ᠭᠤᠷᠪᠠᠨ ᠬᠦᠷᠳᠦᠲᠦ᠂ ᠳᠥᠷᠪᠡᠨ ᠬᠦᠷᠳᠦᠲᠦ ᠳᠣᠣᠷ᠎ᠠ ᠬᠤᠷᠳᠤᠴᠠᠲᠤ ᠴᠠᠬᠢᠯᠭᠠᠨ ᠬᠥᠳᠡᠯᠭᠡᠭᠦᠷᠲᠦ | ᠲᠡᠷᠭᠡ ᠶᠢ ᠶᠡᠷᠦᠩᠬᠡᠶᠢᠯᠡᠨ ᠵᠠᠰᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ ᠵᠠᠮ | ᠬᠠᠷᠢᠯᠴᠠᠭᠠᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠠᠷᠢᠯᠭᠠᠵᠤ᠂ ᠲᠡᠷᠭᠡᠨ ᠤ | ᠡᠬᠢ ᠡᠭᠦᠰᠦᠯ ᠤᠨ ᠬᠠᠮᠢᠶᠠᠷᠤᠯᠲᠠ ᠶᠢ ᠴᠢᠩᠭᠠᠳᠬᠠᠵᠤ᠂ ︽ᠠᠰᠠᠭᠤᠳᠠᠯ ᠲᠠᠢ︾ ᠮᠠᠰᠢᠨ ᠲᠡᠷᠭᠡ ᠵᠠᠬ᠎ᠠ | ᠳᠡᠯᠭᠡᠭᠦᠷ ᠲᠤ ᠣᠷᠣᠵᠤ ᠢᠷᠡᠬᠦ ᠶᠢ ᠡᠷᠡᠰ ᠬᠤᠷᠢᠭᠯᠠᠵᠤ᠂ ᠥᠷᠭᠡᠨ ᠣᠯᠠᠨ ᠲᠦᠮᠡᠨ ᠤ ᠠᠮᠤᠷ ᠲᠦᠪᠰᠢᠨ ᠢᠶᠠᠷ | ᠶᠠᠪᠤᠵᠤ ᠰᠠᠭᠤᠬᠤ ᠶᠢ ᠪᠠᠲᠤᠯᠠᠵᠤ᠂ ᠪᠥᠬᠦ ᠬᠤᠲᠠ ᠶᠢᠨ ︽ᠰᠠᠭᠠᠳ ᠥᠬᠡᠶ ᠨᠡᠪᠲᠡᠷᠡᠬᠦ ᠶᠢ ᠪᠠᠲᠤᠯᠠᠬᠤ᠂ ᠠᠮᠤᠷ | ᠲᠦᠪᠰᠢᠨ ᠢ ᠪᠠᠲᠤᠯᠠᠬᠤ᠂ ᠲᠣᠭᠲᠠᠭᠤᠨ ᠢ ᠬᠠᠮᠠᠭᠠᠯᠠᠬᠤ︾ ᠨᠠᠮᠤᠷ ᠡᠪᠦᠯ ᠤᠨ ᠤᠯᠠᠷᠢᠯ ᠳᠤ ᠵᠠᠮ ᠬᠠᠷᠢᠯᠴᠠᠭᠠᠨ ᠤ | ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠳᠣᠪᠤᠶᠢᠯᠭᠠᠬᠤ | ᠠᠵᠢᠯᠯᠠᠭ᠎ᠠ ᠶᠢᠨ ᠲᠥᠰᠦᠯ ᠤᠨ ᠱᠠᠭᠠᠷᠳᠠᠯᠭ᠎ᠠ ᠪᠠ ᠪᠠᠭᠠᠷᠢᠨ ᠵᠡᠭᠦᠨ ᠬᠤᠰᠢᠭᠤᠨ ᠤ ︽ᠳᠠᠯᠳᠠ ᠬᠡᠮ ᠢ ᠠᠷᠢᠯᠭᠠᠬᠤ᠂ | ᠠᠳᠡᠯ ᠭᠠᠷᠬᠤ ᠶᠢ ᠰᠡᠷᠭᠡᠶᠢᠯᠡᠬᠦ᠂ ᠠᠮᠤᠷ ᠲᠦᠪᠰᠢᠨ ᠢ ᠪᠠᠲᠤᠯᠠᠬᠤ︾ ᠵᠠᠮ ᠬᠠᠷᠢᠯᠴᠠᠭᠠᠨ ᠤ ᠠᠮᠤᠷ ᠲᠦᠪᠰᠢᠨ ᠤ | ᠵᠠᠭᠤᠨ ᠡᠳᠦᠷ ᠤᠨ ᠪᠣᠭᠤᠮᠲᠠ ᠰᠢᠪᠲᠤᠯᠬᠤ ᠠᠵᠢᠯᠯᠠᠭ᠎ᠠ ᠵᠢᠴᠢ ︽ᠳᠣᠤᠷ᠎ᠠ ᠬᠤᠷᠳᠤᠴᠠᠲᠤ ᠴᠠᠬᠢᠯᠭᠠᠨ | ᠬᠥᠳᠡᠯᠭᠡᠭᠦᠷᠲᠦ ᠲᠡᠷᠭᠡᠨ ᠤ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠶ᠋ᠯᠡ ᠠᠵᠢᠯᠯᠠᠭ᠎ᠠ ᠶᠢ ᠲᠤᠰᠬᠠᠶ | ᠴᠡᠭᠴᠡᠯᠡᠨ ᠵᠠᠰᠠᠬᠤ︾ ᠶᠢᠨ ᠪᠣᠳᠠᠲᠠᠶ ᠲᠣᠬᠢᠷᠠᠭᠤᠯᠤᠯᠲᠠ ᠶᠢ ᠦᠨᠳᠦᠰᠦᠯᠡᠨ᠂ ᠪᠠᠭᠠᠷᠢᠨ ᠵᠡᠭᠦᠨ ᠬᠤᠰᠢᠭᠤᠨ ᠤ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ | ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠠᠢ ᠬᠠᠮᠲᠤᠷᠠᠨ ᠬᠠᠷᠢᠶ᠎ᠠ ᠣᠷᠣᠨ ᠤ | ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡ ᠪᠣᠷᠣᠯᠠᠭᠤᠯᠬᠤ ᠠᠵᠤ ᠠᠬᠤᠶᠢᠯᠠᠯ ᠳᠤ ᠭᠦᠨᠵᠡᠭᠡᠶᠢᠷᠡᠨ ᠬᠠᠮᠲᠤᠷᠠᠭᠰᠠᠨ | ᠪᠠᠶᠢᠴᠠᠭᠠᠯᠲᠠ ᠬᠢᠵᠡᠶ᠃ |