ᠪᠠᠭᠠᠷᠢᠨ ᠵᠡᠭᠦᠨ ᠬᠤᠰᠢᠭᠤᠨ ᠤ ᠵᠡᠭᠦᠨ ᠬᠤᠳᠠ ᠳᠣᠭᠤᠷᠢᠭ ᠤᠨ ᠸᠠᠩ ᠵᠢᠩ ᠨᠡᠶᠢᠭᠡᠮ ᠲᠣᠭᠤᠷᠢᠭ ᠬᠤᠰᠢᠭᠤᠨ ᠤ ᠨᠡᠶᠢᠭᠡᠮ ᠤᠨ ᠪᠠᠲᠤᠯᠠᠭ᠎ᠠ ᠶᠢᠨ ᠲᠥᠪ ᠲᠠᠢ ᠬᠠᠮᠲᠤᠷᠠᠨ ︽ᠨᠡᠶᠢᠭᠡᠮ ᠤᠨ ᠪᠠᠲᠤᠯᠠᠭ᠎ᠠ ᠶᠢᠨ  ᠦᠢᠯᠡᠴᠢᠯᠡᠭᠡ ᠶᠢ ᠲᠦᠮᠡᠨ ᠡᠷᠦᠬᠡ ᠳᠤ ᠬᠦᠷᠭᠡᠬᠦ︾ ᠰᠠᠶᠢᠨ ᠳᠤᠷ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/10/31
      2023 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠡᠪᠴᠢᠶ᠎ᠡ ᠶᠢ ᠥᠷᠭᠡᠳᠬᠡᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠤᠬᠠᠮᠰᠠᠷ ᠢ ᠪᠣᠶ ᠪᠣᠯᠭᠠᠬᠤ ᠶᠢᠨ ᠲᠥᠯᠥᠭᠡ᠂ 10 ᠰᠠᠷ᠎ᠠ ᠶᠢᠨ 24 ᠤ ᠡᠳᠦᠷ᠂  ᠵᠡᠭᠦᠨ ᠬᠤᠳᠠ ᠳᠣᠭᠤᠷᠢᠭ  ᠤᠨ ᠸᠠᠩ ᠵᠢᠩ ᠨᠡᠶᠢᠭᠡᠮ ᠲᠣᠭᠤᠷᠢᠭ ᠤᠨ ᠬᠢᠨ ᠨᠡᠶᠢᠭᠡᠮ ᠤᠨ ᠳᠠᠭᠠᠳᠬᠠᠯ ᠤᠨ ᠲᠥᠪ ᠲᠠᠢ ᠬᠠᠮᠲᠤᠷᠠᠨ ︽ᠨᠡᠶᠢᠭᠡᠮ ᠤᠨ ᠳᠠᠭᠠᠳᠬᠠᠯ ᠤᠨ ᠦᠢᠯᠡᠴᠢᠯᠡᠭᠡ ᠶᠢ ᠲᠦᠮᠡᠨ ᠡᠷᠦᠬᠡ ᠳᠤ ᠬᠦᠷᠭᠡᠬᠦ︾ ᠰᠠᠶᠢᠨ ᠳᠤᠷ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃       ᠠᠵᠢᠯᠯᠠᠭ᠎ᠠ ᠶᠢᠨ ᠳᠤᠮᠳᠠ᠂ ᠨᠡᠶᠢᠭᠡᠮ ᠤᠨ ᠳᠠᠭᠠᠳᠬᠠᠯ ᠤᠨ ᠲᠥᠪ ᠤᠨ ᠠᠵᠢᠯᠲᠠᠨ ᠡᠩ ᠲᠡᠷᠢᠭᠦᠨ ᠳᠤ ᠰᠦᠢᠳᠬᠡᠯ ᠲᠤᠰᠢᠶᠠᠬᠤ ᠴᠠᠭ᠂ ᠰᠦᠢᠳᠬᠡᠯ ᠲᠤᠰᠢᠶᠠᠬᠤ ᠪᠠᠷᠢᠮᠵᠢᠶ᠎ᠠ᠂ ᠳᠠᠭᠠᠳᠬᠠᠯ ᠳᠤ ᠣᠷᠣᠯᠴᠠᠬᠤ ᠬᠡᠪᠴᠢᠶ᠎ᠡ᠂ ᠰᠦᠢᠳᠬᠡᠯ ᠲᠤᠰᠢᠶᠠᠬᠤ ᠠᠷᠭ᠎ᠠ ᠮᠠᠶ᠋ᠢᠭ ᠵᠡᠷᠭᠡ ᠲᠠᠯ᠎ᠠ ᠪᠠᠷ ᠨᠠᠷᠢᠨ ᠲᠠᠶᠢᠯᠤᠮᠵᠢ ᠬᠢᠵᠦ᠂ ᠳᠠᠭᠠᠳᠬᠠᠯ ᠳᠤ ᠣᠷᠣᠯᠴᠠᠬᠤ ᠡᠲᠡᠭᠡᠳ ᠵᠢᠴᠢ ᠬᠠᠷᠠᠭᠠᠯᠵᠠᠯ ᠭᠥᠷᠳᠡᠬᠦ ᠴᠠᠭ ᠵᠡᠷᠭᠡ ᠲᠥᠷᠥ ᠶᠢᠨ ᠪᠣᠳᠣᠯᠭ᠎ᠠ ᠶᠢᠨ ᠲᠤᠬᠠᠶ ᠲᠣᠳᠣᠷᠬᠠᠶᠢᠯᠠᠯᠲᠠ ᠬᠢᠬᠦ ᠶᠢᠨ ᠬᠠᠮᠲᠤ ᠨᠠᠰᠤᠵᠢᠯ ᠤᠨ ᠳᠠᠭᠠᠳᠬᠠᠯ ᠤᠨ ᠲᠠᠲᠠᠪᠤᠷᠢᠯᠠᠨ ᠲᠤᠰᠢᠶᠠᠬᠤ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃ ᠳᠠᠷᠠᠭ᠎ᠠ ᠨᠢ ᠨᠡᠶᠢᠭᠡᠮ ᠲᠣᠭᠤᠷᠢᠭ ᠤᠨ ᠠᠵᠢᠯᠲᠠᠨ ᠪᠠ ᠨᠡᠶᠢᠭᠡᠮ ᠤᠨ ᠪᠠᠲᠤᠯᠠᠭ᠎ᠠ ᠶᠢᠨ ᠲᠥᠪ ᠤᠨ ᠠᠵᠢᠯᠲᠠᠨ ᠡᠷᠦᠬᠡ ᠳᠤ ᠣᠷᠣᠵᠤ᠂ ᠤᠬᠠᠭᠤᠯᠭ᠎ᠠ ᠶᠢᠨ ᠤᠷᠢᠶ᠎ᠠ ᠯᠣᠽᠦ᠋ᠩ᠂ ᠤᠬᠠᠭᠤᠯᠭ᠎ᠠ ᠶᠢᠨ ᠬᠠᠭᠤᠳᠠᠰᠤ ᠪᠠ ᠠᠮᠠ ᠪᠠᠷ ᠤᠬᠠᠭᠤᠯᠤᠨ ᠲᠠᠶᠢᠯᠪᠤᠷᠢᠯᠠᠬᠤ ᠵᠡᠷᠭᠡ ᠬᠡᠯᠪᠡᠷᠢ ᠶᠢ ᠭᠦᠢᠴᠡᠳ ᠠᠰᠢᠭᠯᠠᠨ ᠤᠬᠠᠭᠤᠯᠬᠤ ᠶᠢᠨ ᠬᠠᠮᠲᠤ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠶᠢᠨ ᠮᠠᠲ᠋ᠧᠷᠢᠶᠠᠯ ᠢ ᠲᠠᠷᠬᠠᠭᠠᠵᠤ᠂ ᠬᠤᠳᠠ ᠬᠥᠳᠡᠭᠡ ᠶᠢᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠬᠤ ᠬᠡᠪᠴᠢᠶ᠎ᠠ᠂ ᠶᠠᠪᠤᠴᠠ᠂ ᠬᠡᠷᠡᠭᠰᠡᠬᠦ ᠮᠠᠲ᠋ᠧᠷᠢᠶᠠᠯ᠂  ᠰᠦᠢᠳᠬᠡᠯ ᠲᠤᠰᠢᠶᠠᠬᠤ ᠪᠠᠷᠢᠮᠵᠢᠶ᠎ᠠ᠂ ᠨᠥᠬᠦᠪᠥᠷᠢ ᠥᠭᠬᠦ ᠲᠦᠷᠦ ᠶᠢᠨ ᠪᠤᠳᠤᠯᠭ᠎ᠠ᠂ ᠣᠯᠭᠤᠮᠵᠢ ᠠᠪᠬᠤ ᠵᠡᠷᠭᠡ ᠪᠠᠶᠢᠳᠠᠯ ᠤᠨ ᠲᠤᠬᠠᠢ ᠰᠠᠭᠤᠭᠠᠯᠢ ᠠᠷᠠᠳ ᠲᠤ ᠨᠠᠷᠢᠨ ᠲᠣᠳᠣᠷᠬᠠᠢ ᠬᠠᠷᠢᠭᠤᠯᠲᠠ ᠥᠭᠴᠦ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠲᠦᠷᠦ ᠶᠢᠨ ᠪᠤᠳᠤᠯᠭ᠎ᠠ ᠶᠢ ᠬᠥᠮᠦᠨ ᠪᠦᠬᠦᠨ ᠳᠤ ᠮᠡᠳᠡᠭᠦᠯᠵᠦ᠂ ᠬᠥᠮᠦᠰ ᠤᠨ ᠰᠡᠳᠬᠢᠯ ᠳᠤ ᠭᠦᠨ ᠬᠠᠳᠠᠩᠰᠢᠭᠤᠯᠵᠠᠢ᠃         ᠲᠤᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠨᠢ ᠣᠯᠠᠨ ᠲᠦᠮᠡᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠲᠤᠬᠠᠶ ᠲᠠᠨᠢᠯᠲᠠ ᠶᠢ ᠨᠡᠮᠡᠭᠳᠡᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠨᠥᠯᠥᠭᠡᠯᠡᠬᠦ ᠬᠦᠴᠦᠨ ᠢ ᠦᠷᠭᠡᠳᠬᠡᠵᠠᠢ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号