ᠪᠠᠷᠠᠭᠤᠨ ᠬᠤᠳᠠ ᠵᠡᠭᠡᠯᠢ ᠶᠢᠨ ᠴᠢᠩ ᠾᠧ ᠨᠡᠶᠢᠭᠡᠮ ᠲᠣᠭᠤᠷᠢᠭ ᠤᠨ ᠬᠢᠨ ︽ᠨᠡᠶᠢᠭᠡᠮ ᠪᠠᠩᠬᠢ ᠬᠤᠯᠪᠣᠭᠠᠯᠠᠨ ᠠᠷᠠᠳ ᠢᠷᠭᠡᠳ ᠤᠨ ᠵᠣᠭᠤᠰ ᠤᠨ ᠪᠣᠭᠴᠣ ᠶᠢ  ᠪᠠᠷᠢᠬᠤ︾ ᠮᠡᠬᠡᠯᠡᠯ ᠢ ᠡᠰᠡᠷᠭᠦᠴᠡᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/10/31
    ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠮᠥᠩᠭᠦᠨ  ᠭᠦᠢᠯᠡᠭᠡᠭᠡᠨ ᠤ ᠰᠡᠷᠭᠡᠶᠢᠯᠡᠯᠲᠡ ᠶᠢᠨ ᠤᠬᠠᠮᠰᠠᠷ ᠢ ᠳᠡᠭᠡᠭᠰᠢᠯᠡᠭᠦᠯᠵᠦ᠂ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠬᠤ ᠶᠢᠨ ᠲᠥᠯᠥᠭᠡ᠂ 10 ᠰᠠᠷ᠎ᠠ ᠶᠢᠨ 24 ᠤ ᠡᠳᠦᠷ᠂  ᠪᠠᠷᠠᠭᠤᠨ ᠬᠤᠳᠠ ᠵᠡᠭᠡᠯᠢ ᠶᠢᠨ ᠴᠢᠩ ᠾᠧ ᠨᠡᠶᠢᠭᠡᠮ ᠲᠣᠭᠤᠷᠢᠭ ᠤᠨ ᠬᠢᠨ ᠥᠪᠥᠷ ᠮᠣᠩᠭᠤᠯ ᠤᠨ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶ᠎ᠠ ᠲᠠᠢ ᠬᠤᠯᠪᠣᠭᠠᠯᠠᠨ ︽ᠨᠡᠶᠢᠭᠡᠮ ᠪᠠᠩᠬᠢ ᠬᠤᠯᠪᠣᠭᠠᠯᠠᠨ ᠠᠷᠠᠳ ᠢᠷᠭᠡᠳ ᠤᠨ ᠵᠣᠭᠤᠰᠣᠨ ᠪᠣᠭᠴᠣ ᠶᠢ   ᠠᠳᠬᠤᠬᠤ︾ ᠮᠡᠬᠡᠯᠡᠯ ᠢ ᠡᠰᠡᠷᠭᠦᠴᠡᠬᠦ ᠠᠵᠢᠯᠯᠠᠭ᠎ᠠ ᠥᠷᠨᠢᠭᠦᠯᠪᠡ᠃    ︽ᠡᠯ᠎ᠡ ᠲᠥᠷᠥᠯ ᠤᠨ ᠪᠡᠯᠡᠨ ᠵᠣᠭᠤᠰ ᠤᠨ ᠳᠠᠩᠰᠠ ᠰᠢᠯᠵᠢᠭᠦᠯᠬᠦ᠂ ᠸᠢᠴᠠᠲ ᠢᠶᠠᠷ ᠲᠣᠭᠠᠴᠠᠭ᠎ᠠ ᠬᠢᠬᠦ ᠳᠤ ᠡᠷᠬᠡᠪᠰᠢ ᠳᠠᠬᠢᠨ ᠳᠠᠪᠲᠠᠨ ᠬᠢᠨᠠᠨ ᠬᠠᠷᠭᠤᠭᠤᠯᠵᠤ᠂ ᠪᠣᠯᠭᠤᠮᠵᠢᠲᠠᠶ ᠪᠠᠷ ᠲᠣᠭᠠᠴᠠᠭ᠎ᠠ ᠬᠢᠵᠦ᠂ ᠰᠡᠷᠭᠡᠶᠢᠯᠡᠬᠦ ᠵᠥᠪ ᠠᠷᠭ᠎ᠠ ᠶᠢ ᠮᠡᠳᠡᠵᠦ᠂ ᠰᠡᠳᠬᠢᠯ ᠤᠨ ᠪᠠᠶᠢᠳᠠᠯ ᠢᠶᠠᠨ ᠲᠥᠪ ᠪᠣᠯᠭᠠᠬᠤ ᠬᠡᠷᠡᠭᠲᠡᠶ᠂ ᠠᠵᠠ ᠵᠠᠪᠰᠢᠶᠠᠨ ᠢ ᠡᠷᠢᠬᠦ ᠪᠣᠳᠣᠯ ᠲᠠᠢ ᠪᠠᠶᠢᠵᠤ ᠪᠣᠯᠬᠤ ᠦᠭᠡᠶ︾᠃ ᠢᠲᠡᠭᠡᠮᠵᠢ ᠶᠢᠨ ᠬᠤᠷᠰᠢᠶ᠎ᠠ ᠶᠢᠨ ᠠᠵᠢᠯᠲᠠᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠨ ᠥᠭᠴᠦ᠂ ᠠᠮᠤᠷ ᠲᠦᠪᠰᠢᠨ ᠢ ᠠᠩᠬᠠᠷᠬᠤ ᠶᠢ ᠣᠯᠠᠨ ᠳᠤ  ᠳᠠᠬᠢᠨ ᠳᠠᠪᠳᠠᠨ ᠰᠠᠨᠠᠭᠤᠯᠵᠠᠢ᠃      ᠨᠡᠶᠢᠭᠡᠮ ᠲᠣᠭᠤᠷᠢᠭ ᠤᠨ ᠱᠦᠵᠢ ᠦᠷᠭᠦᠯᠵᠢ ᠲᠣᠬᠢᠶᠠᠯᠳᠤᠳᠠᠭ ᠮᠡᠬᠡᠯᠡᠬᠦ ᠠᠷᠭ᠎ᠠ ᠵᠠᠮ ᠤᠨ ᠲᠤᠬᠠᠶ ᠭᠦᠨᠵᠡᠭᠡᠶ ᠪᠥᠭᠡᠳ ᠣᠶᠢᠯᠠᠭᠠᠮᠵᠢᠲᠠᠶ ᠲᠠᠶᠢᠯᠤᠮᠵᠢ ᠬᠢᠵᠦ᠂ ᠥᠷᠭᠡᠨ ᠣᠯᠠᠨ ᠰᠠᠭᠤᠭᠠᠯᠢ ᠠᠷᠠᠳ ᠲᠤ ᠡᠷᠬᠡᠪᠰᠢ ᠥᠪᠡᠷ ᠤᠨ ᠤᠬᠠᠮᠰᠠᠷ ᠢᠶᠠᠨ ᠳᠡᠭᠡᠭᠰᠢᠯᠡᠭᠦᠯᠵᠦ᠂ ︽ᠠᠮᠠᠷᠬᠠᠨ ᠢᠲᠡᠭᠡᠬᠦ ᠥᠬᠡᠶ᠂ ᠵᠠᠳᠠᠷᠠᠭᠤᠯᠬᠤ ᠥᠬᠡᠶ᠂ ᠪᠣᠯᠭᠤᠮᠵᠢᠲᠠᠶ ᠪᠠᠷ ᠲᠠᠩᠰᠠ ᠰᠢᠯᠵᠢᠭᠦᠯᠬᠦ︾ ᠬᠡᠷᠡᠭᠲᠡᠶ᠂ ᠢᠷᠡᠯᠲᠡ ᠨᠢ ᠲᠣᠳᠣᠷᠬᠠᠶ ᠥᠬᠡᠶ ᠳ᠋ᠢᠶᠠᠩᠬᠤᠸᠠ᠂ ᠣᠬᠤᠷ ᠴᠢᠮᠡᠭᠡ᠂ ᠸᠢᠴᠠᠲ᠂ QQ ᠵᠢᠴᠢ ᠬᠤᠶᠠᠷ ᠬᠡᠮᠵᠢᠯᠳᠦ ᠺᠣᠳ᠋ ᠤᠨ ᠴᠥᠷᠬᠡᠯᠡᠭᠡ ᠶᠢ ᠢᠲᠡᠭᠡᠬᠦ ᠥᠬᠡᠶ ᠪᠠᠶᠢᠵᠤ᠂ ᠶᠠᠯᠠᠲᠤ ᠡᠲᠡᠭᠡᠳ ᠲᠤ ᠵᠠᠪᠰᠢᠬᠤ ᠲᠣᠬᠢᠶᠠᠯ ᠦᠯᠡᠳᠡᠭᠡᠵᠦ ᠪᠣᠯᠬᠤ ᠥᠬᠡᠶ ᠭᠡᠵᠦ ᠰᠠᠨᠠᠭᠤᠯᠪᠠ᠃      ᠪᠠᠷᠠᠭᠤᠨ ᠬᠤᠳᠠ ᠵᠡᠭᠡᠯᠢ ᠶᠢᠨ ᠴᠢᠩ ᠾᠧ ᠨᠡᠶᠢᠭᠡᠮ ᠲᠣᠭᠤᠷᠢᠭ ᠤᠨ ᠬᠢᠨ ᠦᠷᠭᠦᠯᠵᠢᠯᠡᠨ ᠤᠯᠠᠨ ᠲᠠᠯ᠎ᠠ ᠶᠢᠨ ᠡᠬᠢ ᠪᠠᠶᠠᠯᠢᠭ ᠲᠠᠢ ᠬᠤᠯᠪᠣᠭᠠᠯᠠᠵᠤ᠂ ᠮᠡᠬᠡᠯᠡᠨ ᠬᠢᠬᠠᠬᠤ ᠶᠢ ᠡᠰᠡᠷᠭᠦᠴᠡᠬᠦ ᠤᠬᠠᠭᠤᠯᠭ᠎ᠠ ᠶᠢᠨ ᠥᠷᠭᠡᠴᠡ ᠪᠣᠯᠤᠨ ᠭᠦᠨᠴᠡ ᠶᠢ ᠭᠦᠨᠵᠡᠭᠡᠢ ᠠᠬᠢᠭᠤᠯᠵᠤ᠂ ᠤᠯᠠᠨ ᠲᠦᠮᠡᠨ ᠤ ᠮᠥᠩᠭᠦᠨ ᠭᠦᠢᠯᠭᠡᠭᠡᠨ ᠤ ᠠᠮᠤᠷ ᠲᠦᠪᠰᠢᠨ ᠤ ᠤᠬᠠᠮᠰᠠᠷ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠤᠯᠠᠨ ᠲᠦᠮᠡᠨ ᠤ ︽ᠵᠣᠭᠤᠰᠣᠨ ᠪᠣᠭᠴᠣ︾ ᠶᠢ ᠴᠢᠩᠭ᠎ᠠ  ︽ᠠᠳᠬᠤᠵᠠᠢ ︾᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号