ᠰᠠᠨ ᠱᠠᠨ ᠰᠢᠶᠠᠩ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2023/12/26
    ︽ᠪᠠᠭᠠᠷᠢᠨ ᠵᠡᠭᠦᠨ ᠬᠤᠰᠢᠭᠤᠨ ᠤ ᠵᠢᠯ ᠤᠨ ᠡᠴᠦᠰ ᠵᠢᠯ ᠤᠨ ᠡᠬᠢᠨ ᠤ ᠠᠶᠤᠯᠭᠦᠶ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠡᠭᠡ ᠴᠡᠭᠴᠡᠯᠡᠯᠲᠡ ᠶᠢᠨ ᠠᠵᠢᠯᠯᠠᠭ᠎ᠠ ᠶᠢᠨ ᠲᠥᠰᠦᠯ︾ ᠪᠠ ᠪᠥᠬᠦ ᠬᠤᠰᠢᠭᠤᠨ ᠤ ᠳᠥᠷᠪᠡᠳᠦᠭᠡᠷ ᠤᠯᠠᠷᠢᠯ ᠤᠨ ᠠᠶᠤᠯᠭᠦᠶ ᠦᠢᠯᠡᠳᠪᠦᠷᠢᠯᠡᠯ ᠤᠨ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠲᠥᠯᠥᠭᠡ᠂ 12 ᠰᠠᠷ᠎ᠠ ᠶᠢᠨ 22 ᠤᠨ ᠡᠳᠦᠷ᠂ ᠰᠠᠨ ᠱᠠᠨ ᠰᠢᠶᠠᠩ ᠤᠨ ᠬᠢᠨ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠰᠢᠶᠠᠩ ᠤᠨ ᠭᠤᠣᠯ ᠤᠳᠤᠷᠢᠳᠤᠯᠭ᠎ᠠ ᠳᠠᠭᠠᠭᠤᠯᠵᠤ᠂ ᠡᠯ᠎ᠡ ᠳᠠᠭᠠᠭᠠᠴᠢᠯᠠᠨ ᠬᠤᠯᠪᠣᠭᠠᠯᠠᠭᠰᠠᠨ ᠤᠳᠤᠷᠢᠳᠤᠯᠭ᠎ᠠ᠂ ᠬᠠᠮᠢᠶ᠎ᠠ ᠪᠦᠬᠦᠢ ᠦᠷᠳᠡᠭᠡ ᠠᠯᠪᠠᠨ ᠭᠡᠷ ᠤᠨ ᠬᠠᠷᠢᠭᠤᠴᠠᠯᠭᠠᠲᠠᠨ᠂ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ ᠨᠡᠷ ᠢᠶᠠᠷ ᠪᠦᠷᠢᠯᠳᠦᠭᠰᠡᠨ ᠲᠤᠰᠬᠠᠢ ᠠᠩᠬᠢ ᠪᠠᠶᠢᠭᠤᠯᠵᠤ᠂ ᠪᠦᠬᠦ ᠰᠢᠶᠠᠩ ᠤᠨ ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ᠂ ᠠᠶᠤᠯᠲᠠᠢ ᠬᠢᠮᠢ ᠶᠢᠨ ᠪᠣᠳᠠᠰ᠂  ᠪᠠᠷᠢᠯᠭ᠎ᠠ ᠶᠢᠨ ᠠᠵᠢᠯ ᠤᠨ ᠭᠠᠵᠠᠷ᠂ ᠰᠤᠷᠭᠠᠭᠤᠯᠢ᠂ ᠬᠤᠭᠤᠯᠠᠨ ᠭᠡᠷ᠂ ᠬᠡᠳᠦ ᠳᠡᠯᠭᠡᠭᠦᠷ ᠵᠡᠷᠭᠡ ᠭᠤᠣᠯᠳᠠᠯᠭ᠎ᠠ ᠲᠠᠢ  ᠬᠦᠷᠢᠶ᠎ᠡ᠂ ᠭᠤᠣᠯᠳᠠᠯᠭ᠎ᠠ ᠲᠠᠢ ᠠᠵᠢᠯ ᠲᠦᠷᠦᠯ᠂ ᠭᠤᠣᠯᠳᠠᠯᠭ᠎ᠠ ᠲᠠᠢ ᠲᠠᠯᠠᠪᠤᠷ ᠲᠤ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠥᠷᠨᠢᠭᠦᠯᠵᠡᠢ᠃      ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠪᠦᠦ ᠴᠧᠩ ᠭᠤᠯᠢᠷ ᠪᠣᠯᠪᠠᠰᠤᠷᠠᠭᠤᠯᠬᠤ ᠦᠢᠯᠡᠳᠪᠦᠷᠢ᠂ ᠬᠦᠷᠢᠶᠡᠯᠡᠩ ᠲᠣᠭᠤᠷᠢᠭ ᠤᠨ ᠪᠠᠷᠢᠯᠭ᠎ᠠ ᠶᠢᠨ ᠠᠵᠢᠯ ᠤᠨ ᠲᠤᠬᠠᠶ ᠶᠢᠨ ᠭᠠᠵᠠᠷ᠂ ᠵᠣᠴᠢᠳ ᠤᠨ ᠪᠠᠭᠤᠳᠠᠯ ᠵᠡᠷᠭᠡ ᠬᠥᠮᠦᠨ ᠣᠯᠠᠨ ᠴᠤᠭᠯᠠᠷᠠᠳᠠᠭ ᠭᠠᠵᠠᠷ ᠲᠤ ᠭᠦᠨᠵᠡᠭᠡᠶᠢᠷᠡᠵᠦ᠂ ᠮᠠᠲ᠋ᠧᠷᠢᠶᠠᠯ ᠪᠠᠶᠢᠴᠠᠭᠠᠨ ᠦᠵᠡᠬᠦ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠯᠠᠪᠯᠠᠨ ᠠᠰᠠᠭᠤᠵᠤ ᠰᠠᠨᠠᠯ ᠢᠶᠠᠨ ᠰᠣᠯᠢᠯᠴᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠡᠯ᠎ᠡ ᠠᠵᠤ ᠠᠬᠤᠶᠢᠯᠠᠯ ᠤᠨ ᠨᠢᠭᠡᠴᠡ ᠶᠢᠨ ︽ᠬᠤᠣᠰ ᠪᠠᠶᠠᠷ︾ ᠤᠨ ᠬᠤᠭᠤᠴᠠᠭᠠᠨ ᠳᠠᠬᠢ ᠠᠶᠤᠯᠬᠦᠢ ᠦᠢᠯᠡᠳᠪᠦᠷᠢᠯᠡᠯ ᠤᠨ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ᠂ ᠳᠠᠯᠳᠠ ᠭᠡᠮ ᠢ ᠪᠠᠶᠢᠴᠠᠭᠠᠨ ᠵᠠᠰᠠᠭᠰᠠᠨ ᠪᠠ ᠵᠢᠵᠢᠭᠦᠷᠯᠡᠨ ᠰᠠᠬᠢᠵᠤ ᠪᠠᠶᠢᠭᠰᠠᠨ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠡᠯ᠎ᠡ ᠠᠵᠤ ᠠᠬᠤᠶᠢᠯᠠᠯ ᠤᠨ ᠨᠢᠭᠡᠴᠡ ᠶᠢᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠡᠰᠡᠬᠦ᠂ ᠳᠦᠷᠢᠮ ᠳᠣᠬᠳᠠᠭᠠᠯ ᠤᠨ ᠪᠦᠷᠢᠨ ᠭᠦᠢᠴᠡᠳ ᠡᠰᠡᠬᠦ᠂ ᠭᠠᠯ ᠤᠨᠲᠠᠷᠠᠭᠠᠬᠤ ᠪᠠᠭᠠᠵᠢ ᠬᠡᠷᠡᠭᠰᠡᠯ ᠤᠨ ᠲᠣᠬᠢᠷᠠᠭᠤᠯᠤᠯᠲᠠ ᠶᠢᠨ ᠪᠦᠷᠢᠨ ᠭᠦᠢᠴᠡᠳ ᠡᠰᠡᠬᠦ ᠵᠡᠷᠭᠡ ᠪᠠᠶᠢᠳᠠᠯ ᠢ ᠵᠢᠭᠰᠠᠭᠠᠨ ᠪᠠᠶᠢᠴᠠᠭᠠᠵᠤ᠂ ᠢᠳᠡᠭᠡᠨ ᠤ ᠠᠮᠤᠷ ᠲᠦᠪᠰᠢᠨ᠂ ᠭᠠᠯ ᠤᠨᠲᠠᠷᠠᠭᠠᠬᠤ ᠠᠮᠤᠷ ᠲᠦᠪᠰᠢᠨ ᠤ ᠲᠤᠬᠠᠢ ᠭᠤᠣᠯᠳᠠᠯᠭ᠎ᠠ ᠲᠠᠢ ᠪᠠᠶᠢᠴᠠᠭᠠᠯᠲᠠ ᠬᠢᠵᠦ᠂ ᠢᠯᠡᠷᠡᠭᠦᠯᠦᠭᠰᠡᠨ ᠠᠰᠠᠭᠤᠳᠠᠯ ᠤᠨ ᠭᠡᠮ ᠰᠣᠭᠤᠭ ᠲᠤ ᠲᠤᠬᠠᠢ ᠶᠢᠨ ᠲᠠᠯᠠᠪᠠᠢ ᠳᠤ ᠴᠡᠭᠴᠡᠯᠡᠨ ᠰᠠᠶᠢᠵᠢᠷᠠᠭᠤᠯᠬᠤ ᠰᠠᠨᠠᠯ ᠳᠤᠷᠠᠳᠬᠤ ᠶᠢᠨ ᠬᠠᠮᠲᠤ ᠱᠠᠯᠠᠪᠳᠠᠭᠤᠯᠤᠨ ᠳᠠᠷᠦ᠋ᠢᠬᠠᠨ ᠴᠡᠭᠴᠡᠯᠡᠨ ᠰᠠᠶᠢᠵᠢᠷᠠᠭᠤᠯᠬᠤ ᠶᠢ ᠱᠠᠭᠠᠷᠳᠠᠬᠤ ᠶᠢᠨ ᠬᠠᠮᠲᠤ ᠡᠯ᠎ᠡ ᠠᠵᠤ ᠠᠬᠤᠶᠢᠯᠠᠯ ᠨᠢᠭᠡᠴᠡ ᠶᠢᠨ ᠬᠠᠷᠢᠭᠤᠴᠠᠯᠭᠠᠲᠠᠨ ᠢ ᠠᠮᠤᠷ ᠲᠦᠪᠰᠢᠨ ᠤ ᠤᠬᠠᠮᠰᠠᠷ ᠢᠶᠠᠨ ᠴᠢᠨᠠᠭᠰᠢᠳᠠ ᠳᠡᠭᠡᠭᠰᠢᠯᠡᠭᠦᠯᠵᠦ᠂ ᠠᠮᠤᠷ ᠲᠦᠪᠰᠢᠨ ᠤ ᠡᠨᠡᠬᠦ ᠬᠥᠪᠴᠢ ᠪᠠᠨ ᠴᠠᠭ ᠢᠮᠠᠭᠲᠠ ᠴᠢᠩᠭᠠᠷᠠᠭᠤᠯᠵᠤ᠂ ᠥᠪᠡᠷ ᠢᠶᠠᠨ ᠪᠠᠶᠢᠴᠠᠭᠠᠵᠤ ᠥᠪᠡᠷ ᠢᠶᠠᠨ ᠵᠠᠯᠠᠷᠠᠭᠤᠯᠬᠤ ᠶᠢ ᠢᠳᠡᠪᠬᠢᠲᠡᠢ ᠥᠷᠨᠢᠭᠦᠯᠵᠦ᠂ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠬᠤ ᠶᠢ ᠰᠡᠷᠭᠡᠶᠢᠯᠡᠬᠦ ᠬᠡᠷᠡᠭᠲᠡᠢ ᠭᠡᠵᠦ ᠱᠠᠭᠠᠷᠳᠠᠵᠠᠢ᠃ ᠨᠢᠭᠡᠨᠳᠡ 3 ᠠᠮᠤᠷ ᠲᠦᠪᠰᠢᠨ ᠤ ᠬᠡᠮ ᠰᠣᠭᠤᠭ ᠢ ᠢᠯᠡᠷᠡᠭᠦᠯᠵᠦ᠂ ᠨᠢᠭᠡᠨᠲᠡ ᠠᠵᠤ ᠠᠬᠤᠶᠢᠯᠠᠯ ᠢ ᠵᠠᠷᠯᠢᠭᠳᠠᠵᠤ ᠪᠠᠶᠢᠭᠠᠳ ᠲᠣᠭᠲᠠᠭᠰᠠᠨ ᠬᠤᠭᠤᠴᠠᠭᠠᠨ ᠳᠤ ᠴᠡᠭᠴᠡᠯᠡᠨ ᠥᠭᠡᠷᠡᠴᠢᠯᠡᠭᠦᠯᠪᠡ᠃      ᠳᠠᠷᠠᠭᠠᠴᠢ ᠶᠢᠨ ᠠᠯᠬᠤᠮ ᠳᠤ᠂ ᠰᠠᠨ ᠱᠠᠨ ᠰᠢᠶᠠᠩ ᠤᠨ ᠬᠢᠨ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠶᠢ ᠦᠷᠭᠦᠯᠵᠢᠯᠡᠨ ᠥᠷᠨᠢᠭᠦᠯᠵᠦ᠂ ᠶᠢᠰᠦᠨ ᠶᠡᠭᠡ  ᠬᠦᠷᠢᠶ᠎ᠡ ᠶᠢ ᠪᠦᠬᠦᠨ ᠢ ᠪᠦᠷᠬᠦᠬᠦᠯᠦᠭᠰᠡᠨ᠂ ᠥᠨᠴᠥᠭ ᠪᠤᠯᠤᠩ ᠦᠯᠡᠳᠡᠭᠡᠯ ᠦᠭᠡᠢ ᠠᠮᠤᠷ ᠲᠦᠪᠰᠢᠨ ᠤ ᠬᠡᠮ ᠰᠣᠭᠤᠭ ᠢ ᠪᠠᠶᠢᠴᠠᠭᠠᠵᠤ᠂ ︽ᠬᠤᠣᠰ ᠪᠠᠶᠠᠷ︾ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠤᠯᠠᠮ ᠪᠠᠬᠢᠵᠢᠬᠦᠯᠦᠨ᠎ᠡ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号