ᠣᠶᠢᠷ᠎ᠠ ᠳᠤ᠂ ᠪᠠᠭᠠᠷᠢᠨ ᠵᠡᠭᠦᠨ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ | ᠬᠤᠲᠠ ᠶᠢᠨ ᠲᠣᠭᠤᠷᠢᠭ ᠤᠨ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠣᠷᠴᠢᠨ ᠲᠣᠭᠤᠷᠢᠨ ᠤ ᠡᠮᠬᠢ | ᠳᠢᠭᠯᠢᠮ ᠢ ᠴᠡᠭᠴᠡᠯᠡᠨ ᠵᠠᠰᠠᠵᠤ᠂ ᠥᠷᠭᠡᠨ ᠣᠯᠠᠨ ᠪᠠᠭᠰᠢ ᠰᠤᠷᠤᠭᠴᠢᠳ ᠲᠤ ᠴᠡᠪᠡᠷ ᠲᠡᠭᠰᠢ᠂ ᠡᠮᠬᠢ ᠵᠢᠷᠤᠮ ᠲᠠᠢ᠂ | ᠨᠠᠮ ᠵᠢᠮ᠂ ᠲᠠᠭᠠᠯᠠᠮᠵᠢᠲᠠᠶ ᠰᠤᠷᠤᠯᠴᠠᠬᠤ ᠠᠮᠢᠳᠤᠷᠠᠯ ᠤᠨ ᠣᠷᠴᠢᠨ ᠲᠣᠭᠤᠷᠢᠨ ᠢ ᠪᠣᠶ ᠪᠣᠯᠭᠠᠵᠤ ᠥᠭᠪᠡ᠃ | ᠬᠠᠤᠯᠢ ᠬᠡᠷᠡᠭᠵᠢᠭᠦᠯᠬᠦ ᠠᠵᠢᠯᠲᠠᠳ ᠴᠢᠭ ᠲᠣᠭᠲᠠᠭᠠᠨ ᠬᠠᠮᠢᠶᠠᠷᠬᠤ ᠠᠷᠭ᠎ᠠ ᠮᠠᠶ᠋ᠢᠭ ᠢ ᠠᠪᠴᠤ᠂ | ᠰᠤᠷᠭᠠᠭᠤᠯᠢ ᠶᠢᠨ ᠡᠷᠬᠢᠨ ᠲᠣᠭᠤᠷᠢᠨ ᠤ ᠨᠡᠭᠦᠳᠡᠯ ᠳᠡᠯᠭᠡᠭᠦᠷᠴᠢᠨ ᠤ ᠳᠤᠷ᠎ᠠ ᠪᠠᠷ ᠢᠶᠠᠨ ᠵᠠᠮ ᠡᠵᠡᠯᠡᠨ ᠡᠵᠡᠩᠨᠡᠬᠦ᠂ | ᠳᠤᠷ᠎ᠠ ᠪᠠᠷ ᠢᠶᠠᠨ ᠵᠢᠵᠢᠭ ᠵᠠᠷ ᠲᠠᠷᠬᠠᠭᠠᠬᠤ᠂ ᠵᠡᠭᠡᠯᠢ ᠳᠠᠭᠠᠤ ᠳᠡᠯᠭᠡᠭᠦᠷ ᠤᠨ ᠪᠠᠷᠠᠭ᠎ᠠ ᠶᠢ ᠳᠡᠯᠭᠡᠭᠦᠷ ᠠᠴᠠ ᠭᠠᠷᠭᠠᠵᠤ | ᠡᠵᠡᠩᠨᠡᠬᠦ ᠵᠢᠴᠢ ᠥᠨᠳᠥᠷ ᠳᠠᠭᠤᠲᠤ ᠯᠠᠪᠠᠷ ᠢᠶᠠᠷ ᠪᠠᠷᠬᠢᠷᠠᠨ ᠬᠤᠳᠠᠯᠳᠤᠬᠤ ᠵᠡᠷᠭᠡ ᠶᠢ ᠴᠡᠭᠴᠡᠯᠡᠨ ᠵᠠᠰᠠᠵᠠᠢ᠃ | ᠢᠳᠬᠠᠨ ᠬᠤᠷᠢᠭᠯᠠᠬᠤ ᠶᠢ ᠰᠣᠨᠣᠰᠬᠤ ᠦᠭᠡᠢ ᠪᠠᠷ ᠵᠠᠮ ᠡᠵᠡᠯᠡᠨ ᠡᠵᠡᠩᠨᠡᠭᠰᠡᠨ᠂ ᠪᠠᠷᠠᠭ᠎ᠠ ᠶᠢ ᠳᠡᠯᠭᠡᠭᠦᠷ ᠠᠴᠠ | ᠭᠠᠷᠭᠠᠵᠤ ᠡᠵᠡᠩᠨᠡᠬᠦ ᠪᠠᠭᠠᠵᠢ ᠬᠡᠷᠡᠭᠰᠡᠯ ᠢ ᠴᠥᠮ ᠲᠦᠷ ᠦᠯᠡᠳᠡᠭᠡᠵᠦ ᠠᠪᠬᠤ ᠪᠠ ᠰᠢᠳᠬᠡᠨ ᠲᠣᠷᠭᠠᠬᠤ ᠶᠢ | ᠬᠡᠷᠡᠭᠵᠢᠭᠦᠯᠵᠡᠢ᠃ ᠣᠲᠣ ᠪᠣᠯᠲᠠᠯ᠎ᠠ᠂ ᠨᠡᠶᠢᠲᠡ 50 ᠭᠠᠷᠤᠶ ᠨᠡᠭᠦᠳᠡᠯ ᠳᠡᠯᠭᠡᠭᠦᠷᠴᠢᠨ ᠢ ᠴᠡᠪᠡᠷᠯᠡᠵᠦ᠂ 40 ᠭᠠᠷᠤᠶ | ᠵᠢᠵᠢᠭ ᠵᠠᠷ ᠮᠡᠳᠡᠭᠡ ᠶᠢ ᠵᠢᠷᠤᠮᠵᠢᠭᠤᠯᠤᠨ ᠡᠵᠡᠩᠨᠡᠵᠦ᠂ 20 ᠭᠠᠷᠤᠶ ᠵᠢᠵᠢᠭ ᠵᠠᠷ ᠮᠡᠳᠡᠭᠡ ᠶᠢ ᠳᠤᠷ᠎ᠠ ᠪᠠᠷ ᠢᠶᠠᠨ | ᠲᠠᠷᠬᠠᠭᠠᠵᠤ᠂ 7 ᠥᠨᠳᠥᠷ ᠳᠠᠭᠤᠲᠤ ᠯᠠᠪᠠᠷ ᠤᠨ ᠱᠤᠤᠭᠢᠶᠠᠨ ᠢ ᠬᠤᠷᠢᠭᠯᠠᠨ ᠵᠣᠭᠰᠣᠭᠠᠵᠤ᠂ ᠰᠤᠷᠭᠠᠭᠤᠯᠢ ᠶᠢᠨ | ᠬᠦᠷᠢᠶᠡᠨ ᠤ ᠡᠷᠬᠢᠨ ᠲᠣᠭᠤᠷᠢᠨ ᠤ ᠣᠷᠴᠢᠨ ᠲᠣᠭᠤᠷᠢᠨ ᠤ ᠴᠢᠨᠠᠷ ᠴᠢᠨᠰᠠᠭ᠎ᠠ ᠶᠢ ᠦᠨᠡᠨ ᠬᠦ ᠳᠡᠭᠡᠭᠰᠢᠯᠡᠭᠦᠯᠪᠡ᠃ |