ᠦᠨᠳᠦᠰᠦᠳᠡᠨ ᠤ ᠪᠦᠯᠬᠦᠮᠳᠡᠯ ᠳᠠᠪᠰᠢᠯᠳᠠ ᠶᠢ ᠠᠬᠢᠭᠤᠯᠬᠤ ᠪᠠ ᠡᠯ᠎ᠠ ᠦᠨᠳᠦᠰᠦᠳᠡᠨ ᠤ ᠠᠷᠠᠳ ᠳᠦᠮᠡᠨ ᠤ | ᠬᠠᠮᠳᠣ ᠪᠠᠷ ᠪᠦᠯᠬᠦᠮᠳᠡᠨ ᠳᠡᠮᠡᠴᠡᠬᠦ᠂ ᠬᠠᠮᠳᠣ ᠪᠠᠨ ᠴᠡᠴᠡᠭᠯᠡᠨ ᠬᠦᠭᠵᠢᠬᠦ ᠦᠵᠡᠯ ᠰᠠᠨᠠᠭᠠᠨ ᠤ ᠰᠠᠭᠤᠷᠢ ᠶᠢ | ᠪᠠᠳᠣᠳᠬᠠᠬᠤ ᠵᠢᠴᠢ᠂ ᠦᠨᠳᠦᠰᠦᠳᠡᠨ ᠨᠦᠭᠦᠳ ᠤᠨ ᠣᠯᠠᠨ ᠳᠦᠮᠡᠨ ᠶᠢ ᠵᠢᠯᠤᠭᠤᠳᠴᠦ ᠪᠠᠶᠢᠭᠠᠳ ᠳᠣᠮᠳᠠᠳᠣ ᠶᠢᠨ | ᠦᠨᠳᠦᠰᠦᠳᠡᠨ ᠤ ᠬᠠᠮᠳᠣ ᠶᠢᠨ ᠴᠤᠬᠴᠠ ᠶᠢᠨ ᠣᠬᠠᠮᠰᠠᠷ ᠶᠢ ᠣᠯᠠᠮ ᠪᠠᠳᠣᠳᠬᠠᠬᠤ ᠶᠢᠨ ᠳᠦᠯᠦᠬᠡ᠂ ᠪᠠᠭᠠᠷᠢᠨ | ᠵᠡᠭᠦᠨ ᠬᠤᠰᠢᠭᠤᠨ ᠤ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ ᠨᠢ12 ᠰᠠᠷ᠎ᠠ ᠶᠢᠨ 15 ᠤ ᠡᠳᠦᠷ᠂ 12 | ᠰᠠᠷ᠎ᠠ ᠶᠢᠨ 29 ᠤ ᠡᠳᠦᠷ ᠳᠣᠰ ᠳᠣᠰ ᠪᠠᠭᠠᠷᠢᠨ ᠵᠡᠭᠦᠨ ᠬᠤᠰᠢᠭᠤᠨ ᠤ ᠣᠯᠠᠨ ᠳᠦᠮᠡᠨ ᠤ ᠦᠢᠯᠡᠴᠢᠯᠡᠭᠡᠨ ᠤ | ᠳᠠᠩᠬᠢᠮ᠂ ᠪᠠᠭᠠᠷᠢᠨ ᠵᠡᠭᠦᠨ ᠬᠤᠰᠢᠭᠤᠨ ᠤ ᠰᠣᠶᠣᠯ ᠤᠨ ᠠᠭᠤᠳᠠᠮ ᠳᠠᠯᠠᠪᠠᠢ ᠵᠢᠴᠢ ᠴᠠᠭᠠᠨᠬᠠᠳᠠ ᠰᠣᠮᠣ ᠶᠢᠨ ᠦᠪᠦᠷ | ᠵᠤᠤ ᠭᠠᠴᠠᠭ᠎ᠠ᠂ ᠠᠷᠣ ᠵᠤᠤ ᠭᠠᠴᠠᠭ᠎ᠠ ᠳᠤ ᠬᠦᠷᠴᠦ᠂ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠠ ᠪᠠ | ᠵᠠᠰᠠᠭ ᠤᠨ ᠣᠷᠳᠣᠨ ᠤ ᠮᠣᠩᠭᠤᠯ ᠬᠡᠯᠡᠨ ᠤ ᠰᠢᠨ᠎ᠡ ᠵᠠᠭᠤᠴᠢᠯᠠᠭᠤᠷ ᠤᠨ ᠣᠬᠠᠭᠤᠯᠭ᠎ᠠ ᠶᠢᠨ ᠠᠵᠢᠯᠯᠠᠭᠠᠨ | ᠦᠷᠨᠢᠭᠦᠯᠦᠭᠰᠡᠨ ᠪᠠᠶᠢᠨ᠎ᠠ᠃ | | | | | | | | | | | | | | | ᠤᠬᠠᠭᠤᠯᠭ᠎ᠠ ᠶᠢᠨ ᠶᠠᠪᠤᠴᠠ ᠳᠤ ᠦᠨᠳᠦᠰᠦᠳᠡᠨ ᠤ ᠬᠡᠷᠡᠭ ᠡᠷᠬᠢᠯᠡᠬᠦ ᠵᠦᠪᠯᠠᠯ ᠤᠨ ᠡᠷᠬᠢᠯᠡᠭᠴᠢ᠂ ᠳᠡᠳ᠋ | ᠡᠷᠬᠢᠯᠡᠭᠴᠢ ᠪᠠ ᠰᠦᠯᠵᠢᠶᠡᠨ ᠤ ᠠᠵᠢᠯᠳᠠᠨ ᠣᠬᠠᠭᠤᠯᠬᠠ ᠶᠢᠨ ᠬᠠᠭᠤᠳᠠᠰᠣ ᠳᠠᠷᠬᠠᠭᠠᠬᠤ᠂ ᠰᠦᠯᠵᠢᠶᠡᠨ ᠤ ᠮᠡᠷᠬᠡᠨ | ᠴᠣᠬᠤᠷ ᠢ ᠳᠠᠨᠢᠯᠴᠠᠭᠤᠯᠵᠤ᠂ ᠣᠯᠠᠨ ᠳᠦᠮᠡᠨ ᠢᠶᠠᠷ ᠰᠢᠷᠪᠢᠬᠦᠯᠬᠦ ᠪᠠ ᠰᠦᠯᠵᠢᠶᠡᠨ ᠤ ᠣᠯᠠᠨ ᠨᠡᠶᠢᠳᠠ ᠶᠢᠨ ᠸᠢᠴᠠᠲ | ᠳᠣᠭᠠᠷ ᠢ ᠨᠡᠮᠡᠵᠤ ᠠᠪᠤᠭᠤᠯᠬᠤ ᠵᠡᠷᠬᠡ ᠠᠵᠢᠯᠯᠠᠭᠠᠨ ᠢᠶᠠᠷ ᠳᠠᠮᠵᠢᠭᠤᠯᠵᠤ ᠪᠠᠭᠠᠷᠢᠨ ᠵᠡᠭᠦᠨ ᠬᠤᠰᠢᠭᠤᠨ ᠤ ᠪᠠᠨ | ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠠ ᠪᠠᠵᠠᠰᠠᠭ ᠤᠨ ᠣᠷᠳᠣᠨ ᠤ ᠮᠣᠩᠭᠤᠯ ᠬᠡᠯᠡᠨ ᠤ ᠰᠢᠨ᠎ᠡ | ᠵᠠᠭᠤᠴᠢᠯᠠᠭᠤᠷ ᠢᠶᠠᠨ ᠣᠯᠠᠨ ᠳᠦᠮᠡᠨ ᠳᠤ ᠣᠬᠠᠭᠤᠯᠤᠨ ᠳᠠᠨᠢᠯᠴᠠᠭᠤᠯᠤᠬᠰᠠᠨ ᠪᠠᠶᠢᠨ᠎ᠠ᠃ | ᠳᠣᠰ ᠣᠳᠠᠭᠠᠨ ᠤ ᠣᠬᠠᠭᠤᠯᠭ᠎ᠠ ᠶᠢᠨ ᠠᠵᠢᠯᠯᠠᠭᠠᠨ ᠨᠢ ᠪᠠᠭᠠᠷᠢᠨ ᠵᠡᠭᠦᠨ ᠬᠤᠰᠢᠭᠤᠨ ᠤ ᠦᠨᠳᠦᠰᠦᠳᠡᠨ ᠤ | ᠬᠡᠷᠡᠭ ᠡᠷᠬᠢᠯᠡᠬᠦ ᠵᠦᠪᠯᠡᠯ ᠤᠨ ᠳᠠᠷᠤᠭ᠎ᠠ ᠠᠵᠢᠯᠳᠠᠳ ᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠠ | ᠪᠠ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠢᠨ᠎ᠡ ᠵᠠᠭᠤᠴᠢᠯᠠᠭᠤᠷ ᠤᠨ ᠣᠬᠠᠭᠤᠯᠭ᠎ᠠ ᠶᠢᠨ ᠠᠵᠢᠯᠯᠠᠭᠠᠨ ᠢ | ᠦᠨᠳᠦᠰᠦᠳᠡᠨ ᠤ ᠪᠦᠯᠬᠦᠮᠳᠡᠯ ᠳᠠᠪᠰᠢᠯᠳᠠ ᠶᠢ ᠠᠬᠢᠭᠤᠯᠬᠤ ᠠᠵᠢᠯᠠᠭᠠᠨ ᠲᠠᠢ ᠪᠠᠨ ᠣᠷᠭᠠᠨᠢᠭ ᠢᠶᠠᠷ | ᠣᠶᠠᠯᠳᠣᠭᠤᠯᠵᠣ ᠴᠢᠳᠠᠬᠰᠠᠨ ᠮᠦᠷᠳᠡᠭᠡᠨ ᠳᠡᠬᠡᠳᠦ ᠬᠡᠮᠵᠢᠶ᠎ᠡ ᠪᠠᠷ ᠬᠦᠨᠳᠦᠳᠬᠡᠨ ᠦᠵᠡᠵᠤ᠂ ᠣᠬᠠᠭᠤᠯᠤᠨ | ᠳᠠᠨᠢᠯᠴᠠᠭᠤᠯᠵᠤ ᠪᠠᠶᠢᠭ᠎ᠠ ᠶᠢ ᠬᠦᠨ᠎ᠠ ᠬᠠᠷᠠᠭᠤᠯᠵᠤ ᠴᠢᠳᠠᠬᠰᠠᠨ ᠪᠠᠶᠢᠨ᠎ᠠ᠃ | ᠳᠠᠷᠠᠭᠠᠴᠢ ᠶᠢᠨ ᠠᠵᠢᠯ ᠤᠨ ᠶᠠᠪᠤᠴᠠ ᠳᠠᠭᠠᠨ ᠮᠠᠨ ᠤ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ ᠨᠢ᠂ | ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠠ ᠪᠠ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠢᠨ᠎ᠡ | ᠵᠠᠭᠤᠴᠢᠯᠠᠭᠤᠷ ᠤᠨ ᠣᠬᠠᠭᠤᠯᠭ᠎ᠠ ᠶᠢᠨ ᠠᠵᠢᠯᠯᠠᠭᠠᠨ ᠢ ᠦᠨᠳᠦᠰᠦᠳᠡᠨ ᠤ ᠪᠦᠯᠬᠦᠮᠳᠡᠯ ᠳᠠᠪᠰᠢᠯᠳᠠ ᠶᠢᠨ ᠠᠵᠢᠯᠯᠠᠭᠠᠨ | ᠲᠠᠢ ᠪᠠᠨ ᠣᠯᠠᠮ ᠨᠢᠬᠳᠠᠷᠠᠭᠤᠯᠵᠤ᠂ ᠦᠨᠳᠦᠰᠦᠳᠡᠨ ᠤ ᠠᠵᠢᠯᠯᠠᠭᠠᠨ ᠤ ᠣᠬᠠᠭᠤᠯᠭ᠎ᠠ ᠶᠢᠨ ᠢᠶᠠᠨ ᠶᠠᠪᠤᠴᠠ ᠳᠤ ᠣᠯᠠᠮ | ᠨᠢᠭᠡ ᠠᠯᠬᠤᠮ ᠨᠡᠪᠴᠢᠭᠦᠯᠦᠨ ᠣᠯᠠᠮ ᠴᠢᠨᠠᠬᠰᠢᠳᠠ ᠳᠡᠯᠭᠡᠷᠡᠭᠦᠯᠦᠨ ᠣᠬᠠᠭᠤᠯᠬᠤ ᠪᠤᠯᠤᠨ᠎ᠠ᠃ | |