ᠬᠤᠩ ᠯᠢᠩ ᠠᠭᠤᠷᠬᠠᠢ ᠶᠢᠨ ᠦᠢᠯᠡᠰ ᠤᠨ ᠺᠣᠮᠫᠠᠨᠢ ᠬᠥᠷᠥᠰᠥ ᠰᠢᠷᠣᠢ ᠶᠢ ᠨᠣᠭᠤᠭᠠᠷᠠᠭᠤᠯᠬᠤ ᠠᠵᠢᠯ ᠢ ᠢᠳᠡᠪᠬᠢᠲᠡᠢ ᠥᠷᠨᠢᠭᠦᠯᠵᠦ ᠪᠣᠬᠢᠷᠲᠤᠯ ᠦᠭᠡᠢ ᠠᠮᠢ ᠠᠬᠤᠢ ᠶᠢᠨ ᠬᠠᠯᠬᠠᠪᠴᠢ ᠶᠢ ᠪᠠᠶᠢᠭᠤᠯᠵᠤ ᠪᠤᠢ
ᠨᠡᠶᠢᠲᠡᠯᠡᠭᠰᠡᠨ ᠴᠠᠭ᠄
2023/10/19
    ᠡᠨᠡ ᠵᠢᠯ ᠠᠴᠠ ᠬᠤᠩ ᠯᠢᠩ ᠠᠭᠤᠷᠬᠠᠢ ᠶᠢᠨ ᠦᠢᠯᠡᠰ ᠤᠨ ᠺᠣᠮᠫᠠᠨᠢ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠡᠭᠦᠷᠭᠡ ᠬᠠᠷᠢᠭᠤᠴᠠᠯᠭ᠎ᠠ ᠶᠢ ᠢᠳᠡᠪᠬᠢᠲᠡᠢ ᠦᠢᠯᠡᠳᠦᠯᠭᠡᠵᠢᠭᠦᠯᠵᠦ᠂ ᠬᠥᠷᠥᠰᠥ ᠰᠢᠷᠣᠢ ᠶᠢ ᠨᠣᠭᠤᠭᠠᠷᠠᠭᠤᠯᠬᠤ ᠠᠵᠢᠯ ᠢ ᠦᠷᠭᠦᠯᠵᠢᠯᠡᠨ ᠥᠷᠨᠢᠭᠦᠯᠵᠦ᠂ ᠪᠣᠬᠢᠷᠲᠤᠯ ᠦᠭᠡᠢ ᠠᠮᠢ ᠠᠬᠤᠢ ᠶᠢᠨ ᠬᠠᠯᠬᠠᠪᠴᠢ ᠶᠢ ᠪᠠᠶᠢᠭᠤᠯᠵᠤ᠂ ︽ᠱᠠᠨᠳᠦ᠋ᠩ ᠤᠨ ᠰᠢᠵᠢᠷ ᠠᠯᠳᠠᠨ ᠠᠮᠢ ᠠᠬᠤᠢ ᠶᠢᠨ ᠠᠭᠤᠷᠬᠠᠢ ᠶᠢᠨ ᠦᠢᠯᠡᠰ︾᠎ ᠤᠨ ᠲᠦᠷᠢ ᠲᠥᠷᠬᠦ ᠶᠢ ᠦᠨᠡᠨᠬᠦ ᠳᠡᠭᠡᠭᠰᠢᠯᠡᠭᠦᠯᠵᠡᠢ᠃      ᠲᠣᠰ ᠺᠣᠮᠫᠠᠨᠢ ᠬᠥᠷᠥᠰᠥ ᠰᠢᠷᠣᠶ ᠶᠢ ᠨᠣᠭᠤᠭᠠᠷᠠᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠲᠤᠬᠠᠶ ᠶᠢᠨ ᠭᠠᠵᠠᠷ ᠤᠨ ᠠᠭᠤᠷ ᠠᠮᠢᠰᠬᠤᠯ ᠵᠢᠴᠢ ᠬᠥᠷᠥᠰᠥ ᠰᠢᠷᠣᠶ ᠶᠢᠨ ᠣᠷᠴᠢᠨ ᠲᠣᠭᠤᠷᠢᠨ ᠤ ᠣᠨᠴᠠᠭᠠᠶ ᠴᠢᠨᠠᠷ ᠲᠠᠢ ᠤᠶᠠᠯᠳᠤᠭᠤᠯᠤᠨ᠂ ᠠᠯᠬᠤᠮ ᠠᠯᠬᠤᠮ ᠢᠶᠠᠷ ᠲᠤᠷᠰᠢᠯᠲᠠ ᠬᠢᠬᠦ ᠪᠠᠷ ᠳᠡᠮᠵᠢᠨ᠂ ᠬᠦᠢᠲᠡᠨ᠂ ᠭᠠᠩ ᠬᠠᠭᠰᠠᠷᠠᠭᠠᠨ ᠳᠤ ᠲᠡᠰᠪᠦᠷᠢᠲᠡᠶ᠂ ᠦᠨᠳᠦᠰᠦᠨ ᠤ ᠰᠢᠰᠲ᠋ᠧᠮ ᠬᠥᠭᠵᠢᠭᠰᠡᠨ ᠬᠤᠵᠢᠷᠯᠢᠬ ᠡᠪᠡᠰᠦ ᠶᠢ ᠰᠣᠩᠭᠤᠨ ᠡᠪᠡᠰᠦᠨ ᠦᠷ᠎ᠡ ᠪᠣᠯᠭᠠᠵᠠᠶ᠃ ᠠᠵᠢᠯᠲᠠᠳ ᠡᠷᠬᠢᠨ ᠲᠣᠭᠤᠷᠢᠨ ᠤ ᠬᠤᠭ ᠨᠣᠪᠰᠢ ᠶᠢ ᠴᠡᠪᠡᠷᠯᠡᠭᠰᠡᠨ ᠤ ᠳᠠᠷᠠᠭ᠎ᠠ᠂ ᠰᠢᠷᠣᠶ ᠶᠢ ᠲᠡᠭᠰᠢᠯᠡᠨ᠂ ᠨᠡᠶᠢᠲᠡ 9.5 ᠲᠦᠮᠡᠨ ᠲᠡᠭᠰᠢ ᠳᠥᠷᠪᠡᠯᠵᠢᠨ ᠮᠧᠲᠷ  ᠡᠪᠡᠰᠦᠨ ᠦᠷ᠎ᠡ ᠳᠠᠷᠢᠵᠤ᠂ ᠠᠭᠤᠷᠬᠠᠶ ᠶᠢᠨ ᠣᠷᠴᠢᠨ ᠤ ᠠᠮᠢ ᠠᠬᠤᠶ ᠶᠢᠨ ᠰᠡᠷᠭᠦᠯᠲᠡ ᠶᠢ ᠪᠦᠲᠦᠮᠵᠢᠲᠡᠶ ᠵᠠᠰᠠᠵᠤ ᠰᠠᠶᠢᠵᠢᠷᠠᠭᠤᠯᠪᠠ᠃      ᠤᠢᠢᠷ᠎ᠠ ᠶᠢᠨ ᠵᠢᠯ ᠠᠴᠠ  ᠬᠤᠩ ᠯᠢᠩ ᠠᠭᠤᠷᠬᠠᠢ ᠶᠢᠨ ᠦᠢᠯᠡᠰ ᠤᠨ ᠺᠣᠮᠫᠠᠨᠢ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠺᠣᠮᠫᠠᠨᠢ ᠶᠢᠨ ᠠᠵᠢᠯ ᠤᠨ ᠳᠤᠪᠤᠶᠢᠮ᠎ᠠ ᠪᠠᠶᠢᠷᠢᠨ ᠳᠤ ᠲᠠᠯᠪᠢᠵᠤ᠂ ᠠᠮᠢ ᠠᠬᠤᠢ ᠪᠣᠯᠤᠨ ᠬᠥᠭᠵᠢᠯᠲᠡ ᠶᠢ ᠵᠡᠷᠭᠡᠪᠡᠷ ᠴᠢᠬᠤᠯᠠᠴᠢᠯᠠᠬᠤ ᠶᠢ ᠢᠮᠠᠭᠲᠠ ᠪᠠᠷᠢᠮᠲᠠᠯᠠᠵᠤ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ︾ ᠭᠡᠬᠦ ᠬᠥᠭᠵᠢᠯᠲᠡ ᠶᠢᠨ ᠤᠢᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠠᠯᠬᠤᠴᠠ ᠪᠠᠨ ᠳᠠᠰᠤᠷᠠᠯᠳᠠ ᠦᠭᠡᠢ ᠲᠦᠷᠭᠡᠳᠬᠡᠵᠦ᠂ ᠪᠣᠬᠢᠷᠲᠤᠯ ᠦᠭᠡᠢ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ︽ᠦᠵᠡᠰᠬᠦᠯᠡᠩᠲᠦ ᠰᠠᠶᠢᠬᠠᠨ ᠤᠯᠠᠭᠠᠨ ᠳᠠᠪᠠᠭ᠎ᠠ︾᠎ ᠶᠢ ᠪᠦᠳᠦᠬᠡᠨ ᠪᠠᠶᠢᠭᠤᠯᠬᠤ ᠳᠤ ᠦᠩᠭᠡ ᠪᠤᠳᠤᠭ ᠨᠡᠮᠡᠷᠢᠯᠡᠵᠡᠢ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号