᠶᠠᠷᠢᠶᠠᠨ ᠤ ᠲᠠᠪᠴᠠᠩ ᠢ ᠡᠷᠭᠢᠯᠡᠵᠦ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠰᠦᠨ ᠶᠠᠨ ᠵᠢᠶᠧ ᠶᠠᠷᠢᠶᠠᠨ ᠤ ᠲᠠᠪᠴᠠᠩ ᠢ ᠡᠷᠭᠢᠯᠡᠵᠦ᠂ ᠬᠡᠷ ᠲᠡᠭᠡᠨ ᠪᠠᠶᠢᠭ᠎ᠠ ᠭᠠᠵᠠᠷ ᠤᠨ ᠲᠠᠰ ᠤᠨ ᠤᠳᠤᠷᠢᠳᠤᠯᠭ᠎ᠠ  ᠂ ᠪᠥᠬᠦ ᠰᠠᠯᠠᠭᠠᠨ ᠤ ᠲᠠᠰ ᠤᠨ ᠤᠳᠤᠷᠢᠳᠬᠤ ᠺᠠᠳ᠋ᠷ᠂ ᠬᠤᠰᠢᠭᠤᠨ ᠤ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠵᠢᠴᠢ ᠤᠯᠤᠰ ᠲᠥᠷᠥ ᠬᠠᠤᠯᠢ ᠴᠠᠭᠠᠵᠠ ᠶᠢᠨ ᠡᠯ᠎ᠡ ᠨᠢᠭᠡᠴᠡ ᠶᠢᠨ ᠬᠠᠮᠢᠶ᠎ᠠ ᠪᠥᠬᠦᠶ ᠠᠵᠢᠯ ᠢ ᠬᠠᠷᠢᠭᠤᠴᠠᠵᠤ ᠪᠠᠶᠢᠭ᠎ᠠ ᠺᠠᠳ᠋ᠷ ᠶᠠᠷᠢᠶᠠᠨ ᠤ ᠲᠠᠪᠴᠠᠩ ᠳᠤ ᠣᠷᠣᠯᠴᠠᠵᠠᠶ᠃      ᠲᠤᠰ ᠬᠤᠭᠤᠴᠠᠭᠠᠨ ᠤ ᠱᠠᠩ ᠵᠢᠩ ᠺᠠᠳ᠋ᠷᠴᠤᠳ ᠤᠨ ᠶᠠᠷᠢᠶᠠᠨ ᠤ ᠲᠠᠪᠴᠠᠩ ᠨᠢ ︽ᠭᠤᠣᠯ ᠰᠡᠳᠦᠪᠲᠦ ᠬᠥᠮᠦᠵᠢᠯ ᠢ ᠭᠦᠨᠵᠡᠭᠡᠶᠢᠷᠡᠭᠦᠯᠦᠨ᠂ ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠵᠤ᠂ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢ ᠬᠦᠴᠦᠯᠡᠨ ᠠᠬᠢᠭᠤᠯᠤᠶ᠎ᠠ︾ ᠭᠡᠬᠦ ᠰᠡᠳᠦᠪ ᠢᠶᠠᠷ ᠭᠤᠣᠯ ᠰᠡᠳᠦᠪ ᠪᠣᠯᠭᠠᠵᠤ᠂  ᠵᠣᠷᠢᠯᠭ᠎ᠠ ᠨᠢ ᠺᠠᠳ᠋ᠷᠴᠤᠳ ᠢ ᠬᠠᠪᠰᠤᠷᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂  ᠬᠤᠳᠠ ᠶᠢᠨ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢ ᠤᠢᠢᠯᠠᠭᠠᠨ ᠡᠵᠡᠮᠰᠢᠭᠦᠯᠵᠦ᠂ ᠠᠵᠢᠯ ᠤᠨ ᠴᠢᠳᠠᠪᠤᠷᠢ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠂ ᠨᠡᠶᠢᠭᠡᠮ ᠤᠨ ᠵᠠᠰᠠᠯᠲᠠ ᠶᠢᠨ ᠦᠷ᠎ᠡ ᠪᠦᠲᠦᠮᠵᠢ ᠶᠢ ᠬᠦᠴᠦᠯᠡᠨ ᠳᠡᠭᠡᠭᠰᠢᠯᠡᠭᠦᠯᠬᠦ ᠶᠢᠨ ᠲᠥᠯᠥᠭᠡ ᠶᠤᠮ᠃ ᠥᠪᠥᠷ ᠮᠣᠩᠭᠤᠯ ᠤᠨ ᠬᠠᠤᠯᠢ ᠶᠢᠨ ᠤᠬᠠᠭᠠᠨ ᠤ ᠨᠡᠶᠢᠭᠡᠮᠯᠢᠭ ᠤᠨ ᠠᠮᠤᠷ ᠲᠦᠪᠰᠢᠨ ᠤ ᠪᠠᠶᠢᠭᠤᠯᠤᠯᠲᠠ ᠶᠢᠨ ᠰᠤᠳᠤᠯᠭᠠᠨ ᠤ ᠨᠡᠶᠢᠭᠡᠮᠯᠢᠭ ᠤᠨ ᠳᠠᠷᠤᠭ᠎ᠠ᠂ ᠤᠯᠠᠭᠠᠨᠬᠠᠳᠠ ᠬᠤᠲᠠ ᠶᠢᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠸᠠᠩ ᠯᠢᠨ ᠼᠦᠩ ᠢ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠣᠭᠤᠷᠢᠨ ᠳᠤ ᠣᠨᠴᠠᠭᠠᠶᠢᠯᠠᠨ ᠤᠷᠢᠵᠤ᠂ ︽︿22555﹀ ᠶᠢᠨ ᠠᠮᠤᠷ ᠠᠮᠤᠭᠤᠯᠠᠩ ᠤᠯᠠᠭᠠᠨᠬᠠᠳᠠ ᠶᠢᠨ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠲᠤᠬᠠᠶ ᠪᠣᠳᠣᠯᠬᠢᠯᠠᠯ︾ ᠢᠶᠠᠷ ᠰᠡᠳᠦᠪ ᠪᠣᠯᠭᠠᠵᠤ᠂ ︽2︾ ᠲᠥᠷᠥᠯ ᠤᠨ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ᠂ ︽2︾ ᠲᠥᠷᠥᠯ ᠤᠨ ᠬᠥᠭᠵᠢᠯᠲᠡ ᠳᠤ ᠦᠢᠯᠡᠴᠢᠯᠡᠬᠦ᠂ ︽5︾ ᠶᠢᠨ ᠬᠦᠴᠢᠷ ᠠᠰᠠᠭᠤᠳᠠᠯ ᠢ ᠰᠢᠢᠳᠪᠦᠷᠢᠯᠡᠬᠦ᠂ ︽5︾ ᠶᠢᠨ ᠳᠤᠲᠠᠭᠤᠳᠠᠯ ᠢ ᠨᠥᠬᠦᠪᠥᠷᠢᠯᠡᠬᠦ᠂ ︽5︾ ᠶᠢᠨ ᠵᠠᠰᠠᠯᠲᠠ ᠶᠢ ᠠᠭᠤᠰᠤᠯᠴᠠᠭᠤᠯᠬᠤ ᠶᠢ ᠴᠢᠩᠭᠠᠳᠬᠠᠬᠤ ᠵᠡᠷᠭᠡ ᠪᠥᠬᠦ ᠲᠠᠯ᠎ᠠ ᠪᠠᠷ ᠰᠢᠰᠲ᠋ᠧᠮ ᠲᠠᠢ᠂ ᠭᠤᠤᠯᠳᠠᠯᠭ᠎ᠠ ᠲᠠᠢ ᠲᠣᠪᠤᠶᠢᠮ᠎ᠠ ᠲᠠᠶᠢᠯᠤᠮᠵᠢ ᠬᠢᠪᠠ᠃      ᠰᠦᠨ ᠶᠠᠨ ᠵᠢᠶᠧ ᠴᠢᠬᠤᠯᠠᠴᠢᠯᠠᠭᠰᠠᠨ ᠨᠢ᠂ ᠪᠦᠬᠦ ᠬᠤᠰᠢᠭᠤᠨ ᠤ ᠨᠡᠶᠢᠭᠡᠮ ᠤᠨ ᠵᠠᠰᠠᠯᠲᠠ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠵᠤ᠂ ᠬᠤᠰᠢᠭᠤᠨ ᠳᠡᠰ ᠤᠨ ᠭᠤᠤᠯᠳᠠᠯᠭᠠᠳᠤ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ ᠠᠬᠢᠭᠤᠯᠵᠤ᠂ ︽ᠲᠠᠪᠤᠨ ᠱᠠᠲᠤᠨ ᠤ ᠡᠶᠡᠳᠡᠭᠦᠯᠦᠨ ᠰᠢᠢᠳᠪᠦᠷᠢᠯᠡᠬᠦ︾ ︽ᠭᠤᠷᠪᠠᠨ ᠱᠠᠲᠤᠨ ᠤ ᠬᠠᠮᠲᠤᠷᠠᠨ ᠬᠥᠳᠡᠯᠦᠯᠴᠡᠬᠦ︾ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠠᠷᠢᠯᠭᠠᠬᠤ ᠲᠣᠭᠲᠠᠴᠠ ᠶᠢᠨ ᠲᠣᠭᠤᠷᠢᠨ ᠳᠤ᠂ ᠶᠡᠷᠦᠩᠬᠡᠶ ᠠᠵᠢᠯ ᠢ ᠠᠳᠬᠤᠬᠤ  ᠦᠢᠯᠡᠳᠦᠯ ᠢ ᠭᠦᠢᠴᠡᠳ ᠪᠠᠳᠠᠷᠠᠭᠤᠯᠤᠨ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠥᠷᠭᠡᠨ ᠢᠶᠠᠷ ᠴᠤᠭᠯᠠᠭᠤᠯᠤᠨ᠂ ᠭᠠᠴᠠᠭ᠎ᠠ ᠲᠣᠰᠬᠤᠨ ᠤ ᠶᠡᠷᠦᠩᠬᠡᠶᠢᠯᠡᠨ ᠵᠠᠰᠠᠵᠤ ᠬᠠᠮᠢᠶᠠᠷᠬᠤ ᠠᠵᠢᠯᠲᠠᠨ ︵ᠨᠡᠶᠢᠭᠡᠮ ᠲᠣᠭᠤᠷᠢᠭ ᠤᠨ ᠰᠦᠯᠵᠢᠶᠡᠨ ᠤ ᠠᠵᠢᠯᠲᠠᠨ︶ ᠤ ᠴᠠᠭ ᠲᠤᠬᠠᠶ ᠳᠤᠨᠢ ᠰᠡᠷᠡᠮᠵᠢᠯᠡᠭᠦᠯᠬᠦ ᠦᠢᠯᠡᠳᠦᠯ ᠢ ᠭᠦᠢᠴᠡᠳ ᠪᠠᠳᠠᠷᠠᠭᠤᠯᠵᠤ᠂ ᠵᠥᠷᠢᠴᠡᠯ ᠵᠢᠭᠤᠷᠠᠯᠳᠤᠭᠠᠨ ᠤ ᠳᠠᠯᠳᠠ ᠬᠡᠮ ᠢ ᠬᠠᠮᠤᠭ ᠤᠨ ᠶᠡᠭᠡ ᠬᠡᠮᠵᠢᠶ᠎ᠡ ᠪᠠᠷ ᠦᠨᠳᠦᠰᠦᠨ ᠱᠠᠲᠤᠨ ᠳᠤ ᠠᠷᠢᠯᠭᠠᠬᠤ ᠬᠡᠷᠡᠭᠲᠡᠶ᠃ ᠠᠮᠤᠷ ᠲᠠᠶᠢᠪᠤᠩ ᠪᠠᠭᠠᠷᠢᠨ ᠵᠡᠭᠦᠨ ᠬᠤᠰᠢᠭᠤᠨ ᠤ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠵᠠᠮ ᠬᠠᠷᠢᠯᠴᠠᠭᠠᠨ ᠤ ᠠᠮᠤᠷ ᠲᠦᠪᠰᠢᠨ ᠪᠠ ᠲᠡᠭᠡᠭᠡᠪᠦᠷᠢ ᠶᠢᠨ ᠬᠠᠤᠯᠢ ᠬᠡᠷᠡᠭᠵᠢᠭᠦᠯᠬᠦ ᠬᠦᠷᠢᠶ᠎ᠡ ᠴᠠᠷᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠴᠢᠩᠭᠠᠳᠬᠠᠨ ᠂ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠠᠵᠢᠯ ᠤᠨ ᠡᠷᠴᠢᠮ ᠢ ᠴᠢᠩᠭᠠᠷᠠᠭᠤᠯᠵᠤ᠂ ᠰᠤᠷᠭᠠᠭᠤᠯᠢ ᠶᠢᠨ ᠬᠦᠷᠢᠶ᠎ᠡ ᠵᠢᠴᠢ ᠡᠷᠬᠢᠨ ᠲᠣᠭᠤᠷᠢᠨ ᠤ ᠠᠮᠤᠷ ᠲᠦᠪᠰᠢᠨ ᠤ ᠬᠠᠮᠢᠶᠠᠷᠤᠯᠲᠠ ᠶᠢ ᠲᠠᠰᠤᠷᠠᠯᠲᠠ ᠥᠬᠡᠶ ᠴᠢᠩᠭᠠᠳᠬᠠᠨ᠂ ᠨᠠᠰᠤᠨ ᠳᠤ ᠥᠯᠥ ᠭᠦᠷᠦᠭᠰᠡᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠪᠠᠲᠤᠯᠠᠬᠤ ᠬᠡᠷᠡᠭᠲᠡᠶ᠃ ︽ ᠹᠦᠵᠢᠶᠠᠩ ᠤᠨ ᠲᠤᠷᠰᠢᠯᠭ᠎ᠠ︾ ᠪᠣᠯᠤᠨ ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠶᠢ ᠢᠳᠡᠪᠬᠢᠲᠡᠢ ᠦᠢᠯᠡᠳᠦᠯᠭᠡᠵᠢᠭᠦᠯᠵᠦ᠂ ᠶᠡᠷᠦᠩᠬᠡᠢ ᠠᠵᠢᠯ ᠢ ᠠᠳᠬᠤᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠪᠣᠳᠠᠲᠠᠶᠢᠵᠢᠭᠤᠯᠵᠤ᠂  ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠰᠢᠢᠳᠪᠦᠷᠢᠯᠡᠬᠦ ᠠᠵᠢᠯ ᠢ ᠦᠷᠭᠦᠯᠵᠢᠯᠡᠨ ᠠᠬᠢᠭᠤᠯᠬᠤ ᠬᠡᠷᠡᠭᠲᠡᠢ ᠭᠡᠵᠠᠢ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号