ᠬᠤᠰᠢᠭᠤᠨ ᠤ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠨᠢ 2023 ᠣᠨ ᠤ ᠤᠯᠤᠰ ᠤᠨ ᠲᠠᠰ ᠤᠨ ᠨᠡᠶᠢᠲᠡ ᠶᠢᠨ ᠠᠰᠠᠷᠠᠮᠵᠢ ᠶᠢᠨ ᠣᠶ ᠶᠢᠨ ᠬᠠᠮᠠᠭᠠᠯᠠᠭᠴᠢ ᠶᠢ ᠬᠢᠨᠠᠨ ᠰᠢᠯᠭᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2023/11/29
    ᠰᠤᠮᠤ ᠰᠢᠶᠠᠩ ᠪᠠᠯᠭᠠᠰᠤ ᠶᠢᠨ ᠤᠯᠤᠰ ᠤᠨ ᠲᠠᠰ ᠤᠨ ᠨᠡᠶᠢᠲᠡ ᠶᠢᠨ ᠠᠰᠠᠷᠠᠮᠵᠢ ᠶᠢᠨ ᠣᠶ ᠶᠢᠨ ᠣᠶ ᠬᠠᠮᠠᠭᠠᠯᠠᠭᠴᠢ ᠶᠢᠨ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠨ ᠵᠢᠷᠤᠮᠵᠢᠭᠤᠯᠵᠤ᠂ ᠣᠶ ᠬᠠᠮᠠᠭᠠᠯᠠᠭᠴᠢ ᠶᠢᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠶᠢᠨ ᠲᠥᠯᠥᠭᠡ᠂ 11 ᠰᠠᠷ᠎ᠠ ᠶᠢᠨ 17 ᠤ ᠡᠳᠦᠷ ᠠᠴᠠ 24 ᠤ ᠡᠳᠦᠷ ᠪᠣᠯᠲᠠᠯ᠎ᠠ᠂ ᠬᠤᠰᠢᠭᠤᠨ ᠤ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ  ᠨᠢ ᠪᠥᠬᠦ ᠬᠤᠰᠢᠭᠤᠨ ᠤ 172 ᠤᠯᠤᠰ ᠤᠨ ᠲᠠᠰ ᠤᠨ ᠨᠡᠶᠢᠲᠡ ᠶᠢᠨ ᠠᠰᠠᠷᠠᠮᠵᠢ ᠶᠢᠨ ᠣᠶ ᠶᠢᠨ ᠬᠠᠮᠠᠭᠠᠯᠠᠭᠴᠢ ᠶᠢ ᠬᠢᠨᠠᠨ ᠰᠢᠯᠭᠠᠵᠠᠢ᠃ ᠬᠢᠨᠠᠨ ᠰᠢᠯᠭᠠᠬᠤ ᠳᠤᠭᠤᠶᠢᠯᠠᠩ ᠡᠯ᠎ᠡ ᠰᠤᠮᠤ ᠰᠢᠶᠠᠩ ᠪᠠᠯᠭᠠᠰᠤᠨ ᠳᠤ ᠭᠦᠨᠵᠡᠭᠡᠶᠢᠷᠡᠵᠦ᠂ ᠶᠠᠷᠢᠯᠴᠠᠬᠤ ᠬᠤᠷᠠᠯ ᠬᠤᠷᠠᠯᠳᠤᠭᠤᠯᠬᠤ᠂ ᠠᠵᠢᠯ ᠳᠤ ᠭᠠᠷᠬᠤ ᠶᠢ ᠰᠢᠯᠭᠠᠬᠤ ᠰᠢᠰᠲ᠋ᠧᠮ ᠢ ᠪᠠᠶᠢᠴᠠᠭᠠᠨ ᠦᠵᠡᠬᠦ᠂ ᠰᠠᠨᠠᠯ ᠬᠤᠷᠢᠶᠠᠬᠤ᠂ ᠠᠷᠠᠳᠴᠢᠯᠠᠯ ᠢᠶᠠᠷ ᠰᠢᠯᠭᠠᠨ ᠦᠨᠡᠯᠡᠬᠦ ᠵᠡᠷᠭᠡ ᠣᠯᠠᠨ ᠵᠦᠢᠯ ᠤᠨ ᠠᠷᠭ᠎ᠠ ᠬᠡᠯᠪᠡᠷᠢ ᠪᠠᠷ ᠶᠠᠪᠤᠭᠳᠠᠭᠤᠯᠵᠤ᠂ ᠡᠭᠦᠨ ᠤ ᠬᠠᠮᠲᠤ ᠰᠢᠮᠳᠠᠭᠤᠯᠤᠨ ᠪᠠᠶᠢᠴᠠᠭᠠᠬᠤ ᠪᠠᠲᠤᠯᠠᠭ᠎ᠠ ᠶᠢᠨ ᠲᠥᠪ ᠤᠨ ᠬᠡᠷᠡᠭ ᠢ ᠪᠠᠶᠢᠴᠠᠭᠠᠨ ᠰᠢᠢᠳᠪᠦᠷᠢᠯᠡᠬᠦ᠂ ᠣᠶ ᠰᠢᠭᠤᠶ ᠡᠪᠡᠰᠦ ᠪᠡᠯᠴᠢᠭᠡᠷ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠡᠩᠨᠡᠭᠡ ᠶᠢᠨ ᠬᠠᠤᠯᠢ ᠬᠡᠷᠡᠭᠵᠢᠭᠦᠯᠦᠭᠰᠡᠨ ᠪᠠᠶᠢᠳᠠᠯ ᠲᠠᠢ ᠤᠶᠠᠯᠳᠤᠭᠤᠯᠤᠨ᠂ ᠣᠶ ᠰᠢᠭᠤᠶ ᠬᠠᠮᠠᠭᠠᠯᠠᠭᠴᠢ ᠶᠢᠨ ᠡᠭᠦᠷᠭᠡ ᠲᠤᠰᠢᠶᠠᠯ ᠢᠶᠠᠨ ᠭᠦᠢᠴᠡᠳᠬᠡᠭᠰᠡᠨ ᠪᠠᠶᠢᠳᠠᠯ ᠢ ᠪᠠᠶᠢᠴᠠᠭᠠᠵᠤ᠂ ᠣᠶ ᠰᠢᠭᠤᠶ ᠬᠠᠮᠠᠭᠠᠯᠠᠭᠴᠢ ᠶᠢ ᠪᠥᠬᠦ ᠲᠠᠯ᠎ᠠ ᠪᠠᠷ ᠬᠢᠨᠠᠨ ᠰᠢᠯᠭᠠᠵᠤ᠂ 2023 ᠣᠨ ᠤ ᠨᠡᠶᠢᠲᠡ ᠶᠢᠨ ᠠᠰᠠᠷᠠᠮᠵᠢ ᠶᠢᠨ ᠣᠶ ᠶᠢᠨ ᠬᠠᠮᠢᠶᠠᠷᠴᠤ ᠬᠠᠮᠠᠭᠠᠯᠠᠬᠤ ᠠᠵᠢᠯ ᠤᠨ ᠪᠠᠶᠢᠳᠠᠯ ᠢ ᠪᠥᠬᠦ ᠲᠠᠯ᠎ᠠ ᠪᠠᠷ ᠤᠶᠢᠯᠠᠭᠠᠨ᠂ ᠬᠠᠮᠢᠶᠠᠷᠴᠤ ᠬᠠᠮᠠᠭᠠᠯᠠᠬᠤ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠪᠠ ᠵᠥᠷᠢᠶ᠎ᠡ ᠶᠢ ᠨᠠᠷᠢᠨ ᠬᠢᠨᠠᠮᠠᠭᠠᠶ ᠵᠠᠳᠠᠯᠵᠤ᠂ 2024 ᠣᠨ ᠤ ᠨᠡᠶᠢᠲᠡ ᠶᠢᠨ ᠠᠰᠠᠷᠠᠮᠵᠢ ᠶᠢᠨ ᠣᠶ ᠶᠢᠨ ᠬᠠᠮᠢᠶᠠᠷᠴᠤ ᠬᠠᠮᠠᠭᠠᠯᠠᠬᠤ ᠠᠵᠢᠯ ᠢ ᠰᠠᠶᠢᠲᠤᠷ ᠲᠥᠯᠥᠪᠯᠡᠬᠦ ᠳᠤ ᠰᠠᠭᠤᠷᠢ ᠲᠠᠯᠪᠢᠵᠤ ᠦᠭᠴᠡᠢ᠃      ᠣᠨ ᠤ ᠬᠢᠨᠠᠨ ᠰᠢᠯᠭᠠᠯᠲᠠ ᠪᠠᠷ ᠳᠡᠮᠵᠢᠨ᠂ ᠤᠯᠤᠰ ᠤᠨ ᠲᠠᠰ ᠤᠨ ᠨᠡᠶᠢᠲᠡ ᠶᠢᠨ ᠠᠰᠠᠷᠠᠮᠵᠢ ᠶᠢᠨ ᠣᠶ ᠶᠢᠨ ᠬᠠᠮᠠᠭᠠᠯᠠᠭᠴᠢ ᠶᠢᠨ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠶᠢ ᠤᠯᠠᠮ ᠨᠢᠭᠡ ᠠᠯᠬᠤᠮ ᠴᠢᠩᠭᠠᠳᠬᠠᠵᠤ᠂ ᠠᠵᠢᠯ ᠤᠨ ᠢᠳᠡᠪᠬᠢᠵᠢᠯ ᠢ ᠴᠢᠩᠭᠠᠳᠬᠠᠨ᠂ ᠬᠠᠮᠢᠶᠠᠷᠴᠤ ᠬᠠᠮᠠᠭᠠᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠪᠥᠬᠦ ᠬᠤᠰᠢᠭᠤᠨ ᠤ ᠣᠶ ᠰᠢᠭᠤᠶ ᠶᠢᠨ ᠡᠬᠢ ᠪᠠᠶᠠᠯᠢᠭ ᠤᠨ ᠠᠮᠤᠷ ᠲᠦᠪᠰᠢᠨ ᠢ ᠪᠠᠳᠣᠯᠠᠬᠤ ᠪᠣᠯᠣᠨ᠎ᠠ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号