ᠨᠢᠭᠡ᠂ ᠲᠣᠭᠲᠠᠭᠠᠭᠰᠠᠨ ᠠᠬᠤᠢ ᠪᠠᠶᠢᠳᠠᠯ ᠭᠡᠷ ᠪᠠ ᠨᠡᠶᠢᠭᠡᠮ ᠲᠣᠭᠤᠷᠢᠭ ᠲᠤ ᠡᠮᠴᠢᠯᠡᠭᠡ ᠰᠤᠪᠢᠯᠠᠯᠲᠠ ᠶᠢ | ᠤᠶᠠᠯᠳᠤᠭᠤᠯᠤᠨ ᠦᠢᠯᠡᠴᠢᠯᠡᠬᠦ ᠠᠭᠤᠯᠭ᠎ᠠ ᠶᠢ ᠴᠢᠨᠠᠭᠰᠢᠳᠠ ᠤᠯᠠᠮ ᠵᠢᠷᠤᠮᠵᠢᠭᠤᠯᠤᠨ᠂ ᠦᠢᠯᠡᠴᠢᠯᠡᠭᠡᠨ ᠤ ᠴᠢᠨᠠᠷ ᠢ | ᠳᠡᠭᠡᠭᠰᠢᠯᠡᠭᠦᠯᠬᠦ ᠶᠢᠨ ᠲᠥᠯᠥᠭᠡ᠂ ᠭᠦᠨᠵᠡᠭᠡᠢ ᠪᠠᠶᠢᠴᠠᠭᠠᠨ ᠰᠤᠳᠤᠯᠵᠤ᠂ ᠥᠷᠭᠡᠨ ᠢᠶᠠᠷ ᠰᠠᠨᠠᠯ ᠬᠤᠷᠢᠶᠠᠭᠰᠠᠨ | ᠰᠠᠭᠤᠷᠢᠨ ᠳᠡᠭᠡᠷ᠎ᠡ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠨᠢ ᠤᠯᠤᠰ ᠤᠨ ᠬᠢᠲᠠᠳ ᠡᠮ | ᠡᠮᠨᠡᠯᠭᠡ ᠶᠢᠨ ᠲᠣᠪᠴᠢᠶ᠎ᠠ ᠪᠠ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠬᠤᠷᠢᠭᠯᠠᠬᠤ ᠲᠣᠪᠴᠢᠶ᠎ᠠ ᠲᠠᠢ | ᠬᠠᠮᠲᠤᠷᠠᠨ ︽ᠭᠡᠷ ᠪᠠ ᠨᠡᠶᠢᠭᠡᠮ ᠲᠣᠭᠤᠷᠢᠭ ᠲᠤ ᠡᠮᠴᠢᠯᠡᠭᠡ ᠰᠤᠪᠢᠯᠠᠯᠲᠠ ᠶᠢ ᠤᠶᠠᠯᠳᠤᠭᠤᠯᠤᠨ ᠦᠢᠯᠡᠴᠢᠯᠡᠬᠦ | ᠵᠦᠭᠯᠡᠭᠦᠷ ︵ᠲᠤᠷᠰᠢᠨ ᠬᠡᠷᠡᠭᠵᠢᠭᠦᠯᠬᠦ︶︾ ︵ᠳᠣᠷᠣᠭᠰᠢ ︽ᠵᠦᠭᠯᠡᠭᠦᠷ︾ ᠭᠡᠵᠦ ᠲᠣᠪᠴᠢᠯᠠᠨ᠎ᠠ︶ ᠢ ᠰᠤᠳᠤᠯᠤᠨ | ᠲᠣᠭᠲᠠᠭᠠᠪᠠ᠃ ︽ᠵᠦᠭᠯᠡᠭᠦᠷ︾ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠤᠨ ᠪᠠᠷᠢᠮᠵᠢᠶ᠎ᠠ ᠵᠢᠷᠤᠮᠵᠢᠯ ᠢ | ᠯᠠᠪᠯᠠᠨ᠂ ᠪᠦᠬᠦ ᠲᠠᠯᠠᠲᠤ ᠴᠢᠨᠠᠷ᠂ ᠣᠨᠣᠪᠴᠢᠲᠤ ᠴᠢᠨᠠᠷ᠂ ᠬᠤᠭᠤᠴᠠᠭᠠᠲᠤ ᠴᠢᠨᠠᠷ ᠪᠠ ᠬᠡᠷᠡᠭᠯᠡᠭᠡᠨ ᠤ ᠴᠢᠨᠠᠷ ᠵᠡᠷᠭᠡ | ᠵᠠᠷᠴᠢᠮ ᠤᠳ ᠢ ᠵᠢᠷᠤᠮᠯᠠᠭᠰᠠᠨ ᠪᠥᠭᠡᠳ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠭᠡᠷ ᠪᠠ ᠨᠡᠶᠢᠭᠡᠮ | ᠲᠣᠭᠤᠷᠢᠭ ᠤᠨ ᠣᠷᠴᠢᠨ ᠳᠤ ᠬᠠᠩᠭᠠᠬᠤ ᠡᠮᠴᠢᠯᠡᠭᠡ ᠰᠤᠪᠢᠯᠠᠯᠲᠠ ᠶᠢ ᠤᠶᠠᠯᠳᠤᠭᠤᠯᠤᠭᠰᠠᠨ ᠦᠢᠯᠡᠴᠢᠯᠡᠭᠡᠨ ᠤ | ᠠᠭᠤᠯᠭ᠎ᠠ ᠬᠢᠭᠡᠳ ᠱᠠᠭᠠᠷᠳᠠᠯᠭ᠎ᠠ ᠶᠢ ᠵᠢᠷᠤᠮᠵᠢᠭᠤᠯᠵᠠᠢ᠃ ᠬᠤᠶᠠᠷ᠂ ᠭᠤᠣᠯ ᠠᠭᠤᠯᠭ᠎ᠠ ︽ᠵᠦᠭᠯᠡᠭᠦᠷ︾ ᠲᠤ ᠭᠡᠷ | ᠪᠠ ᠨᠡᠶᠢᠭᠡᠮ ᠲᠣᠭᠤᠷᠢᠭ ᠲᠤ ᠡᠮᠴᠢᠯᠡᠭᠡ ᠰᠤᠪᠢᠯᠠᠯᠲᠠ ᠶᠢ ᠤᠶᠠᠯᠳᠤᠭᠤᠯᠤᠨ ᠦᠢᠯᠡᠴᠢᠯᠡᠬᠦ ᠶᠡᠷᠦᠩᠬᠡᠢ ᠳᠦᠷᠢᠮ᠂ | ᠦᠨᠳᠦᠰᠦᠨ ᠱᠠᠭᠠᠷᠳᠠᠯᠭ᠎ᠠ᠂ ᠦᠢᠯᠡᠴᠢᠯᠡᠭᠡᠨ ᠤ ᠠᠭᠤᠯᠭ᠎ᠠ ᠬᠢᠭᠡᠳ ᠱᠠᠭᠠᠷᠳᠠᠯᠭ᠎ᠠ᠂ ᠦᠢᠯᠡᠴᠢᠯᠡᠭᠡᠨ ᠤ ᠶᠠᠪᠤᠴᠠ | ᠬᠢᠭᠡᠳ ᠱᠠᠭᠠᠷᠳᠠᠯᠭ᠎ᠠ ᠵᠡᠷᠭᠡ 4 ᠲᠠᠯ᠎ᠠ ᠶᠢ ᠲᠣᠳᠣᠷᠬᠠᠢ ᠵᠢᠷᠤᠮᠵᠢᠭᠤᠯᠵᠠᠢ᠃ ᠭᠡᠷ ᠪᠠ ᠨᠡᠶᠢᠭᠡᠮ ᠲᠣᠭᠤᠷᠢᠭ ᠲᠤ | ᠡᠮᠴᠢᠯᠡᠭᠡ ᠰᠤᠪᠢᠯᠠᠯᠲᠠ ᠶᠢ ᠤᠶᠠᠯᠳᠤᠭᠤᠯᠤᠨ ᠦᠢᠯᠡᠴᠢᠯᠡᠬᠦ ᠭᠡᠳᠡᠭ ᠪᠣᠯ ᠨᠥᠬᠦᠴᠡᠯ ᠲᠠᠢ ᠡᠮᠴᠢᠯᠡᠭᠡ ᠡᠷᠡᠭᠦᠯ | ᠬᠠᠮᠠᠭᠠᠯᠠᠯ ᠤᠨ ᠪᠠᠶᠢᠭᠤᠯᠤᠮᠵᠢ ᠣᠯᠠᠨ ᠵᠦᠢᠯ ᠤᠨ ᠠᠷᠭ᠎ᠠ ᠪᠠᠷ ᠭᠡᠷ ᠲᠤ ᠪᠠᠨ ᠪᠠ ᠨᠡᠶᠢᠭᠡᠮ ᠲᠣᠭᠤᠷᠢᠭ ᠲᠤ ᠪᠠᠨ | ᠠᠰᠠᠷᠠᠭᠤᠯᠵᠤ ᠪᠠᠶᠢᠭ᠎ᠠ ᠨᠠᠰᠤᠲᠠᠶᠢᠴᠤᠳ ᠲᠤ ᠴᠢᠬᠤᠯᠠ ᠪᠦᠬᠦᠢ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ | ᠬᠠᠩᠭᠠᠬᠤ ᠶᠢ ᠵᠢᠭᠠᠵᠤ ᠪᠣᠶ᠂ ᠲᠤᠰ ᠦᠢᠯᠡᠴᠢᠯᠡᠭᠡ ᠶᠢ ᠭᠡᠷ ᠪᠠ ᠨᠡᠶᠢᠭᠡᠮ ᠲᠣᠭᠤᠷᠢᠭ ᠲᠤ ᠡᠮᠴᠢᠯᠡᠭᠡ ᠰᠤᠪᠢᠯᠠᠯᠲᠠ ᠶᠢ | ᠤᠶᠠᠯᠳᠤᠭᠤᠯᠤᠨ ᠦᠢᠯᠡᠴᠢᠯᠡᠬᠦ ᠡᠯ᠎ᠡ ᠱᠠᠲᠤᠨ ᠤ ᠡᠯ᠎ᠡ ᠲᠦᠷᠦᠯ ᠤᠨ ᠡᠮᠴᠢᠯᠡᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠬᠡᠷᠡᠭᠵᠢᠭᠦᠯᠬᠦ ᠳᠤ ᠲᠣᠬᠢᠷᠠᠮᠵᠢᠲᠠᠢ᠂ ᠬᠤᠯᠪᠣᠭᠳᠠᠯ ᠪᠦᠬᠦᠢ ᠪᠠᠶᠢᠭᠤᠯᠤᠮᠵᠢ ᠶᠢᠨ ᠡᠮᠴᠢᠯᠡᠭᠡ ᠡᠷᠡᠭᠦᠯ | ᠬᠠᠮᠠᠭᠠᠯᠠᠯ ᠤᠨ ᠦᠢᠯᠡᠴᠢᠯᠡᠭᠡ ᠨᠢ ᠣᠲᠣ ᠶᠢᠨ ᠬᠡᠷᠡᠭᠵᠢᠭᠦᠯᠵᠦ ᠪᠠᠶᠢᠭ᠎ᠠ ᠡᠮᠴᠢᠯᠡᠭᠡ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠵᠢᠷᠤᠮᠵᠢᠯ᠂ ᠪᠠᠷᠢᠮᠵᠢᠶ᠎ᠠ ᠪᠠ ᠬᠠᠮᠢᠶᠠᠷᠤᠯᠲᠠ ᠶᠢᠨ ᠲᠣᠭᠲᠠᠭᠠᠯ ᠢ ᠬᠡᠷᠡᠭᠵᠢᠭᠦᠯᠪᠡᠯ ᠵᠣᠬᠢᠬᠤ ᠶᠢ | ᠶᠡᠷᠦᠩᠬᠡᠢ ᠳᠦᠷᠢᠮ ᠳᠤ ᠲᠣᠳᠣᠷᠬᠠᠶᠢᠯᠠᠵᠠᠢ᠃ ᠦᠨᠳᠦᠰᠦᠨ ᠱᠠᠭᠠᠷᠳᠠᠯᠭ᠎ᠠ ᠳᠤ ᠪᠠᠶᠢᠭᠤᠯᠤᠮᠵᠢ ᠶᠢᠨ ᠬᠢᠷᠢ ᠬᠡᠮ᠂ | ᠪᠡᠯᠡᠳᠬᠡᠮᠵᠢ ᠲᠥᠬᠦᠭᠡᠷᠦᠮᠵᠢ ᠪᠠ ᠦᠢᠯᠡᠴᠢᠯᠡᠬᠦ ᠠᠵᠢᠯᠲᠠᠨ ᠤ ᠬᠢᠷᠢ ᠬᠡᠮ ᠵᠡᠷᠭᠡ 2 ᠲᠠᠯ᠎ᠠ ᠶᠢᠨ ᠠᠭᠤᠯᠭ᠎ᠠ ᠳᠤ | ᠴᠢᠭᠯᠡᠭᠦᠯᠦᠭᠰᠡᠨ ᠲᠣᠳᠣᠷᠬᠠᠢ ᠲᠣᠭᠲᠠᠭᠠᠯ ᠭᠠᠷᠭᠠᠪᠠ᠃ ᠭᠡᠷ ᠪᠠ ᠨᠡᠶᠢᠭᠡᠮ ᠲᠣᠭᠤᠷᠢᠭ ᠲᠤ ᠡᠮᠴᠢᠯᠡᠭᠡ | ᠰᠤᠪᠢᠯᠠᠯᠲᠠ ᠶᠢ ᠤᠶᠠᠯᠳᠤᠭᠤᠯᠤᠨ ᠦᠢᠯᠡᠴᠢᠯᠡᠬᠦ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠢ ᠠᠵᠢᠯ | ᠡᠷᠭᠢᠯᠡᠬᠦ ᠵᠥᠪᠰᠢᠶᠡᠷᠡᠯ ᠢ ᠬᠠᠤᠯᠢ ᠶᠣᠰᠣᠭᠠᠷ ᠣᠯᠬᠤ ᠪᠤᠶᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ | ᠵᠠᠬᠢᠷᠭᠠᠨ ᠤ ᠰᠠᠯᠠᠭ᠎ᠠ ᠮᠥᠴᠢᠷ ︵ᠬᠢᠲᠠᠳ ᠡᠮ ᠡᠮᠨᠡᠯᠭᠡ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠠᠭᠲᠠᠨ᠎ᠠ | ︶ ᠲᠤ ᠳᠠᠩᠰᠠᠯᠠᠭᠤᠯᠵᠤ᠂ ᠡᠮᠨᠡᠯᠭᠡ ᠶᠢᠨ ᠠᠵᠢᠯᠲᠠᠨ ᠬᠠᠮᠢᠶ᠎ᠠ ᠪᠦᠬᠦᠢ ᠰᠠᠯᠠᠭ᠎ᠠ ᠮᠥᠴᠢᠷ ᠠᠴᠠ ᠣᠯᠭᠤᠭᠰᠠᠨ ᠠᠵᠢᠯ | ᠡᠷᠭᠢᠯᠡᠬᠦ ᠬᠢᠷᠢ ᠬᠡᠮ ᠤᠨ ᠦᠨᠡᠮᠯᠡᠯ ᠪᠤᠶᠤ ᠵᠣᠬᠢᠬᠤ ᠲᠤᠰᠬᠠᠢ ᠮᠡᠷᠭᠡᠵᠢᠯ ᠤᠨ ᠵᠡᠷᠭᠡ ᠴᠣᠯᠠ ᠪᠠᠶᠢᠬᠤ ᠬᠡᠷᠡᠭᠲᠡᠢ᠃ | ᠦᠢᠯᠡᠴᠢᠯᠡᠭᠡᠨ ᠤ ᠠᠭᠤᠯᠭ᠎ᠠ ᠪᠠ ᠱᠠᠭᠠᠷᠳᠠᠯᠭ᠎ᠠ ᠳᠤ ᠡᠷᠡᠭᠦᠯ ᠮᠡᠨᠳᠦ ᠶᠢᠨ ᠬᠥᠮᠦᠵᠢᠯ᠂ ᠡᠷᠡᠭᠦᠯ ᠮᠡᠨᠳᠦ ᠶᠢᠨ | ᠬᠠᠮᠢᠶᠠᠷᠤᠯᠲᠠ ᠶᠢᠨ ᠦᠢᠯᠡᠴᠢᠯᠡᠭᠡ᠂ ᠲᠣᠭᠤᠷᠢᠨ ᠡᠮᠴᠢᠯᠡᠬᠦ ᠦᠢᠯᠡᠴᠢᠯᠡᠭᠡ᠂ ᠭᠡᠷ ᠲᠤ ᠪᠠᠨ ᠰᠠᠭᠤᠵᠤ ᠡᠮᠴᠢᠯᠡᠭᠦᠯᠬᠦ | ᠡᠮᠴᠢᠯᠡᠬᠦ ᠦᠢᠯᠡᠴᠢᠯᠡᠭᠡ᠂ ᠭᠡᠷ ᠲᠤ ᠨᠢ ᠬᠦᠷᠴᠦ ᠡᠮᠴᠢᠯᠡᠬᠦ ᠦᠢᠯᠡᠴᠢᠯᠡᠭᠡ᠂ ᠬᠢᠲᠠᠳ ᠡᠮ ᠡᠮᠨᠡᠯᠭᠡ ᠶᠢᠨ | ᠦᠢᠯᠡᠴᠢᠯᠡᠭᠡ᠂ ᠰᠡᠳᠬᠢᠴᠡ ᠮᠡᠳᠡᠷᠡᠯ ᠤᠨ ᠦᠢᠯᠡᠴᠢᠯᠡᠭᠡ᠂ ᠰᠢᠯᠵᠢᠭᠦᠯᠦᠨ ᠡᠮᠴᠢᠯᠡᠬᠦ ᠦᠢᠯᠡᠴᠢᠯᠡᠭᠡ ᠵᠡᠷᠭᠡ 8 | ᠲᠥᠷᠥᠯ ᠤᠨ ᠦᠢᠯᠡᠴᠢᠯᠡᠭᠡᠨ ᠤ ᠪᠣᠳᠠᠲᠠᠢ ᠠᠭᠤᠯᠭ᠎ᠠ ᠶᠢ ᠲᠣᠳᠣᠷᠬᠠᠢ ᠲᠣᠭᠲᠠᠭᠠᠪᠠ᠃ ᠦᠢᠯᠡᠴᠢᠯᠡᠭᠡᠨ ᠤ ᠶᠠᠪᠤᠴᠠ | ᠬᠢᠭᠡᠳ ᠱᠠᠭᠠᠷᠳᠠᠯᠭ᠎ᠠ ᠳᠤ ᠭᠤᠶᠤᠴᠢᠯᠠᠬᠤ᠂ ᠦᠨᠡᠯᠡᠨ ᠵᠢᠱᠢᠬᠦ᠂ ᠪᠠᠶᠢᠳᠠᠯ ᠢ ᠮᠡᠳᠡᠵᠦ ᠵᠥᠪᠰᠢᠶᠡᠷᠡᠬᠦ᠂ ᠦᠢᠯᠡᠴᠢᠯᠡᠬᠦ᠂ | ᠲᠡᠮᠳᠡᠭᠯᠡᠬᠦ᠂ ᠳ᠋ᠦᠩᠨᠡᠨ ᠰᠠᠶᠢᠵᠢᠷᠠᠭᠤᠯᠬᠤ ᠵᠡᠷᠭᠡ 6 ᠭᠤᠭᠴᠤᠭ᠎ᠠ ᠶᠢ ᠲᠣᠳᠣᠷᠬᠠᠢ ᠳᠤᠷᠠᠳᠤᠭᠰᠠᠨ ᠮᠥᠷᠲᠡᠭᠡᠨ 9 | ᠵᠦᠢᠯ ᠤᠨ ᠱᠠᠭᠠᠷᠳᠠᠯᠭ᠎ᠠ ᠳᠤᠷᠠᠳᠴᠠᠢ᠃ |