ᠦᠨᠳᠦᠰᠦᠳᠡᠨ ᠤ ᠪᠦᠯᠬᠦᠮᠳᠡᠯ ᠳᠠᠪᠰᠢᠯᠳᠠ ᠶᠢ ᠠᠬᠢᠭᠤᠯᠬᠤ ᠪᠠ ᠡᠯ᠎ᠠ ᠦᠨᠳᠦᠰᠦᠳᠡᠨ ᠤ ᠠᠷᠠᠳ ᠳᠦᠮᠡᠨ ᠤ ᠬᠠᠮᠳᠣ ᠪᠠᠷ | ᠪᠦᠯᠬᠦᠮᠳᠡᠨ ᠳᠡᠮᠡᠴᠡᠬᠦ᠂ ᠬᠠᠮᠳᠣ ᠪᠠᠨ ᠴᠡᠴᠡᠭᠯᠡᠨ ᠬᠦᠭᠵᠢᠬᠦ ᠦᠵᠡᠯ ᠰᠠᠨᠠᠭᠠᠨ ᠤ ᠰᠠᠭᠤᠷᠢ ᠶᠢ ᠪᠠᠳᠣᠳᠬᠠᠬᠤ ᠵᠢᠴᠢ᠂ | ᠦᠨᠳᠦᠰᠦᠳᠡᠨ ᠨᠦᠭᠦᠳ ᠤᠨ ᠣᠯᠠᠨ ᠳᠦᠮᠡᠨ ᠶᠢ ᠵᠢᠯᠤᠭᠤᠳᠴᠦ ᠪᠠᠶᠢᠭᠠᠳ ᠳᠣᠮᠳᠠᠳᠣ ᠶᠢᠨ ᠦᠨᠳᠦᠰᠦᠳᠡᠨ ᠤ ᠬᠠᠮᠳᠣ ᠶᠢᠨ | ᠴᠤᠬᠴᠠ ᠶᠢᠨ ᠣᠬᠠᠮᠰᠠᠷ ᠶᠢ ᠣᠯᠠᠮ ᠪᠠᠳᠣᠳᠬᠠᠬᠤ ᠶᠢᠨ ᠳᠦᠯᠦᠬᠡ᠂ ᠪᠠᠭᠠᠷᠢᠨ ᠵᠡᠭᠦᠨ ᠬᠤᠰᠢᠭᠤᠨ ᠤ ᠦᠨᠳᠦᠰᠦᠳᠡᠨ ᠤ | ᠬᠡᠷᠡᠭ ᠡᠷᠬᠢᠯᠡᠬᠦ ᠵᠦᠪᠯᠡᠯ ᠨᠢ12 ᠰᠠᠷ᠎ᠠ ᠶᠢᠨ 15 ᠤ ᠡᠳᠦᠷ᠂ 12 ᠰᠠᠷ᠎ᠠ ᠶᠢᠨ 29 ᠤ ᠡᠳᠦᠷ ᠳᠣᠰ ᠳᠣᠰ ᠪᠠᠭᠠᠷᠢᠨ | ᠵᠡᠭᠦᠨ ᠬᠤᠰᠢᠭᠤᠨ ᠤ ᠣᠯᠠᠨ ᠳᠦᠮᠡᠨ ᠤ ᠦᠢᠯᠡᠴᠢᠯᠡᠭᠡᠨ ᠤ ᠳᠠᠩᠬᠢᠮ᠂ ᠪᠠᠭᠠᠷᠢᠨ ᠵᠡᠭᠦᠨ ᠬᠤᠰᠢᠭᠤᠨ ᠤ ᠰᠣᠶᠣᠯ ᠤᠨ | ᠠᠭᠤᠳᠠᠮ ᠳᠠᠯᠠᠪᠠᠢ ᠵᠢᠴᠢ ᠴᠠᠭᠠᠨᠬᠠᠳᠠ ᠰᠣᠮᠣ ᠶᠢᠨ ᠦᠪᠦᠷ ᠵᠤᠤ ᠭᠠᠴᠠᠭ᠎ᠠ᠂ ᠠᠷᠣ ᠵᠤᠤ ᠭᠠᠴᠠᠭ᠎ᠠ ᠳᠤ ᠬᠦᠷᠴᠦ᠂ | ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠠ ᠪᠠ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠢᠨ᠎ᠡ | ᠵᠠᠭᠤᠴᠢᠯᠠᠭᠤᠷ ᠤᠨ ᠣᠬᠠᠭᠤᠯᠭ᠎ᠠ ᠶᠢᠨ ᠠᠵᠢᠯᠯᠠᠭᠠᠨ ᠦᠷᠨᠢᠭᠦᠯᠦᠭᠰᠡᠨ ᠪᠠᠶᠢᠨ᠎ᠠ᠃ | ᠤᠬᠠᠭᠤᠯᠭ᠎ᠠ ᠶᠢᠨ ᠶᠠᠪᠤᠴᠠ ᠳᠤ ᠦᠨᠳᠦᠰᠦᠳᠡᠨ ᠤ ᠬᠡᠷᠡᠭ ᠡᠷᠬᠢᠯᠡᠬᠦ ᠵᠦᠪᠯᠠᠯ ᠤᠨ ᠡᠷᠬᠢᠯᠡᠭᠴᠢ᠂ ᠳᠡᠳ᠋ ᠡᠷᠬᠢᠯᠡᠭᠴᠢ ᠪᠠ | ᠰᠦᠯᠵᠢᠶᠡᠨ ᠤ ᠠᠵᠢᠯᠳᠠᠨ ᠣᠬᠠᠭᠤᠯᠬᠠ ᠶᠢᠨ ᠬᠠᠭᠤᠳᠠᠰᠣ ᠳᠠᠷᠬᠠᠭᠠᠬᠤ᠂ ᠰᠦᠯᠵᠢᠶᠡᠨ ᠤ ᠮᠡᠷᠬᠡᠨ ᠴᠣᠬᠤᠷ ᠢ | ᠳᠠᠨᠢᠯᠴᠠᠭᠤᠯᠵᠤ᠂ ᠣᠯᠠᠨ ᠳᠦᠮᠡᠨ ᠢᠶᠠᠷ ᠰᠢᠷᠪᠢᠬᠦᠯᠬᠦ ᠪᠠ ᠰᠦᠯᠵᠢᠶᠡᠨ ᠤ ᠣᠯᠠᠨ ᠨᠡᠶᠢᠳᠠ ᠶᠢᠨ ᠸᠢᠴᠠᠲ ᠳᠣᠭᠠᠷ ᠢ ᠨᠡᠮᠡᠵᠤ | ᠠᠪᠤᠭᠤᠯᠬᠤ ᠵᠡᠷᠬᠡ ᠠᠵᠢᠯᠯᠠᠭᠠᠨ ᠢᠶᠠᠷ ᠳᠠᠮᠵᠢᠭᠤᠯᠵᠤ ᠪᠠᠭᠠᠷᠢᠨ ᠵᠡᠭᠦᠨ ᠬᠤᠰᠢᠭᠤᠨ ᠤ ᠪᠠᠨ ᠵᠠᠰᠠᠭ ᠤᠨ ᠣᠷᠳᠣᠨ ᠤ | ᠮᠣᠩᠭᠤᠯ ᠬᠡᠯᠡᠨ ᠤ ᠰᠦᠯᠵᠢᠶ᠎ᠠ ᠪᠠᠵᠠᠰᠠᠭ ᠤᠨ ᠣᠷᠳᠣᠨ ᠤ ᠮᠣᠩᠭᠤᠯ ᠬᠡᠯᠡᠨ ᠤ ᠰᠢᠨ᠎ᠡ ᠵᠠᠭᠤᠴᠢᠯᠠᠭᠤᠷ ᠢᠶᠠᠨ ᠣᠯᠠᠨ | ᠳᠦᠮᠡᠨ ᠳᠤ ᠣᠬᠠᠭᠤᠯᠤᠨ ᠳᠠᠨᠢᠯᠴᠠᠭᠤᠯᠤᠬᠰᠠᠨ ᠪᠠᠶᠢᠨ᠎ᠠ᠃ | ᠳᠣᠰ ᠣᠳᠠᠭᠠᠨ ᠤ ᠣᠬᠠᠭᠤᠯᠭ᠎ᠠ ᠶᠢᠨ ᠠᠵᠢᠯᠯᠠᠭᠠᠨ ᠨᠢ ᠪᠠᠭᠠᠷᠢᠨ ᠵᠡᠭᠦᠨ ᠬᠤᠰᠢᠭᠤᠨ ᠤ ᠦᠨᠳᠦᠰᠦᠳᠡᠨ ᠤ ᠬᠡᠷᠡᠭ ᠡᠷᠬᠢᠯᠡᠬᠦ | ᠵᠦᠪᠯᠡᠯ ᠤᠨ ᠳᠠᠷᠤᠭ᠎ᠠ ᠠᠵᠢᠯᠳᠠᠳ ᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠠ ᠪᠠ ᠵᠠᠰᠠᠭ ᠤᠨ | ᠣᠷᠳᠣᠨ ᠤ ᠮᠣᠩᠭᠤᠯ ᠬᠡᠯᠡᠨ ᠤ ᠰᠢᠨ᠎ᠡ ᠵᠠᠭᠤᠴᠢᠯᠠᠭᠤᠷ ᠤᠨ ᠣᠬᠠᠭᠤᠯᠭ᠎ᠠ ᠶᠢᠨ ᠠᠵᠢᠯᠯᠠᠭᠠᠨ ᠢ ᠦᠨᠳᠦᠰᠦᠳᠡᠨ ᠤ | ᠪᠦᠯᠬᠦᠮᠳᠡᠯ ᠳᠠᠪᠰᠢᠯᠳᠠ ᠶᠢ ᠠᠬᠢᠭᠤᠯᠬᠤ ᠠᠵᠢᠯᠠᠭᠠᠨ ᠲᠠᠢ ᠪᠠᠨ ᠣᠷᠭᠠᠨᠢᠭ ᠢᠶᠠᠷ ᠣᠶᠠᠯᠳᠣᠭᠤᠯᠵᠣ ᠴᠢᠳᠠᠬᠰᠠᠨ | ᠮᠦᠷᠳᠡᠭᠡᠨ ᠳᠡᠬᠡᠳᠦ ᠬᠡᠮᠵᠢᠶ᠎ᠡ ᠪᠠᠷ ᠬᠦᠨᠳᠦᠳᠬᠡᠨ ᠦᠵᠡᠵᠤ᠂ ᠣᠬᠠᠭᠤᠯᠤᠨ ᠳᠠᠨᠢᠯᠴᠠᠭᠤᠯᠵᠤ ᠪᠠᠶᠢᠭ᠎ᠠ ᠶᠢ ᠬᠦᠨ᠎ᠠ | ᠬᠠᠷᠠᠭᠤᠯᠵᠤ ᠴᠢᠳᠠᠬᠰᠠᠨ ᠪᠠᠶᠢᠨ᠎ᠠ᠃ | ᠳᠠᠷᠠᠭᠠᠴᠢ ᠶᠢᠨ ᠠᠵᠢᠯ ᠤᠨ ᠶᠠᠪᠤᠴᠠ ᠳᠠᠭᠠᠨ ᠮᠠᠨ ᠤ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ ᠨᠢ᠂ᠵᠠᠰᠠᠭ ᠤᠨ | ᠣᠷᠳᠣᠨ ᠤ ᠮᠣᠩᠭᠤᠯ ᠬᠡᠯᠡᠨ ᠤ ᠰᠦᠯᠵᠢᠶ᠎ᠠ ᠪᠠ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠢᠨ᠎ᠡ ᠵᠠᠭᠤᠴᠢᠯᠠᠭᠤᠷ ᠤᠨ | ᠣᠬᠠᠭᠤᠯᠭ᠎ᠠ ᠶᠢᠨ ᠠᠵᠢᠯᠯᠠᠭᠠᠨ ᠢ ᠦᠨᠳᠦᠰᠦᠳᠡᠨ ᠤ ᠪᠦᠯᠬᠦᠮᠳᠡᠯ ᠳᠠᠪᠰᠢᠯᠳᠠ ᠶᠢᠨ ᠠᠵᠢᠯᠯᠠᠭᠠᠨ ᠲᠠᠢ ᠪᠠᠨ ᠣᠯᠠᠮ | ᠨᠢᠬᠳᠠᠷᠠᠭᠤᠯᠵᠤ᠂ ᠦᠨᠳᠦᠰᠦᠳᠡᠨ ᠤ ᠠᠵᠢᠯᠯᠠᠭᠠᠨ ᠤ ᠣᠬᠠᠭᠤᠯᠭ᠎ᠠ ᠶᠢᠨ ᠢᠶᠠᠨ ᠶᠠᠪᠤᠴᠠ ᠳᠤ ᠣᠯᠠᠮ ᠨᠢᠭᠡ ᠠᠯᠬᠤᠮ | ᠨᠡᠪᠴᠢᠭᠦᠯᠦᠨ ᠣᠯᠠᠮ ᠴᠢᠨᠠᠬᠰᠢᠳᠠ ᠳᠡᠯᠭᠡᠷᠡᠭᠦᠯᠦᠨ ᠣᠬᠠᠭᠤᠯᠬᠤ ᠪᠤᠯᠤᠨ᠎ᠠ᠃ | | | | | | | | | | | | | |