ᠮᠠᠨ ᠤ ᠬᠤᠰᠢᠭᠤ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠡᠭᠡ ᠬᠤᠷᠠᠯ ᠵᠢᠴᠢ ᠥᠪᠡᠷᠲᠡᠭᠡᠨ ᠵᠠᠰᠠᠬᠤ ᠣᠷᠣᠨ ᠤ ᠡᠵᠡᠩᠨᠡᠯᠲᠡ ᠶᠢᠨ ᠣᠷᠴᠢᠨ ᠲᠣᠭᠤᠷᠢᠨ ᠤ ᠦᠨᠡᠯᠡᠯᠲᠡ ᠶᠢ ᠤᠭᠲᠤᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/11/27
   ᠦᠢᠷ᠎ᠠ ᠶᠢᠨ ᠡᠳᠦᠷ᠂ ᠮᠠᠨ ᠤ ᠬᠤᠰᠢᠭᠤ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠡᠭᠡ ᠬᠤᠷᠠᠯ ᠵᠢᠴᠢ ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠦᠨᠡᠯᠡᠨ ᠵᠢᠱᠢᠬᠦ ᠠᠵᠢᠯ ᠢ ᠤᠭᠲᠤᠬᠤ ᠠᠵᠢᠯ ᠢ ᠳᠥᠯᠭᠢᠨ ᠠᠬᠢᠭᠤᠯᠬᠤ ᠬᠤᠷᠠᠯ ᠬᠤᠷᠠᠯᠳᠤᠭᠤᠯᠵᠤ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠷᠧᠨ ᠰᠢ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠴᠢᠨ ᠬᠤᠸᠠᠢ ᠳ᠋ᠦᠩ ᠬᠤᠷᠠᠯ ᠢ ᠡᠷᠭᠢᠯᠡᠪᠡ᠃    ᠷᠧᠨ ᠰᠢ ᠴᠢᠬᠤᠯᠠᠴᠢᠯᠠᠬᠤ ᠳᠠᠭᠠᠨ᠄ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠦᠳᠲᠡᠷ ᠲᠦᠷᠭᠡᠨ ᠬᠥᠳᠡᠯᠦᠯᠴᠡᠵᠦ᠂ ᠦᠨᠡᠯᠡᠨ ᠵᠢᠱᠢᠬᠦ ᠭᠤᠣᠯᠳᠠᠯᠭ᠎ᠠ᠂ ᠦᠨᠡᠯᠡᠨ ᠵᠢᠱᠢᠬᠦ ᠠᠭᠤᠯᠭ᠎ᠠ᠂ ᠦᠨᠡᠯᠡᠨ ᠵᠢᠱᠢᠬᠦ ᠭᠦᠢᠴᠡᠳᠬᠡᠬᠦ ᠲᠤᠭ᠎ᠠ ᠶᠢ ᠪᠦᠬᠦ ᠲᠠᠯ᠎ᠠ ᠪᠠᠷ ᠡᠵᠡᠮᠰᠢᠵᠦ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠤ ᠡᠯ᠎ᠡ ᠵᠦᠢᠯ ᠤᠨ ᠪᠡᠯᠡᠳᠬᠡᠯ ᠠᠵᠢᠯ ᠢ ᠥᠨᠳᠥᠷ ᠪᠦᠲᠦᠮᠵᠢᠲᠡᠢ ᠰᠠᠶᠢᠲᠤᠷ ᠬᠢᠬᠦ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠳᠤᠪᠤᠶᠢᠯᠭᠠᠵᠤ᠂ ᠳᠤᠲᠠᠭᠤᠳᠠᠯ ᠪᠠᠭᠤᠷᠠᠢ ᠲᠠᠯ᠎ᠠ ᠪᠠᠨ ᠪᠦᠬᠦ ᠬᠦᠴᠦᠨ ᠢᠶᠠᠷ ᠢᠶᠠᠨ ᠨᠥᠬᠦᠪᠥᠷᠢᠯᠡᠵᠦ᠂ ᠠᠰᠠᠭᠤᠳᠠᠯ ᠤᠨ ᠥᠭᠡᠷᠡᠴᠢᠯᠡᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ᠂ ᠴᠡᠭᠴᠡᠯᠡᠨ ᠰᠠᠶᠢᠵᠢᠷᠠᠭᠤᠯᠬᠤ ᠴᠠᠭ ᠬᠤᠭᠤᠴᠠᠭ᠎ᠠ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭᠠᠲᠠᠨ ᠢ ᠲᠣᠳᠣᠷᠬᠠᠶᠢᠯᠠᠵᠤ᠂ ᠨᠠᠷᠢᠨ ᠳᠠᠩᠰᠠ ᠶᠢᠨ ᠬᠡᠯᠪᠡᠷᠢ ᠶᠢᠨ᠂ ᠡᠳᠦᠷ ᠤᠨ ᠳᠤᠬᠢᠷᠠᠭᠤᠯᠭ᠎ᠠ ᠪᠠᠷ ᠨᠣᠮᠧᠷ ᠢ ᠬᠠᠰᠤᠬᠤ ᠬᠠᠮᠢᠶᠠᠷᠤᠯᠲᠠ ᠶᠢᠨ ᠲᠣᠭᠲᠠᠴᠠ ᠶᠢ ᠬᠡᠷᠡᠭᠵᠢᠭᠦᠯᠵᠦ᠂ ᠪᠤᠢ ᠪᠦᠬᠦᠢ ᠠᠰᠠᠭᠤᠳᠠᠯ ᠢ ᠪᠦᠬᠦᠨ ᠢ ᠥᠭᠡᠷᠡᠴᠢᠯᠡᠬᠦ ᠶᠢ ᠪᠠᠲᠤᠯᠠᠬᠤ ᠬᠡᠷᠡᠭᠲᠡᠢ ᠭᠡᠵᠡᠢ᠃    ᠷᠧᠨ ᠰᠢ ᠴᠢᠬᠤᠯᠠᠴᠢᠯᠠᠭᠰᠠᠨ ᠨᠢ᠂ ᠠᠵᠢᠯ ᠤᠨ ᠪᠠᠷᠢᠮᠵᠢᠶ᠎ᠠ ᠪᠠᠨ ᠳᠡᠭᠡᠭᠰᠢᠯᠡᠭᠦᠯᠵᠦ᠂ ᠲᠤᠭ᠎ᠠ ᠪᠠᠷᠢᠮᠲᠠ ᠴᠤᠭᠯᠠᠭᠤᠯᠬᠤ ᠠᠵᠢᠯ ᠢ ᠴᠢᠨᠠᠷ ᠰᠠᠶᠢᠲᠠᠶ ᠰᠠᠶᠢᠲᠤᠷ ᠬᠢᠵᠦ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ  ᠂ ᠬᠤᠪᠢᠳᠠᠨ ᠬᠠᠮᠢᠶᠠᠷᠴᠤ ᠪᠥᠬᠦᠶ ᠬᠠᠷᠢᠭᠤᠴᠠᠯᠭᠠᠲᠠᠨ ᠪᠠ ᠬᠠᠮᠢᠶ᠎ᠠ ᠪᠥᠬᠦᠶ ᠲᠤᠬᠠᠶᠢᠯᠠᠭᠰᠠᠨ ᠠᠵᠢᠯ ᠤᠨ ᠲᠠᠰᠤᠭ ᠤᠨ ᠠᠵᠢᠯᠲᠠᠨ ᠦᠨᠡᠯᠡᠨ ᠵᠢᠱᠢᠬᠦ ᠠᠭᠤᠯᠭ᠎ᠠ ᠪᠠ ᠠᠵᠢᠯᠯᠠᠬᠤ ᠴᠤᠪᠤᠷᠠᠯ ᠢ ᠪᠥᠬᠦ ᠲᠠᠯ᠎ᠠ ᠪᠠᠷ ᠡᠵᠡᠮᠰᠢᠨ᠂ ᠠᠵᠢᠯ ᠤᠨ ᠦᠷ᠎ᠡ ᠪᠦᠲᠦᠮᠵᠢ ᠶᠢ ᠪᠠᠲᠤᠯᠠᠵᠤ᠂ ᠰᠦᠯᠵᠢᠶᠡᠨ ᠳᠡᠭᠡᠷᠡᠬᠢ ᠮᠠᠲ᠋ᠧᠷᠢᠶᠠᠯ ᠤᠨ ᠮᠡᠳᠡᠭᠦᠯᠦᠯᠲᠡ ᠶᠢ ᠴᠢᠨᠠᠷ ᠰᠠᠶᠢᠲᠠᠶ ᠥᠨᠳᠥᠷ ᠦᠷ᠎ᠡ ᠪᠦᠲᠦᠮᠵᠢᠲᠡᠶ ᠪᠠᠷ ᠥᠷᠨᠢᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ ᠃ ᠤᠬᠠᠭᠤᠯᠤᠨ ᠬᠥᠲᠥᠯᠦᠨ ᠵᠢᠯᠣᠭᠤᠳᠬᠤ ᠶᠢ ᠴᠢᠩᠭᠠᠳᠬᠠᠵᠤ᠂ ᠵᠠᠰᠠᠭ ᠤᠨ ᠶᠠᠪᠤᠳᠠᠯ ᠤᠨ ᠬᠠᠯᠠᠮᠰᠢᠯ ᠤᠲᠠᠰᠤ ᠶᠢ ᠭᠦᠢᠴᠡᠳᠬᠡᠬᠦ ᠶᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠬᠠᠯᠠᠮᠰᠢᠯ ᠤᠲᠠᠰᠤ ᠶᠢ  ᠬᠦᠢᠴᠡᠳᠬᠡᠭᠰᠡᠨ ᠪᠠᠶᠢᠳᠠᠯ ᠢ ᠰᠠᠯᠠᠭ᠎ᠠ ᠮᠥᠴᠢᠷ ᠤᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠳᠤ ᠣᠷᠣᠭᠤᠯᠤᠨ᠂ ᠴᠠᠭ ᠲᠤᠬᠠᠶ ᠳᠤᠨᠢ ᠭᠦᠢᠴᠡᠳᠬᠡᠭᠰᠡᠨ ᠥᠬᠡᠶ᠂ ᠪᠣᠳᠠᠲᠠᠶᠢᠵᠢᠭᠤᠯᠤᠭᠰᠠᠨ ᠥᠬᠡᠶ ᠪᠤᠶᠤ ᠭᠦᠢᠴᠡᠳᠬᠡᠭᠰᠡᠨ ᠥᠬᠡᠶ ᠵᠦᠢᠯᠡᠰ ᠢ ᠴᠠᠭ ᠲᠤᠬᠠᠶ ᠳᠤᠨᠢ ᠵᠠᠷᠯᠠᠨ ᠮᠡᠳᠡᠭᠳᠡᠵᠦ᠂ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠬᠡᠷᠡᠭᠲᠡᠶ᠃ ᠵᠠᠰᠠᠭ ᠪᠠ ᠠᠵᠤ ᠠᠬᠤᠶᠢᠯᠠᠯ ᠢ ᠵᠣᠯᠭᠠᠭᠤᠯᠬᠤ ᠶᠢ ᠰᠠᠨᠠᠭᠠᠴᠢᠯᠠᠭ᠎ᠠ ᠠᠴᠠ ᠪᠠᠨ ᠥᠷᠨᠢᠭᠦᠯᠵᠦ᠂ ᠠᠵᠤ ᠠᠬᠤᠶᠢᠯᠠᠯ ᠤᠨ ᠠᠵᠢᠯ ᠶᠠᠪᠤᠳᠠᠯ ᠭᠦᠢᠴᠡᠳᠬᠡᠬᠦ ᠡᠵᠡᠩᠨᠡᠯᠲᠡ ᠶᠢᠨ ᠶᠠᠪᠤᠴᠠ ᠳᠠᠬᠢ ᠬᠦᠴᠢᠷ ᠲᠦᠪᠡᠭᠲᠡᠶ ᠠᠰᠠᠭᠤᠳᠠᠯ ᠢ ᠰᠠᠶᠢᠲᠤᠷ  ᠰᠢᠢᠳᠪᠦᠷᠢᠯᠡᠵᠤ᠂ ᠠᠵᠤ ᠠᠬᠤᠶᠢᠯᠠᠯ ᠤᠨ ᠲᠥᠷᠥ ᠶᠢᠨ ᠪᠣᠳᠣᠯᠭ᠎ᠠ ᠶᠢ ᠣᠶᠢᠯᠠᠭᠠᠬᠤ ᠨᠣᠷᠮ᠎ᠠ᠂  ᠦᠢᠯᠡᠴᠢᠯᠡᠭᠡᠨ ᠤ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠭᠡᠷᠡᠭᠳᠡᠢ ᠭᠡᠵᠠᠢ᠃    ᠷᠧᠨ ᠰᠢ ᠴᠢᠬᠤᠯᠠᠴᠢᠯᠠᠭᠰᠠᠨ ᠨᠢ᠂ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠤᠨ ᠦᠷᠭᠦᠯᠵᠢᠯᠡᠨ ᠰᠠᠶᠢᠵᠢᠷᠠᠬᠤ ᠶᠢ ᠳᠥᠯᠭᠢᠨ ᠠᠬᠢᠭᠤᠯᠵᠤ᠂ ᠵᠣᠬᠢᠶᠠᠨ ᠪᠠᠶᠢᠭᠤᠯᠤᠯᠲᠠ ᠶᠢᠨ ᠪᠦᠲᠦᠴᠡ ᠶᠢ ᠲᠡᠭᠦᠯᠳᠡᠷᠵᠢᠭᠦᠯᠦᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ︽ᠰᠢᠨ᠎ᠡ ᠶᠢ ᠡᠭᠦᠳᠬᠦ ᠪᠣᠯ ᠳᠠᠷᠤᠶ ᠳᠡᠭᠡᠭᠰᠢᠯᠡᠭᠦᠯᠬᠦ᠂ ᠪᠤᠷᠤᠭᠤ ᠪᠠᠨ ᠵᠠᠯᠠᠷᠠᠭᠤᠯᠬᠤ ᠪᠣᠯ ᠳᠠᠷᠤᠶ ᠰᠠᠶᠢᠵᠢᠷᠠᠭᠤᠯᠬᠤ︾ ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠵᠤ᠂ ᠲᠠᠷᠢᠬᠢ ᠲᠣᠯᠣᠭᠠᠶ ᠪᠠᠨ ᠬᠥᠳᠡᠯᠭᠡᠨ᠂ ᠢᠯᠡᠭᠦᠬᠡᠨ ᠠᠷᠭ᠎ᠠ ᠪᠤᠳᠤᠵᠤ᠂ ᠰᠢᠨ᠎ᠡ ᠶᠢ ᠡᠭᠦᠳᠬᠦ ᠴᠢᠨᠠᠷᠲᠠᠶ ᠪᠠᠷ ᠠᠵᠢᠯ ᠢᠶᠠᠨ ᠥᠷᠨᠢᠭᠦᠯᠵᠦ᠂ ︽ᠨᠣᠶᠠᠨ ᠵᠡᠷᠭᠡ ᠶᠢ ᠡᠷᠬᠢᠮᠯᠡᠬᠦ︾ ᠤᠬᠠᠮᠰᠠᠷ ᠢ ᠡᠪᠳᠡᠵᠦ᠂ ︽ᠳᠡᠯᠭᠡᠭᠦᠷ ᠤᠨ ᠰᠢᠶᠤᠤ ᠡᠯ︾ ᠤᠨ ᠵᠣᠷᠢᠭ ᠰᠠᠨᠠᠭ᠎ᠠ ᠪᠠ ︽ᠠᠰᠠᠷᠠᠭᠴᠢ ᠮᠠᠶ᠋ᠢᠭ︾ ᠤᠨ  ᠦᠢᠯᠡᠴᠢᠯᠡᠭᠡ ᠶᠢ ᠴᠢᠩᠭᠠᠳᠬᠠᠨ᠂ ᠥᠪᠡᠷ ᠤᠨ ︽ᠵᠦᠳᠡᠷᠡᠯ ᠤᠨ ᠵᠢᠭᠠᠯᠲᠠ ᠲᠤᠭ᠎ᠠ︾ ᠪᠠᠷ ᠢᠶᠠᠨ ᠣᠯᠠᠨ ᠲᠦᠮᠡᠨ ᠤ ︽ᠬᠠᠨᠤᠮᠵᠢ ᠶᠢᠨ ᠵᠢᠭᠠᠯᠲᠠ ᠲᠤᠭ᠎ᠠ︾ ᠶᠢ ᠰᠣᠯᠢᠬᠤ ᠬᠡᠷᠡᠭᠲᠡᠶ᠃ ᠬᠠᠷᠢᠭᠤᠴᠠᠯᠭ᠎ᠠ ᠶᠢᠨ ᠬᠡᠯᠬᠢᠶ᠎ᠡ ᠶᠢ ᠴᠢᠩᠭᠠᠯᠠᠵᠤ᠂ ᠡᠯ᠎ᠡ ᠵᠦᠢᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠬᠡᠳᠡᠷᠬᠦ ᠰᠢᠬᠠᠮᠳᠠᠭᠤᠯᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠡᠷᠬᠡᠪᠰᠢ ︽ᠨᠢᠭᠡ ᠬᠥᠯᠭᠡ ᠰᠢᠳᠠᠷ᠎ᠠ︾ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠡᠯ᠎ᠡ ᠭᠠᠵᠠᠷ ᠤᠨ ᠱᠠᠲᠤᠨ ᠤ ᠤᠳᠤᠷᠢᠳᠤᠯᠭ᠎ᠠ ᠲᠦᠷᠦᠭᠦᠯᠡᠨ ᠶᠡᠷᠦᠩᠬᠡᠢ ᠠᠵᠢᠯ ᠢ ᠠᠳᠬᠤᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠨᠢᠭᠡᠳᠦᠯᠲᠡᠢ ᠲᠥᠯᠥᠪᠵᠢᠭᠦᠯᠦᠨ ᠱᠠᠯᠠᠪᠳᠠᠭᠤᠯᠤᠨ ᠭᠦᠢᠴᠡᠳᠬᠡᠭᠦᠯᠵᠦ᠂ ᠪᠦᠲᠦᠮᠵᠢᠲᠡᠢ ᠵᠣᠯᠭᠠᠭᠤᠯᠬᠤ ᠬᠡᠷᠡᠭᠲᠡᠢ︔ ᠬᠤᠰᠢᠭᠤᠨ  ᠤ ᠡᠵᠡᠩᠨᠡᠯᠲᠡ ᠬᠤᠳᠠᠯᠳᠤᠭᠠᠨ ᠤ ᠠᠯᠪᠠᠨ ᠬᠡᠷ ᠨᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ᠂ ᠳᠣᠭᠢᠷᠠᠭᠤᠯᠤᠨ ᠠᠬᠢᠭᠤᠯᠬᠤ ᠵᠡᠷᠭᠡ ᠡᠭᠦᠷᠭᠡ ᠴᠢᠳᠠᠪᠤᠷᠢ ᠶᠢᠨ ᠡᠭᠦᠷᠭᠡ ᠬᠠᠷᠢᠭᠤᠴᠠᠯᠭ᠎ᠠ ᠪᠠᠨ ᠰᠠᠶᠢᠲᠤᠷ  ᠭᠦᠢᠴᠡᠳᠬᠡᠵᠤ᠂ ᠡᠯ᠎ᠡ ᠲᠤᠰᠬᠠᠶ ᠳᠤᠭᠤᠶᠢᠯᠠᠩ ᠤᠨ ᠠᠵᠢᠯ ᠤᠨ ᠠᠬᠢᠴᠠ ᠶᠢ ᠴᠠᠭ ᠲᠤᠬᠠᠶ ᠳᠤᠨᠢ ᠳᠠᠭᠠᠵᠤ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠠᠵᠢᠯ ᠢᠶᠠᠨ ᠥᠨᠳᠥᠷ ᠪᠦᠲᠦᠮᠵᠢᠲᠡᠶ ᠪᠠᠷ ᠥᠷᠨᠢᠭᠦᠯᠬᠦ ᠶᠢ ᠵᠢᠯᠣᠭᠤᠳᠤᠨ ᠰᠢᠮᠳᠠᠭᠤᠯᠬᠤ ᠬᠡᠷᠡᠭᠲᠡᠶ  ᠭᠡᠵᠠᠢ᠃    ᠬᠤᠷᠠᠯ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠦᠨᠡᠯᠡᠨ ᠵᠢᠱᠢᠬᠦ ᠶᠢᠨ ᠬᠡᠷᠡᠭᠵᠢᠭᠦᠯᠬᠦ ᠠᠷᠭ᠎ᠠ︾ ᠵᠢᠴᠢ ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠦᠨᠡᠯᠡᠨ ᠵᠢᠱᠢᠬᠦ ᠠᠵᠢᠯ ᠤᠨ ᠬᠠᠮᠢᠶ᠎ᠠ ᠪᠥᠬᠦᠶ ᠲᠣᠬᠢᠷᠠᠭᠤᠯᠤᠯᠲᠠ ᠶᠢ ᠤᠯᠠᠮᠵᠢᠯᠠᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠯᠢᠦ ᠳᠤ ᠬᠠᠶ ︽ᠪᠠᠭᠠᠷᠢᠨ ᠵᠡᠭᠦᠨ ᠬᠤᠰᠢᠭᠤᠨ ᠤ ᠥᠪᠡᠷᠲᠡᠭᠡᠨ ᠵᠠᠰᠠᠬᠤ ᠣᠷᠣᠨ ᠤ ᠡᠵᠡᠩᠨᠡᠯᠲᠡ ᠶᠢᠨ ᠣᠷᠴᠢᠨ ᠲᠣᠭᠤᠷᠢᠨ ᠤ ᠭᠤᠷᠪᠠᠳᠠᠬᠢ ᠡᠲᠡᠭᠡᠳ ᠤᠨ ᠦᠨᠡᠯᠡᠨ ᠵᠢᠱᠢᠯᠲᠡ ᠶᠢ ᠤᠭᠲᠤᠬᠤ ᠠᠵᠢᠯ ᠤᠨ ᠲᠥᠰᠦᠯ︾ ᠲᠠᠢ ᠤᠶᠠᠯᠳᠤᠭᠤᠯᠤᠨ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠪᠠᠶᠢᠷᠢᠯᠠᠭᠤᠯᠪᠠ᠃    ᠬᠡᠷ ᠲᠡᠭᠡᠨ ᠪᠠᠶᠢᠭ᠎ᠠ ᠬᠠᠮᠢᠶ᠎ᠠ ᠪᠥᠬᠦᠶ ᠭᠠᠵᠠᠷ ᠤᠨ ᠲᠠᠰ ᠤᠨ ᠤᠳᠤᠷᠢᠳᠤᠯᠭ᠎ᠠ᠂ ᠬᠤᠰᠢᠭᠤᠨ ᠬᠠᠷᠢᠶ᠎ᠠ ᠡᠯ᠎ᠡ ᠬᠠᠮᠢᠶ᠎ᠠ ᠪᠥᠬᠦᠶ ᠵᠥᠪᠯᠡᠯ ᠠᠯᠪᠠᠨ ᠬᠡᠷ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ᠂ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠨᠠᠮ ᠤᠨ ᠬᠤᠷᠢᠶ᠎ᠠ ᠪᠤᠶᠤ ᠵᠠᠰᠠᠭ ᠤᠨ ᠣᠷᠳᠣᠨ ᠤ ᠭᠤᠤᠯ ᠬᠠᠷᠢᠭᠤᠴᠠᠯᠭᠠᠲᠠᠨ ᠵᠢᠴᠢ ᠡᠵᠡᠩᠨᠡᠯᠲᠡ ᠶᠢᠨ ᠣᠷᠴᠢᠨ ᠲᠣᠭᠤᠷᠢᠨ ᠤ ᠦᠨᠡᠯᠡᠯᠲᠡ ᠶᠢᠨ ᠭᠦᠢᠴᠡᠳᠬᠡᠯ ᠲᠤᠭ᠎ᠠ ᠶᠢᠨ ᠲᠦᠷᠦᠭᠦᠯᠡᠬᠦ ᠰᠠᠯᠠᠭ᠎ᠠ ᠮᠥᠴᠢᠷ ᠤᠨ ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ ᠪᠠ ᠲᠤᠬᠠᠶᠢᠯᠠᠭᠰᠠᠨ ᠠᠵᠢᠯ ᠤᠨ ᠲᠠᠰᠤᠭ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号