ᠮᠠᠨ ᠤ ᠬᠤᠰᠢᠭᠤ ᠯᠢᠨᠳᠦ᠋ᠩ ᠣᠶ ᠰᠢᠭᠤᠶ ᠶᠢᠨ ᠲᠠᠯᠠᠪᠠᠶ ᠶᠢᠨ ᠵᠢᠮᠢᠰ ᠤᠨ ᠲᠠᠷᠢᠮᠠᠯ ᠵᠢᠴᠢ ᠨᠠᠷᠢᠯᠢᠭ ᠡᠳ᠋ᠰᠢᠭᠦᠯᠦᠯᠲᠡ ᠶᠢᠨ ︽ᠨᠢᠭᠡ ᠬᠤᠶᠠᠷ ᠭᠤᠷᠪᠠᠳᠤᠭᠠᠷ︾ ᠶᠢᠨ ᠠᠵᠤ ᠦᠢᠯᠡᠰ ᠤᠨ ᠦᠢᠯᠡᠳᠪᠦᠷᠢᠯᠡᠯ ᠤᠨ ᠠᠭᠤᠰᠤᠯᠴᠠᠯ ᠤᠨ ᠵᠢᠱᠢᠶ᠎ᠡ ᠦᠵᠡᠭᠦᠯᠬᠦ ᠲᠥᠷᠥᠯ  ᠵᠦᠢᠯ ᠤᠨ ᠭᠡᠷ᠎ᠡ ᠲᠣᠭᠲᠠᠬᠤ ᠬᠤᠷᠠᠯ ᠡᠷᠭᠢᠯᠡᠪᠡ
ᠨᠡᠶᠢᠲᠡᠯᠡᠭᠰᠡᠨ ᠴᠠᠭ᠄
2023/12/26
    12 ᠰᠠᠷ᠎ᠠ ᠶᠢᠨ 21 ᠤ ᠡᠳᠦᠷ᠂ ᠬᠤᠰᠢᠭᠤᠨ ᠤ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠮᠠ ᠱᠦ ᠶᠢᠤ ᠯᠢᠨᠳᠦ᠋ᠩ ᠤᠨ ᠤᠢ ᠰᠢᠭᠤᠶ ᠶᠢᠨ ᠲᠠᠯᠠᠪᠠᠢ ᠶᠢᠨ ᠵᠢᠮᠢᠰ ᠤᠨ ᠲᠠᠷᠢᠮᠠᠯ ᠵᠢᠴᠢ ᠨᠠᠷᠢᠯᠢᠭ ᠡᠳ᠋ᠰᠢᠭᠦᠯᠦᠯᠲᠡ ᠶᠢᠨ ︽ᠨᠢᠭᠡ ᠬᠤᠶᠠᠷ ᠭᠤᠷᠪᠠᠳᠤᠭᠠᠷ︾  ᠠᠵᠤ ᠦᠢᠯᠡᠰ ᠤᠨ ᠦᠢᠯᠡᠳᠪᠦᠷᠢᠯᠡᠯ ᠤᠨ ᠠᠭᠤᠰᠤᠯᠴᠠᠯ ᠤᠨ ᠵᠢᠱᠢᠶ᠎ᠡ ᠦᠵᠡᠭᠦᠯᠬᠦ ᠲᠦᠷᠦᠯ ᠵᠦᠢᠯ ᠤᠨ ᠭᠡᠷ᠎ᠡ ᠲᠣᠭᠲᠠᠬᠤ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠵᠣᠣ ᠬᠤᠩ ᠲᠦ᠋ ᠂ ᠥᠪᠥᠷ ᠮᠣᠩᠭᠤᠯ ᠤᠨ ᠡᠯᠡᠰᠦᠨ ᠴᠥᠯ ᠤᠨ ᠨᠣᠭᠤᠭᠠᠨ ᠪᠦᠷᠢᠳᠦ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠬᠢᠵᠠᠭᠠᠷᠲᠤ ᠺᠣᠮᠫᠠᠨᠢ ᠶᠢᠨ ᠶᠡᠷᠦᠩᠬᠡᠶ ᠳᠠᠭᠠᠭᠠᠮᠠᠯ ᠱᠢ ᠶᠦᠩ ᡁᠢ ᠬᠤᠷᠠᠯ ᠳᠤ ᠣᠷᠣᠯᠴᠠᠵᠤ᠂ ᠬᠤᠰᠢᠭᠤᠨ  ᠤ ᠡᠯ᠎ᠡ ᠬᠠᠮᠢᠶ᠎ᠠ ᠪᠥᠬᠦᠶ ᠨᠢᠭᠡᠴᠡ ᠶᠢᠨ ᠭᠤᠤᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ       ᠬᠤᠷᠠᠯ ᠳᠡᠭᠡᠷ᠎ᠡ᠂ ᠵᠤᠤ ᠬᠤᠩ ᠲᠦ᠋ ᠠᠴᠠ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ︽ ᠯᠢᠨᠳᠦ᠋ᠩ ᠤᠨ ᠤᠢ ᠰᠢᠭᠤᠢ ᠶᠢᠨ ᠲᠠᠯᠠᠪᠠᠢ ᠶᠢᠨ ᠵᠢᠮᠢᠰ ᠤᠨ ᠲᠠᠷᠢᠮᠠᠯ ᠵᠢᠴᠢ ᠨᠠᠷᠢᠯᠢᠭ ᠡᠳ᠋ᠰᠢᠭᠦᠯᠦᠯᠲᠡ ᠶᠢᠨ ︿ᠨᠢᠭᠡ ᠬᠤᠶᠠᠷ ᠭᠤᠷᠪᠠᠳᠣᠭᠠᠷ﹀  ᠠᠵᠤ ᠦᠢᠯᠡᠰ ᠤᠨ ᠦᠢᠯᠡᠳᠪᠦᠷᠢᠯᠡᠯ ᠤᠨ ᠠᠭᠤᠰᠤᠯᠴᠠᠯ ᠤᠨ  ᠵᠢᠱᠢᠶ᠎ᠡ‌ᠦᠵᠡᠭᠦᠯᠬᠦ ᠲᠦᠷᠦᠯ ᠵᠦᠢᠯ ᠤᠨ ᠪᠡᠯᠡ ᠣᠷᠣᠭᠤᠯᠤᠯᠲᠠ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ︾ ᠲᠤ ᠭᠠᠷ ᠤᠨ ᠦᠰᠦᠭ ᠵᠢᠷᠤᠵᠠᠢ᠃        ᠮᠠ ᠱᠦ ᠶᠢᠦ ᠠᠴᠠ ᠲᠤᠰ ᠤᠳᠠᠭ᠎ᠠ ᠶᠢᠨ ᠬᠠᠮᠲᠤᠷᠠᠯᠴᠠᠭ᠎ᠠ ᠲᠤᠬᠢᠷᠠᠯᠴᠠᠭᠰᠠᠠ ᠨᠢ ᠪᠠᠭᠠᠷᠢᠨ ᠵᠡᠭᠦᠨ ᠬᠤᠰᠢᠭᠤᠨ ᠤ ᠵᠢᠮᠢᠰ ᠤᠨ ᠠᠵᠤ ᠦᠢᠯᠡᠰ ᠤᠨ ᠬᠥᠭᠵᠢᠯᠲᠡ ᠳᠤ ᠨᠡᠩ ᠥᠷᠭᠡᠨ ᠰᠡᠳᠬᠢᠴᠡ ᠶᠢ ᠡᠭᠦᠳᠴᠦ᠂ ᠨᠡᠩ ᠪᠦᠲᠦᠮᠵᠢᠲᠡᠢ ᠵᠠᠭᠪᠤᠷ ᠢ ᠪᠤᠢ ᠪᠣᠯᠭᠠᠬᠤ ᠪᠣᠯᠤᠨ᠎ᠠ᠃ ᠬᠤᠶᠠᠷ ᠲᠠᠯ᠎ᠠ ᠪᠠᠷ ᠢᠶᠠᠨ ᠦᠨᠡᠨᠴᠢ ᠢᠲᠡᠭᠡᠮᠵᠢᠲᠡᠢ ᠪᠠᠷ ᠭᠡᠷ᠎ᠡ ᠪᠠᠨ ᠭᠦᠢᠴᠡᠳᠬᠡᠵᠦ᠂ ᠦᠨᠡᠨᠴᠢ ᠪᠠᠷ ᠬᠠᠮᠲᠤᠷᠠᠯᠴᠠᠵᠤ᠂ ᠲᠦᠷᠦᠯ ᠵᠦᠢᠯ ᠢ ᠲᠦᠷᠭᠡᠨ ᠨᠠᠶᠢᠳᠠᠪᠤᠷᠢᠵᠢᠭᠤᠯᠵᠤ ᠪᠦᠳᠦᠬᠡᠨ ᠪᠠᠶᠢᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠡ ᠨᠦᠭᠦᠳ ᠰᠠᠨᠠᠭᠠᠴᠢᠯᠠᠭ᠎ᠠ ᠠᠴᠠ ᠪᠠᠨ ᠬᠦᠷᠴᠦ᠂ ︽ᠤᠰᠤ ᠴᠠᠬᠢᠯᠭᠠᠨ ᠵᠠᠮ ᠤᠨ ᠬᠤᠭᠤᠯᠠᠢ ᠶᠢᠨ ᠲᠣᠣᠷ︾ ᠵᠡᠷᠭᠡ ᠡᠯᠧᠮᠧᠨ᠋ᠲ ᠤᠨ ᠪᠠᠲᠤᠯᠠᠭ᠎ᠠ ᠶᠢ ᠰᠠᠶᠢᠲᠤᠷ ᠬᠢᠵᠦ᠂ ᠬᠠᠮᠤᠭ ᠤᠨ ᠳᠠᠪᠠᠭᠤᠯᠢᠭ ᠡᠵᠡᠩᠨᠡᠯᠲᠡ ᠶᠢᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ᠃ ᠬᠤᠰᠢᠭᠤᠨ  ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠠᠯᠠ ᠣᠷᠣᠭᠤᠯᠤᠭᠰᠠᠨ ᠠᠵᠤ ᠠᠬᠤᠶᠢᠯᠠᠯ ᠤᠨ ᠡᠷᠬᠡ ᠠᠰᠢᠭ ᠢ ᠪᠥᠬᠦ ᠬᠦᠴᠦᠨ ᠢᠶᠠᠷ ᠢᠶᠠᠨ ᠪᠠᠲᠤᠯᠠᠵᠤ᠂ ᠠᠵᠤ ᠠᠬᠤᠶᠢᠯᠠᠯ ᠤᠨ ᠬᠥᠭᠵᠢᠯᠲᠡ ᠳᠤ ᠬᠦᠴᠦᠨ ᠨᠡᠮᠡᠷᠢᠯᠡᠵᠦ᠂ ᠲᠥᠷᠥᠯ  ᠵᠦᠢᠯ ᠤᠨ ᠲᠣᠬᠢᠷᠠᠭᠤᠯᠤᠯᠲᠠ ᠳᠤ ︽ᠲᠤᠰᠬᠠᠶ ᠬᠠᠮᠢᠶᠠᠷᠤᠭᠴᠢ︾᠂ ᠪᠥᠬᠦ ᠶᠠᠪᠤᠴᠠ ᠶᠢᠨ ᠳᠠᠭᠠᠯᠲᠠ ᠮᠠᠶ᠋ᠢᠭ ᠤᠨ ᠦᠢᠯᠡᠴᠢᠯᠡᠭᠡ ᠬᠠᠩᠭᠠᠵᠤ᠂ ᠠᠵᠢᠯ ᠶᠠᠪᠤᠳᠠᠯ  ᠭᠦᠢᠴᠡᠳᠬᠡᠬᠦ ᠶᠠᠪᠤᠴᠠ ᠶᠢ ᠪᠥᠬᠦ ᠲᠠᠯ᠎ᠠ ᠪᠠᠷ ᠰᠢᠯᠢᠳᠡᠭᠵᠢᠭᠦᠯᠦᠨ᠂ ᠠᠵᠤ ᠠᠬᠤᠶᠢᠯᠠᠯ ᠤᠨ ᠬᠥᠭᠵᠢᠯᠲᠡ ᠳᠤ ᠬᠠᠮᠤᠭ ᠤᠨ ᠰᠠᠶᠢᠨ ᠣᠷᠴᠢᠨ ᠲᠣᠭᠤᠷᠢᠨ ᠢ ᠬᠠᠩᠭᠠᠬᠤ ᠬᠡᠷᠡᠭᠳᠡᠢ᠃ ᠠᠵᠤ ᠠᠬᠤᠶᠢᠯᠠᠯ ᠤᠳ ᠥᠪᠡᠷ ᠤᠨ ᠳᠠᠪᠠᠭᠤᠯᠢᠭ ᠢᠶᠠᠨ ᠠᠰᠢᠭᠯᠠᠨ᠂ ᠵᠡᠭᠦᠨ ᠬᠤᠰᠢᠭᠤᠨ ᠤ ᠡᠬᠢ ᠪᠠᠶᠠᠯᠢᠭ ᠤᠨ ᠳᠠᠪᠠᠭᠤᠯᠢᠭ᠂ ᠠᠵᠤ ᠦᠢᠯᠡᠰ ᠤᠨ ᠳᠠᠪᠠᠭᠤᠯᠢᠭ᠂ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠵᠡᠷᠭᠡ ᠶᠢ ᠭᠠᠳᠠᠭᠰᠢ ᠢᠳᠡᠪᠬᠢᠲᠡᠶ ᠤᠬᠠᠭᠤᠯᠤᠨ ᠲᠠᠨᠢᠯᠴᠠᠭᠤᠯᠵᠤ᠂ ᠮᠠᠨ ᠤ ᠬᠤᠰᠢᠭᠤᠨ ᠤ ᠠᠯᠳᠠᠷ ᠨᠡᠷ᠎ᠡ ᠪᠠ ᠨᠥᠯᠥᠭᠡᠯᠡᠬᠦ ᠬᠦᠴᠦᠨ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ ᠭᠡᠵᠦ ᠵᠢᠭᠠᠵᠤ ᠭᠠᠷᠭᠠᠪᠠ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号