ᠬᠤᠰᠢᠭᠤᠨ  ᠤ ᠨᠠᠮ ᠤᠨ ᠬᠤᠷᠢᠶ᠎ᠠ ᠨᠢ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠤᠯ ᠰᠡᠳᠦᠪᠲᠦ ᠬᠥᠮᠦᠵᠢᠯ ᠤᠨ ᠨᠢᠭᠡᠳᠦᠭᠡᠷ ᠬᠤᠭᠤᠴᠠᠭᠠᠨ ᠤ ᠨᠣᠮ ᠤᠩᠰᠢᠬᠤ ᠠᠩᠭᠢ ᠡᠷᠭᠢᠯᠡᠪᠡ
ᠨᠡᠶᠢᠲᠡᠯᠡᠭᠰᠡᠨ ᠴᠠᠭ᠄
2023/10/11
     ᠣᠶᠢᠷ᠎ᠠ ᠳᠤ᠂ ᠬᠤᠰᠢᠭᠤᠨ ᠤ ᠨᠠᠮ ᠤᠨ ᠬᠤᠷᠢᠶ᠎ᠠ ᠨᠢ ᠰᠢ ᠶᠢᠨ ᠫᠢᠩ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠥᠬᠦᠶ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠤᠯ ᠰᠡᠳᠦᠪᠲᠦ ᠬᠥᠮᠦᠵᠢᠯ ᠤᠨ ᠨᠢᠭᠡᠳᠦᠭᠡᠷ ᠬᠤᠭᠤᠴᠠᠭᠠᠨ ᠤ ᠨᠣᠮ ᠤᠩᠰᠢᠬᠤ ᠠᠩᠭᠢ ᠵᠢᠴᠢ ᠶᠢᠰᠦᠳᠦᠭᠡᠷ ᠤᠳᠠᠭᠠᠨ ᠤ ᠣᠨᠣᠯ ᠤᠨ ᠰᠤᠷᠤᠯᠴᠠᠯᠭ᠎ᠠ ᠶᠢᠨ ᠭᠤᠤᠯ ᠳᠤᠭᠤᠶᠢᠯᠠᠩ ᠤᠨ ᠰᠤᠷᠤᠯᠴᠠᠯᠭ᠎ᠠ ᠶᠢᠨ ᠬᠤᠷᠠᠯ ᠡᠷᠭᠢᠯᠡᠪᠡ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠷᠧᠨ ᠰᠢ ᠬᠤᠷᠠᠯ ᠡᠷᠭᠢᠯᠡᠨ ᠶᠠᠷᠢᠶ᠎ᠠ ᠲᠠᠯᠪᠢᠵᠤ᠂ ᠬᠤᠰᠢᠭᠤᠨ ᠤ ᠳᠥᠷᠪᠡᠨ ᠶᠡᠭᠡ ᠪᠠᠭ ᠤᠨ ᠤᠳᠤᠷᠢᠳᠤᠯᠭ᠎ᠠ᠂ ᠰᠢᠭᠦᠬᠦ ᠬᠤᠷᠢᠶ᠎ᠠ ᠪᠠᠶᠢᠴᠠᠭᠠᠬᠤ ᠬᠤᠷᠢᠶᠠᠨ ᠤ ︽ᠬᠤᠶᠠᠷ ᠳᠠᠷᠤᠭ᠎ᠠ︾ ᠰᠤᠷᠤᠯᠴᠠᠯᠭ᠎ᠠ ᠳᠤ ᠣᠷᠣᠯᠴᠠᠵᠠᠶ᠃     ᠳᠣᠰ ᠬᠤᠭᠤᠴᠠᠭᠠᠨ ᠳᠤ᠂ ︽ ᠰᠢ ᠶᠢᠨ ᠫᠢᠩ ᠤᠨ ᠵᠣᠬᠢᠶᠠᠯ ᠤᠨ ᠰᠣᠩᠭᠤᠮᠠᠯ︾ ᠤᠨ ᠨᠢᠭᠡᠳᠦᠭᠡᠷ ᠪᠤᠳᠢ᠂ ᠬᠤᠶᠠᠳᠤᠭᠠᠷ ᠪᠤᠳᠢ᠂ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠲᠤᠰᠬᠠᠢ ᠰᠡᠳᠦᠪ ᠤᠨ ᠲᠡᠭᠦᠪᠦᠷᠢ︾᠂ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠶᠢᠷᠲᠢᠨᠴᠦ ᠶᠢᠨ ᠦᠵᠡᠯᠲᠡ ᠪᠠ ᠠᠷᠭ᠎ᠠ ᠶᠢᠨ ᠤᠨᠤᠯ ᠤᠨ ᠲᠤᠰᠬᠠᠢ ᠰᠡᠳᠦᠪ ᠤᠨ ᠲᠡᠭᠦᠪᠦᠷᠢ︾ ᠵᠡᠷᠭᠡ ᠰᠤᠷᠤᠯᠴᠠᠬᠤ ᠮᠠᠲ᠋ᠧᠷᠢᠶᠠᠯ ᠢ ᠨᠠᠷᠢᠨ ᠬᠢᠨᠠᠮᠠᠭᠠᠢ ᠰᠤᠳᠤᠯᠤᠨ ᠤᠩᠰᠢᠪᠠ᠃ ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠮᠠᠷᠺᠰ ᠤᠨ ᠦᠵᠡᠯ ᠤᠨ ᠰᠤᠳᠤᠯᠭᠠᠨ ᠤ ᠬᠦᠷᠢᠶᠡᠯᠡᠩ ᠤᠨ ᠨᠠᠮ ᠤᠨ ᠬᠤᠷᠢᠶ᠎ᠠ ᠶᠢᠨ ᠱᠦᠵᠢ᠂ ᠬᠦᠷᠢᠶᠡᠯᠡᠩ ᠤᠨ ᠳᠠᠷᠤᠭ᠎ᠠ ᠰᠢᠨ ᠰᠢᠶᠠᠩ ᠶᠠᠩ ᠫᠷᠤᠹᠧᠰᠰᠤᠷ ᠤᠨ ᠬᠢᠭᠰᠡᠨ ︽ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠡᠵᠡᠮᠳᠡᠬᠦ ᠶᠢᠷᠲᠢᠨᠴᠦ ᠶᠢᠨ ᠦᠵᠡᠯᠲᠡ ᠪᠠ ᠠᠷᠭ᠎ᠠ ᠶᠢᠨ ᠤᠨᠤᠯ︾ ᠭᠡᠬᠦ  ᠹᠢᠯᠢᠮ ᠢ ᠦᠵᠡᠭᠰᠡᠨ ᠪᠥᠭᠡᠳ ᠲᠤᠰ ᠪᠡᠶ᠎ᠡ ᠶᠢᠨ ᠦᠵᠡᠯ ᠰᠠᠨᠠᠭ᠎ᠠ᠂ ᠠᠵᠢᠯ ᠪᠣᠯᠤᠨ ᠰᠤᠷᠲᠠᠯ ᠤᠨ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠤᠨ ᠣᠯᠤᠯᠲᠠ ᠲᠦᠷᠦᠭᠳᠡᠯ ᠢᠶᠠᠨ ᠪᠢᠴᠢᠵᠡᠭᠡᠪᠡ  ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号