ᠪᠠᠭᠠᠷᠢᠨ ᠵᠡᠭᠦᠨ ᠬᠤᠰᠢᠭᠤ ᠶᠢᠨ 2023 ᠣᠨ ᠤ 10 ᠰᠠᠷ᠎ᠠ ᠶᠢᠨ ᠠᠷᠠᠯᠵᠢᠶᠠᠨ ᠤ ᠦᠢᠯᠡᠰ ᠤᠨ ᠲᠤᠭ᠎ᠠ ᠪᠠᠷᠢᠮᠲᠠ ᠶᠢᠨ ᠵᠠᠳᠠᠯᠤᠯᠲᠠ ᠶᠢᠨ ᠮᠡᠳᠡᠭᠦᠯᠦᠯᠲᠡ
ᠨᠡᠶᠢᠲᠡᠯᠡᠭᠰᠡᠨ ᠴᠠᠭ᠄
2023/11/23
 2023 ᠣᠨ ᠤ 1 — 10 ᠰᠠᠷ᠎ᠠ ᠳᠤ᠂ ᠵᠡᠭᠦᠨ ᠬᠤᠰᠢᠭᠤᠨ ᠤ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 14.6% ᠨᠡᠮᠡᠭᠳᠡᠵᠡᠶ᠃    ᠨᠢᠭᠡ᠂ ᠨᠢᠭᠡᠴᠢ ᠶᠢᠨ ᠦᠨᠳᠦᠰᠦᠨ ᠪᠠᠶᠢᠳᠠᠯ ᠢ ᠬᠢᠵᠠᠭᠠᠷᠯᠠᠨ᠎ᠠ᠃    1. ᠠᠵᠢᠯ ᠲᠥᠷᠥᠯ ᠬᠤᠪᠢᠶᠠᠭᠰᠠᠨ 1 — 10 ᠰᠠᠷ᠎ᠠ ᠶᠢᠨ ᠵᠢᠵᠢᠭᠯᠡᠨ ᠬᠤᠳᠠᠯᠳᠤᠭᠰᠠᠨ ᠨᠡᠶᠢᠲᠡ ᠪᠠᠶᠢᠳᠠᠯ ᠠᠴᠠ ᠦᠵᠡᠪᠡᠯ᠄ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢᠯᠡᠰ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 13.2% ᠢᠶᠠᠷ ᠨᠡᠮᠡᠭᠳᠡᠪᠡ︔ ᠬᠤᠨᠤᠭ ᠤᠨ  ᠦᠢᠯᠡᠰ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 25.2% ᠢᠳᠡᠭᠡᠨ ᠤᠮᠳᠠᠭᠠᠨ ᠤ ᠦᠢᠯᠡᠰ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 3.7% ᠪᠠᠷ ᠨᠡᠮᠡᠭᠳᠡᠪᠡ᠃    2᠂ ᠪᠥᠭᠡᠮ ᠢᠶᠠᠷ ᠬᠤᠳᠠᠯᠳᠤᠬᠤ  ᠦᠢᠯᠡᠰ᠄ 10 ᠳ᠋ᠤᠭᠠᠷ ᠰᠠᠷ᠎ᠠ ᠳᠤ ᠪᠠᠭᠠᠷᠢᠨ ᠵᠡᠭᠦᠨ ᠬᠤᠰᠢᠭᠤᠨ ᠤ ᠬᠢᠵᠠᠭᠠᠷᠲᠤ ᠲᠤᠭ᠎ᠠ ᠠᠴᠠ ᠳᠡᠭᠡᠭᠰᠢᠬᠢ ᠪᠥᠭᠡᠮ ᠢᠶᠠᠷ ᠬᠤᠳᠠᠯᠳᠤᠬᠤ ᠠᠵᠢᠯ ᠲᠥᠷᠥᠯ ᠤᠨ ᠲᠠᠸᠠᠷ ᠤᠨ ᠪᠣᠷᠣᠯᠠᠭᠤᠯᠤᠯᠲᠠ ᠶᠢᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 1.6% ᠨᠡᠮᠡᠭᠳᠡᠵᠦ᠂ 1 — 10 ᠳ᠋ᠤᠭᠠᠷ ᠰᠠᠷ᠎ᠠ ᠳᠤ ᠪᠥᠬᠦ ᠬᠤᠰᠢᠭᠤᠨ ᠤ ᠬᠢᠵᠠᠭᠠᠷᠲᠤ ᠲᠤᠭ᠎ᠠ ᠠᠴᠠ ᠳᠡᠭᠡᠭᠰᠢᠬᠢ ᠪᠥᠭᠡᠮ ᠢᠶᠠᠷ ᠬᠤᠳᠠᠯᠳᠤᠬᠤ ᠠᠵᠢᠯ ᠲᠥᠷᠥᠯ ᠤᠨ ᠲᠠᠸᠠᠷ ᠤᠨ ᠪᠣᠷᠣᠯᠠᠭᠤᠯᠤᠯᠲᠠ ᠶᠢᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 47.6% ᠪᠠᠭᠤᠷᠠᠪᠠ᠃    3. ᠵᠢᠵᠢᠭᠯᠡᠨ ᠬᠤᠳᠠᠯᠳᠤᠬᠤ ᠦᠢᠯᠡᠰ᠄ 10 ᠳ᠋ᠤᠭᠠᠷ ᠰᠠᠷ᠎ᠠ ᠳᠤ ᠪᠠᠭᠠᠷᠢᠨ ᠵᠡᠭᠦᠨ ᠬᠤᠰᠢᠭᠤᠨ ᠤ ᠬᠢᠵᠠᠭᠠᠷᠲᠤ ᠲᠤᠭ᠎ᠠ ᠠᠴᠠ ᠳᠡᠭᠡᠭᠰᠢᠬᠢ ᠵᠢᠵᠢᠭᠯᠡᠨ ᠬᠤᠳᠠᠯᠳᠤᠬᠤ ᠠᠵᠢᠯ ᠲᠥᠷᠥᠯ ᠤᠨ ᠲᠠᠸᠠᠷ ᠤᠨ ᠪᠣᠷᠣᠯᠠᠭᠤᠯᠤᠯᠲᠠ ᠶᠢᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 11.3% ᠨᠡᠮᠡᠭᠳᠡᠵᠦ᠂ 1 — 10 ᠳ᠋ᠤᠭᠠᠷ ᠰᠠᠷ᠎ᠠ ᠳᠤ ᠪᠥᠬᠦ ᠬᠤᠰᠢᠭᠤᠨ ᠤ ᠬᠢᠵᠠᠭᠠᠷᠲᠤ ᠲᠤᠭ᠎ᠠ ᠠᠴᠠ ᠳᠡᠭᠡᠭᠰᠢᠬᠢ ᠵᠢᠵᠢᠭᠯᠡᠨ ᠬᠤᠳᠠᠯᠳᠤᠬᠤ ᠦᠶ᠋ᠯᠡᠰ ᠤᠨ ᠪᠡᠶᠡᠯᠡᠭᠦᠯᠦᠭᠰᠡᠨ ᠪᠣᠷᠣᠯᠠᠭᠤᠯᠤᠯᠲᠠ ᠶᠢᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 21.4% ᠨᠡᠮᠡᠭᠳᠡᠪᠡ᠃    4᠂ ᠬᠤᠨᠣᠭᠯᠠᠬᠤ  ᠦᠢᠯᠡᠰ᠄ 10 ᠳ᠋ᠤᠭᠠᠷ ᠰᠠᠷ᠎ᠠ ᠳᠤ ᠵᠡᠭᠦᠨ ᠬᠤᠰᠢᠭᠤᠨ ᠤ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠬᠤᠨᠣᠭᠯᠠᠬᠤ ᠠᠵᠢᠯ ᠲᠥᠷᠥᠯ ᠤᠨ ᠡᠵᠡᠩᠨᠡᠯᠲᠡ ᠶᠢᠨ ᠨᠣᠷᠮ᠎ᠠ ᠶᠢ 2 ᠠᠳᠠᠯᠢ ᠬᠤᠭᠤᠴᠠᠭᠠᠨ ᠤ ᠬᠢ ᠠᠴᠠ 0.6% ᠪᠠᠷ ᠪᠠᠭᠤᠷᠠᠭᠤᠯᠵᠤ᠂ 1 — 10 ᠳ᠋ᠤᠭᠠᠷ ᠰᠠᠷ᠎ᠠ ᠳᠤ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠬᠤᠨᠣᠭᠯᠠᠬᠤ ᠠᠵᠢᠯ ᠲᠥᠷᠥᠯ ᠤᠨ ᠡᠵᠡᠩᠨᠡᠯᠲᠡ ᠶᠢᠨ ᠨᠣᠷᠮ᠎ᠠ ᠶᠢ ᠠᠳᠠᠯᠢ ᠬᠤᠭᠤᠴᠠᠭᠠᠨ ᠤ ᠬᠢ ᠠᠴᠠ 11.7% ᠪᠠᠷ ᠪᠠᠭᠤᠷᠠᠭᠤᠯᠤᠨ᠎ᠠ᠃    5᠂ ᠢᠳᠡᠭᠡᠨ ᠤᠮᠳᠠᠭᠠᠨ ᠤ  ᠦᠢᠯᠡᠰ᠄ 10 ᠳ᠋ᠤᠭᠠᠷ ᠰᠠᠷ᠎ᠠ ᠳᠤ ᠵᠡᠭᠦᠨ ᠬᠤᠰᠢᠭᠤᠨ ᠤ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠢᠳᠡᠭᠡᠨ ᠤᠮᠳᠠᠭᠠᠨ ᠤ ᠠᠵᠢᠯ ᠲᠥᠷᠥᠯ ᠤᠨ ᠡᠵᠡᠩᠨᠡᠯᠲᠡ ᠶᠢᠨ ᠨᠣᠷᠮ᠎ᠠ ᠶᠢ ᠠᠳᠠᠯᠢ ᠬᠤᠭᠤᠴᠠᠭᠠᠨ ᠤ ᠬᠢ ᠠᠴᠠ 43.5% ᠨᠡᠮᠡᠭᠳᠡᠭᠦᠯᠵᠦ᠂ 1 — 10 ᠳ᠋ᠤᠭᠠᠷ ᠰᠠᠷ᠎ᠠ ᠳᠤ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠢᠳᠡᠭᠡᠨ ᠤᠮᠳᠠᠭᠠᠨ ᠤ  ᠦᠢᠯᠡᠰ ᠤᠨ ᠡᠵᠡᠩᠨᠡᠯᠲᠡ ᠶᠢᠨ ᠨᠣᠷᠮ᠎ᠠ ᠶᠢ ᠠᠳᠠᠯᠢ ᠬᠤᠭᠤᠴᠠᠭᠠᠨ ᠤ ᠬᠢ ᠠᠴᠠ 3.2% ᠨᠡᠮᠡᠭᠳᠡᠭᠦᠯᠦᠨ᠎ᠡ᠃    ᠬᠤᠶᠠᠷ᠂ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠣᠷᠣᠨ ᠰᠠᠭᠤᠴᠠ ᠬᠤᠭᠤᠯᠠᠨ ᠬᠡᠷ ᠤᠨ ᠠᠵᠢᠯ ᠲᠥᠷᠥᠯ ᠤᠨ ᠬᠡᠯᠪᠡᠯᠵᠡᠯ ᠤᠨ ᠰᠢᠯᠲᠠᠭᠠᠨ ᠤ ᠵᠠᠳᠠᠯᠤᠯᠲᠠ    1. ᠪᠥᠭᠡᠮ ᠢᠶᠠᠷ ᠬᠤᠳᠠᠯᠳᠤᠬᠤ ᠦᠢᠯᠡᠰ ᠤᠨ ᠲᠣᠰ ᠰᠠᠷ᠎ᠠ ᠶᠢᠨ ᠨᠡᠮᠡᠭᠳᠡᠯ ᠤᠨ ᠬᠤᠷᠳᠤᠴᠠ ᠰᠥᠭᠡᠷᠭᠦ ᠪᠠᠶᠢᠭᠰᠠᠨ ᠠᠴᠠ ᠪᠠᠨ ᠵᠢᠩᠬᠢᠨᠢᠴᠢᠯᠡᠭᠰᠡᠨ ᠤ ᠭᠤᠤᠯ ᠰᠢᠯᠲᠠᠭᠠᠨ᠄    1 — 10 ᠰᠠᠷ᠎ᠠ ᠳᠤ ᠪᠥᠬᠦ ᠬᠤᠰᠢᠭᠤᠨ ᠤ ᠬᠢᠵᠠᠭᠠᠷᠲᠤ ᠲᠤᠭ᠎ᠠ ᠠᠴᠠ ᠳᠡᠭᠡᠭᠰᠢᠬᠢ ᠪᠥᠭᠡᠮ ᠢᠶᠠᠷ ᠬᠤᠳᠠᠯᠳᠤᠬᠤ ᠠᠵᠢᠯ ᠲᠥᠷᠥᠯ ᠤᠨ ᠲᠠᠸᠠᠷ ᠤᠨ ᠪᠣᠷᠣᠯᠠᠭᠤᠯᠤᠯᠲᠠ ᠶᠢᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 47.6% ᠪᠠᠭᠤᠷᠠᠪᠠ᠃ 10 ᠰᠠᠷ᠎ᠠ ᠶᠢᠨ ᠨᠡᠮᠡᠭᠳᠡᠯ ᠤᠨ ᠬᠤᠷᠳᠤᠴᠠ ᠰᠥᠭᠡᠷᠭᠦ ᠪᠠᠶᠢᠭᠰᠠᠨ ᠠᠴᠠ ᠪᠠᠨ 1.6% ᠪᠠᠷ ᠨᠡᠮᠡᠭᠳᠡᠪᠡ᠃    ᠲᠣᠰ ᠰᠠᠷ᠎ᠠ ᠳᠤ ᠲᠠᠷᠢᠶᠠᠯᠠᠩ ᠤᠨ ᠮᠠᠰᠢᠨ ᠤ ᠠᠵᠤ ᠠᠬᠤᠶᠢᠯᠠᠯ ᠤᠨ ᠪᠠᠶᠢᠳᠠᠯ ᠰᠠᠶᠢᠵᠢᠷᠠᠵᠤ᠂ ᠲᠣᠰ ᠰᠠᠷ᠎ᠠ ᠳᠤ ᠠᠳᠠᠯᠢ ᠬᠤᠭᠤᠴᠠᠭᠠᠨ ᠤ ᠬᠢ ᠠᠴᠠ 141.1%᠂ 36.7% ᠪᠠᠷ ᠨᠡᠮᠡᠭᠳᠡᠪᠡ᠂ ᠭᠤᠤᠯᠳᠠᠭᠤ ᠲᠣᠰ ᠰᠠᠷ᠎ᠠ ᠳᠤ ᠵᠡᠭᠦᠨ ᠬᠤᠰᠢᠭᠤᠨ ᠤ ᠰᠢᠶᠠᠩ ᠪᠠᠯᠭᠠᠰᠤᠨ ᠤ ᠲᠠᠷᠢᠶᠠᠯᠠᠩ ᠤᠨ ᠮᠠᠰᠢᠨ ᠤ ᠬᠤᠷᠰᠢᠶ᠎ᠠ ᠶᠢᠨ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠲᠥᠷᠥᠯ ᠵᠦᠢᠯ ᠪᠠᠶᠢᠭᠰᠠᠨ ᠠᠴᠠ ᠪᠣᠷᠣᠯᠠᠭᠤᠯᠤᠯᠲᠠ ᠶᠢᠨ ᠬᠡᠮᠵᠢᠶ᠎ᠡ ᠲᠣᠰ ᠰᠠᠷ᠎ᠠ ᠳᠤ ᠨᠡᠯᠢᠶᠡᠳ ᠶᠡᠭᠡ ᠨᠡᠮᠡᠭᠳᠡᠭᠰᠡᠨ ᠪᠠᠶᠢᠨ᠎ᠠ᠃    2 ᠢᠳᠡᠭᠡᠨ ᠤᠮᠳᠠᠭᠠᠨ ᠤ ᠦᠢᠯᠡᠰ ᠤᠨ ᠲᠤᠰ ᠰᠠᠷ᠎ᠠ ᠶᠢᠨ ᠨᠡᠮᠡᠭᠳᠡᠯ ᠤᠨ ᠬᠡᠮᠵᠢᠶ᠎ᠡ ᠨᠡᠯᠢᠶᠡᠳ ᠶᠡᠭᠡ ᠪᠠᠶᠢᠬᠤ ᠶᠢᠨ ᠰᠢᠯᠲᠠᠭᠠᠨ᠄    ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠪᠠᠭᠲᠠᠭᠠᠮᠵᠢ ᠪᠠᠷ ᠨᠡᠯᠢᠶᠡᠳ ᠶᠡᠭᠡ ᠢᠳᠡᠭᠡᠨ ᠤᠮᠳᠠᠭᠠᠨ ᠤ ᠨᠢᠭᠡᠴᠡ ᠬᠢᠵᠢᠭ ᠤᠨ ᠪᠠᠶᠢᠳᠠᠯ ᠤᠨ ᠨᠥᠯᠥᠭᠡ ᠠᠴᠠ ᠪᠣᠯᠵᠣ᠂ ᠬᠡᠪ ᠤᠨ ᠠᠵᠢᠯ ᠡᠬᠢᠯᠡᠬᠦ ᠴᠠᠭ ᠨᠢ ᠨᠡᠯᠢᠶᠡᠳ ᠣᠬᠤᠷ᠂ ᠠᠳᠠᠯᠢ ᠬᠤᠭᠤᠴᠠᠭᠠᠨ ᠤ ᠰᠠᠭᠤᠷᠢ ᠲᠤᠭ᠎ᠠ ᠨᠢ ᠨᠡᠯᠢᠶᠡᠳ ᠪᠠᠭ᠎ᠠ ᠪᠠᠶᠢᠵᠤ᠂ ᠲᠣᠰ ᠵᠢᠯ ᠤᠨ ᠬᠢᠵᠢᠭ ᠤᠨ ᠪᠠᠶᠢᠳᠠᠯ ᠤᠨ ᠬᠡᠪ ᠤᠨ ᠡᠵᠡᠩᠨᠡᠯᠲᠡ ᠶᠢ ᠴᠢᠯᠥᠭᠡᠲᠡᠶ ᠪᠣᠯᠭᠠᠭᠰᠠᠨ ᠪᠣᠯᠬᠤᠷ ᠲᠣᠰ ᠰᠠᠷ᠎ᠠ ᠶᠢᠨ ᠢᠳᠡᠭᠡᠨ ᠤᠮᠳᠠᠭᠠᠨ ᠤ ᠦᠶ᠋ᠯᠡᠰ ᠶᠡᠷᠦᠩᠬᠡᠶ ᠳᠡᠭᠡᠨ ᠨᠡᠯᠢᠶᠡᠳ ᠶᠡᠭᠡ ᠨᠡᠮᠡᠭᠳᠡᠭᠰᠡᠨ ᠪᠠᠶᠢᠨ᠎ᠠ᠃    ᠭᠤᠷᠪᠠ᠂ ᠣᠷᠣᠰᠢᠵᠤ ᠪᠠᠶᠢᠭ᠎ᠠ ᠠᠰᠠᠭᠤᠳᠠᠯ ᠪᠣᠯᠤᠨ ᠬᠡᠷᠡᠭᠴᠡᠭᠡ ᠶᠢ ᠭᠤᠣᠯᠳᠠᠯᠭ᠎ᠠ ᠲᠠᠢ ᠠᠩᠬᠠᠷᠬᠤ ᠬᠡᠷᠡᠭᠲᠡᠢ    ᠨᠢᠭᠡᠴᠢ ᠶᠢᠨ ᠲᠤᠭ᠎ᠠ ᠪᠠᠷ ᠴᠥᠭᠡᠨ᠂ ᠪᠡᠶ᠎ᠡ ᠶᠢᠨ ᠬᠡᠮᠵᠢᠶ᠎ᠡ ᠪᠠᠷ ᠪᠠᠭ᠎ᠠ᠂ ᠤᠯᠠᠮᠵᠢᠯᠠᠯᠲᠤ ᠠᠵᠢᠯ ᠲᠦᠷᠦᠯ ᠤᠨ ᠡᠵᠡᠯᠡᠬᠦ ᠬᠡᠮᠵᠢᠶ᠎ᠡ ᠨᠢ ᠨᠡᠯᠢᠶᠡᠳ ᠥᠨᠳᠥᠷ᠂ ᠰᠢᠨ᠎ᠡ ᠨᠡᠮᠡᠭᠳᠡᠯ ᠤᠨ ᠴᠡᠭ ᠢᠶᠠᠷ ᠳᠤᠲᠠᠮᠠᠭ᠂ ᠮᠠᠰᠢᠨ ᠲᠡᠷᠭᠡ ᠵᠡᠷᠭᠡ ᠲᠤᠮᠤ ᠬᠡᠯᠪᠡᠷᠢ ᠶᠢᠨ ᠠᠵᠤ ᠦᠢᠯᠡᠰ ᠪᠤᠶᠤ ᠰᠢᠭᠤᠳ ᠨᠡᠪᠲᠡᠷᠡᠭᠦᠯᠭᠡ ᠪᠠᠷ ᠪᠠᠷᠠᠭ᠎ᠠ ᠠᠪᠴᠤ ᠶᠠᠪᠤᠬᠤ ᠵᠡᠷᠭᠡ ᠰᠢᠨ᠎ᠡ ᠬᠡᠯᠪᠡᠷᠢ ᠶᠢᠨ ᠠᠵᠢᠯ ᠲᠦᠷᠦᠯ ᠪᠠᠶᠢᠬᠤ ᠦᠭᠡᠢ ᠮᠥᠷᠲᠡᠭᠡᠨ ᠲᠠᠸᠠᠷ ᠤᠨ ᠪᠦᠲᠦᠴᠡ ᠨᠢ ᠴᠦ ᠨᠡᠯᠢᠶᠡᠳ ᠲᠠᠩ ᠴᠤᠯᠭᠤᠢ ᠪᠠᠶᠢᠳᠠᠭ᠃    ᠳᠥᠷᠪᠡ᠂ ᠠᠷᠭᠠᠴᠠᠬᠤ ᠠᠷᠭ᠎ᠠ ᠵᠢᠴᠢ ᠰᠠᠨᠠᠭᠤᠯᠭ᠎ᠠ    1. ᠵᠢᠯ ᠤᠨ ᠰᠡᠭᠦᠯᠴᠢ ᠶᠢᠨ ᠲᠦᠷᠢᠮ ᠲᠣᠭᠲᠠᠭᠠᠯ ᠢ ᠳᠡᠭᠡᠭᠰᠢᠯᠡᠭᠦᠯᠦᠨ ᠨᠢᠭᠡᠳᠦᠯᠲᠡᠶ ᠪᠦᠷᠢᠳᠬᠡᠯ ᠳᠤ ᠣᠷᠣᠭᠤᠯᠬᠤ ᠬᠤᠭᠤᠴᠠᠭ᠎ᠠ ᠶᠢ ᠡᠵᠡᠮᠳᠡᠵᠦ᠂ ᠳᠡᠭᠡᠳᠦ ᠬᠢᠵᠠᠭᠠᠷ ᠤᠨ ᠡᠵᠡᠯᠡᠬᠦ ᠬᠠᠷᠢᠴᠠᠯ ᠢ ᠳᠡᠭᠡᠭᠰᠢᠯᠡᠭᠦᠯᠦᠨ᠎ᠡ᠃ ᠠᠵᠤ ᠠᠬᠤᠶ ᠶᠢᠨ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠯᠦᠭᠡ ᠶᠢᠨ ᠬᠠᠮᠲᠤᠷᠠᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠳᠡᠭᠡᠳᠦ ᠱᠠᠲᠤᠨ ᠤ ᠬᠢ ᠶᠢ ᠬᠢᠵᠠᠭᠠᠷᠯᠠᠨ ᠨᠢᠭᠡᠳᠦᠯᠲᠡᠶ ᠪᠣᠯᠭᠠᠬᠤ ᠠᠵᠢᠯ ᠢ ᠬᠦᠴᠦ ᠪᠠᠨ ᠬᠠᠮᠲᠤᠳᠬᠠᠨ ᠰᠠᠶᠢᠲᠤᠷ ᠠᠳᠬᠤᠵᠤ᠂ ᠣᠳᠣᠬᠠᠨ ᠤ ᠳᠡᠭᠡᠳᠦ ᠱᠠᠲᠤᠨ ᠤ ᠬᠢ ᠶᠢ ᠬᠢᠵᠠᠭᠠᠷᠯᠠᠨ ᠬᠢᠵᠠᠭᠠᠷᠯᠠᠬᠤ ᠨᠢᠭᠡᠴᠡ ᠨᠡᠯᠢᠶᠡᠳ ᠴᠥᠭᠡᠨ ᠪᠠᠶᠢᠭ᠎ᠠ ᠠᠵᠢᠯ ᠲᠥᠷᠥᠯ ᠤᠨ ᠲᠥᠷᠥᠯ ᠢᠯᠭᠠᠯ ᠢ ᠭᠤᠤᠯᠳᠠᠯᠭ᠎ᠠ ᠲᠠᠢ ᠠᠩᠬᠠᠷᠴᠤ᠂ ᠳᠡᠭᠡᠳᠦ ᠱᠠᠲᠤᠨ ᠤ ᠬᠢ ᠶᠢ ᠬᠢᠵᠠᠭᠠᠷᠯᠠᠬᠤ ᠲᠤᠭ᠎ᠠ ᠪᠠᠷᠢᠮᠲᠠ ᠶᠢᠨ ᠲᠥᠯᠥᠭᠡᠯᠡᠬᠦ ᠴᠢᠨᠠᠷ ᠢ ᠴᠢᠩᠭᠠᠷᠠᠭᠤᠯᠤᠨ᠎ᠠ᠃ ᠡᠭᠦᠨ ᠠᠴᠠ ᠭᠠᠳᠠᠨ᠎ᠠ᠂ ᠠᠷᠠᠯᠵᠢᠶᠠᠨ ᠤ ᠬᠤᠪᠢ ᠬᠥᠮᠦᠨ ᠤ ᠬᠥᠮᠥᠷᠭᠡ ᠳᠤ ᠣᠷᠣᠭᠤᠯᠬᠤ ᠶᠢ 2024 ᠣᠨ ᠤ ᠵᠢᠯ ᠤᠨ ᠳᠤᠮᠳᠠᠴᠢ ᠪᠠᠷ ᠰᠢᠨ᠎ᠡ ᠪᠠᠷ ᠨᠡᠮᠡᠬᠦ ᠶᠢ ᠬᠢᠨᠠᠨ ᠵᠥᠪᠰᠢᠶᠡᠷᠡᠨ᠎ᠡ᠂ ᠵᠢᠯ ᠤᠨ ᠳᠤᠮᠳᠠᠴᠢ ᠪᠠᠷ ᠬᠥᠮᠥᠷᠭᠡ ᠳᠤ ᠣᠷᠣᠭᠤᠯᠬᠤ ᠶᠢ ᠵᠥᠪᠬᠡᠨ 2023 ᠣᠨ ᠤ 10 ᠰᠠᠷ᠎ᠠ ᠶᠢᠨ 1 ᠤ ᠡᠳᠦᠷ ᠠᠴᠠ ᠰᠡᠭᠦᠯᠡᠷ ᠰᠢᠨ᠎ᠡ ᠪᠠᠷ ᠠᠵᠢᠯ ᠡᠬᠢᠯᠡᠭᠦᠯᠦᠭᠰᠡᠨ ᠬᠤᠪᠢ ᠬᠥᠮᠦᠨ ᠳᠤ ᠣᠷᠣᠭᠤᠯᠬᠤ ᠤᠴᠢᠷ ᠠᠴᠠ ᠣᠶᠢᠷ᠎ᠠ ᠶᠢᠨ ᠬᠤᠭᠤᠴᠠᠭᠠᠨ ᠳᠤ ᠠᠵᠤ ᠠᠬᠤᠶᠢᠯᠠᠯ ᠢ ᠪᠤᠶᠢᠵᠢᠭᠤᠯᠤᠨ ᠵᠢᠯ ᠤᠨ ᠳᠤᠮᠳᠠᠴᠢ ᠪᠠᠷ ᠬᠤᠪᠢ ᠬᠥᠮᠦᠨ ᠤ ᠬᠥᠮᠥᠷᠭᠡ ᠳᠤ    2. ᠲᠣᠰ ᠤᠳᠠᠭᠠᠨ ᠤ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠳᠤ ᠲᠦᠰᠢᠭᠯᠡᠨ᠂ ᠵᠢᠩᠬᠢᠨᠢ ᠭᠡᠷᠡᠴᠢ ᠪᠠᠷᠢᠮᠲᠠ ᠬᠠᠩᠭᠠᠵᠤ ᠪᠣᠯᠬᠤ ᠠᠵᠤ ᠠᠬᠤᠶᠢᠯᠠᠯ᠂ ᠬᠤᠪᠢ ᠬᠥᠮᠦᠨ ᠢ ᠠᠭᠤᠳᠠᠯᠤᠨ ᠭᠠᠷᠭᠠᠵᠤ ᠬᠢᠵᠠᠭᠠᠷᠯᠠᠨ ᠪᠠᠭᠤᠯᠭᠠᠬᠤ ᠲᠠᠪᠴᠠᠩ ᠳᠤ ᠣᠷᠣᠭᠤᠯᠵᠤ᠂ ᠳᠥᠷᠪᠡᠳᠦᠭᠡᠷ ᠤᠯᠠᠷᠢᠯ ᠳᠤ ᠬᠢᠵᠠᠭᠠᠷᠯᠠᠨ ᠪᠠᠭᠤᠯᠭᠠᠬᠤ ᠨᠢᠭᠡᠴᠡ ᠶᠢ ᠰᠣᠯᠢᠬᠤ ᠠᠵᠢᠯ ᠢ ᠰᠠᠶᠢᠲᠤᠷ ᠬᠢᠵᠦ᠂ ᠣᠳᠣᠬᠠᠨ ᠳᠤ ᠡᠵᠡᠩᠨᠡᠯᠲᠡ ᠶᠢᠨ ᠠᠵᠢᠯᠯᠠᠭ᠎ᠠ ᠥᠬᠡᠶ ᠨᠢᠭᠡᠴᠡ ᠶᠢ ᠰᠣᠯᠢᠬᠤ ᠬᠡᠷᠡᠭᠲᠡᠶ᠃ 
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号