11 ᠰᠠᠷ᠎ᠠ ᠶᠢᠨ 30 ᠤ ᠡᠳᠦᠷ ᠤᠨ ᠦᠳᠡ ᠶᠢᠨ ᠡᠮᠦᠨ᠎ᠡ᠂ ᠬᠤᠰᠢᠭᠤᠨ ᠤ ᠨᠠᠮ ᠤᠨ ᠬᠤᠷᠢᠶᠠᠨ ᠤ ᠱᠦᠵᠢ | ᠷᠧᠨ ᠰᠢ ᠪᠥᠬᠦ ᠬᠤᠰᠢᠭᠤᠨ ᠤ ᠤᠳᠤᠷᠢᠳᠬᠤ ᠺᠠᠳ᠋ᠷᠴᠤᠳ ᠤᠨ ᠶᠡᠭᠡ ᠬᠤᠷᠠᠯ ᠢ ᠡᠷᠭᠢᠯᠡᠨ ᠬᠤᠷᠠᠯᠳᠤᠭᠤᠯᠵᠤ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠣᠤ ᠴᠧᠩ ᠤᠨ ᠪᠠᠭᠠᠷᠢᠨ ᠵᠡᠭᠦᠨ | ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠬᠦ ᠵᠢᠭᠠᠪᠤᠷᠢ ᠶᠢᠨ ᠵᠣᠷᠢᠭ ᠰᠠᠨᠠᠭ᠎ᠠ ᠪᠠ ᠶᠠᠷᠢᠯᠴᠠᠬᠤ ᠬᠤᠷᠠᠯ ᠤᠨ | ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ | ᠳᠣᠭᠢᠷᠠᠭᠤᠯᠤᠨ ᠪᠠᠶᠢᠷᠢᠯᠠᠭᠤᠯᠪᠠ᠃ | ᠷᠧᠨ ᠰᠢ ᠵᠢᠭᠠᠵᠤ ᠭᠠᠷᠭᠠᠭᠰᠠᠨ ᠨᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ | ᠰᠦᠨ ᠱᠣᠣ ᠴᠧᠩ ᠨᠥᠬᠦᠷ ᠦᠨᠳᠦᠰᠦᠨ ᠱᠠᠲᠤᠨ ᠳᠤ ᠢᠷᠡᠵᠦ ᠪᠠᠶᠢᠴᠠᠭᠠᠨ ᠰᠤᠳᠤᠯᠤᠯᠲᠠ ᠬᠢᠵᠦ᠂ ᠡᠨᠡ ᠨᠢ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠵᠡᠭᠦᠨ ᠬᠤᠰᠢᠭᠤ ᠶᠢ ᠬᠦᠨᠳᠦᠳᠬᠡᠨ ᠦᠵᠡᠵᠦ ᠪᠠᠶᠢᠬᠤ | ᠪᠠ ᠳᠣᠲᠣᠨᠣ ᠪᠠᠷ ᠬᠠᠯᠠᠮᠵᠢᠯᠠᠵᠤ ᠪᠠᠶᠢᠬᠤ ᠶᠢ ᠭᠦᠢᠴᠡᠳ ᠬᠠᠷᠠᠭᠤᠯᠵᠤ᠂ ᠪᠦᠬᠦ ᠬᠤᠰᠢᠭᠤ ᠪᠠᠷ ᠢᠶᠠᠨ ᠰᠦᠨ ᠱᠣᠣ | ᠴᠧᠩ ᠤᠨ ᠮᠠᠨ ᠤ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠬᠦ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ | ᠣᠶᠢᠯᠠᠭᠠᠵᠤ᠂ ᠰᠦᠨ ᠱᠣᠤ ᠴᠧᠩ ᠤᠨ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ᠂ ᠭᠤᠤᠯ ᠰᠡᠳᠦᠪᠲᠦ ᠬᠥᠮᠦᠵᠢᠯ ᠢ | ᠠᠬᠢᠭᠤᠯᠬᠤ᠂ ︽ᠮᠣᠩᠭᠤᠯ ᠮᠣᠷᠢ︾ ᠶᠢᠨ ᠵᠣᠷᠢᠭ ᠰᠠᠨᠠᠭ᠎ᠠ ᠶᠢ ᠪᠠᠳᠠᠷᠠᠭᠤᠯᠬᠤ ᠵᠡᠷᠭᠡ ᠠᠵᠢᠯ ᠳᠤ ᠳᠤᠷᠠᠳᠤᠭᠰᠠᠨ | ᠴᠢᠬᠤᠯᠠ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠡᠭᠦᠷᠭᠡ ᠬᠠᠷᠠᠯᠲᠠ ᠪᠠᠨ ᠨᠢᠭᠡᠳ ᠨᠢᠭᠡ ᠪᠠᠷ | ᠲᠣᠳᠣᠷᠬᠠᠶᠢᠯᠠᠵᠤ᠂ ᠪᠣᠳᠠᠲᠠᠶ ᠠᠷᠭ᠎ᠠ ᠬᠡᠮᠵᠢᠶ᠎ᠡ ᠪᠠᠨ ᠪᠠᠶᠠᠯᠢᠭᠵᠢᠭᠤᠯᠤᠨ ᠲᠡᠭᠦᠯᠳᠡᠷᠵᠢᠭᠦᠯᠵᠦ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠡᠯ᠎ᠡ ᠳᠦᠷᠦᠯ ᠤᠨ ᠠᠵᠢᠯ ᠤᠨ ᠪᠠᠶᠢᠷᠢᠯᠠᠭᠤᠯᠤᠯᠲᠠ ᠶᠢ ᠵᠡᠭᠦᠨ ᠬᠤᠰᠢᠭᠤᠨ ᠳᠤ | ᠪᠣᠳᠠᠲᠠᠶ ᠪᠠᠷ ᠬᠢᠵᠦ᠂ ᠪᠣᠳᠠᠲᠠᠶ ᠭᠠᠵᠠᠷ ᠲᠤᠨᠢ ᠨᠠᠶᠢᠳᠠᠪᠤᠷᠢᠵᠢᠭᠤᠯᠤᠨ᠂ ᠪᠣᠳᠠᠲᠤ ᠦᠷ᠎ᠡ ᠪᠦᠲᠦᠮᠵᠢ ᠤᠯᠬᠤ ᠶᠢ | ᠦᠨᠡᠨᠬᠦ ᠠᠬᠢᠭᠤᠯᠤᠨ᠎ᠠ ᠬᠡᠵᠠᠢ᠃ | ᠷᠧᠨ ᠰᠢ ᠴᠢᠬᠤᠯᠠᠴᠢᠯᠠᠭᠰᠠᠨ ᠨᠢ᠂ ᠳᠡᠭᠡᠳᠦ ᠱᠠᠲᠤᠨ ᠤ ᠲᠥᠷᠥ ᠶᠢᠨ ᠪᠣᠳᠣᠯᠭ᠎ᠠ ᠶᠢ ᠭᠦᠨᠵᠡᠭᠡᠶ ᠰᠤᠳᠤᠯᠵᠤ | ᠂ ᠥᠪᠡᠷᠲᠡᠭᠡᠨ ᠵᠠᠰᠠᠬᠤ ᠣᠷᠣᠨ ᠤ ᠶᠡᠷᠦᠩᠬᠡᠶ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠣᠤ ᠴᠧᠩ᠂ ᠤᠯᠠᠭᠠᠨᠬᠠᠳᠠ ᠬᠤᠲᠠ ᠶᠢᠨ | ᠨᠠᠮ ᠤᠨ ᠬᠤᠷᠢᠶ᠎ᠠ ᠶᠢᠨ ᠱᠦᠵᠢ ᠸᠠᠨ ᠴᠤᠤ ᠴᠢ ᠶᠢᠨ ᠡᠯ᠎ᠡ ᠭᠠᠵᠠᠷ ᠤᠨ ᠪᠠᠶᠢᠴᠠᠭᠠᠨ ᠰᠤᠳᠤᠯᠤᠯᠲᠠ᠂ ᠬᠤᠷᠠᠯ | ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠬᠢᠨᠠᠮᠠᠭᠠᠶ ᠰᠤᠷᠤᠯᠴᠠᠵᠤ᠂ ᠲᠥᠰᠦᠯ᠂ ᠲᠦᠷᠢᠮ ᠪᠠ ᠲᠥᠷᠥ ᠶᠢᠨ | ᠶᠠᠪᠤᠳᠠᠯ ᠤᠨ ᠬᠤᠷᠢᠶ᠎ᠠ ᠶᠢᠨ ︽ᠰᠠᠨᠠᠯ︾ ᠳᠠᠬᠢ ᠬᠠᠷᠠᠯᠲᠠ ᠡᠭᠦᠷᠭᠡ ᠶᠢ ᠭᠦᠨᠵᠡᠭᠡᠶ ᠰᠤᠳᠤᠯᠵᠤ᠂ 2024 ᠣᠨ ᠤ | ᠠᠵᠢᠯ ᠤᠨ ᠭᠤᠤᠯᠳᠠᠯᠭ᠎ᠠ ᠶᠢ ᠤᠷᠢᠳᠴᠢᠯᠠᠨ ᠲᠣᠭᠲᠠᠭᠠᠵᠤ᠂ ᠲᠤᠯᠭᠠᠭᠤᠷᠢᠯᠠᠬᠤ ᠲᠥᠷᠥᠯ ᠵᠦᠢᠯ ᠢ ᠨᠠᠷᠢᠯᠢᠭ | ᠣᠨᠤᠪᠴᠢᠳᠠᠢ ᠪᠠᠷ ᠲᠥᠯᠥᠪᠯᠡᠨ᠂ ᠡᠯ᠎ᠡ ᠵᠦᠢᠯ ᠤᠨ ᠠᠵᠢᠯ ᠢᠶᠠᠨ ᠰᠠᠶᠢᠨ ᠡᠬᠢᠯᠡᠭᠦᠯᠵᠦ᠂ ᠰᠠᠶᠢᠨ ᠡᠬᠢᠯᠡᠯᠲᠡ ᠲᠠᠢ | ᠪᠣᠯᠭᠠᠬᠤ ᠶᠢ ᠠᠬᠢᠭᠤᠯᠤᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠳᠣᠵᠢᠭᠤᠯᠬᠤ ᠶᠠᠪᠤᠳᠠᠯ ᠢᠶᠠᠷ ᠡᠯ᠎ᠡ ᠵᠦᠢᠯ ᠤᠨ ᠠᠵᠢᠯ ᠤᠨ ᠭᠤᠣᠯ ᠰᠢᠵᠢᠮ ᠪᠣᠯᠭᠠᠵᠤ᠂ ᠲᠦᠷᠦ ᠶᠢᠨ ᠪᠤᠳᠤᠯᠭ᠎ᠠ ᠶᠢ | ᠬᠢᠨᠠᠨ ᠬᠠᠷᠭᠤᠭᠤᠯᠬᠤ᠂ ᠺᠠᠳ᠋ᠷ ᠢ ᠪᠣᠯᠪᠠᠰᠤᠷᠠᠭᠤᠯᠬᠤ᠂ ᠲᠥᠯᠥᠪᠵᠢᠭᠦᠯᠭᠡ ᠨᠠᠶᠢᠷᠠᠭᠤᠯᠤᠨ ᠵᠣᠬᠢᠶᠠᠬᠤ᠂ ᠠᠵᠤ | ᠦᠢᠯᠡᠰ ᠢ ᠬᠥᠭᠵᠢᠭᠦᠯᠬᠦ᠂ ᠲᠦᠷᠦᠯ ᠵᠦᠢᠯ ᠢ ᠲᠥᠯᠥᠪᠵᠢᠭᠦᠯᠬᠦ ᠦᠨᠳᠦᠰᠦᠨ ᠤᠷᠢᠲᠠᠯ ᠪᠣᠯᠭᠠᠬᠤ ᠶᠢ ᠪᠠᠷᠢᠮᠲᠠᠯᠠᠵᠤ᠂ | ᠭᠠᠵᠠᠷ ᠣᠷᠣᠨ ᠨᠢᠭᠡᠪᠦᠷᠢ ᠶᠢᠨ ᠰᠤᠳᠤᠯᠭᠠᠨ ᠤ ᠭᠤᠣᠯ ᠰᠢᠵᠢᠮ ᠤᠨ ᠤᠬᠠᠮᠰᠠᠷ ᠢ ᠠᠵᠢᠯ ᠤᠨ ᠪᠣᠳᠠᠲᠠᠢ ᠲᠥᠰᠦᠯ ᠪᠠ | ᠦᠢᠯᠡᠳᠦᠯᠭᠡ ᠶᠢᠨ ᠠᠷᠭ᠎ᠠ ᠵᠠᠮ ᠳᠤ ᠲᠤᠤᠱᠯᠠᠭᠤᠯᠵᠤ᠂ ᠠᠭᠤᠰᠤᠯᠴᠠᠯ ᠤᠨ ᠭᠦᠨᠴᠡ ᠪᠠ ᠥᠷᠭᠡᠴᠡ ᠶᠢ ᠪᠦᠬᠦ | ᠲᠠᠯ᠎ᠠ ᠪᠠᠷ ᠥᠷᠭᠡᠳᠬᠡᠬᠦ ᠬᠡᠷᠡᠭᠲᠡᠢ᠃ ︽ᠨᠠᠮ ᠤᠨ ᠦᠭᠡ ᠶᠢ ᠰᠣᠨᠣᠰᠴᠤ᠂ ᠨᠠᠮ ᠤᠨ ᠠᠴᠢ ᠶᠢ ᠮᠡᠳᠡᠷᠡᠵᠦ᠂ | ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠦᠷᠭᠦᠯᠵᠢᠯᠡᠨ | ᠥᠷᠨᠢᠭᠦᠯᠵᠦ᠂ ᠨᠡᠶᠢᠭᠡᠮ ᠲᠣᠭᠤᠷᠢᠭ ᠤᠨ ︽ᠵᠣᠯ ᠵᠢᠷᠭᠠᠯᠲᠤ ᠱᠤᠭᠤᠮ ᠤᠨ ᠫᠦᠰᠡ︾ ︽ᠰᠠᠶᠢᠨ ᠬᠥᠷᠰᠢ ᠶᠢᠨ | ᠵᠣᠴᠢᠨ ᠤ ᠥᠷᠥᠭᠡ︾ ᠪᠠ ᠭᠠᠴᠠᠭ᠎ᠠ ᠲᠣᠰᠬᠤᠨ ᠤ ︽ᠣᠯᠠᠨ ᠲᠦᠮᠡᠨ ᠤ ᠶᠡᠭᠡ ᠬᠢᠴᠢᠶᠡᠯ ᠤᠨ ᠲᠠᠩᠬᠢᠮ︾ ︽ | ᠠᠷᠠᠳ ᠤᠨ ᠪᠠᠶᠢᠳᠠᠯ ᠢ ᠦᠨᠡᠨᠴᠢ ᠪᠠᠷ ᠶᠠᠷᠢᠯᠴᠠᠬᠤ ᠬᠤᠷᠠᠯ︾ ︽ᠬᠠᠨᠵᠤᠨ ᠳᠡᠭᠡᠷᠡᠬᠢ ᠬᠤᠷᠠᠯ︾ ᠵᠡᠷᠭᠡ ᠣᠯᠠᠨ | ᠵᠦᠢᠯ ᠤᠨ ᠬᠡᠯᠪᠡᠷᠢ ᠶᠢ ᠬᠡᠷᠡᠭᠯᠡᠨ᠂ ᠣᠯᠠᠨ ᠲᠦᠮᠡᠨ ᠲᠠᠢ ︽ᠲᠥᠷᠥ ᠶᠢᠨ ᠪᠣᠳᠣᠯᠭ᠎ᠠ ᠶᠢᠨ ᠲᠠᠩᠰᠠ︾ ︽ | ᠠᠷᠠᠳ ᠤᠨ ᠠᠮᠢᠳᠤᠷᠠᠯ ᠤᠨ ᠲᠠᠩᠰᠠ︾ ︽ᠠᠵᠤ ᠦᠢᠯᠡᠰ ᠤᠨ ᠲᠠᠩᠰᠠ︾ ᠶᠢ ᠨᠢᠭᠤᠷᠲᠠᠨ ᠪᠤᠳᠤᠵᠤ᠂ ᠣᠯᠠᠨ | ᠲᠦᠮᠡᠨ ᠳᠤ ᠨᠠᠮ ᠤᠨ ᠠᠴᠢ ᠶᠢ ᠦᠨᠡᠨᠬᠦ ᠮᠡᠳᠡᠭᠦᠯᠬᠦ ᠬᠡᠷᠡᠭᠲᠡᠶ᠃ ︽ᠮᠣᠩᠭᠤᠯ ᠮᠣᠷᠢ︾ ᠶᠢᠨ ᠵᠣᠷᠢᠭ ᠰᠠᠨᠠᠭ᠎ᠠ ᠶᠢ | ᠶᠡᠬᠡᠪᠡᠷ ᠪᠠᠳᠠᠷᠠᠭᠤᠯᠵᠤ᠂ ᠦᠵᠡᠯ ᠰᠠᠨᠠᠭ᠎ᠠ ᠪᠠᠨ ᠴᠢᠯᠥᠭᠡᠯᠡᠵᠦ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ᠠᠭᠤᠯᠠ | ᠲᠠᠭᠠᠷᠠᠪᠠᠯ ᠵᠠᠮ ᠨᠡᠭᠡᠭᠡᠵᠦ᠂ ᠤᠰᠤ ᠲᠠᠭᠠᠷᠠᠪᠠᠯ ᠬᠥᠭᠦᠷᠭᠡ ᠲᠠᠯᠪᠢᠵᠤ᠂ ᠨᠡᠩ ᠤᠯᠠᠨ ᠠᠵᠢᠯ ᠤᠨ ᠬᠢᠯᠠᠰ ᠴᠡᠭ ᠪᠣᠯᠤᠨ | ᠨᠡᠶᠢᠲᠡᠯᠢᠭ ᠲᠤᠷᠰᠢᠯᠭ᠎ᠠ ᠶᠢ ᠡᠭᠦᠳᠴᠦ᠂ ︽ᠰᠢᠨ᠎ᠡ ᠵᠠᠮ ᠢ ᠨᠡᠭᠡᠭᠡᠵᠦ᠂ ᠳᠤᠮᠳᠠ ᠤᠷᠤᠰᠬᠠᠯ ᠳᠤ ᠣᠷᠣᠬᠤ︾ ᠳᠤ | ᠨᠡᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ |