ᠪᠠᠭᠠᠷᠢᠨ ᠵᠡᠭᠦᠨ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ︽ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠬᠠᠤᠯᠢ︾ ᠶᠢᠨ ᠪᠣᠯᠪᠠᠰᠤᠷᠠᠭᠤᠯᠤᠯ ᠤᠨ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/10/27
     2023 ᠣᠨ ᠪᠣᠯ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠬᠠᠤᠯᠢ︾ ᠶᠢᠨ ᠬᠠᠤᠯᠢ ᠲᠣᠭᠲᠠᠭᠠᠭᠰᠠᠨ 30 ᠵᠢᠯ ᠤᠨ ᠣᠶ ᠪᠣᠯᠤᠨ᠎ᠠ᠂ ᠰᠢ ᠶᠢᠨ ᠫᠢᠩ ᠶᠡᠷᠦᠩᠬᠡᠶ ᠱᠦᠵᠢ ᠶᠢᠨ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ ᠳᠡᠭᠡᠷᠡᠬᠢ ︽ᠦᠨᠳᠦᠰᠦᠨ ᠱᠠᠲᠤᠨ ᠤ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠰᠢᠰᠲ᠋ᠧᠮ ᠨᠢ ᠡᠩᠨᠡᠭᠡ ᠪᠠᠨ ᠲᠣᠭᠲᠠᠪᠤᠷᠢᠵᠢᠭᠤᠯᠵᠤ᠂ ᠬᠡᠪ ᠴᠢᠨᠠᠷ ᠢᠶᠠᠨ ᠳᠡᠭᠡᠭᠰᠢᠯᠡᠭᠦᠯᠦᠨ᠂ ᠭᠤᠤᠯ ᠠᠵᠢᠯ ᠳᠠᠭᠠᠨ ᠪᠤᠴᠠᠵᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠦᠢᠯᠡᠴᠢᠯᠡᠭᠡᠨ ᠤ ᠴᠢᠳᠠᠮᠵᠢ ᠪᠠᠨ ᠴᠢᠩᠭᠠᠳᠬᠠᠬᠤ ᠬᠡᠷᠡᠭᠲᠡᠶ︾ ᠭᠡᠰᠡᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠣᠶᠢᠷ᠎ᠠ ᠳᠤ᠂ ᠪᠠᠭᠠᠷᠢᠨ ᠵᠡᠭᠦᠨ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠠᠴᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠬᠠᠤᠯᠢ︾ ᠶᠢᠨ ᠪᠣᠯᠪᠠᠰᠤᠷᠠᠭᠤᠯᠤᠯ ᠤᠨ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠮᠡᠷᠭᠡᠵᠢᠯ ᠢ ᠳᠡᠯᠭᠡᠷᠡᠭᠦᠯᠬᠦ ᠲᠥᠪ ᠤᠨ ᠡᠷᠬᠢᠯᠡᠭᠴᠢ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠬᠠᠤᠯᠢ︾ ᠶᠢ ᠵᠤᠷᠪᠤᠰ ᠳᠠᠷᠠᠭᠠᠯᠠᠨ ᠲᠠᠶᠢᠯᠪᠤᠷᠢᠯᠠᠪᠠ᠃       ᠬᠤᠷᠠᠯ ᠠᠴᠠ ᠴᠢᠬᠤᠯᠠᠴᠢᠯᠠᠭᠰᠠᠨ ᠨᠢ᠂ ᠨᠡᠪᠳᠡᠷᠡᠳᠡᠯ᠎ᠠ ᠰᠤᠷᠤᠯᠴᠠᠨ ᠨᠡᠪᠳᠡᠷᠡᠳᠡᠯ᠎ᠠ ᠣᠶᠢᠯᠠᠭᠠᠵᠤ᠂ ︽ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠬᠠᠤᠯᠢ︾ ᠶᠢᠨ ᠬᠠᠤᠯᠢ ᠲᠣᠭᠲᠠᠭᠠᠬᠤ ᠵᠣᠷᠢᠯᠭ᠎ᠠ᠂ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠳᠤ ᠵᠢᠷᠤᠮᠯᠠᠬᠤ ᠶᠣᠰᠣᠲᠠᠢ ᠵᠠᠷᠴᠢᠮ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠪᠠᠶᠢᠷᠢ ᠲᠣᠭᠲᠠᠭᠠᠯᠲᠠ ᠵᠢᠴᠢ ᠬᠠᠤᠯᠢ ᠶᠢᠨ ᠬᠠᠷᠢᠭᠤᠴᠠᠯᠭ᠎ᠠ ᠵᠡᠷᠭᠡ ᠬᠤᠯᠪᠣᠭᠳᠠᠯ ᠪᠦᠬᠦᠢ ᠲᠣᠭᠲᠠᠭᠠᠯ ᠢ ᠦᠨᠡᠨᠬᠦ ᠣᠶᠢᠯᠠᠭᠠᠬᠤ ᠬᠡᠷᠡᠭᠲᠡᠢ︔ ᠦᠨᠳᠦᠰᠦᠨ ᠱᠠᠲᠤᠨ ᠤ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠰᠢᠰᠲ᠋ᠧᠮ ᠤᠨ ᠥᠭᠡᠷᠡᠴᠢᠯᠡᠯᠲᠡ ᠪᠠ ᠪᠦᠲᠦᠭᠡᠨ ᠪᠠᠶᠢᠭᠤᠯᠤᠯᠲᠠ ᠶᠢᠨ ᠵᠦᠢᠯᠡᠰ ᠢ ᠬᠡᠷᠡᠭᠵᠢᠭᠦᠯᠬᠦ ᠠᠵᠢᠯ ᠢ ᠦᠨᠡᠨ ᠬᠦ ᠰᠠᠶᠢᠲᠤᠷ ᠬᠢᠵᠦ᠂ ︽ᠲᠤᠰᠬᠠᠶ ᠮᠡᠷᠭᠡᠵᠢᠯᠲᠡᠨ + ᠰᠠᠭᠤᠷᠢᠨ ᠭᠠᠵᠠᠷ + ᠮᠡᠷᠭᠡᠵᠢᠯ ᠤᠨ ᠵᠢᠭᠠᠨ ᠵᠢᠯᠤᠭᠤᠳᠤᠭᠴᠢ + ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠡᠷᠦᠬᠡ + ᠨᠥᠯᠥᠭᠡᠯᠡᠨ ᠳᠠᠶᠢᠴᠢᠯᠠᠬᠤ ᠡᠷᠦᠬᠡ︾ ᠶᠢᠨ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠠᠵᠢᠯᠯᠠᠭᠠᠨ ᠤ ᠵᠠᠭᠪᠤᠷ ᠢ ᠪᠠᠶᠢᠭᠤᠯᠬᠤ ᠬᠡᠷᠡᠭᠲᠡᠶ︔ ᠮᠡᠳᠡᠯᠭᠡ ᠶᠢᠨ ᠰᠢᠨᠡᠴᠢᠯᠡᠯᠲᠡ ᠶᠢᠨ ᠪᠣᠯᠪᠠᠰᠤᠷᠠᠭᠤᠯᠤᠯ ᠤᠨ ᠠᠵᠢᠯ ᠢ ᠴᠢᠩᠭᠠᠳᠬᠠᠵᠤ᠂ ᠮᠡᠳᠡᠯᠭᠡ ᠶᠢᠨ ᠰᠢᠨᠡᠴᠢᠯᠡᠯᠲᠡ ᠪᠠᠷ ᠳᠠᠮᠵᠢᠭᠤᠯᠤᠨ ᠰᠢᠨ᠎ᠡ ᠴᠠᠭ ᠦᠶ᠎ᠡ ᠶᠢᠨ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠠᠵᠢᠯ ᠳᠤ ᠲᠠᠰᠤᠷᠠᠯᠳᠠ ᠦᠭᠡᠢ ᠵᠣᠬᠢᠴᠠᠬᠤ ᠬᠡᠷᠡᠭᠲᠡᠶ︔ ᠲᠠᠷᠢᠶᠠᠯᠠᠩ ᠮᠠᠯ ᠠᠵᠤ ᠠᠬᠤᠶ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠳᠣᠲᠣᠭᠠᠳᠤ ᠳᠤ ᠪᠠᠶᠢᠭᠤᠯᠤᠭᠰᠠᠨ ᠰᠲ᠋ᠣᠺ ᠤᠨ ᠲᠠᠰᠤᠭ ᠤᠨ ᠠᠵᠢᠯ ᠤᠨ ᠳᠤᠮᠳᠠᠬᠢ ᠵᠣᠬᠢᠴᠠᠭᠤᠯᠤᠨ ᠬᠠᠮᠵᠢᠯᠴᠠᠬᠤ ᠦᠢᠯᠡᠳᠦᠯ ᠢ ᠴᠢᠩᠭᠠᠷᠠᠭᠤᠯᠵᠤ᠂ ᠡᠨᠡ ᠵᠢᠯ ᠤᠨ ᠪᠥᠬᠦ ᠵᠢᠯ ᠤᠨ ᠠᠵᠢᠯ ᠢᠶᠠᠨ ᠳ᠋ᠦᠩᠨᠡᠬᠦ᠂ ᠬᠢᠯᠠᠰ ᠴᠡᠭ ᠢ ᠳᠣᠪᠤᠶᠢᠯᠭᠠᠬᠤ ᠠᠵᠢᠯ ᠢ ᠰᠠᠶᠢᠲᠤᠷ ᠬᠢᠵᠦ᠂ ᠣᠷᠣᠰᠢᠵᠤ ᠪᠠᠶᠢᠭ᠎ᠠ ᠠᠰᠠᠭᠤᠳᠠᠯ ᠪᠠ ᠬᠦᠷᠦᠯᠴᠡᠬᠦ ᠥᠬᠡᠶ ᠲᠠᠯ᠎ᠠ ᠪᠠᠨ ᠡᠷᠢᠨ ᠭᠠᠷᠭᠠᠵᠤ᠂ ᠳᠠᠷᠠᠭ᠎ᠠ ᠵᠢᠯ ᠤᠨ ᠠᠵᠢᠯ ᠢᠶᠠᠨ ᠤᠷᠢᠳᠴᠢᠯᠠᠨ ᠰᠠᠶᠢᠲᠤᠷ ᠲᠥᠯᠥᠪᠯᠡᠬᠦ ᠬᠡᠷᠡᠭᠲᠡᠶ  ᠭᠡᠵᠠᠢ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号