ᠬᠥᠳᠡᠭᠡ ᠠᠵᠤ ᠠᠬᠤᠶ ᠳᠤ ᠦᠢᠯᠡᠴᠢᠯᠡᠬᠦ ᠰᠢᠨ᠎ᠡ ᠶᠢ ᠡᠭᠦᠳᠬᠦ ᠵᠠᠮ — ᠪᠠᠭᠠᠷᠢᠨ ᠵᠡᠭᠦᠨ ᠬᠤᠰᠢᠭᠤᠨ ᠤ ᠰᠠᠨ ᠱᠠᠨ ᠰᠢᠶᠠᠩ ᠤᠨ ᠵᠥᠩ ᠾᠧ ᠬᠤᠷᠰᠢᠭᠰᠠᠨ ᠡᠮᠨᠡᠯᠭᠡ ᠶᠢᠨ ᠬᠥᠳᠡᠭᠡ ᠠᠵᠤ ᠠᠬᠤᠶ ᠳᠤ  ᠦᠢᠯᠡᠴᠢᠯᠡᠬᠦ ᠬᠢᠵᠠᠭᠠᠷᠲᠤ ᠺᠣᠮᠫᠠᠨᠢ ᠳᠤ ᠠᠵᠢᠯᠯᠠᠭᠰᠠᠨ ᠪᠣᠳᠠᠲᠤ ᠲᠡᠮᠳᠡᠭᠯᠡᠯ
ᠨᠡᠶᠢᠲᠡᠯᠡᠭᠰᠡᠨ ᠴᠠᠭ᠄
2023/11/27
 
   ︽ᠡᠨᠡ ᠵᠢᠯ ᠬᠤᠶᠠᠷ ᠮᠢᠩᠭ᠎ᠠ ᠭᠠᠷᠤᠶ ᠲᠥᠭᠦᠷᠢᠭ ᠤᠨ ᠠᠰᠢᠭ ᠣᠷᠣᠯᠭ᠎ᠠ ᠶᠢ ᠬᠤᠪᠢᠶᠠᠭᠰᠠᠨ ᠳᠤ ᠦᠨᠡᠬᠡᠷ ᠪᠠᠶᠠᠷ ᠲᠠᠢ ᠪᠠᠶᠢᠨ᠎ᠠ︕︾  ᠃ 65 ᠨᠠᠰᠤᠲᠠᠶ ᠲᠣᠰᠬᠤᠨ ᠤ ᠠᠷᠠᠳ ᠰᠦ ᠴᠢᠩ ᠪᠢᠶᠤᠤ ᠬᠤᠪᠢᠳᠠᠨ  ᠤᠯᠤᠬᠰᠠᠨ ᠠᠰᠢᠭ ᠢᠶᠠᠨ ᠠᠪᠬᠤ ᠳᠠᠭᠠᠨ ᠮᠠᠰᠢ ᠪᠠᠶᠠᠷᠳᠠᠢ ᠪᠠᠶᠢᠯ᠎ᠠ᠃    ᠣᠶᠢᠷ᠎ᠠ ᠳᠤ᠂ ᠪᠠᠭᠠᠷᠢᠨ ᠵᠡᠭᠦᠨ ᠬᠤᠰᠢᠭᠤᠨ ᠤ ᠰᠠᠨ ᠱᠠᠨ ᠰᠢᠶᠠᠩ ᠤᠨ ᠬᠤᠳᠳᠤᠭ ᠲᠣᠰᠬᠤᠨ ᠳᠤ ᠥᠩᠭᠡᠲᠦ ᠲᠤᠭ ᠨᠠᠮᠢᠷᠠᠨ᠂ ᠪᠢᠰᠬᠢᠭᠦᠷ ᠦᠯᠢᠶᠡᠵᠤ᠂  ᠶᠠᠩᠭᠠᠷ  ᠪᠦᠵᠢᠭ  ᠨᠠᠬᠢᠯᠵᠢᠵᠤ ᠮᠠᠰᠢ ᠬᠦᠭ᠌ᠵᠢᠶᠠᠨ ᠲᠠᠢ ᠪᠠᠶᠢᠯ᠎ᠠ᠃ ᠠᠳᠡ ᠤᠯᠠᠭᠠᠨᠬᠠᠳᠠ ᠬᠤᠲᠠ ᠶᠢᠨ ᠰᠠᠨ ᠱᠠᠨ ᠰᠢᠶᠠᠩ ᠤᠨ ᠵᠥᠩ ᠱᠠᠨ ᠾᠧ ᠲᠣᠰᠬᠤᠨ ᠤ ᠲᠠᠷᠢᠶᠠᠯᠠᠩ ᠤᠨ  ᠦᠢᠯᠡᠴᠢᠯᠡᠭᠡᠨ ᠤ ᠬᠢᠵᠠᠭᠠᠷᠲᠤ ᠺᠣᠮᠫᠠᠨᠢ ᠨᠢ ᠲᠠᠷᠢᠶᠠᠴᠢᠳ ᠲᠤ ᠠᠰᠢᠭ ᠬᠤᠪᠢᠶᠠᠷᠢᠯᠠᠵᠤ᠂ ᠲᠣᠰᠬᠤᠨ ᠤ ᠠᠷᠠᠳ ᠡᠮᠬᠢ ᠵᠢᠷᠤᠮ ᠲᠠᠢ ᠪᠠᠷ ᠲᠠᠶᠢᠰᠠᠨ ᠳᠤ ᠭᠠᠷᠴᠤ ᠠᠰᠢᠭ ᠬᠤᠪᠢᠶᠠᠬᠤ ᠵᠣᠭᠤᠰ ᠢᠶᠠᠨ ᠠᠪᠴᠤ  ᠪᠠᠶᠢᠪᠠ᠃    ᠰᠠᠨ ᠱᠠᠨ ᠰᠢᠶᠠᠩ ᠤᠨ ᠵᠦᠩ ᠾᠧ ᠲᠣᠰᠬᠤᠨ ᠤ ᠲᠠᠷᠢᠶᠠᠯᠠᠩ ᠤᠨ ᠦᠢᠯᠡᠴᠢᠯᠡᠭᠡᠨ ᠤ ᠬᠢᠵᠠᠭᠠᠷᠲᠤ ᠺᠣᠮᠫᠠᠨᠢ  ᠨᠢ ᠲᠥᠪᠯᠡᠷᠡᠭᠦᠯᠦᠨ ᠮᠠᠯᠲᠠᠬᠤ᠂ ᠲᠠᠷᠢᠶᠠᠯᠠᠩ ᠳᠤ ᠬᠤᠯᠪᠣᠭᠳᠠᠬᠤ ᠲᠦᠷᠦᠯ ᠵᠦᠢᠯ ᠢ ᠬᠦᠯᠢᠶᠡᠨ ᠠᠪᠬᠤ ᠶᠢ ᠵᠣᠬᠢᠶᠠᠨ ᠪᠠᠶᠢᠭᠤᠯᠬᠤ ᠪᠠᠷ ᠳᠠᠮᠵᠢᠭᠤᠯᠵᠤ᠂ ᠲᠣᠰᠬᠤᠨ ᠤ ᠬᠠᠮᠲᠤ ᠨᠡᠶᠢᠳᠡ ᠪᠣᠯᠤᠨ ᠠᠷᠠᠳ ᠤᠯᠠᠨ ᠴᠤ ᠲᠠᠷᠢᠶᠠᠯᠠᠩ ᠤᠨ ᠦᠢᠯᠡᠴᠢᠯᠡᠭᠡᠨ ᠤ ᠺᠣᠮᠫᠠᠨᠢ ᠶᠢᠨ ᠦᠢᠯᠡᠳᠪᠦᠷᠢᠯᠡᠯ ᠡᠵᠡᠩᠨᠡᠯᠲᠡ ᠳᠤ  ᠬᠠᠮᠳᠣ ᠣᠷᠣᠯᠴᠠᠪᠠ᠃  ᠦᠢᠯᠡᠴᠢᠯᠡᠭᠡᠨ ᠤ ᠺᠣᠮᠫᠠᠨᠢ ᠨᠢ ᠲᠠᠷᠢᠶᠠᠴᠢᠨ ᠡᠷᠦᠬᠡ ᠳᠤ ᠲᠠᠷᠢᠶᠠᠯᠠᠩ ᠤᠨ  ᠦᠢᠯᠡᠳᠪᠦᠷᠢᠯᠡᠯ ᠤᠨ ᠬᠡᠷᠡᠭᠰᠡᠯ᠂ ᠦᠷ᠎ᠡ ᠴᠢᠬᠢ᠂ ᠮᠡᠷᠭᠡᠵᠢᠯ ᠤᠨ ᠳᠡᠮᠵᠢᠯᠭᠡ᠂ ᠡᠭᠡᠭᠦᠯᠦᠨ ᠬᠤᠷᠢᠶᠠᠬᠤ ᠪᠠᠲᠤᠯᠠᠭ᠎ᠠ᠂ ᠮᠥᠷᠳᠡᠨ ᠬᠢᠨᠠᠨ ᠬᠡᠮᠵᠢᠬᠦ ᠵᠡᠷᠭᠡ ᠦᠢᠯᠡᠴᠢᠯᠡᠭᠡᠨ ᠤ ᠪᠥᠬᠦ ᠴᠤᠪᠤᠷᠠᠯ᠂ ᠪᠥᠬᠦ  ᠳᠠᠯ᠎ᠠ ᠶᠢᠨ   ᠦᠢᠯᠡᠴᠢᠯᠡᠭᠡ  ᠬᠠᠩᠭᠠᠳᠠᠭ᠃    ᠡᠨᠡ ᠵᠢᠯ ᠠᠴᠠ ᠡᠬᠢᠯᠡᠨ᠂  ᠬᠤᠳᠳᠤᠭ ᠲᠣᠰᠬᠤᠨ ᠤ ᠬᠡᠰᠡᠭ ᠠᠷᠠᠳ ᠲᠠᠷᠢᠶᠠᠯᠠᠩ ᠤᠨ ᠺᠣᠮᠫᠠᠨᠢ ᠳᠤ ᠣᠷᠣᠵᠤ᠂ ᠬᠦᠷᠢᠶᠡᠨ ᠤ ᠠᠵᠤ ᠠᠬᠤᠢ ᠶᠢᠨ ᠨᠢᠭᠡ ᠴᠤᠭᠴᠠᠵᠢᠭᠰᠠᠨ ᠬᠠᠮᠢᠶᠠᠷᠤᠯᠲᠠ ᠪᠠᠷ ᠳᠠᠮᠵᠢᠨ᠂ ᠤᠨᠢᠨ ᠳᠡᠭᠡᠷ᠎ᠡ ᠨᠢ ᠤᠰᠤ ᠪᠤᠷᠳᠤᠭᠤᠷ ᠬᠠᠩᠭᠠᠵᠤ᠂ 2023 ᠣᠨ ᠳᠤ ᠪᠦᠬᠦ ᠲᠣᠰᠬᠤᠨ ᠤ ᠬᠦᠷᠢᠶᠡᠨ ᠤ ᠠᠵᠤ ᠠᠬᠤᠢ ᠶᠢᠨ ᠡᠷᠦᠬᠡ 50 ᠡᠷᠦᠬᠡ ᠳᠤ ᠬᠦᠷᠴᠦ᠂ 2.5 ᠲᠦᠮᠡᠨ ᠲᠥᠭᠦᠷᠢᠭ ᠤᠨ ᠠᠰᠢᠭ ᠬᠤᠪᠢᠶᠠᠵᠠᠢ᠃ ᠤᠯᠠᠭᠠᠨᠬᠠᠳᠠ ᠬᠤᠲᠠ ᠶᠢᠨ ᠰᠠᠨ ᠱᠠᠨ ᠰᠢᠶᠠᠩ ᠤᠨ ᠵᠦᠩ ᠾᠧ ᠲᠠᠷᠢᠶᠠᠯᠠᠩ ᠤᠨ ᠦᠢᠯᠡᠴᠢᠯᠡᠭᠡᠨ ᠤ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠰᠦᠩ ᠴᠠᠩ ᠴᠢᠩ᠄ ︽ᠲᠠᠷᠢᠶᠠᠯᠠᠩ ᠤᠨ ᠦᠢᠯᠡᠴᠢᠯᠡᠭᠡᠨ ᠤ ᠺᠣᠮᠫᠠᠨᠢ ᠪᠠᠶᠢᠭᠤᠯᠤᠭᠳᠠᠭᠰᠠᠨ ᠤ ᠳᠠᠷᠠᠭ᠎ᠠ᠂ ᠤᠯᠠᠨ ᠲᠦᠮᠡᠨ ᠪᠣᠯᠤᠨ ᠺᠣᠮᠫᠠᠨᠢ ᠬᠤᠪᠢ ᠣᠷᠣᠭᠤᠯᠤᠯᠲᠠ ᠪᠠᠷ ᠳᠠᠮᠵᠢᠨ ᠨᠢᠭᠲᠠ ᠬᠤᠯᠪᠣᠯᠳᠤᠵᠤ᠂ ᠤᠯᠠᠨ ᠲᠦᠮᠡᠨ ᠤ ᠠᠵᠢᠯ ᠢ ᠥᠷᠨᠢᠭᠦᠯᠬᠦ ᠭᠠᠷᠳᠠᠴᠠ ᠲᠠᠢ ᠪᠣᠯᠵᠠᠢ︾ ᠭᠡᠵᠦ ᠬᠡᠯᠡᠪᠡ᠃ ᠤᠯᠠᠭᠠᠨᠬᠠᠳᠠ ᠬᠤᠲᠠ ᠶᠢᠨ ᠰᠠᠨ ᠱᠠᠨ ᠰᠢᠶᠠᠩ ᠤᠨ ᠵᠦᠩ ᠾᠧ ᠲᠠᠷᠢᠶᠠᠯᠠᠩ ᠤᠨ ᠦᠢᠯᠡᠴᠢᠯᠡᠭᠡᠨ ᠤ ᠬᠢᠵᠠᠭᠠᠷᠲᠤ ᠺᠣᠮᠫᠠᠨᠢ  ᠬᠤᠳᠠᠯᠳᠤᠭ᠎ᠠ ᠲᠣᠰᠬᠤᠨ ᠢ ︽ᠪᠤᠳᠠᠷᠠᠨ ᠰᠠᠷᠨᠢᠬᠤ︾ ᠪᠠᠶᠢᠳᠠᠯ ᠲᠠᠢ ᠪᠠᠶᠢᠬᠰᠠᠨ ᠪᠤᠳᠠᠳᠣ ᠪᠠᠶᠢᠳᠠᠯ ᠢ ︽ᠨᠢᠳᠤᠷᠭ᠎ᠠ︾ ᠪᠣᠯᠭᠠᠭᠰᠠᠨ ᠪᠠᠶᠢᠨ᠎ᠠ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号