ᠯᠢᠨᠳᠦ᠋ᠩ ᠪᠠᠯᠭᠠᠰᠤ ᠶᠢᠨ ᠬᠠᠤᠯᠢ ᠴᠠᠭᠠᠵᠠ ᠶᠢᠨ ᠭᠠᠵᠠᠷ ︽ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠢ ᠲᠡᠪᠴᠢᠬᠦ︾ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/11/27
   ᠨᠠᠰᠤᠨ ᠳᠤ ᠥᠯᠥ ᠭᠦᠷᠦᠭᠰᠡᠳ ᠤᠨ ᠬᠠᠤᠯᠢ ᠴᠠᠭᠠᠵᠠ ᠶᠢᠨ ᠤᠬᠠᠮᠰᠠᠷ ᠪᠠ ᠬᠠᠤᠯᠢ ᠪᠠᠷ ᠵᠠᠰᠠᠬᠤ ᠦᠵᠡᠯᠲᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠨᠠᠰᠤᠨ ᠳᠤ ᠥᠯᠥ ᠭᠦᠷᠦᠭᠰᠡᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠨ᠂ ᠨᠠᠰᠤᠨ ᠳᠤ ᠥᠯᠥ ᠭᠦᠷᠦᠭᠰᠡᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ᠂ ᠠᠮᠤᠷ ᠲᠦᠪᠰᠢᠨ ᠢᠶᠠᠷ ᠦᠰᠦᠨ ᠪᠤᠶᠢᠵᠢᠬᠤ ᠶᠢ ᠠᠬᠢᠭᠤᠯᠬᠤ ᠶᠢᠨ ᠲᠥᠯᠥᠭᠡ᠂  ᠤᠶᠢᠷ᠎ᠠ ᠶᠢᠨ ᠡᠳᠦᠷ ᠯᠢᠨᠳᠦ᠋ᠩ ᠪᠠᠯᠭᠠᠰᠤ ᠶᠢᠨ ᠬᠠᠤᠯᠢ ᠴᠠᠭᠠᠵᠠ ᠶᠢᠨ ᠭᠠᠵᠠᠷ ᠤᠨ ᠬᠤᠯᠪᠣᠭᠠᠲᠤ ᠪᠠᠯᠭᠠᠰᠤ ᠶᠢᠨ ᠠᠮᠤᠷ ᠲᠦᠪᠰᠢᠨ ᠤ ᠠᠯᠪᠠᠨ ᠬᠡᠷ ᠯᠢᠨᠳᠦ᠋ᠩ ᠪᠠᠯᠭᠠᠰᠤ ᠶᠢᠨ ᠬᠠᠳ᠋ᠬᠠᠩᠭᠡᠷ ᠶᠢᠨ ᠪᠠᠶᠢᠷᠢ ᠳᠤ ᠰᠠᠭᠤᠬᠤ ᠳᠦᠷᠢᠮᠲᠦ ᠪᠠᠭ᠎ᠠ ᠰᠤᠷᠭᠠᠭᠤᠯᠢ ᠳᠤ ᠬᠦᠷᠴᠦ ︽ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠢ ᠲᠡᠪᠴᠢᠵᠦ ᠠᠮᠤᠷ ᠠᠮᠤᠭᠤᠯᠠᠩ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠢ ᠲᠡᠪᠴᠢᠵᠦ ᠬᠠᠮᠲᠤ ᠪᠠᠷ ᠪᠥᠲᠥᠭᠡᠨ ᠪᠠᠶᠢᠭᠤᠯᠤᠶ᠎ᠠ︾ ᠭᠡᠬᠦ ᠬᠠᠤᠯᠢ ᠲᠦᠭᠡᠮᠡᠯᠵᠢᠭᠦᠯᠬᠦ ᠰᠠᠭᠤᠳᠠᠯ  ᠤᠨ ᠬᠤᠷᠠᠯ ᠬᠢᠪᠠ᠃   ᠲᠠᠶᠢᠯᠤᠮᠵᠢ ᠶᠢᠨ ᠠᠬᠤᠶ ᠲᠠᠯᠠᠪᠠᠶ ᠳᠤ᠂ ᠯᠢᠨᠳᠦ᠋ᠩ ᠪᠠᠯᠭᠠᠰᠤ ᠶᠢᠨ ᠬᠠᠳ᠋ᠬᠠᠩᠭᠡᠷ ᠶᠢᠨ ᠪᠠᠶᠢᠷᠢ ᠳᠤ ᠰᠠᠭᠤᠬᠤ ᠳᠦᠷᠢᠮᠲᠦ ᠪᠠᠭ᠎ᠠ ᠰᠤᠷᠭᠠᠭᠤᠯᠢ ᠶᠢᠨ ᠬᠠᠤᠯᠢ ᠪᠠᠷ ᠵᠠᠰᠠᠬᠤ ᠳᠡᠳ᠋ ᠵᠠᠬᠢᠷᠤᠯ ᠨᠡᠶᠢᠲᠡᠯᠢᠭ ᠵᠢᠱᠢᠶ᠎ᠡ ᠶᠢ ᠠᠰᠢᠭᠯᠠᠨ᠂ ᠬᠡᠷᠡᠭ ᠢᠶᠠᠷ ᠬᠠᠤᠯᠢ ᠶᠢ ᠬᠡᠯᠡᠯᠴᠡᠵᠦ᠂ ᠶᠣᠰᠣ ᠪᠠᠷ ᠬᠠᠤᠯᠢ ᠶᠢ ᠲᠠᠶᠢᠯᠪᠤᠷᠢᠯᠠᠵᠤ᠂ ︽ᠶᠠᠭᠤ ᠶᠢ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠭᠡᠬᠦ ᠪᠤᠶ︾ ︽ᠪᠢ ᠶᠠᠭᠠᠬᠢᠵᠤ ᠬᠢᠪᠡᠯ ᠵᠣᠬᠢᠬᠤ ᠪᠤᠶ︾ ᠭᠡᠬᠦ ᠬᠤᠶᠠᠷ ᠲᠠᠯ᠎ᠠ ᠠᠴᠠ ᠰᠤᠷᠤᠭᠴᠢᠳ ᠲᠤ ᠰᠢᠨ᠎ᠡ ᠰᠡᠪᠡᠭᠦᠨ ᠬᠠᠤᠯᠢ ᠪᠠᠷ ᠵᠠᠰᠠᠬᠤ ᠬᠢᠴᠢᠶᠡᠯ ᠣᠷᠣᠵᠤ᠂ ᠤᠯᠠᠨ ᠲᠠᠯ᠎ᠠ ᠠᠴᠠ ᠰᠤᠷᠤᠭᠴᠢᠳ ᠢ ᠬᠠᠪᠰᠤᠷᠤᠨ ᠲᠤᠷᠤᠮᠵᠢᠯᠠᠯ ᠤᠨ ᠠᠵᠢᠯᠯᠠᠭ᠎ᠠ ᠭᠡᠭᠴᠢ ᠶᠠᠭᠤ ᠪᠣᠯᠬᠤ ᠶᠢ ᠣᠶᠢᠯᠠᠭᠠᠭᠤᠯᠵᠤ᠂ ᠰᠤᠷᠭᠠᠭᠤᠯᠢ ᠶᠢᠨ ᠬᠦᠷᠢᠶᠡᠨ ᠤ ᠲᠤᠷᠤᠮᠵᠢᠯᠠᠯ ᠠᠴᠠ ᠵᠠᠶᠢᠯᠠᠬᠤ ᠠᠷᠭ᠎ᠠ ᠬᠡᠯᠪᠡᠷᠢ ᠶᠢ ᠲᠠᠶᠢᠯᠪᠤᠷᠢᠯᠠᠵᠤ᠂ ᠰᠤᠷᠤᠭᠴᠢᠳ ᠢ ᠬᠥᠮᠦᠵᠢᠭᠦᠯᠦᠨ ᠬᠦᠳᠦᠯᠦᠨ ᠵᠢᠯᠣᠭᠤᠳᠴᠤ ᠪᠠᠶᠢᠭᠠᠳ ᠬᠠᠤᠯᠢ ᠶᠢ ᠬᠦᠨᠳᠦᠳᠬᠡᠬᠦ᠂ ᠬᠠᠤᠯᠢ ᠶᠢ ᠰᠤᠷᠤᠯᠴᠠᠬᠤ᠂ ᠬᠠᠤᠯᠢ ᠶᠢ ᠰᠠᠬᠢᠬᠤ᠂ ᠬᠠᠤᠯᠢ ᠶᠢ ᠬᠡᠷᠡᠭᠯᠡᠬᠦ ᠶᠢ ᠪᠡᠶᠡᠯᠡᠭᠦᠯᠵᠦ᠂ ᠤᠴᠢᠷ ᠶᠠᠪᠤᠳᠠᠯ ᠰᠢᠢᠳᠪᠦᠷᠢᠯᠡᠬᠦ ᠳᠤ ᠬᠠᠤᠯᠢ ᠶᠣᠰᠣᠭᠠᠷ᠂ ᠤᠴᠢᠷ ᠶᠠᠪᠤᠳᠠᠯ ᠲᠣᠬᠢᠶᠠᠯᠳᠤᠪᠠᠯ ᠬᠠᠤᠯᠢ ᠶᠢ ᠡᠷᠢᠬᠦ᠂ ᠠᠰᠠᠭᠤᠳᠠᠯ ᠢ ᠰᠢᠢᠳᠪᠦᠷᠢᠯᠡᠬᠦ ᠳᠤ ᠬᠠᠤᠯᠢ ᠶᠢ ᠬᠡᠷᠡᠭᠯᠡᠬᠦ᠂ ᠵᠥᠷᠢᠴᠡᠯ ᠢ ᠰᠢᠢᠳᠪᠦᠷᠢᠯᠡᠬᠦ ᠳᠤ ᠬᠠᠤᠯᠢ ᠳᠤ ᠲᠦᠰᠢᠭᠯᠡᠬᠦ ᠤᠬᠠᠮᠰᠠᠷ ᠪᠠ ᠳᠠᠳᠬᠠᠯ ᠢ ᠤᠬᠠᠮᠰᠠᠷ ᠠᠴᠠ ᠪᠠᠨ ᠪᠤᠢ ᠪᠣᠯᠭᠠᠵᠤ᠂ ᠬᠠᠤᠯᠢ ᠶᠢ ᠵᠥᠷᠢᠴᠡᠵᠦ ᠶᠠᠯ᠎ᠠ ᠬᠢᠬᠦ ᠠᠴᠠ ᠵᠠᠶᠢᠳᠠᠭᠤᠯᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠰᠤᠷᠤᠭᠴᠢ ᠪᠣᠯᠬᠤ ᠪᠠᠷ ᠴᠢᠷᠮᠠᠶᠢᠬᠤ ᠬᠡᠷᠡᠭᠲᠡᠢ᠃ ᠠᠵᠢᠯᠯᠠᠭ᠎ᠠ ᠳᠠᠭᠤᠰᠤᠭᠰᠠᠨ ᠤ ᠳᠠᠷᠠᠭ᠎ᠠ᠂ ᠬᠠᠤᠯᠢ ᠴᠠᠭᠠᠵᠠ ᠶᠢᠨ ᠭᠠᠵᠠᠷ ᠤᠨ ᠠᠵᠢᠯᠲᠠᠨ ᠪᠠᠭᠰᠢ ᠰᠤᠷᠤᠭᠴᠢᠳ ᠲᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠬᠠᠭᠤᠳᠠᠰᠤ ᠪᠠ ᠤᠬᠠᠭᠤᠯᠭ᠎ᠠ ᠶᠢᠨ ᠳᠡᠪᠲᠡᠷ ᠢ ᠲᠠᠷᠬᠠᠭᠠᠪᠠ᠃    ᠵᠠᠯᠠᠭᠤᠴᠤᠳ ᠪᠠᠭᠠᠴᠤᠳ ᠤᠨ ᠬᠠᠤᠯᠢᠵᠢᠯ ᠤᠨ ᠬᠥᠮᠦᠵᠢᠯ ᠪᠣᠯ ᠨᠢᠭᠡᠨ ᠵᠦᠢᠯ ᠤᠨ ᠤᠷᠢᠬᠠᠨ ᠰᠠᠯᠬᠢ ᠥᠭᠭᠢᠶᠡᠮᠦᠷ ᠬᠤᠷ᠎ᠠ᠂ ᠪᠣᠳᠠᠰ ᠢ ᠤᠮᠳᠠᠯᠠᠬᠤ ︽ᠤᠷᠳᠤ ᠤᠳᠠᠭᠠᠨ ᠬᠤᠭᠤᠴᠠᠭᠠᠨ ᠤ ᠦᠢᠯᠡᠰ︾ ᠮᠥᠨ᠂ ᠡᠭᠦᠨ ᠢ ᠤᠷᠳᠤ ᠬᠤᠭᠤᠴᠠᠭ᠎ᠠ ᠪᠠᠷ ᠪᠠᠷᠢᠮᠲᠠᠯᠠᠵᠤ᠂ ᠴᠢᠩᠭ᠎ᠠ ᠠᠳᠬᠤᠨ ᠪᠣᠳᠠᠲᠠᠢ ᠠᠳᠬᠤᠬᠤ ᠬᠡᠷᠡᠭᠲᠡᠢ᠃ ᠯᠢᠨᠳᠦ᠋ᠩ  ᠪᠠᠯᠭᠠᠰᠤ ᠶᠢᠨ ᠬᠠᠤᠯᠢ ᠴᠠᠭᠠᠵᠠ ᠶᠢᠨ ᠭᠠᠵᠠᠷ ︽ᠬᠠᠤᠯᠢᠵᠢᠯ ᠤᠨ ᠳᠡᠳ᠋ ᠵᠠᠬᠢᠷᠤᠯ︾ ᠤᠨ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠰᠡᠳᠬᠢᠯᠭᠡ ᠪᠠᠨ ᠴᠢᠨᠠᠭᠰᠢᠳᠠ ᠴᠢᠩᠭᠠᠳᠬᠠᠵᠤ᠂ ᠨᠡᠩ ᠠᠮᠢᠳᠤᠯᠢᠭ᠂ ᠰᠢᠨᠵᠢᠯᠡᠬᠦ ᠤᠬᠠᠭᠠᠨᠴᠢ ᠠᠷᠭ᠎ᠠ ᠬᠡᠯᠪᠡᠷᠢ ᠪᠠᠷ ᠵᠠᠯᠠᠭᠤᠴᠤᠳ ᠪᠠᠭᠠᠴᠤᠳ ᠤᠨ ᠬᠠᠤᠯᠢᠵᠢᠯ ᠤᠨ ᠤᠬᠠᠭᠤᠯᠭ᠎ᠠ ᠬᠥᠮᠦᠵᠢᠯ ᠢ ᠥᠷᠨᠢᠭᠦᠯᠵᠦ᠂ ᠬᠠᠤᠯᠢᠵᠢᠯ ᠤᠨ ᠤᠬᠠᠮᠰᠠᠷ ᠢ ᠵᠠᠯᠠᠭᠤᠴᠤᠳ ᠪᠠᠭᠠᠴᠤᠳ ᠨᠢᠭᠡᠪᠦᠷᠢ ᠶᠢᠨ ᠰᠡᠳᠬᠢᠯ ᠳᠤ ᠦᠨᠳᠦᠰᠦᠯᠡᠭᠦᠯᠦᠨ ᠰᠣᠶᠣᠭᠠᠯᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠨᠠᠰᠤᠨ ᠳᠤ ᠦᠯᠦ ᠬᠦᠷᠦᠭᠰᠡᠳ ᠤᠨ ᠦᠰᠦᠨ ᠪᠤᠶᠢᠵᠢᠯᠲᠠ ᠳᠤ ᠬᠠᠤᠯᠢᠵᠢᠯ ᠤᠨ ᠬᠠᠮᠠᠭᠠᠯᠠᠯᠲᠠ ᠶᠢᠨ ᠲᠣᠣᠷ ᠢ ᠪᠠᠶᠢᠭᠤᠯᠵᠤ᠂ ᠬᠠᠤᠯᠢᠵᠢᠯ ᠤᠨ ᠰᠤᠷᠭᠠᠭᠤᠯᠢ ᠶᠢᠨ ᠬᠦᠷᠢᠶᠡᠨ ᠤ ᠪᠠᠶᠢᠭᠤᠯᠤᠯᠲᠠ ᠳᠤ ᠬᠦᠴᠦᠲᠡᠢ ᠪᠠᠲᠤᠯᠠᠭ᠎ᠠ ᠬᠠᠩᠭᠠᠬᠤ  ᠶᠠᠪᠤᠳᠠᠯ ᠪᠣᠯᠤᠨ᠎ᠠ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号