ᠪᠠᠭᠠᠷᠢᠨ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠲᠤᠰᠬᠠᠶ  ᠳᠤᠰᠢᠶᠠᠯᠳᠠᠳᠣ ᠭᠠᠯ ᠤᠨᠲᠠᠷᠠᠭᠠᠬᠤ ᠡᠩᠨᠡᠭᠡᠨ ᠤ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠪᠠ
ᠨᠡᠶᠢᠲᠡᠯᠡᠭᠰᠡᠨ ᠴᠠᠭ᠄
2023/11/29
    ᠵᠠᠰᠠᠭ ᠤᠨ ᠣᠷᠳᠣᠨ ᠤ ᠭᠠᠯ ᠤᠨᠲᠠᠷᠠᠭᠠᠬᠤ ᠡᠩᠨᠡᠭᠡ ᠶᠢᠨ ᠲᠤᠰᠬᠠᠶᠢᠵᠢᠯᠲᠠ᠂ ᠵᠢᠩᠬᠢᠨᠢᠴᠢᠯᠡᠯᠲᠡ ᠶᠢᠨ ᠪᠠᠶᠢᠭᠤᠯᠤᠯᠲᠠ ᠶᠢ ᠭᠦᠨᠵᠡᠭᠡᠶ ᠳᠥᠯᠭᠢᠨ ᠠᠬᠢᠭᠤᠯᠵᠤ᠂ ︽ᠪᠠᠴᠢᠮ ᠪᠠᠶᠢᠳᠠᠯ ᠢ ᠠᠷᠭᠠᠴᠠᠬᠤ᠂ ᠪᠥᠬᠦ ᠭᠠᠮᠰᠢᠭ ᠤᠨ ᠲᠥᠷᠥᠯ︾ ᠤᠨ ᠠᠪᠤᠷᠠᠨ ᠲᠤᠰᠠᠯᠠᠬᠤ ᠡᠩᠨᠡᠭᠡ ᠳᠠᠰᠢ ᠬᠤᠪᠢᠷᠠᠭᠤᠯᠬᠤ ᠶᠢᠨ ᠲᠥᠯᠥᠭᠡ᠂ ᠪᠠᠭᠠᠷᠢᠨ ᠵᠡᠭᠦᠨ ᠬᠤᠰᠢᠭᠤᠨ ᠤ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ ᠨᠢ ᠭᠤᠤᠯ ᠬᠦᠴᠦᠨ ᠲᠠᠢ ᠬᠤᠯᠪᠤᠯᠳᠣᠨ᠂ ᠤᠯᠤᠰ ᠤᠨ ᠠᠩᠭᠢ ᠲᠠᠢ ᠨᠢᠭᠡᠳᠦᠯᠲᠡᠶ ᠲᠥᠯᠥᠪᠵᠢᠭᠦᠯᠵᠦ᠂ ᠵᠠᠰᠠᠭ ᠤᠨ ᠣᠷᠳᠣᠨ ᠤ ᠲᠤᠰᠬᠠᠶ ᠳᠣᠰᠢᠶᠠᠯᠳᠠᠳᠣ ᠭᠠᠯ ᠤᠨᠲᠠᠷᠠᠭᠠᠬᠤ ᠡᠩᠨᠡᠭᠡ ᠶᠢᠨ ᠲᠣᠭᠲᠠᠭᠤᠨ ᠢᠶᠠᠷ ᠬᠥᠭᠵᠢᠬᠦ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠪᠠ᠃     ᠪᠠᠭᠠᠷᠢᠨ ᠵᠡᠭᠦᠨ ᠬᠤᠰᠢᠭᠤᠨ ᠤ ᠬᠦᠷᠢᠶᠡᠯᠡᠩ ᠲᠣᠭᠤᠷᠢᠭ ᠤᠨ ᠣᠨᠴᠠ ᠦᠢᠯᠡᠴᠢᠯᠡᠭᠡᠨ ᠤ ᠭᠠᠯ ᠤᠨᠲᠠᠷᠠᠭᠠᠬᠤ ᠥᠷᠲᠡᠭᠡ ᠵᠢᠴᠢ ᠬᠤᠰᠢᠭᠤᠨ ᠲᠠᠰ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠶᠡᠷᠦᠩᠬᠡᠶᠢᠯᠡᠭᠰᠡᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠨᠢ ᠥᠪᠥᠷ ᠮᠣᠩᠭᠤᠯ ᠤᠨ ᠤᠯᠠᠭᠠᠨᠬᠠᠳᠠ ᠶᠢᠨ ᠥᠩᠭᠡᠲᠦ ᠲᠡᠮᠦᠷᠯᠢᠭ ᠤᠨ ᠨᠡᠭᠡᠭᠡᠯᠲᠡ ᠶᠢᠨ ᠲᠣᠭᠤᠷᠢᠭ ᠤᠨ ᠯᠢᠨᠳᠦ᠋ᠩ ᠤᠨ ᠠᠵᠤ ᠦᠢᠯᠡᠰ ᠤᠨ ᠬᠦᠷᠢᠶᠡᠯᠡᠩ ᠤᠨ ᠹᠧᠩ ᠬᠤᠸᠠᠩ ᠱᠠᠨ ᠤ ᠠᠵᠤ ᠦᠢᠯᠡᠳᠪᠦᠷᠢ ᠶᠢᠨ ᠲᠥᠪᠯᠡᠷᠡᠭᠰᠡᠨ ᠲᠣᠭᠤᠷᠢᠭ ᠲᠤ ᠪᠠᠶᠢᠷᠢᠯᠠᠵᠤ᠂ 25 ᠮᠥ ᠭᠠᠵᠠᠷ ᠡᠵᠡᠯᠡᠵᠦ᠂ ᠨᠡᠶᠢᠲᠡ 5400 ᠭᠠᠷᠤᠶ ᠲᠦᠮᠡᠨ ᠲᠥᠭᠦᠷᠢᠭ ᠤᠨ ᠪᠠᠯᠠ ᠣᠷᠣᠭᠤᠯᠵᠤ᠂ ᠶᠡᠷᠦᠩᠬᠡᠶ ᠪᠠᠷᠢᠯᠭ᠎ᠠ ᠶᠢᠨ ᠲᠠᠯᠠᠪᠠᠶ ᠨᠢ 6008 ᠲᠡᠭᠰᠢ ᠳᠥᠷᠪᠡᠯᠵᠢᠨ ᠮᠧᠲᠷ ᠪᠣᠯᠤᠨ᠎ᠠ᠃ ᠣᠳᠣᠬᠠᠨ ᠳᠤ ᠲᠤᠰᠬᠠᠶ ᠳᠤᠰᠢᠶᠠᠯᠳᠠᠳᠣ ᠭᠠᠯ ᠤᠨᠲᠠᠷᠠᠭᠠᠬᠤ ᠠᠩᠭᠢ ᠶᠢᠨ ᠭᠡᠰᠢᠭᠦᠨ 45 ᠬᠥᠮᠦᠨ᠂ ᠡᠭᠦᠷᠭᠡ ᠭᠦᠢᠴᠡᠳᠬᠡᠬᠦ ᠭᠠᠯ ᠤᠨᠲᠠᠷᠠᠭᠠᠬᠤ ᠲᠡᠷᠭᠡ 8᠂ ᠡᠯ᠎ᠡ ᠲᠥᠷᠥᠯ ᠤᠨ ᠪᠠᠭᠠᠵᠢ ᠲᠣᠨᠣᠭᠯᠠᠯ ᠨᠡᠶᠢᠲᠡ 2761 ᠪᠠᠶᠢᠵᠤ᠂ ᠦᠨᠳᠦᠰᠦᠨ ᠱᠠᠲᠤᠨ ᠤ ᠨᠢᠭᠡᠳᠦᠭᠡᠷ ᠹᠷᠣᠨᠲ ᠤᠨ ᠡᠭᠦᠷᠭᠡ ᠭᠦᠢᠴᠡᠳᠬᠡᠬᠦ ᠬᠦᠴᠦᠨ ᠢ ᠶᠡᠭᠡ ᠪᠠᠷ ᠲᠡᠭᠦᠯᠳᠡᠷᠵᠢᠭᠦᠯᠦᠭᠰᠡᠨ ᠪᠠᠶᠢᠨ᠎ᠠ᠃  ᠭᠠᠯ ᠣᠨᠳᠠᠷᠭᠠᠬᠤ ᠠᠩᠬᠢ ᠶᠢᠨ ᠠᠮᠢᠳᠤᠷᠠᠯ ᠠᠮᠠᠷᠠᠯᠲᠠ ᠶᠢ ᠨᠠᠩ ᠲᠠᠭᠠᠯᠠᠮᠵᠢᠲᠠᠶ᠂ ᠳᠣᠬᠢᠯᠢᠭ ᠪᠣᠯᠭᠠᠬᠤ ᠶᠢᠨ ᠲᠥᠯᠥᠭᠡ᠂ ᠴᠡᠷᠢᠭ ᠤᠨ ᠬᠤᠸᠠᠷᠠᠨ ᠤ ᠲᠣᠭᠤᠷᠢᠭ ᠢ ᠠᠵᠢᠯ ᠰᠤᠷᠤᠯᠴᠠᠯᠭ᠎ᠠ᠂ ᠵᠢᠵᠢᠭᠦᠷᠯᠡᠬᠦ ᠪᠣᠯᠪᠠᠰᠤᠷᠠᠯ᠂ ᠡᠳᠦᠷ ᠲᠤᠲᠤᠮ ᠤᠨ ᠠᠮᠢᠳᠤᠷᠠᠯ ᠪᠠ ᠵᠤᠭ᠎ᠠ ᠴᠡᠩᠭᠡᠯ ᠵᠡᠷᠭᠡ ᠳᠥᠷᠪᠡᠨ ᠣᠷᠣᠨ ᠬᠤᠪᠢᠶᠠᠵᠤ᠂ ᠴᠢᠳᠠᠮᠵᠢ ᠨᠢ ᠲᠥᠪᠯᠡᠷᠡᠩᠭᠦᠶ᠂ ᠬᠥᠳᠡᠯᠦᠯ ᠪᠠᠶᠢᠳᠠᠯ ᠨᠢ ᠰᠠᠯᠤᠩᠭᠢ᠂ ᠳᠣᠲᠣᠨ᠎ᠠ ᠭᠠᠳᠠᠨ᠎ᠠ ᠢᠯᠭᠠᠭ᠎ᠠ ᠲᠠᠢ ᠪᠠᠶᠢᠯᠭᠠᠬᠤ ᠶᠢ ᠪᠡᠶᠡᠯᠡᠭᠦᠯᠵᠡᠢ᠃ ᠠᠩᠭᠢ ᠶᠢᠨ ᠭᠡᠰᠢᠭᠦᠳ ᠤᠨ ᠨᠡᠩ ᠣᠷᠭᠢᠯᠤᠮ᠎ᠠ ᠬᠠᠯᠠᠭᠤᠨ ᠠᠵᠢᠯ ᠤᠨ ᠰᠡᠳᠬᠢᠯᠭᠡ ᠲᠠᠢ ᠪᠠᠷ ᠪᠦᠯᠬᠦᠮᠳᠡᠨ ᠤᠷᠤᠭᠰᠢᠯᠠᠵᠤ᠂ ᠡᠷᠡᠯᠬᠡᠭᠯᠡᠨ ᠲᠡᠮᠡᠴᠡᠵᠦ᠂ ᠴᠤᠭ ᠵᠢᠪᠬᠤᠭ᠎ᠠ ᠪᠠᠨ ᠪᠠᠳᠠᠷᠠᠭᠤᠯᠬᠤ ᠶᠢ  ᠵᠤᠷᠢᠬᠵᠢᠭᠤᠯᠤᠬᠰᠠᠨ ᠪᠠᠶᠢᠨ᠎ᠠ     ᠪᠠᠭᠠᠷᠢᠨ ᠵᠡᠭᠦᠨ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠨᠢ ᠰᠢᠶᠠᠩ ᠪᠠᠯᠭᠠᠰᠤ ᠶᠢᠨ ᠵᠠᠰᠠᠭ ᠤᠨ ᠣᠷᠳᠣᠨ ᠤ ᠲᠤᠰᠬᠠᠶ ᠳᠤᠰᠢᠶᠠᠯᠳᠠᠳᠣ ᠠᠩᠭᠢ ᠶᠢᠨ ᠪᠠᠶᠢᠭᠤᠯᠤᠯᠲᠠ ᠶᠢᠨ ᠪᠠᠷᠢᠮᠵᠢᠶ᠎ᠠ ᠶᠢ ᠦᠨᠳᠦᠰᠦᠯᠡᠨ᠂ ᠪᠠᠭᠠᠷᠢᠨ ᠵᠡᠭᠦᠨ ᠬᠤᠰᠢᠭᠤᠨ ᠤ ᠬᠦᠷᠢᠶᠡᠯᠡᠩ ᠲᠣᠭᠤᠷᠢᠭ ᠤᠨ ᠣᠨᠴᠠ ᠵᠢᠵᠢᠭᠦᠷ ᠤᠨ ᠭᠠᠯ ᠤᠨᠲᠠᠷᠠᠭᠠᠬᠤ ᠥᠷᠲᠡᠭᠡ ᠵᠢᠴᠢ ᠬᠤᠰᠢᠭᠤᠨ ᠲᠠᠰ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠶᠡᠷᠦᠩᠬᠡᠶᠢᠯᠡᠭᠰᠡᠨ ᠰᠠᠭᠤᠷᠢᠨ ᠭᠠᠵᠠᠷ ᠢ ᠪᠥᠲᠥᠭᠡᠨ ᠪᠠᠶᠢᠭᠤᠯᠤᠨ᠎ᠠ᠃ ᠣᠲᠣ ᠶᠢᠨ ᠪᠠᠶᠢᠭ᠎ᠠ ᠴᠡᠷᠢᠭ ᠤᠨ ᠬᠤᠸᠠᠷᠠᠨ ᠤ ᠨᠥᠬᠦᠴᠡᠯ ᠳᠤ ᠰᠠᠭᠤᠷᠢᠯᠠᠨ᠂ ᠹᠧᠩ ᠬᠤᠸᠠᠩ ᠱᠠᠨ ᠬᠦᠷᠢᠶᠡᠯᠡᠩ ᠲᠣᠭᠤᠷᠢᠭ ᠤᠨ ᠣᠨᠴᠠ ᠦᠢᠯᠡᠴᠢᠯᠡᠭᠡᠨ ᠤ ᠥᠷᠲᠡᠭᠡ ᠶᠢ ᠵᠢᠯᠣᠭᠤᠳᠤᠨ ᠴᠡᠷᠢᠭ ᠤᠨ ᠬᠤᠸᠠᠷᠠᠨ ᠢ ᠥᠭᠡᠷᠡᠴᠢᠯᠡᠨ ᠳᠡᠭᠡᠭᠰᠢᠯᠡᠭᠦᠯᠬᠦ ᠲᠥᠰᠦᠯ ᠢ ᠤᠷᠢᠳᠴᠢᠯᠠᠨ ᠲᠥᠯᠥᠪᠵᠢᠭᠦᠯᠵᠦ᠂ ᠴᠡᠷᠢᠭ ᠤᠨ ᠬᠤᠸᠠᠷᠠᠨ ᠤ ᠰᠠᠭᠤᠷᠢ ᠪᠡᠯᠡᠳᠬᠡᠮᠵᠢ ᠶᠢᠨ ᠴᠢᠳᠠᠮᠵᠢ ᠶᠢ ᠲᠡᠭᠦᠯᠳᠡᠷᠵᠢᠭᠦᠯᠦᠨ᠂ ᠡᠭᠦᠳᠡᠨ ᠫᠠᠶᠢᠰᠠ᠂ ᠲᠡᠮᠳᠡᠭ ᠪᠠ ᠴᠡᠷᠢᠭ ᠤᠨ ᠬᠤᠸᠠᠷᠠᠨ ᠤ ᠤᠯᠤᠰ ᠲᠥᠷᠥ ᠶᠢᠨ ᠠᠭᠤᠷ ᠠᠮᠢᠰᠬᠤᠯ ᠢ ᠵᠢᠷᠤᠮᠵᠢᠭᠤᠯᠤᠨ ᠪᠠᠶᠢᠷᠢᠯᠠᠭᠤᠯᠵᠠᠢ᠃     ᠡᠩᠨᠡᠭᠡᠨ ᠤ ᠪᠠᠶᠢᠯᠳᠤᠭᠠᠨ ᠪᠠ ᠪᠣᠯᠪᠠᠰᠤᠷᠠᠯ ᠤᠨ ᠠᠮᠤᠷ ᠲᠦᠪᠰᠢᠨ ᠤ ᠤᠬᠠᠮᠰᠠᠷ ᠢ ᠦᠨᠡᠨᠬᠦ ᠴᠢᠩᠭᠠᠳᠬᠠᠬᠤ ᠶᠢᠨ ᠲᠥᠯᠥᠭᠡ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠬᠢᠨ ᠵᠠᠰᠠᠭ ᠤᠨ ᠣᠷᠳᠣᠨ ᠳᠤ ᠲᠦᠰᠢᠭᠯᠡᠨ ᠭᠠᠯ ᠤᠨᠲᠠᠷᠠᠭᠠᠬᠤ ᠲᠤᠰᠬᠠᠶ ᠠᠩᠭᠢ ᠶᠢᠨ ᠭᠡᠰᠢᠭᠦᠨ ᠡᠯᠰᠡᠵᠦ᠂ ᠲᠠᠮᠢᠷ ᠴᠢᠳᠠᠪᠤᠷᠢ᠂ ᠤᠷ᠎ᠠ ᠴᠢᠳᠠᠪᠤᠷᠢ ᠶᠢᠨ ᠬᠢᠨᠠᠨ ᠰᠢᠯᠭᠠᠯᠲᠠ ᠶᠢᠨ ᠬᠢᠷᠢ ᠪᠦᠲᠦᠮᠵᠢ ᠶᠢ ᠬᠢᠨᠠᠨ ᠰᠢᠯᠭᠠᠵᠤ᠂ ᠤᠳᠠᠯ ᠥᠬᠡᠶ ᠹᠧᠩ ᠬᠤᠸᠠᠩ ᠱᠠᠨ ᠬᠦᠷᠢᠶᠡᠯᠡᠩ ᠲᠣᠭᠤᠷᠢᠭ ᠤᠨ ᠣᠨᠴᠠ ᠦᠢᠯᠡᠴᠢᠯᠡᠭᠡᠨ ᠤ ᠥᠷᠲᠡᠭᠡᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠪᠥᠬᠦ ᠬᠥᠮᠦᠰ ᠢ ᠵᠣᠬᠢᠶᠠᠨ ᠪᠠᠶᠢᠭᠤᠯᠵᠤ ᠪᠠᠶᠢᠯᠳᠤᠭᠠᠨ ᠪᠠ ᠪᠣᠯᠪᠠᠰᠤᠷᠠᠯ ᠤᠨ ᠠᠮᠤᠷ ᠲᠦᠪᠰᠢᠨ ᠤ ᠴᠢᠬᠤᠯᠠ ᠲᠦᠷᠢᠮ᠂ ᠠᠶᠤᠯ ᠲᠦᠭᠰᠢᠭᠦᠷᠢ ᠶᠢ ᠤᠷᠢᠳᠴᠢᠯᠠᠨ ᠵᠢᠱᠢᠬᠦ᠂ ᠬᠠᠤᠯᠢ ᠰᠠᠬᠢᠯᠭ᠎ᠠ ᠶᠢᠨ ᠬᠥᠮᠦᠵᠢᠯ ᠵᠡᠷᠭᠡ ᠠᠮᠤᠷ ᠲᠦᠪᠰᠢᠨ ᠤ ᠲᠤᠰᠬᠠᠶ ᠰᠡᠳᠦᠪᠲᠦ ᠰᠤᠷᠤᠯᠴᠠᠯᠭ᠎ᠠ ᠶᠢᠨ ᠠᠵᠢᠯᠯᠠᠭ᠎ᠠ ᠶᠢ ᠥᠷᠨᠢᠭᠦᠯᠬᠦ ᠪᠠᠷ ᠪᠣᠶ᠃     ᠲᠠᠷᠠᠭᠠᠴᠢ ᠶᠢᠨ ᠠᠯᠬᠤᠮ ᠳᠤ᠂ ᠪᠠᠭᠠᠷᠢᠨ ᠵᠡᠭᠦᠨ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠨᠢ ᠹᠧᠩ ᠬᠤᠸᠠᠩ ᠱᠠᠨ ᠬᠦᠷᠢᠶᠡᠯᠡᠩ ᠲᠣᠭᠤᠷᠢᠭ ᠤᠨ ᠣᠨᠴᠠ  ᠦᠢᠯᠡᠴᠢᠯᠡᠭᠡᠨ ᠤ ᠥᠷᠲᠡᠭᠡ ᠶᠢᠨ ᠵᠢᠩᠬᠢᠨᠢᠴᠢᠯᠡᠬᠦ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢᠶᠠᠷ ᠯᠠᠪᠯᠠᠯᠲᠠ ᠪᠣᠯᠭᠠᠵᠤ᠂ ᠵᠢᠩᠬᠢᠨᠢᠴᠢᠯᠡᠬᠦ ᠪᠥᠲᠥᠭᠡᠨ ᠪᠠᠶᠢᠭᠤᠯᠤᠯᠲᠠ ᠶᠢᠨ ᠠᠵᠢᠯ ᠢ ᠨᠠᠩ ᠥᠨᠳᠥᠷ ᠲᠦᠪᠰᠢᠨ᠂ ᠨᠠᠩ ᠭᠦᠨ ᠲᠠᠰ ᠳᠠᠪᠬᠤᠷᠭ᠎ᠠ᠂ ᠨᠠᠩ ᠥᠷᠭᠡᠨ ᠬᠦᠷᠢᠶ᠎ᠡ ᠳᠠᠰᠢ ᠲᠠᠰᠤᠷᠠᠯᠲᠠ ᠥᠬᠡᠶ ᠠᠬᠢᠭᠤᠯᠤᠨ ᠭᠦᠭᠵᠢᠭᠦᠯᠬᠦ ᠪᠤᠯᠤᠨ᠎ᠠ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号