ᠪᠠᠭᠠᠷᠢᠨ ᠵᠡᠭᠦᠨ ᠬᠤᠰᠢᠭᠤ ᠤᠳᠤᠷᠢᠳᠬᠤ ᠺᠠᠳᠠᠷᠴᠣᠳ ᠲᠤ ᠰᠡᠷᠡᠮᠵᠢ ᠶᠢᠨ ᠬᠥᠮᠦᠵᠢᠯ ᠤᠨ ᠶᠡᠭᠡ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/12/26
   12 ᠰᠠᠷ᠎ᠠ ᠶᠢᠨ 21 ᠤ ᠡᠳᠦᠷ᠂ ᠮᠠᠨ ᠤ ᠬᠤᠰᠢᠭᠤᠨ ᠤ ᠤᠳᠤᠷᠢᠳᠬᠤ ᠺᠠᠳ᠋ᠷᠴᠤᠳ ᠲᠤ ᠰᠡᠷᠡᠮᠵᠢ ᠶᠢᠨ ᠬᠥᠮᠦᠵᠢᠯ ᠤᠨ ᠶᠡᠭᠡ ᠬᠤᠷᠠᠯ ᠬᠤᠷᠠᠯᠳᠤᠭᠤᠯᠵᠤ᠂ ︽ᠡᠪᠡᠳᠴᠢᠨ ᠢ ᠶᠡᠷᠦᠩᠬᠡᠶᠢᠯᠡᠨ ᠵᠠᠰᠠᠵᠤ᠂ ᠬᠦᠨᠳᠦ ᠠᠷᠭ᠎ᠠ ᠪᠠᠷᠢᠯ ᠢᠶᠠᠷ ᠢᠯᠵᠠᠷᠠᠯ ᠢ ᠵᠠᠯᠬᠠᠭᠠᠵᠤ ᠬᠥᠭᠵᠢᠯᠲᠡ ᠶᠢ ᠠᠬᠢᠭᠤᠯᠬᠤ︾  ᠰᠡᠷᠡᠮᠵᠢᠯᠡᠯ ᠬᠥᠮᠦᠵᠢᠯ ᠤᠨ ᠹᠢᠯᠢᠮ ᠢ ᠲᠥᠪᠯᠡᠷᠡᠭᠦᠯᠦᠨ ᠦᠵᠡᠵᠦ᠂ ᠬᠠᠮᠢᠶ᠎ᠠ ᠪᠥᠬᠦᠶ ᠨᠡᠶᠢᠲᠡᠯᠢᠭ ᠬᠡᠷᠡᠭ ᠤᠨ ᠵᠢᠱᠢᠶ᠎ᠡ ᠪᠠ ᠬᠢᠨᠠᠯᠲᠠ ᠲᠠᠯᠪᠢᠬᠤ ᠰᠠᠬᠢᠯᠭ᠎ᠠ ᠪᠠᠲᠤ ᠬᠠᠤᠯᠢ ᠬᠡᠷᠡᠭᠵᠢᠭᠦᠯᠦᠯᠲᠡ ᠶᠢᠨ ᠪᠠᠶᠢᠳᠠᠯ ᠢ ᠵᠠᠷᠯᠠᠨ ᠮᠡᠳᠡᠭᠳᠡᠵᠦ᠂ ᠪᠥᠬᠦ ᠬᠤᠰᠢᠭᠤᠨ ᠤ ᠨᠠᠮ ᠤᠨ ᠭᠡᠰᠢᠭᠦᠨ ᠺᠠᠳ᠋ᠷᠴᠤᠳ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠬᠡᠷᠡᠭ ᠢᠶᠠᠷ ᠲᠣᠯᠢ ᠪᠣᠯᠭᠠᠵᠤ᠂ ᠬᠡᠷᠡᠭ ᠢᠶᠠᠷ ᠰᠡᠷᠡᠮᠵᠢ ᠶᠢᠨ ᠳᠣᠬᠢᠶ᠎ᠠ ᠥᠭᠴᠦ᠂ ᠰᠤᠷᠲᠠᠯ ᠴᠢᠬᠡᠴᠢ ᠣᠪᠣᠷ ᠲᠥᠪ ᠤᠯᠤᠰ ᠲᠥᠷᠥ ᠶᠢᠨ ᠠᠮᠢ ᠠᠬᠤᠶ ᠶᠢ ᠦᠷᠭᠦᠯᠵᠢᠯᠡᠨ ᠪᠠᠬᠢᠵᠢᠭᠦᠯᠪᠡ᠃      ᠬᠤᠰᠢᠭᠤᠨ ᠤ ᠨᠠᠮ ᠤᠨ ᠬᠤᠷᠢᠶᠠᠨ ᠤ ᠱᠦᠵᠢ ᠷᠧᠨ ᠰᠢ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠴᠢᠨ ᠬᠤᠸᠠᠢ ᠳ᠋ᠦᠩ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠮᠠ ᠱᠦ ᠶᠢᠤ ᠵᠡᠷᠭᠡ ᠭᠠᠵᠠᠷ ᠤᠨ ᠲᠠᠰ ᠤᠨ ᠤᠳᠤᠷᠢᠳᠤᠯᠭ᠎ᠠ ᠬᠤᠷᠠᠯ ᠳᠤ ᠣᠷᠣᠯᠴᠠᠵᠠᠶ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠳᠦᠷᠤ ᠬᠠᠤᠯᠢ ᠴᠠᠭᠠᠵᠠ ᠶᠢᠨ ᠬᠤᠷᠢᠶᠠᠨ ᠤ ᠱᠦᠵᠢ ᠰᠦᠨ ᠶᠠᠨ ᠵᠢᠶᠤ ᠬᠤᠷᠠᠯ ᠡᠷᠭᠢᠯᠠᠵᠠᠢ᠃      ᠷᠧᠨ ᠰᠢ ᠴᠢᠬᠤᠯᠠᠴᠢᠯᠠᠭᠰᠠᠨ ᠨᠢ᠂ ᠪᠥᠬᠦ ᠬᠤᠰᠢᠭᠤᠨ ᠤ ᠨᠠᠮ ᠤᠨ ᠭᠡᠰᠢᠭᠦᠨ ᠺᠠᠳ᠋ᠷᠴᠤᠳ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠠᠶᠢᠳᠠᠯ ᠢ ᠣᠨᠣᠪᠴᠢᠲᠠᠶ ᠡᠵᠡᠮᠳᠡᠵᠦ᠂ ᠢᠮᠠᠭᠲᠠ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠬᠥᠪᠴᠢ ᠶᠢ ᠴᠢᠩᠭᠠᠯᠠᠵᠤ᠂ ᠡᠷᠡᠰ ᠭᠤᠶᠢᠪᠢᠰᠢ ᠥᠬᠡᠶ ᠪᠠᠷ ᠰᠤᠷᠲᠠᠯ ᠢ ᠲᠥᠪ ᠪᠣᠯᠭᠠᠵᠤ᠂ ᠰᠠᠬᠢᠯᠭ᠎ᠠ ᠪᠠᠲᠤ ᠶᠢ ᠴᠢᠩᠳᠠᠯᠠᠵᠤ᠂ ᠢᠯᠵᠠᠷᠠᠯ ᠢ ᠡᠰᠡᠷᠭᠦᠴᠡᠵᠦ᠂ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ᠭᠦᠨᠵᠡᠭᠡᠶᠢᠷᠡᠨ ᠬᠥᠭᠵᠢᠬᠦ ᠶᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠶ᠃ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠰᠢᠨᠲᠠᠷᠠᠰᠢ ᠥᠬᠡᠶ ᠪᠠᠲᠤ ᠪᠠᠬᠢ ᠪᠠᠶᠢᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ᠂ ᠨᠠᠮ ᠤᠨ ᠲᠥᠪ ᠬᠤᠷᠢᠶ᠎ᠠ ᠶᠢᠨ ᠡᠷᠬᠡ ᠰᠦᠷ ᠢ ᠬᠠᠮᠠᠭᠠᠯᠠᠬᠤ ᠪᠠ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠴᠠᠭ ᠢᠮᠠᠭᠲᠠ᠂ ᠶᠠᠪᠤᠳᠠᠯ ᠪᠦᠬᠦᠨ ᠭᠠᠵᠠᠷ ᠪᠣᠯᠭᠠᠨ ᠳᠤ ᠲᠤᠤᠱᠯᠠᠭᠤᠯᠤᠨ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ᠂ ︽ᠤᠯᠠᠭᠠᠨᠬᠠᠳᠠ ᠶᠢᠨ ᠵᠢᠷᠭᠤᠭ᠎ᠠ︾ ᠶᠢ ᠪᠥᠲᠥᠭᠡᠨ ᠪᠠᠶᠢᠭᠤᠯᠬᠤ ᠵᠢᠴᠢ ᠬᠤᠰᠢᠭᠤᠨ ᠤ ᠨᠠᠮ ᠤᠨ ᠬᠤᠷᠢᠶ᠎ᠠ ᠶᠢᠨ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠤ ᠰᠠᠭᠤᠷᠢᠯᠠᠵᠤ᠂ ᠳᠡᠭᠡᠳᠦ ᠱᠠᠲᠤᠨ ᠤ ᠬᠢᠨ ᠪᠠᠶᠢᠷᠢᠯᠠᠭᠤᠯᠤᠯᠲᠠ ᠲᠠᠢ᠂ ᠵᠡᠭᠦᠨ ᠬᠤᠰᠢᠭᠤᠨ ᠤ ᠬᠢᠨ ᠠᠵᠢᠯᠯᠠᠭ᠎ᠠ ᠲᠠᠢ᠂ ᠲᠣᠭᠲᠠᠭᠰᠠᠨ ᠬᠤᠭᠤᠴᠠᠭ᠎ᠠ ᠲᠠᠢ ᠪᠠᠷ ᠦᠷ᠎ᠡ ᠳ᠋ᠦᠩ ᠢᠶᠠᠨ ᠮᠡᠳᠡᠭᠦᠯᠬᠦ ᠶᠢ ᠪᠡᠶᠡᠯᠡᠭᠦᠯᠬᠦ ᠬᠡᠷᠡᠭᠲᠡᠶ᠃ ᠵᠥᠪ ᠡᠷᠬᠡ ᠶᠢᠨ ᠦᠵᠡᠯᠲᠡ ᠶᠢ ᠪᠠᠲᠤ ᠪᠠᠬᠢ ᠪᠤᠢ ᠪᠣᠯᠭᠠᠵᠤ᠂ ᠰᠠᠨᠠᠭᠠᠴᠢᠯᠠᠭ᠎ᠠ ᠠᠴᠠ ᠪᠠᠨ ᠨᠢᠭᠡᠳᠦᠭᠡᠷ ᠹᠷᠣᠨᠲ ᠲᠤ ᠪᠠᠭᠤᠵᠤ ᠤᠯᠠᠨ ᠲᠦᠮᠡᠨ ᠤ ︽ᠪᠠᠴᠢᠮ᠂ ᠬᠦᠴᠢᠷ᠂ ᠵᠣᠪᠠᠨᠢᠯ︾ ᠤᠨ ᠠᠰᠠᠭᠤᠳᠠᠯ ᠢ ᠰᠢᠢᠳᠪᠦᠷᠢᠯᠡᠵᠦ᠂ ᠬᠠᠤᠯᠢ ᠪᠠᠷ ᠲᠣᠭᠲᠠᠭᠠᠭᠰᠠᠨ ᠡᠷᠬᠡ ᠶᠢᠨ  ᠬᠡᠪᠴᠢᠶ᠎ᠡ ᠪᠠ ᠲᠡᠰ ᠳᠠᠷᠠᠭᠠᠯᠠᠯ ᠢ ᠴᠢᠩᠭ᠎ᠠ ᠵᠢᠷᠤᠮᠯᠠᠨ ᠡᠷᠬᠡ ᠪᠠᠨ ᠬᠡᠷᠡᠭᠵᠢᠭᠦᠯᠵᠦ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠤᠬᠠᠮᠰᠠᠷ ᠠᠴᠠ ᠪᠠᠨ ᠲᠥᠪ ᠭᠤᠣᠯᠴᠢ ᠠᠷᠢᠭᠤᠨ ᠴᠢᠬᠡᠴᠢ ᠬᠠᠷᠢᠴᠠᠭ᠎ᠠ ᠶᠢ ᠪᠠᠲᠤᠯᠠᠵᠤ᠂ ᠨᠡᠩ ᠴᠢᠩᠭ᠎ᠠ ᠲᠣᠳᠣᠷᠬᠠᠢ ᠰᠠᠬᠢᠯᠭ᠎ᠠ ᠪᠠᠲᠤ ᠪᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ︽ᠵᠢᠷᠤᠮᠵᠢᠭᠤᠯᠬᠤ᠂ ᠴᠣᠮᠬᠠᠳᠬᠠᠬᠤ᠂ ᠬᠤᠷᠳᠤᠴᠠ ᠪᠠᠨ ᠲᠦᠷᠭᠡᠳᠬᠡᠬᠦ︾ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠣᠶᠤᠨ ᠴᠢᠳᠠᠯ ᠢᠶᠠᠨ ᠲᠥᠪᠯᠡᠷᠡᠭᠦᠯᠦᠨ ᠬᠡᠯᠪᠡᠷᠢ ᠶᠢᠨ ᠦᠵᠡᠯ᠂ ᠨᠣᠶᠠᠨᠴᠢ ᠰᠤᠷᠲᠠᠯ ᠢ ᠴᠡᠭᠴᠡᠯᠡᠨ ᠵᠠᠰᠠᠵᠤ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠤᠨ ᠵᠠᠷᠯᠢᠭ ᠶᠣᠰᠣᠭᠠᠷ ᠬᠥᠳᠡᠯᠦᠨ᠂ ᠴᠢᠩᠭ᠎ᠠ ᠠᠳᠬᠤᠨ ᠲᠦᠷᠭᠡᠨ  ᠰᠢᠢᠳᠪᠦᠷᠢᠯᠡᠬᠦ ᠶᠢ ᠳᠥᠯᠭᠢᠨ ᠠᠬᠢᠭᠤᠯᠬᠤ ᠬᠡᠷᠡᠭᠲᠡᠶ᠃ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠪᠣᠳᠠᠲᠠᠶᠢᠵᠢᠭᠤᠯᠵᠤ᠂ ᠢᠯᠵᠢᠷᠠᠬᠤ ᠵᠣᠷᠢᠭ ᠦᠭᠡᠢ ᠢᠯᠵᠢᠷᠡᠵᠦ ᠪᠣᠯᠬᠤ ᠦᠭᠡᠢ ᠢᠯᠵᠢᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠤᠭᠴᠠᠵᠢᠭᠤᠯᠤᠨ ᠠᠬᠢᠭᠤᠯᠵᠤ᠂ ︽ᠨᠢᠭᠡ ᠬᠡᠷᠡᠭ ᠢ ᠭᠤᠷᠪᠠ ᠪᠠᠶᠢᠴᠠᠭᠠᠬᠤ︾ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠨᠢᠭᠡ ᠪᠦᠯᠦᠭ ᠡᠰᠡᠷᠭᠦ ᠲᠠᠯ᠎ᠠ ᠶᠢᠨ ᠨᠡᠶᠢᠲᠡᠯᠢᠭ ᠬᠡᠷᠡᠭ ᠤᠨ  ᠵᠢᠱᠢᠶ᠎ᠡ ᠶᠢ ᠨᠡᠷ᠎ᠡ ᠤᠪᠤᠭ ᠢ ᠨᠢ ᠳᠤᠷᠠᠳᠴᠤ ᠨᠡᠶᠢᠲᠡᠯᠡᠨ ᠢᠯᠡᠴᠢᠯᠡᠵᠦ᠂ ᠨᠢᠭᠡ ᠪᠦᠯᠦᠭ ᠨᠥᠯᠥᠭᠡ ᠲᠠᠢ᠂ ᠪᠣᠳᠠᠲᠤ ᠦᠷ᠎ᠡ ᠪᠦᠲᠦᠮᠵᠢ ᠲᠠᠢ ︽ᠠᠷᠢᠭᠤᠨ ᠴᠢᠬᠡᠴᠢ ᠵᠡᠭᠦᠨ ᠬᠤᠰᠢᠭᠤ︾ ᠶᠢᠨ ᠲᠦᠷᠦᠯ ᠲᠡᠮᠳᠡᠭ ᠢ ᠲᠦᠷᠭᠡᠨ ᠡᠭᠦᠳᠴᠦ᠂ ᠰᠠᠶᠢᠨ ᠰᠠᠶᠢᠬᠠᠨ ᠨᠠᠮ ᠤᠨ ᠰᠤᠷᠲᠠᠯ ᠵᠠᠰᠠᠭ ᠤᠨ ᠰᠤᠷᠲᠠᠯ ᠢᠶᠠᠷ ᠨᠡᠶᠢᠭᠡᠮ ᠤᠨ ᠬᠡᠪ ᠰᠤᠷᠲᠠᠯ ᠤᠨ ᠪᠦᠬᠦᠯᠢ ᠴᠣᠭᠴᠠ ᠶᠢᠨ ᠰᠠᠶᠢᠵᠢᠷᠠᠯᠲᠠ ᠶᠢ ᠳᠠᠶᠢᠴᠢᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠪᠥᠬᠦ ᠬᠤᠰᠢᠭᠤᠨ ᠤ ᠳᠡᠳ᠋ ᠰᠠᠯᠠᠭᠠᠨ‌‍ᠲ᠋ᠠᠰ ᠠᠴᠠ ᠳᠡᠭᠡᠭᠰᠢᠬᠢ ᠤᠳᠤᠷᠢᠳᠬᠤ ᠺᠠᠳ᠋ᠷᠴᠤᠳ ᠬᠤᠷᠠᠯ ᠳᠤ ᠣᠷᠣᠯᠴᠠᠵᠠᠶ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号