ᠪᠠᠭᠠᠷᠢᠨ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠡ ᠵᠠᠩᠭᠢ ᠶᠢ ᠢᠯᠡ ᠪᠣᠯᠭᠠᠬᠤ ᠵᠦᠭᠯᠡᠭᠦᠷ
ᠨᠡᠶᠢᠲᠡᠯᠡᠭᠰᠡᠨ ᠴᠠᠭ᠄
2023/10/31
    ᠠᠷᠠᠳ ᠢᠷᠭᠡᠨ᠂ ᠬᠠᠤᠯᠢ ᠶᠢᠨ ᠬᠥᠮᠦᠨ ᠪᠠ ᠪᠤᠰᠤᠳ ᠵᠣᠬᠢᠶᠠᠨ ᠪᠠᠶᠢᠭᠤᠯᠤᠯᠲᠠ ᠶᠢᠨ ᠲᠤᠰ ᠪᠠᠶᠢᠭᠤᠯᠭ᠎ᠠ ᠶᠢᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠬᠠᠤᠯᠢ ᠶᠣᠰᠣᠭᠠᠷ ᠤᠯᠬᠤ ᠳᠤ ᠲᠦᠬᠦᠮ ᠦᠵᠡᠭᠦᠯᠵᠦ᠂ ᠵᠠᠰᠠᠭ ᠤᠨ ᠣᠷᠳᠣᠨ ᠤ ᠠᠵᠢᠯ ᠤᠨ ᠢᠯᠡ ᠲᠣᠳᠣ ᠶᠢᠨ ᠬᠡᠮᠵᠢᠶ᠎ᠡ ᠶᠢ ᠳᠡᠭᠡᠭᠰᠢᠯᠡᠭᠦᠯᠦᠨ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠢ ᠪᠠᠶᠢᠭᠤᠯᠵᠤ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠠᠷᠠᠳ ᠤᠯᠠᠨ ᠤ ᠦᠢᠯᠡᠳᠪᠦᠷᠢᠯᠡᠯ᠂ ᠠᠮᠢᠳᠤᠷᠠᠯ ᠪᠠ ᠠᠵᠤ ᠠᠬᠤᠶ ᠨᠡᠶᠢᠭᠡᠮ ᠤᠨ ᠠᠵᠢᠯᠯᠠᠭ᠎ᠠ ᠳᠤ ᠦᠢᠯᠡᠴᠢᠯᠡᠬᠦ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠲᠦᠷᠢᠮ︾ ︵ᠳᠣᠷᠣᠭᠰᠢ ︽ᠲᠦᠷᠢᠮ︾ ᠭᠡᠵᠦ ᠲᠣᠪᠴᠢᠯᠠᠨ᠎ᠠ︶ ᠤᠨ ᠲᠣᠭᠲᠠᠭᠠᠯ ᠢ ᠦᠨᠳᠦᠰᠦᠯᠡᠨ᠂ ᠲᠤᠰ ᠵᠦᠭᠯᠡᠭᠦᠷ ᠢ ᠨᠠᠶᠢᠷᠠᠭᠤᠯᠤᠨ ᠵᠣᠬᠢᠶᠠᠨ᠎ᠠ᠃ ᠪᠠᠭᠠᠷᠢᠨ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠪᠤᠶᠤ ᠵᠠᠰᠠᠭ ᠤᠨ ᠣᠷᠳᠣᠨ ᠤ ᠠᠯᠪᠠᠨ ᠬᠡᠷ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠤᠯᠬᠤ ᠴᠢᠬᠤᠯᠠᠲᠠᠶ ᠠᠷᠠᠳ ᠢᠷᠭᠡᠨ᠂ ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ ᠪᠠᠶᠢᠭᠤᠯᠤᠯᠲᠠ ᠲᠣᠰ ᠵᠦᠭᠯᠡᠭᠦᠷ ᠢ ᠤᠩᠰᠢᠬᠤ ᠶᠢ ᠰᠠᠨᠠᠭᠤᠯᠵᠤ ᠪᠠᠶᠢᠨ᠎ᠠ᠃    ᠨᠢᠭᠡ᠂ ᠵᠠᠰᠠᠭ ᠤᠨ ᠣᠷᠳᠣᠨ ᠤ ᠮᠡᠳᠡᠭᠡ ᠵᠠᠩᠭᠢ     ︵ᠨᠢᠭᠡ︶ ᠢᠯᠡ ᠪᠣᠯᠭᠠᠬᠤ ᠬᠡᠪᠴᠢᠶ᠎ᠡ    ︽ᠳᠦᠷᠢᠮ︾ ᠤᠨ ᠭᠤᠷᠪᠠᠳᠤᠭᠠᠷ ᠪᠦᠯᠦᠭ ᠤᠨ ᠲᠣᠭᠲᠠᠭᠠᠯ ᠢ ᠦᠨᠳᠦᠰᠦᠯᠡᠪᠡᠯ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠬᠡᠷᠡᠭᠲᠡᠶ᠃    ︵ᠬᠤᠶᠠᠷ︶ ᠢᠯᠡ ᠪᠣᠯᠭᠠᠬᠤ ᠠᠷᠭ᠎ᠠ ᠵᠠᠮ    1. ᠵᠠᠰᠠᠭ ᠤᠨ ᠣᠷᠳᠣᠨ ᠤ ᠰᠦᠯᠵᠢᠶ᠎ᠡ᠄ ᠤᠯᠠᠭᠠᠨᠬᠠᠳᠠ ᠬᠤᠲᠠ ᠶᠢᠨ ᠪᠠᠭᠠᠷᠢᠨ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ ︵ᠰᠦᠯᠵᠢᠶᠡᠨ ᠤ ᠬᠠᠶ᠋ᠢᠭ᠄ http://www.blzq.gov.cn/︶︔    2. ᠵᠠᠰᠠᠭ ᠤᠨ ᠣᠷᠳᠣᠨ ᠤ ᠠᠯᠪᠠᠨ ᠮᠡᠳᠡᠭᠡ᠄ ︽ᠪᠠᠭᠠᠷᠢᠨ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠮᠡᠳᠡᠭᠡ︾ ︵ᠰᠦᠯᠵᠢᠶᠡᠨ ᠤ ᠬᠠᠶ᠋ᠢᠭ᠄ http://www.blzq.gov.cn/zfgb/blzq/︔ ᠬᠠᠶ᠋ᠢᠭ᠄ ᠪᠠᠭᠠᠷᠢᠨ ᠵᠡᠭᠦᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠶᠡᠭᠡ ᠲᠢᠩᠬᠢᠮ ᠤᠨ ᠨᠢᠭᠡᠳᠦᠭᠡᠷ ᠳᠠᠪᠬᠤᠷᠯᠢᠭ ᠤᠨ ᠵᠠᠰᠠᠭ ᠤᠨ ᠶᠠᠪᠤᠳᠠᠯ ᠢ ᠢᠯᠡ ᠪᠣᠯᠭᠠᠬᠤ ᠲᠤᠰᠬᠠᠶ ᠲᠣᠭᠤᠷᠢᠭ︶︔    3. ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ᠄ ︽ᠪᠠᠭᠠᠷᠢᠨ ᠵᠡᠭᠦᠨ ᠬᠤᠰᠢᠭᠤᠨ ᠤ ᠵᠠᠰᠠᠭ ᠤᠨ ᠣᠷᠳᠣᠨ︾ ᠤ ᠸᠢᠴᠠᠲ ᠤᠨ ᠨᠡᠶᠢᠲᠡ ᠶᠢᠨ ᠳ᠋ᠤᠭᠠᠷ ︵ᠪᠢᠴᠢᠯ ᠳᠣᠬᠢᠶ᠎ᠠ᠄ blzqzf︶︔    4. ᠰᠣᠨᠢᠨ ᠮᠡᠳᠡᠭᠡ ᠨᠡᠶᠢᠲᠡᠯᠡᠬᠦ ᠬᠤᠷᠠᠯ᠄ ᠪᠠᠭᠠᠷᠢᠨ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠣᠨᠢᠨ ᠮᠡᠳᠡᠭᠡ ᠨᠡᠶᠢᠲᠡᠯᠡᠬᠦ ᠬᠤᠷᠠᠯ ︵http://www.blzq.gov.cn/zfzx/xwfbh/︶︔    5. ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠠᠯᠠᠪᠤᠷ ᠭᠠᠵᠠᠷ᠄ ᠪᠠᠭᠠᠷᠢᠨ ᠵᠡᠭᠦᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠬᠡᠨ‌‍ᠤ ᠶᠡᠭᠡ ᠲᠢᠩᠬᠢᠮ ︵ᠬᠠᠶ᠋ᠢᠭ᠄ ᠪᠠᠭᠠᠷᠢᠨ ᠵᠡᠭᠦᠨ ᠬᠤᠰᠢᠭᠤᠨ ᠤ ᠯᠢᠨᠳᠦ᠋ᠩ ᠪᠠᠯᠭᠠᠰᠤᠨ ᠤ ᠠᠨ ᠳ᠋ᠦᠩ ᠵᠠᠮ ᠬᠢᠭᠡᠳ ᠬᠢᠳᠠᠨ ᠶᠡᠭᠡ ᠵᠡᠭᠡᠯᠢ ᠶᠢᠨ ᠠᠭᠤᠯᠵᠠᠷ ᠤᠨ ᠬᠤᠶᠢᠲᠤ 160 ᠮᠧᠲᠷ ᠤᠨ ᠪᠠᠭᠠᠷᠢᠨ ᠵᠡᠭᠦᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠶᠡᠭᠡ ᠲᠢᠩᠬᠢᠮ ᠤᠨ ᠨᠢᠭᠡᠳᠦᠭᠡᠷ ᠳᠠᠪᠬᠤᠷᠯᠢᠭ ᠤᠨ ᠵᠠᠰᠠᠭ ᠤᠨ ᠶᠠᠪᠤᠳᠠᠯ ᠢ ᠢᠯᠡ ᠪᠣᠯᠭᠠᠬᠤ ᠲᠤᠰᠬᠠᠶ ᠲᠣᠭᠤᠷᠢᠭ︶᠂ ᠬᠠᠷᠢᠯᠴᠠᠬᠤ ᠠᠷᠭ᠎ᠠ ᠮᠠᠶ᠋ᠢᠭ᠄ 0476 — 7866329︔ ᠪᠠᠶᠢᠴᠠᠭᠠᠨ ᠯᠠᠪᠯᠠᠬᠤ ᠳᠤ ᠦᠢᠯᠡᠴᠢᠯᠡᠬᠦ ᠴᠠᠭ᠄ ᠭᠦᠶ᠋ᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 30 — 12᠄ 00᠂ ᠦᠳᠡ ᠶᠢᠨ ᠬᠤᠶᠢᠨᠠᠬᠢ 14᠄ 30 — 17᠄ 30 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶᠃    ︵ᠭᠤᠷᠪᠠ︶ ᠢᠯᠡ ᠪᠣᠯᠭᠠᠬᠤ ᠴᠠᠭ ᠤᠨ ᠬᠢᠵᠠᠭᠠᠷ    ︽ᠳᠦᠷᠢᠮ︾ ᠤᠨ ᠲᠣᠭᠲᠠᠭᠠᠯ ᠢ ᠦᠨᠳᠦᠰᠦᠯᠡᠪᠡᠯ᠂ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠬᠡᠪᠴᠢᠶᠡᠨ ᠳᠤ ᠪᠠᠭᠲᠠᠬᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠲᠤᠰ ᠪᠠᠶᠢᠭᠤᠯᠭ᠎ᠠ ᠲᠤᠰ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠪᠤᠶ ᠪᠣᠯᠭᠠᠭᠰᠠᠨ ᠪᠤᠶᠤ ᠬᠤᠪᠢᠷᠠᠭᠤᠯᠤᠭᠰᠠᠨ ᠡᠳᠦᠷ ᠠᠴᠠ ᠡᠬᠢᠯᠡᠨ 20 ᠠᠵᠢᠯᠯᠠᠬᠤ ᠡᠳᠦᠷ ᠤᠨ ᠳᠣᠲᠣᠷ᠎ᠠ ᠢᠯᠡ ᠪᠣᠯᠭᠠᠨ᠎ᠠ᠃ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠬᠤᠭᠤᠴᠠᠭ᠎ᠠ ᠶᠢᠨ ᠲᠤᠬᠠᠶ ᠠᠰᠲᠠᠭᠠᠨ ᠲᠣᠭᠲᠠᠭᠠᠯ ᠲᠠᠢ ᠪᠠᠶᠢᠪᠠᠯ᠂ ᠲᠡᠷᠡ ᠲᠣᠭᠲᠠᠭᠠᠯ ᠢ ᠵᠢᠷᠤᠮᠯᠠᠨ᠎ᠠ᠃    ᠬᠤᠶᠠᠷ᠂ ᠭᠤᠶᠤᠴᠢᠯᠠᠯ ᠢᠶᠠᠷ ᠢᠯᠡ ᠪᠣᠯᠭᠠᠬᠤ    ᠠᠷᠠᠳ ᠢᠷᠭᠡᠨ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ︵ᠳᠣᠷᠣᠭᠰᠢ ︽ᠭᠤᠶᠤᠴᠢᠯᠠᠭᠴᠢ︾ ᠭᠡᠵᠦ ᠲᠣᠪᠴᠢᠯᠠᠨ᠎ᠠ︶ ᠲᠤᠰ ᠵᠢᠭᠠᠯᠲᠠ ᠶᠢ ᠦᠨᠳᠦᠰᠦᠯᠡᠨ᠂ ᠲᠤᠰ ᠪᠠᠶᠢᠭᠤᠯᠭ᠎ᠠ ᠶᠢᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠪᠠᠷ ᠭᠤᠶᠤᠴᠢᠯᠠᠵᠤ ᠪᠣᠯᠤᠨ᠎ᠠ᠃    ︵ᠨᠢᠭᠡ︶ ᠬᠦᠯᠢᠶᠡᠨ ᠠᠪᠬᠤ ᠪᠠᠷ ᠭᠤᠶᠤᠴᠢᠯᠠᠬᠤ ᠠᠷᠭ᠎ᠠ ᠵᠠᠮ    1 ᠨᠢᠭᠤᠷ ᠳᠡᠭᠡᠷ᠎ᠡ ᠨᠢ ᠲᠤᠰᠢᠶᠠᠬᠤ    ᠬᠠᠶ᠋ᠢᠭ᠄ ᠪᠠᠭᠠᠷᠢᠨ ᠵᠡᠭᠦᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠣᠪᠴᠢᠶ᠎ᠠ ᠶᠢᠨ ᠠᠯᠪᠠᠨ ᠬᠡᠷ ︵ᠪᠠᠭᠠᠷᠢᠨ ᠵᠡᠭᠦᠨ ᠬᠤᠰᠢᠭᠤᠨ ᠤ ᠠᠨ ᠳ᠋ᠦᠩ ᠵᠠᠮ ᠬᠢᠭᠡᠳ ᠬᠢᠳᠠᠨ ᠶᠡᠭᠡ ᠵᠡᠭᠡᠯᠢ ᠶᠢᠨ ᠠᠭᠤᠯᠵᠠᠷ ᠤᠨ ᠬᠤᠶᠢᠲᠤ 160 ᠮᠧᠲᠷ ᠤᠨ ᠪᠠᠭᠠᠷᠢᠨ ᠵᠡᠭᠦᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠶᠡᠭᠡ ᠲᠢᠩᠬᠢᠮ ᠤᠨ 5 ᠳ᠋ᠤᠭᠠᠷ ᠠᠰᠠᠷ︶    ᠠᠵᠢᠯᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 30 — 12᠄ 00᠂ ᠦᠳᠡ ᠶᠢᠨ ᠬᠤᠶᠢᠨᠠᠬᠢ 2᠄ 30 — 5᠄ 30᠂ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠢ ᠤᠯᠤᠰ ᠤᠨ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃    ᠬᠠᠷᠢᠯᠴᠠᠬᠤ ᠤᠲᠠᠰᠤ᠄ 0476 — 7866329    2 ᠰᠢᠦᠳᠠᠨ ᠢᠶᠠᠷ ᠢᠯᠡᠭᠡᠬᠦ    ᠬᠤᠷᠢᠶᠠᠭᠴᠢ᠄ ᠪᠠᠭᠠᠷᠢᠨ ᠵᠡᠭᠦᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠣᠪᠴᠢᠶ᠎ᠠ ᠶᠢᠨ ᠠᠯᠪᠠᠨ ᠬᠡᠷ    ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠬᠠᠳᠠ ᠬᠤᠲᠠ ᠶᠢᠨ ᠪᠠᠭᠠᠷᠢᠨ ᠵᠡᠭᠦᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠶᠡᠭᠡ ᠲᠢᠩᠬᠢᠮ ᠤᠨ 5    ᠰᠢᠦᠳᠠᠨ ᠳ᠋ᠤᠭᠠᠷ᠄ 025450    ᠪᠤᠰᠤᠳ ᠵᠦᠢᠯ᠄ ᠵᠠᠬᠢᠳᠠᠯ ᠤᠨ ᠳᠤᠭᠲᠤᠶ ᠳᠡᠭᠡᠷ᠎ᠡ ︽ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ︾ ᠭᠡᠰᠡᠨ ᠦᠰᠦᠭ ᠢ ᠪᠢᠴᠢᠭᠡᠷᠡᠶ᠃    3. ᠰᠦᠯᠵᠢᠶ᠎ᠡ ᠪᠠᠷ ᠲᠤᠰᠢᠶᠠᠬᠤ    ᠤᠯᠠᠭᠠᠨᠬᠠᠳᠠ ᠬᠤᠲᠠ ᠶᠢᠨ ᠪᠠᠭᠠᠷᠢᠨ ᠵᠡᠭᠦᠨ ᠬᠤᠰᠢᠭᠤᠨ ᠤ ᠠᠷᠠᠳ ᠤᠨ ᠰᠦᠯᠵᠢᠶᠡᠨ ᠤ ︽ᠵᠠᠰᠠᠭ ᠤᠨ ᠣᠷᠳᠣᠨ ᠤ ᠮᠡᠳᠡᠭᠡ ᠵᠠᠩᠭᠢ ᠶᠢ ᠭᠤᠶᠤᠴᠢᠯᠠᠯ ᠢᠶᠠᠷ ᠢᠯᠡ ᠪᠣᠯᠭᠠᠬᠤ ᠰᠢᠰᠲ᠋ᠧᠮ︾ ︵http://www.blzq.gov.cn/zfxxgk/ysqgk/slbm/︶ ᠲᠤ ᠭᠠᠷᠴᠤ ᠭᠤᠶᠤᠴᠢᠯᠠᠯ ᠢᠶᠠᠨ ᠳᠡᠪᠰᠢᠭᠦᠯᠦᠭᠡᠷᠡᠶ᠃    ︵ᠬᠤᠶᠠᠷ︶ ᠠᠩᠬᠠᠷᠬᠤ ᠵᠦᠢᠯ    1. ᠵᠠᠰᠠᠭ ᠤᠨ ᠣᠷᠳᠣᠨ ᠤ ᠮᠡᠳᠡᠭᠡ ᠵᠠᠩᠭᠢ ᠶᠢ ᠤᠯᠬᠤ ᠪᠠᠷ ᠭᠤᠶᠤᠴᠢᠯᠠᠬᠤ ᠳᠤ᠂ ︽ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠤᠨ ᠬᠦᠰᠦᠨᠦᠭᠲᠦ︾ ᠶᠢ ᠲᠠᠭᠯᠠᠵᠤ᠂ ᠭᠤᠶᠤᠴᠢᠯᠠᠯ ᠤᠨ ᠬᠦᠰᠦᠨᠦᠭᠲᠦ ᠶᠢ ᠤᠯᠠᠭᠠᠨᠬᠠᠳᠠ ᠬᠤᠲᠠ ᠶᠢᠨ ᠪᠠᠭᠠᠷᠢᠨ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠫᠤᠷᠲ᠋ᠤᠯ ᠰᠦᠯᠵᠢᠶ᠎ᠡ ᠶᠢᠨ ︽ᠵᠠᠰᠠᠭ ᠤᠨ ᠶᠠᠪᠤᠳᠠᠯ ᠢ ᠢᠯᠡ ᠪᠣᠯᠭᠠᠬᠤ︾ ᠪᠤᠯᠤᠩ ︵http://www.blzq.gov.cn/zfxxgk/fdzdgknr/fdzdgknr/gk=1︶ ᠠᠴᠠ ᠪᠠᠭᠤᠯᠭᠠᠵᠤ ᠪᠣᠯᠤᠨ᠎ᠠ᠃    2 ᠭᠤᠶᠤᠴᠢᠯᠠᠯ ᠤᠨ ᠬᠦᠰᠦᠨᠦᠭᠲᠦ ᠳᠤ ᠭᠤᠶᠤᠴᠢᠯᠠᠭᠴᠢ ᠶᠢᠨ ᠤᠪᠤᠭ ᠨᠡᠷ᠎ᠡ ᠪᠤᠶᠤ ᠨᠡᠷᠡᠶᠢᠳᠦᠯ᠂ ᠬᠠᠷᠢᠯᠴᠠᠬᠤ ᠠᠷᠭ᠎ᠠ ᠮᠠᠶ᠋ᠢᠭ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠤᠯᠬᠤ ᠠᠷᠭ᠎ᠠ ᠮᠠᠶ᠋ᠢᠭ ᠵᠢᠴᠢ ᠠᠴᠢᠶᠠᠯᠠᠪᠤᠷᠢ ᠶᠢᠨ ᠬᠡᠯᠪᠡᠷᠢ ᠶᠢ ᠣᠨᠣᠪᠴᠢᠲᠠᠶ ᠲᠣᠳᠣᠷᠬᠠᠶ ᠪᠢᠴᠢᠬᠦ ᠬᠡᠷᠡᠭᠲᠡᠶ᠃ ᠵᠠᠰᠠᠭ ᠤᠨ ᠣᠷᠳᠣᠨ ᠤ ᠬᠡᠷᠡᠭᠰᠡᠬᠦ ᠮᠡᠳᠡᠭᠡ ᠵᠠᠩᠭᠢ ᠶᠢᠨ ᠠᠭᠤᠯᠭ᠎ᠠ ᠶᠢᠨ ᠲᠣᠭᠠᠴᠢᠯᠲᠠ ᠨᠢ ᠵᠠᠰᠠᠭ ᠤᠨ ᠣᠷᠳᠣᠨ ᠤ ᠬᠡᠷᠡᠭᠰᠡᠬᠦ ᠮᠡᠳᠡᠭᠡ ᠵᠠᠩᠭᠢ ᠶᠢᠨ ᠪᠢᠴᠢᠭ ᠮᠠᠲ᠋ᠧᠷᠢᠶᠠᠯ ᠤᠨ ᠭᠠᠷᠴᠠᠭ᠂ ᠪᠢᠴᠢᠭ ᠤᠨ ᠳ᠋ᠤᠭᠠᠷ᠂ ᠪᠢᠴᠢᠭ ᠮᠠᠲ᠋ᠧᠷᠢᠶᠠᠯ ᠶᠠᠪᠤᠭᠤᠯᠬᠤ ᠴᠠᠭ ᠪᠤᠶᠤ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠪᠠᠶᠢᠴᠠᠭᠠᠨ ᠯᠠᠪᠯᠠᠬᠤ ᠳᠤ ᠳᠥᠭᠦᠮ ᠪᠠᠶᠢᠬᠤ ᠶᠢ ᠲᠣᠳᠣᠷᠬᠠᠶ᠂ ᠰᠠᠨᠠᠭᠤᠯᠭ᠎ᠠ ᠶᠢᠨ ᠨᠠᠷᠢᠨ ᠲᠣᠳᠣᠷᠬᠠᠶ ᠬᠠᠩᠭᠠᠬᠤ ᠶᠢ ᠵᠢᠭᠠᠭᠰᠠᠨ ᠪᠠᠶᠢᠬᠤ ᠬᠡᠷᠡᠭᠲᠡᠶ᠃    3 ᠨᠢᠭᠤᠷ ᠳᠡᠭᠡᠷ᠎ᠡ ᠨᠢ ᠭᠤᠶᠤᠴᠢᠯᠠᠪᠠᠯ᠂ ᠬᠦᠴᠦᠨ ᠪᠦᠬᠦᠢ ᠪᠡᠶ᠎ᠡ ᠶᠢᠨ ᠭᠡᠷᠡᠴᠢ ᠦᠨᠡᠮᠯᠡᠯ ᠢᠶᠠᠨ ᠭᠠᠷᠭᠠᠵᠤ ᠦᠵᠡᠭᠦᠯᠬᠦ ᠬᠡᠷᠡᠭᠲᠡᠶ︔ ᠰᠢᠦᠳᠠᠨ ᠢᠶᠠᠷ ᠳᠠᠮᠵᠢᠭᠤᠯᠤᠨ ᠭᠤᠶᠤᠴᠢᠯᠠᠯ ᠳᠡᠪᠰᠢᠭᠦᠯᠬᠦ ᠳᠤ ᠬᠦᠷᠪᠡᠯ᠂ ᠭᠤᠶᠤᠴᠢᠯᠠᠯ ᠤᠨ ᠬᠦᠰᠦᠨᠦᠭᠲᠦ ᠶᠢ ᠳᠠᠭᠠᠯᠳᠤᠭᠤᠯᠤᠨ ᠬᠦᠴᠦᠨ ᠪᠦᠬᠦᠢ ᠪᠡᠶ᠎ᠡ ᠶᠢᠨ ᠭᠡᠷᠡᠴᠢ ᠦᠨᠡᠮᠯᠡᠯ ᠤᠨ ᠪᠠᠭᠤᠯᠭᠠᠪᠤᠷᠢ ᠶᠢ ᠳᠠᠭᠠᠯᠳᠤᠭᠤᠯᠬᠤ ᠬᠡᠷᠡᠭᠲᠡᠶ︔ ᠰᠦᠯᠵᠢᠶᠡᠨ ᠳᠡᠭᠡᠷ᠎ᠡ ᠭᠤᠶᠤᠴᠢᠯᠠᠭᠰᠠᠨ ᠪᠠᠶᠢᠪᠠᠯ᠂ ᠬᠦᠴᠦᠨ ᠪᠥᠬᠦᠶ ᠪᠡᠶ᠎ᠡ ᠶᠢᠨ ᠦᠨᠡᠮᠯᠡᠯ ᠤᠨ ᠰᠢᠷᠪᠢᠯᠲᠡ ᠶᠢᠨ ᠮᠠᠲ᠋ᠧᠷᠢᠶᠠᠯ ᠪᠤᠶᠤ ᠬᠡᠷᠡᠯ ᠵᠢᠷᠤᠭ ᠢ ᠳᠡᠭᠡᠭᠰᠢ ᠳᠠᠮᠵᠢᠭᠤᠯᠬᠤ ᠬᠡᠷᠡᠭᠲᠡᠶ᠃    4. ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠤᠨ ᠠᠭᠤᠯᠭ᠎ᠠ ᠨᠢ ᠲᠣᠳᠣᠷᠬᠠᠶ ᠥᠬᠡᠶ ᠪᠠᠶᠢᠪᠠᠯ᠂ ᠲᠣᠰ ᠪᠠᠶᠢᠭᠤᠯᠭ᠎ᠠ ᠠᠴᠠ ᠵᠢᠭᠠᠨ ᠵᠢᠯᠣᠭᠤᠳᠬᠤ ᠪᠠ ᠲᠠᠶᠢᠯᠪᠤᠷᠢᠯᠠᠨ ᠲᠣᠳᠣᠷᠬᠠᠶᠢᠯᠠᠬᠤ ᠶᠢᠨ ᠬᠠᠮᠲᠤ ᠭᠤᠶᠤᠴᠢᠯᠠᠯ ᠢ ᠣᠯᠤᠭᠰᠠᠨ ᠡᠳᠦᠷ ᠠᠴᠠ ᠡᠬᠢᠯᠡᠨ 7 ᠠᠵᠢᠯᠯᠠᠬᠤ ᠡᠳᠦᠷ ᠤᠨ ᠳᠣᠲᠣᠷ᠎ᠠ ᠭᠤᠶᠤᠴᠢᠯᠠᠭᠴᠢ ᠳᠤ ᠨᠥᠬᠦᠪᠥᠷᠢᠯᠡᠨ ᠵᠠᠯᠠᠷᠠᠭᠤᠯᠬᠤ ᠶᠢ ᠨᠢᠭᠡ ᠯᠡ ᠤᠳᠠᠭ᠎ᠠ ᠳᠤ ᠮᠡᠳᠡᠭᠳᠡᠵᠦ᠂ ᠨᠥᠬᠦᠪᠥᠷᠢᠯᠡᠨ ᠵᠠᠯᠠᠷᠠᠭᠤᠯᠬᠤ ᠴᠢᠬᠤᠯᠠᠲᠠᠶ ᠵᠦᠶ᠋ᠯᠡᠰ ᠪᠠ ᠵᠦᠶ ᠵᠣᠬᠢᠰᠲᠠᠶ ᠨᠥᠬᠦᠪᠥᠷᠢᠯᠡᠨ ᠵᠠᠯᠠᠷᠠᠭᠤᠯᠬᠤ ᠬᠤᠭᠤᠴᠠᠭ᠎ᠠ ᠶᠢ ᠲᠣᠳᠣᠷᠬᠠᠶᠢᠯᠠᠨ᠎ᠠ᠃ ᠨᠥᠬᠦᠪᠥᠷᠢᠯᠡᠨ ᠵᠠᠯᠠᠷᠠᠭᠤᠯᠬᠤ ᠭᠤᠶᠤᠴᠢᠯᠠᠯ ᠨᠢ ᠱᠠᠭᠠᠷᠳᠠᠯᠭ᠎ᠠ ᠳᠤ ᠨᠡᠶᠢᠴᠡᠬᠦ ᠦᠭᠡᠶ ᠪᠤᠶᠤ ᠨᠥᠬᠦᠪᠥᠷᠢᠯᠡᠨ ᠵᠠᠯᠠᠷᠠᠭᠤᠯᠤᠭᠰᠠᠨ ᠤ ᠳᠠᠷᠠᠭ᠎ᠠ ᠮᠥᠨ ᠯᠡ ᠣᠨᠴᠠ ᠲᠣᠭᠲᠠᠭᠰᠠᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠵᠢᠭᠠᠬᠤ ᠶᠢᠨ ᠠᠷᠭ᠎ᠠ ᠦᠭᠡᠶ ᠪᠠᠶᠢᠪᠠᠯ᠂ ᠲᠤᠰ ᠪᠠᠶᠢᠭᠤᠯᠭ᠎ᠠ ᠪᠠᠶᠢᠳᠠᠯ ᠢ ᠦᠵᠡᠵᠦ ᠭᠤᠶᠤᠴᠢᠯᠠᠭᠴᠢ ᠲᠠᠢ ᠨᠡᠪᠲᠡᠷᠡᠯᠴᠡᠵᠦ᠂ ᠮᠥᠨ ᠲᠣᠭᠲᠠᠭᠠᠬᠤ ᠶᠢᠨ ᠠᠷᠭ᠎ᠠ ᠦᠭᠡᠶ ᠪᠠᠶᠢᠪᠠᠯ᠂ ᠲᠤᠰ ᠪᠠᠶᠢᠭᠤᠯᠭ᠎ᠠ ᠠᠴᠠ ᠭᠤᠶᠤᠴᠢᠯᠠᠭᠴᠢ ᠶᠢᠨ ᠭᠤᠶᠤᠴᠢᠯᠠᠭᠰᠠᠨ ᠠᠭᠤᠯᠭ᠎ᠠ ᠨᠢ ᠲᠣᠳᠣᠷᠬᠠᠶ ᠦᠭᠡᠶ᠂ ᠲᠤᠰ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠢ ᠰᠢᠶ᠋ᠳᠪᠦᠷᠢᠯᠡᠬᠦ ᠶᠢᠨ ᠠᠷᠭ᠎ᠠ ᠦᠭᠡᠶ ᠭᠡᠵᠦ ᠪᠢᠴᠢᠭ ᠢᠶᠠᠷ ᠮᠡᠳᠡᠭᠳᠡᠨ᠎ᠡ᠃ ᠭᠤᠶᠤᠴᠢᠯᠠᠭᠴᠢ ᠵᠦᠶ ᠶᠣᠰᠣᠨ ᠤ ᠤᠴᠢᠷ ᠰᠢᠯᠲᠠᠭᠠᠨ ᠦᠭᠡᠶ ᠪᠠᠷ ᠬᠤᠭᠤᠴᠠᠭ᠎ᠠ ᠬᠡᠲᠦᠷᠡᠲᠡᠯ᠎ᠡ ᠨᠥᠬᠦᠪᠥᠷᠢᠯᠡᠨ ᠵᠠᠯᠠᠷᠠᠭᠤᠯᠬᠤ ᠦᠭᠡᠶ ᠪᠣᠯ ᠭᠤᠶᠤᠴᠢᠯᠠᠬᠤ ᠪᠠᠨ ᠪᠤᠯᠢᠭᠰᠠᠨ ᠢᠶᠠᠷ ᠦᠵᠡᠵᠦ᠂ ᠲᠤᠰ ᠪᠠᠶᠢᠭᠤᠯᠭ᠎ᠠ ᠲᠤᠰ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠢ ᠳᠠᠭᠢᠵᠤ ᠰᠢᠢᠳᠪᠦᠷᠢᠯᠡᠬᠦ ᠦᠭᠡᠶ᠃    5 ᠭᠤᠶᠤᠴᠢᠯᠠᠯ ᠢ ᠢᠯᠡ ᠪᠣᠯᠭᠠᠬᠤ ᠠᠷᠭ᠎ᠠ ᠵᠠᠮ ᠢᠶᠠᠷ ᠪᠣᠯ ᠵᠥᠪᠬᠡᠨ ᠭᠤᠶᠤᠴᠢᠯᠠᠭᠴᠢ ᠶᠢᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠤᠯᠬᠤ ᠳᠤ ᠬᠢᠵᠠᠭᠠᠷᠯᠠᠭᠳᠠᠨ᠎ᠠ᠂ ᠵᠠᠬᠢᠳᠠᠯ ᠰᠤᠷᠪᠤᠯᠵᠢᠯᠠᠭ᠎ᠠ᠂ ᠢᠯᠡᠴᠢᠯᠡᠨ ᠮᠡᠳᠡᠭᠦᠯᠦᠯᠲᠡ᠂ ᠵᠠᠭᠠᠯᠳᠤᠯᠭ᠎ᠠ ᠵᠡᠷᠭᠡ ᠭᠤᠮᠣᠳᠠᠯ ᠱᠠᠭᠠᠷᠳᠠᠯᠭ᠎ᠠ ᠶᠢ ᠬᠠᠤᠯᠢ ᠳᠤ ᠲᠣᠭᠲᠠᠭᠠᠭᠰᠠᠨ ᠪᠤᠰᠤᠳ ᠠᠷᠭ᠎ᠠ ᠵᠠᠮ ᠢᠶᠠᠷ ᠶᠠᠪᠤᠭᠳᠠᠭᠤᠯᠬᠤ ᠪᠠᠷ ᠭᠤᠶᠤᠴᠢᠯᠠᠨ᠎ᠠ᠃    ︵ᠭᠤᠷᠪᠠ︶ ᠭᠤᠶᠤᠴᠢᠯᠠᠯ ᠢ ᠣᠯᠤᠭᠰᠠᠨ ᠴᠠᠭ ᠢ ᠲᠣᠭᠲᠠᠭᠠᠬᠤ    ᠭᠤᠶᠤᠴᠢᠯᠠᠭᠴᠢ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠢ ᠨᠢᠭᠤᠷᠲᠠᠨ ᠲᠤᠰᠢᠶᠠᠭᠰᠠᠨ ᠪᠠᠶᠢᠪᠠᠯ᠂ ᠳᠡᠪᠰᠢᠭᠦᠯᠦᠭᠰᠡᠨ ᠡᠳᠦᠷ ᠢ ᠭᠤᠶᠤᠴᠢᠯᠠᠯ ᠢ ᠣᠯᠤᠭᠰᠠᠨ ᠡᠳᠦᠷ ᠢᠶᠠᠷ ᠪᠤᠳᠤᠨ᠎ᠠ ᡽ ᠭᠤᠶᠤᠴᠢᠯᠠᠭᠴᠢ ᠰᠢᠦᠳᠠᠨ ᠢᠶᠠᠷ ᠶᠠᠪᠤᠭᠤᠯᠬᠤ ᠬᠡᠯᠪᠡᠷᠢ ᠪᠠᠷ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠳᠡᠪᠰᠢᠭᠦᠯᠦᠭᠰᠡᠨ ᠪᠠᠶᠢᠪᠠᠯ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠭᠠᠷ ᠤᠨ ᠦᠰᠦᠭ ᠵᠢᠷᠤᠵᠤ ᠬᠤᠷᠢᠶᠠᠨ ᠠᠪᠤᠭᠰᠠᠨ ᠡᠳᠦᠷ ᠢ ᠭᠤᠶᠤᠴᠢᠯᠠᠯ ᠢ ᠬᠤᠷᠢᠶᠠᠨ ᠣᠯᠤᠭᠰᠠᠨ ᠡᠳᠦᠷ ᠢᠶᠠᠷ ᠪᠤᠳᠤᠨ᠎ᠠ ᡽ ᠡᠩ ᠤᠨ ᠵᠠᠬᠢᠳᠠᠯ ᠵᠡᠷᠭᠡ ᠭᠠᠷ ᠤᠨ ᠥᠰᠥᠭ ᠵᠢᠷᠤᠵᠤ ᠬᠤᠷᠢᠶᠠᠨ ᠠᠪᠬᠤ ᠴᠢᠬᠤᠯᠠ ᠥᠬᠡᠶ ᠰᠢᠤᠳᠠᠨ ᠢᠶᠠᠷ ᠢᠯᠡᠭᠡᠬᠦ ᠠᠷᠭ᠎ᠠ ᠮᠠᠶ᠋ᠢᠭ ᠢᠶᠠᠷ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠢ ᠳᠡᠪᠰᠢᠭᠦᠯᠦᠭᠰᠡᠨ ᠪᠠᠶᠢᠪᠠᠯ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠪᠠᠶᠢᠭᠤᠯᠤᠮᠵᠢ ᠨᠢ ᠭᠤᠶᠤᠴᠢᠯᠠᠯ ᠢ ᠣᠯᠤᠭᠰᠠᠨ ᠲᠤᠬᠠᠶ ᠶᠢᠨ ᠡᠳᠦᠷ ᠲᠤᠨᠢ ᠭᠤᠶᠤᠴᠢᠯᠠᠭᠴᠢ ᠯᠤᠭ᠎ᠠ ᠨᠤᠲᠠᠯᠠᠨ ᠵᠥᠪᠰᠢᠶᠡᠷᠡᠬᠦ ᠬᠡᠷᠡᠭᠲᠡᠶ᠂ ᠨᠤᠲᠠᠯᠠᠨ ᠵᠥᠪᠰᠢᠶᠡᠷᠡᠭᠰᠡᠨ ᠡᠳᠦᠷ ᠢ ᠭᠤᠶᠤᠴᠢᠯᠠᠯ ᠢ ᠣᠯᠤᠭᠰᠠᠨ ᠡᠳᠦᠷ ᠢᠶᠠᠷ ᠪᠤᠳᠤᠨ᠎ᠠ︔ ᠭᠤᠶᠤᠴᠢᠯᠠᠭᠴᠢ ᠢᠨᠲ᠋ᠤᠷ ᠰᠦᠯᠵᠢᠶᠡᠨ ᠤ ᠠᠷᠭ᠎ᠠ ᠵᠠᠮ ᠢᠶᠠᠷ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠢ ᠳᠡᠪᠰᠢᠭᠦᠯᠦᠭᠰᠡᠨ ᠪᠠᠶᠢᠪᠠᠯ᠂ ᠬᠤᠶᠠᠷ ᠲᠠᠯ᠎ᠠ ᠪᠠᠷ ᠢᠶᠠᠨ ᠨᠤᠲᠠᠯᠠᠭᠰᠠᠨ ᠡᠳᠦᠷ ᠢ ᠭᠤᠶᠤᠴᠢᠯᠠᠯ ᠢ ᠣᠯᠤᠭᠰᠠᠨ ᠡᠳᠦᠷ ᠢᠶᠠᠷ ᠪᠤᠳᠤᠨ᠎ᠠ᠃    ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠢ ᠰᠢᠢᠳᠪᠦᠷᠢᠡᠯᠡᠬᠦ ᠬᠤᠭᠤᠴᠠᠭ᠎ᠠ ᠶᠢ ᠭᠤᠶᠤᠴᠢᠯᠠᠯ ᠢ ᠣᠯᠤᠭᠰᠠᠨ ᠡᠳᠦᠷ ᠤᠨ ᠳᠠᠷᠠᠭ᠎ᠠ ᠡᠳᠦᠷ ᠠᠴᠠ ᠡᠬᠢᠯᠡᠵᠦ ᠪᠣᠳᠣᠨ᠎ᠠ᠃    ︵ᠲᠦᠷᠪᠡ︶ ᠬᠠᠷᠢᠭᠤᠯᠲᠠ ᠥᠭᠬᠦ ᠬᠤᠭᠤᠴᠠᠭ᠎ᠠ    ︽ᠲᠦᠷᠢᠮ︾ ᠤᠨ ᠲᠣᠭᠲᠠᠭᠠᠯ ᠢ ᠦᠨᠳᠦᠰᠦᠯᠡᠪᠡᠯ᠂ ᠵᠠᠰᠠᠭ ᠵᠠᠬᠢᠷᠭᠠᠨ ᠤ ᠪᠠᠶᠢᠭᠤᠯᠭ᠎ᠠ ᠲᠤᠬᠠᠶ ᠶᠢᠨ ᠲᠠᠯᠠᠪᠤᠷ ᠲᠤ ᠬᠠᠷᠢᠭᠤᠯᠲᠠ ᠥᠭᠴᠦ ᠳᠡᠶᠢᠯᠬᠦ ᠦᠭᠡᠢ ᠪᠠᠶᠢᠪᠠᠯ᠂ ᠭᠤᠶᠤᠴᠢᠯᠠᠯ ᠢ ᠣᠯᠤᠭᠰᠠᠨ ᠡᠳᠦᠷ ᠠᠴᠠ ᠡᠬᠢᠯᠡᠨ 20 ᠠᠵᠢᠯᠯᠠᠬᠤ ᠡᠳᠦᠷ ᠤᠨ ᠳᠣᠲᠣᠷ᠎ᠠ ᠬᠠᠷᠢᠭᠤᠯᠲᠠ ᠥᠭᠬᠦ ᠬᠡᠷᠡᠭᠲᠡᠶ᠂ ᠬᠠᠷᠢᠭᠤᠯᠲᠠ ᠥᠭᠬᠦ ᠬᠤᠭᠤᠴᠠᠭ᠎ᠠ ᠶᠢ ᠤᠷᠲᠤᠳᠬᠠᠬᠤ ᠴᠢᠬᠤᠯᠠᠲᠠᠶ ᠪᠠᠶᠢᠪᠠᠯ᠂ ᠤᠷᠲᠤᠳᠬᠠᠬᠤ ᠬᠤᠭᠤᠴᠠᠭ᠎ᠠ ᠶᠢ ᠬᠠᠮᠤᠭ ᠤᠨ ᠤᠷᠳᠤ ᠳᠠᠭᠠᠨ 20 ᠠᠵᠢᠯᠯᠠᠬᠤ ᠡᠳᠦᠷ ᠠᠴᠠ ᠬᠡᠲᠦᠷᠡᠭᠦᠯᠵᠦ ᠪᠣᠯᠬᠤ ᠦᠭᠡᠢ᠃ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠭᠤᠷᠪᠠᠳᠠᠬᠢ ᠡᠲᠡᠭᠡᠳ ᠪᠠ ᠪᠤᠰᠤᠳ ᠪᠠᠶᠢᠭᠤᠯᠭ᠎ᠠ ᠶᠢᠨ ᠰᠠᠨᠠᠯ ᠢ ᠬᠤᠷᠢᠶᠠᠬᠤ ᠳᠤ ᠬᠡᠷᠡᠭᠰᠡᠬᠦ ᠴᠠᠭ ᠢ ᠳᠡᠭᠡᠷ᠎ᠡ ᠳᠤᠷᠠᠳᠤᠭᠰᠠᠨ ᠲᠣᠭᠲᠠᠭᠠᠯ ᠤᠨ ᠬᠤᠭᠤᠴᠠᠭᠠᠨ ᠳᠤ ᠪᠤᠳᠤᠵᠤ ᠣᠷᠣᠭᠤᠯᠬᠤ ᠥᠬᠡᠶ᠃    ᠬᠡᠷᠪᠡ ᠮᠡᠳᠡᠭᠡ ᠵᠠᠩᠭᠢ ᠶᠢ ᠰᠢᠶ᠋ᠳᠪᠦᠷᠢᠯᠡᠬᠦ ᠵᠠᠷᠤᠳᠠᠯ ᠬᠤᠷᠢᠶᠠᠬᠤ ᠪᠠᠶᠢᠳᠠᠯ ᠳᠤ ᠬᠤᠯᠪᠣᠭᠳᠠᠪᠠᠯ᠂ ᠬᠠᠷᠢᠭᠤᠯᠲᠠ ᠥᠭᠬᠦ ᠬᠤᠭᠤᠴᠠᠭ᠎ᠠ ᠶᠢ ︽︿ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠮᠡᠳᠡᠭᠡ ᠵᠠᠩᠭᠢ ᠶᠢ ᠰᠢᠢᠳᠪᠦᠷᠢᠡᠯᠡᠬᠦ ᠵᠠᠷᠤᠳᠠᠯ ᠤᠨ ᠬᠠᠮᠢᠶᠠᠷᠤᠯᠲᠠ ᠶᠢᠨ ᠠᠷᠭ᠎ᠠ﹀ ᠶᠢ ᠳᠠᠷᠤᠮᠠᠯᠯᠠᠨ ᠶᠠᠪᠤᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ ᠵᠠᠬᠢᠳᠠᠯ ︹ 2020 ︺ 109 ᠳ᠋ᠦᠭᠡᠷ ᠲᠣᠭᠠᠲᠤ︶ ᠤᠨ ᠵᠢᠷᠭᠤᠳᠤᠭᠠᠷ ᠵᠦᠶ᠋ᠯ ᠤᠨ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃    ︵ᠲᠠᠪᠤ︶ ᠰᠦᠢᠳᠬᠡᠯ ᠬᠤᠷᠢᠶᠠᠬᠤ ᠪᠠᠷᠢᠮᠵᠢᠶ᠎ᠠ    ︽︿ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠮᠡᠳᠡᠭᠡ ᠵᠠᠩᠭᠢ ᠶᠢ ᠰᠢᠢᠳᠪᠦᠷᠢᠡᠯᠡᠬᠦ ᠰᠦᠢᠳᠬᠡᠯ ᠤᠨ ᠬᠠᠮᠢᠶᠠᠷᠤᠯᠲᠠ ᠶᠢᠨ ᠠᠷᠭ᠎ᠠ﹀ ᠶᠢ ᠳᠠᠷᠤᠮᠠᠯᠯᠠᠨ ᠶᠠᠪᠤᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ ᠵᠠᠬᠢᠳᠠᠯ ︹ 2020 ︺ 109 ᠳ᠋ᠦᠭᠡᠷ ᠲᠣᠭᠠᠲᠤ︶᠂ ︽ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠮᠡᠳᠡᠭᠡ ᠵᠠᠩᠭᠢ ᠶᠢ ᠰᠢᠢᠳᠪᠦᠷᠢᠡᠯᠡᠬᠦ ᠰᠦᠢᠳᠬᠡᠯ ᠤᠨ ᠰᠦᠢᠳᠬᠡᠯ ᠬᠤᠷᠢᠶᠠᠬᠤ ᠬᠠᠮᠢᠶᠠᠷᠤᠯᠲᠠ ᠶᠢᠨ ᠬᠤᠯᠪᠣᠭᠳᠠᠯ ᠪᠥᠬᠦᠶ ᠵᠦᠢᠯᠡᠰ ᠢ ᠲᠣᠳᠣᠷᠬᠠᠶᠢᠯᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠲᠣᠪᠴᠢᠶ᠎ᠠ ᠶᠢᠨ ᠮᠡᠳᠡᠭᠳᠡᠯ︾ ︵ᠥᠪᠥᠷ ᠡᠳ᠋ ᠤᠨ ᠵᠠᠰᠠᠭ ᠭᠠᠶᠢᠯᠢ ︹ 2021 ︺ 785 ᠳ᠋ᠤᠭᠠᠷ ᠲᠣᠭᠠᠲᠤ︶ ᠤᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ ᠪᠣᠳᠠᠲᠠᠶ  ᠰᠦᠢᠳᠬᠡᠯ ᠬᠤᠷᠢᠶᠠᠬᠤ ᠪᠠᠷᠢᠮᠵᠢᠶ᠎ᠠ ᠨᠢ ᠳᠣᠤᠷᠠᠬᠢ ᠮᠲᠦ᠄    ᠰᠢᠷᠬᠡᠭ ᠢᠶᠠᠷ ᠪᠤᠳᠤᠵᠤ ᠬᠤᠷᠢᠶᠠᠬᠤ ᠳᠤ ᠳᠣᠤᠷᠠᠬᠢ ᠮᠡᠲᠦ ᠰᠦᠶ᠋ᠳᠬᠡᠯ ᠬᠤᠷᠢᠶᠠᠬᠤ ᠪᠠᠷᠢᠮᠵᠢᠶ᠎ᠠ ᠶᠢ ᠬᠡᠷᠡᠭᠵᠢᠭᠦᠯᠦᠨ᠎ᠡ᠄    1 ᠠᠳᠠᠯᠢ ᠨᠢᠭᠡᠨ ᠭᠤᠶᠤᠴᠢᠯᠠᠭᠴᠢ ᠨᠢᠭᠡ ᠰᠠᠷ᠎ᠠ ᠶᠢᠨ ᠳᠣᠲᠣᠷ᠎ᠠ ᠨᠡᠶᠢᠳᠡ 10 ᠬᠤᠪᠢ ᠠᠴᠠ ᠳᠣᠭᠤᠭᠰᠢ ︵10 ᠬᠤᠪᠢ ᠶᠢ ᠪᠠᠭᠲᠠᠭᠠᠨ᠎ᠠ︶ ᠭᠤᠶᠤᠴᠢᠯᠠᠭᠰᠠᠨ ᠪᠠᠶᠢᠪᠠᠯ᠂ ᠰᠦᠢᠳᠬᠡᠯ ᠬᠤᠷᠢᠶᠠᠬᠤ ᠦᠭᠡᠢ᠃    2. ᠠᠳᠠᠯᠢ ᠨᠢᠭᠡᠨ ᠭᠤᠶᠤᠴᠢᠯᠠᠭᠴᠢ ᠶᠢᠨ ᠨᠢᠭᠡ ᠰᠠᠷ᠎ᠠ ᠶᠢᠨ ᠳᠣᠲᠣᠷ᠎ᠠ ᠨᠡᠶᠢᠲᠡ 11 — 30 ᠬᠤᠪᠢ ︵30 ᠬᠤᠪᠢ ᠶᠢ ᠪᠠᠭᠲᠠᠭᠠᠨ᠎ᠠ︶ ᠭᠤᠶᠤᠴᠢᠯᠠᠭᠰᠠᠨ ᠬᠡᠰᠡᠭ᠄ 100 ᠲᠥᠭᠦᠷᠢᠭ \ ᠬᠤᠪᠢ᠃    3. ᠠᠳᠠᠯᠢ ᠨᠢᠭᠡᠨ ᠭᠤᠶᠤᠴᠢᠯᠠᠭᠴᠢ ᠶᠢᠨ ᠨᠢᠭᠡ ᠰᠠᠷ᠎ᠠ ᠶᠢᠨ ᠳᠣᠲᠣᠷ᠎ᠠ ᠨᠡᠶᠢᠲᠡ 31 ᠬᠤᠪᠢ ᠠᠴᠠ ᠳᠡᠭᠡᠭᠰᠢ ᠭᠤᠶᠤᠴᠢᠯᠠᠭᠰᠠᠨ ᠬᠡᠰᠡᠭ᠄ 10 ᠬᠤᠪᠢ ᠶᠢ ᠨᠢᠭᠡ ᠲᠠᠩᠰᠠ ᠪᠣᠯᠭᠠᠵᠤ᠂ ᠨᠢᠭᠡ ᠲᠠᠩᠰᠠ ᠨᠡᠮᠡᠬᠦ ᠪᠦᠷᠢ ᠰᠦᠢᠳᠬᠡᠯ ᠬᠤᠷᠢᠶᠠᠬᠤ ᠪᠠᠷᠢᠮᠵᠢᠶ᠎ᠠ ᠶᠢ 100 ᠲᠥᠭᠦᠷᠢᠭ \ ᠰᠢᠷᠬᠡᠭ ᠢᠶᠠᠷ ᠳᠡᠭᠡᠭᠰᠢᠯᠡᠭᠦᠯᠦᠨ᠎ᠡ᠃    ᠲᠤᠭ᠎ᠠ ᠬᠡᠮᠵᠢᠶ᠎ᠡ ᠪᠠᠷ ᠪᠤᠳᠤᠵᠤ ᠬᠤᠷᠢᠶᠠᠬᠤ ᠳᠤ ᠳᠣᠤᠷ᠎ᠠ ᠵᠢᠭᠰᠠᠭᠠᠭᠰᠠᠨ ᠰᠦᠢᠳᠬᠡᠯ ᠬᠤᠷᠢᠶᠠᠬᠤ ᠪᠠᠷᠢᠮᠵᠢᠶ᠎ᠠ ᠶᠢ ᠬᠡᠷᠡᠭᠵᠢᠭᠦᠯᠦᠨ᠎ᠡ᠄    1 30 ᠳ᠋ᠤᠭᠠᠷ ᠨᠢᠭᠤᠷ ᠠᠴᠠ ᠳᠣᠷᠣᠭᠰᠢ ︵30 ᠳ᠋ᠤᠭᠠᠷ ᠨᠢᠭᠤᠷ ᠢ ᠪᠠᠭᠲᠠᠭᠠᠨ᠎ᠠ︶ ᠪᠣᠯ ᠰᠦᠢᠳᠬᠡᠯ ᠬᠤᠷᠢᠶᠠᠬᠤ ᠦᠭᠡᠢ᠃    2 31 — 100 ᠨᠢᠭᠤᠷ ︵100 ᠨᠢᠭᠤᠷ ᠪᠠᠭᠲᠠᠨ᠎ᠠ︶ ᠤᠨ ᠬᠡᠰᠡᠭ᠄ 10 ᠲᠥᠭᠦᠷᠢᠭ \ ᠨᠢᠭᠤᠷ᠃    3 101 — 200 ᠳ᠋ᠤᠭᠠᠷ ᠨᠢᠭᠤᠷ ︵200 ᠳ᠋ᠤᠭᠠᠷ ᠨᠢᠭᠤᠷ ᠢ ᠪᠠᠭᠲᠠᠭᠠᠨ᠎ᠠ︶ ᠤᠨ ᠬᠡᠰᠡᠭ᠄ 20 ᠲᠥᠭᠦᠷᠢᠭ \ ᠨᠢᠭᠤᠷ᠃    4 201 ᠨᠢᠭᠤᠷ ᠠᠴᠠ ᠳᠡᠭᠡᠭᠰᠢᠬᠢ ᠬᠡᠰᠡᠭ᠄ 40 ᠲᠥᠭᠦᠷᠢᠭ \ ᠨᠢᠭᠤᠷ᠃    ᠭᠤᠷᠪᠠ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠪᠠᠶᠢᠭᠤᠯᠤᠮᠵᠢ ᠶᠢᠨ ᠪᠠᠶᠢᠳᠠᠯ    ᠠᠵᠢᠯ ᠤᠨ ᠪᠠᠶᠢᠭᠤᠯᠤᠮᠵᠢ᠄ ᠪᠠᠭᠠᠷᠢᠨ ᠵᠡᠭᠦᠨ ᠬᠤᠰᠢᠭᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠤᠳᠤᠷᠢᠳᠬᠤ ᠳᠤᠭᠤᠶᠢᠯᠠᠩ ᠤᠨ ᠠᠯᠪᠠᠨ ᠬᠡᠷ    ᠠᠵᠢᠯᠯᠠᠬᠤ ᠬᠠᠶ᠋ᠢᠭ᠄ ᠪᠠᠭᠠᠷᠢᠨ ᠵᠡᠭᠦᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠠᠯᠪᠠᠨ ᠬᠡᠷ ︵ᠪᠠᠭᠠᠷᠢᠨ ᠵᠡᠭᠦᠨ ᠬᠤᠰᠢᠭᠤᠨ ᠤ ᠯᠢᠨᠳᠦ᠋ᠩ ᠪᠠᠯᠭᠠᠰᠤᠨ ᠤ ᠠᠨ ᠳ᠋ᠦᠩ ᠵᠠᠮ ᠬᠢᠭᠡᠳ ᠬᠢᠳᠠᠨ ᠶᠡᠭᠡ ᠵᠡᠭᠡᠯᠢ ᠶᠢᠨ ᠠᠭᠤᠯᠵᠠᠷ ᠤᠨ ᠬᠤᠶᠢᠲᠤ 160 ᠮᠧᠲᠷ ᠤᠨ ᠪᠠᠭᠠᠷᠢᠨ ᠵᠡᠭᠦᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ  ᠤ ᠶᠡᠭᠡ ᠲᠢᠩᠬᠢᠮ ᠤᠨ 5 ᠳ᠋ᠤᠭᠠᠷ ᠠᠰᠠᠷ︶    ᠠᠵᠢᠯᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 30 — 12᠄ 00᠂ ᠦᠳᠡ ᠶᠢᠨ ᠬᠤᠶᠢᠨᠠᠬᠢ 2᠄ 30 — 5᠄ 30᠂ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠢ ᠤᠯᠤᠰ ᠤᠨ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃    ᠬᠠᠷᠢᠯᠴᠠᠬᠤ ᠤᠲᠠᠰᠤ᠄ 0476 — 7866329    ᠲᠦᠷᠪᠡ᠂ ᠬᠢᠨᠠᠯᠲᠠ ᠲᠠᠯᠪᠢᠬᠤ ᠪᠠ ᠲᠡᠳᠬᠦᠮᠵᠢ ᠦᠵᠡᠭᠦᠯᠬᠦ    ᠠᠷᠠᠳ ᠢᠷᠭᠡᠨ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠠᠴᠠ ᠵᠠᠰᠠᠭ ᠵᠠᠬᠢᠷᠭᠠᠨ ᠤ ᠪᠠᠶᠢᠭᠤᠯᠭ᠎ᠠ ᠨᠢ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠳᠤᠮᠳᠠ ᠲᠡᠭᠦᠨ ᠤ ᠬᠠᠤᠯᠢ ᠶᠣᠰᠣᠨ ᠤ ᠡᠷᠬᠡ ᠠᠰᠢᠭ ᠲᠤ ᠬᠠᠯᠳᠠᠭᠰᠠᠨ ᠭᠡᠵᠦ ᠦᠵᠡᠪᠡᠯ᠂ ᠳᠡᠭᠡᠷ᠎ᠡ ᠨᠢᠭᠡ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠪᠤᠶᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠤ ᠵᠠᠭᠠᠯᠳᠤᠵᠤ᠂ ᠢᠯᠡᠴᠢᠯᠡᠨ ᠮᠡᠳᠡᠭᠦᠯᠵᠦ ᠪᠣᠯᠤᠨ᠎ᠠ᠂ ᠪᠠᠰᠠ ᠬᠠᠤᠯᠢ ᠶᠣᠰᠣᠭᠠᠷ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠪᠠᠷ ᠭᠤᠶᠤᠴᠢᠯᠠᠬᠤ ᠪᠤᠶᠤ ᠵᠠᠰᠠᠭ ᠵᠠᠬᠢᠷᠭᠠᠨ ᠤ ᠵᠠᠷᠭᠤ ᠬᠢᠵᠦ ᠪᠣᠯᠤᠨ᠎ᠠ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号