ᠡᠨᠡ ᠵᠢᠯ ᠠᠴᠠ ᠬᠤᠩ ᠯᠢᠩ ᠠᠭᠤᠷᠬᠠᠢ ᠶᠢᠨ ᠦᠢᠯᠡᠰ ᠤᠨ ᠺᠣᠮᠫᠠᠨᠢ ᠤᠯᠤᠰ ᠤᠨ ᠥᠮᠴᠢᠯᠡᠯ ᠤᠨ ᠠᠵᠤ | ᠠᠬᠤᠶᠢᠯᠠᠯ ᠤᠨ ᠡᠭᠦᠷᠭᠡ ᠬᠠᠷᠢᠭᠤᠴᠠᠯᠭ᠎ᠠ ᠶᠢ ᠢᠳᠡᠪᠬᠢᠲᠡᠢ ᠦᠢᠯᠡᠳᠦᠯᠭᠡᠵᠢᠭᠦᠯᠵᠦ᠂ ᠬᠥᠷᠥᠰᠥ ᠰᠢᠷᠣᠢ ᠶᠢ | ᠨᠣᠭᠤᠭᠠᠷᠠᠭᠤᠯᠬᠤ ᠠᠵᠢᠯ ᠢ ᠦᠷᠭᠦᠯᠵᠢᠯᠡᠨ ᠥᠷᠨᠢᠭᠦᠯᠵᠦ᠂ ᠪᠣᠬᠢᠷᠲᠤᠯ ᠦᠭᠡᠢ ᠠᠮᠢ ᠠᠬᠤᠢ ᠶᠢᠨ ᠬᠠᠯᠬᠠᠪᠴᠢ ᠶᠢ | ᠪᠠᠶᠢᠭᠤᠯᠵᠤ᠂ ︽ᠱᠠᠨᠳᠦ᠋ᠩ ᠤᠨ ᠰᠢᠵᠢᠷ ᠠᠯᠳᠠᠨ ᠠᠮᠢ ᠠᠬᠤᠢ ᠶᠢᠨ ᠠᠭᠤᠷᠬᠠᠢ ᠶᠢᠨ ᠦᠢᠯᠡᠰ︾ ᠤᠨ ᠲᠦᠷᠢ | ᠲᠥᠷᠬᠦ ᠶᠢ ᠦᠨᠡᠨᠬᠦ ᠳᠡᠭᠡᠭᠰᠢᠯᠡᠭᠦᠯᠵᠡᠢ᠃ | ᠲᠣᠰ ᠺᠣᠮᠫᠠᠨᠢ ᠬᠥᠷᠥᠰᠥ ᠰᠢᠷᠣᠶ ᠶᠢ ᠨᠣᠭᠤᠭᠠᠷᠠᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ | ᠦᠵᠡᠵᠦ᠂ ᠲᠤᠬᠠᠶ ᠶᠢᠨ ᠭᠠᠵᠠᠷ ᠤᠨ ᠠᠭᠤᠷ ᠠᠮᠢᠰᠬᠤᠯ ᠵᠢᠴᠢ ᠬᠥᠷᠥᠰᠥ ᠰᠢᠷᠣᠶ ᠶᠢᠨ ᠣᠷᠴᠢᠨ ᠲᠣᠭᠤᠷᠢᠨ ᠤ | ᠣᠨᠴᠠᠭᠠᠶ ᠴᠢᠨᠠᠷ ᠲᠠᠢ ᠤᠶᠠᠯᠳᠤᠭᠤᠯᠤᠨ᠂ ᠠᠯᠬᠤᠮ ᠠᠯᠬᠤᠮ ᠢᠶᠠᠷ ᠲᠤᠷᠰᠢᠯᠲᠠ ᠬᠢᠬᠦ ᠪᠠᠷ ᠳᠡᠮᠵᠢᠨ᠂ ᠬᠦᠢᠲᠡᠨ᠂ | ᠭᠠᠩ ᠬᠠᠭᠰᠠᠷᠠᠭᠠᠨ ᠳᠤ ᠲᠡᠰᠪᠦᠷᠢᠲᠡᠶ᠂ ᠦᠨᠳᠦᠰᠦᠨ ᠤ ᠰᠢᠰᠲ᠋ᠧᠮ ᠬᠥᠭᠵᠢᠭᠰᠡᠨ ᠬᠤᠵᠢᠷᠯᠢᠬ ᠡᠪᠡᠰᠦ ᠶᠢ ᠰᠣᠩᠭᠤᠨ | ᠡᠪᠡᠰᠦᠨ ᠦᠷ᠎ᠡ ᠪᠣᠯᠭᠠᠵᠠᠶ᠃ ᠠᠵᠢᠯᠲᠠᠳ ᠡᠷᠬᠢᠨ ᠲᠣᠭᠤᠷᠢᠨ ᠤ ᠬᠤᠭ ᠨᠣᠪᠰᠢ ᠶᠢ ᠴᠡᠪᠡᠷᠯᠡᠭᠰᠡᠨ ᠤ ᠳᠠᠷᠠᠭ᠎ᠠ᠂ | ᠰᠢᠷᠣᠶ ᠶᠢ ᠲᠡᠭᠰᠢᠯᠡᠨ᠂ ᠨᠡᠶᠢᠲᠡ 9.5 ᠲᠦᠮᠡᠨ ᠲᠡᠭᠰᠢ ᠳᠥᠷᠪᠡᠯᠵᠢᠨ ᠮᠧᠲᠷ ᠡᠪᠡᠰᠦᠨ ᠦᠷ᠎ᠡ ᠳᠠᠷᠢᠵᠤ᠂ | ᠠᠭᠤᠷᠬᠠᠶ ᠶᠢᠨ ᠣᠷᠴᠢᠨ ᠤ ᠠᠮᠢ ᠠᠬᠤᠶ ᠶᠢᠨ ᠰᠡᠷᠭᠦᠯᠲᠡ ᠶᠢ ᠪᠦᠲᠦᠮᠵᠢᠲᠡᠶ ᠵᠠᠰᠠᠵᠤ ᠰᠠᠶᠢᠵᠢᠷᠠᠭᠤᠯᠪᠠ᠃ | ᠤᠢᠢᠷ᠎ᠠ ᠶᠢᠨ ᠵᠢᠯ ᠠᠴᠠ ᠬᠤᠩ ᠯᠢᠩ ᠠᠭᠤᠷᠬᠠᠢ ᠶᠢᠨ ᠦᠢᠯᠡᠰ ᠤᠨ ᠺᠣᠮᠫᠠᠨᠢ ᠠᠮᠢ ᠠᠬᠤᠢ ᠶᠢᠨ | ᠪᠣᠯᠪᠠᠰᠤᠨ ᠤ ᠪᠠᠶᠢᠭᠤᠯᠤᠯᠲᠠ ᠶᠢ ᠺᠣᠮᠫᠠᠨᠢ ᠶᠢᠨ ᠠᠵᠢᠯ ᠤᠨ ᠳᠤᠪᠤᠶᠢᠮ᠎ᠠ ᠪᠠᠶᠢᠷᠢᠨ ᠳᠤ ᠲᠠᠯᠪᠢᠵᠤ᠂ ᠠᠮᠢ ᠠᠬᠤᠢ | ᠪᠣᠯᠤᠨ ᠬᠥᠭᠵᠢᠯᠲᠡ ᠶᠢ ᠵᠡᠷᠭᠡᠪᠡᠷ ᠴᠢᠬᠤᠯᠠᠴᠢᠯᠠᠬᠤ ᠶᠢ ᠢᠮᠠᠭᠲᠠ ᠪᠠᠷᠢᠮᠲᠠᠯᠠᠵᠤ᠂ ︽ᠬᠥᠬᠡᠮᠳᠦᠭ ᠨᠣᠭᠤᠭᠠᠨ ᠠᠭᠤᠯᠠ | ᠤᠰᠤ ᠪᠣᠯ ᠠᠯᠳᠠ ᠮᠥᠩᠭᠦᠨ ᠠᠭᠤᠯᠠ︾ ᠭᠡᠬᠦ ᠬᠥᠭᠵᠢᠯᠲᠡ ᠶᠢᠨ ᠤᠢᠢᠯᠠᠭᠠᠭᠳᠠᠬᠤᠨ ᠢ ᠦᠢᠯᠡᠳᠦᠯᠭᠡᠵᠢᠭᠦᠯᠵᠦ᠂ | ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠠᠯᠬᠤᠴᠠ ᠪᠠᠨ ᠳᠠᠰᠤᠷᠠᠯᠳᠠ ᠦᠭᠡᠢ ᠲᠦᠷᠭᠡᠳᠬᠡᠵᠦ᠂ | ᠪᠣᠬᠢᠷᠲᠤᠯ ᠦᠭᠡᠢ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ︽ᠦᠵᠡᠰᠬᠦᠯᠡᠩᠲᠦ ᠰᠠᠶᠢᠬᠠᠨ | ᠤᠯᠠᠭᠠᠨ ᠳᠠᠪᠠᠭ᠎ᠠ︾ ᠶᠢ ᠪᠦᠳᠦᠬᠡᠨ ᠪᠠᠶᠢᠭᠤᠯᠬᠤ ᠳᠤ ᠦᠩᠭᠡ ᠪᠤᠳᠤᠭ ᠨᠡᠮᠡᠷᠢᠯᠡᠵᠡᠢ᠃ |