ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 4 ᠳ᠋ᠦ᠋ᠭᠡᠷ ᠰᠠᠷ᠎ᠠ ᠶᠢᠨ 7 ᠤ ᠡᠳᠦᠷ | ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠭᠠᠳᠠᠭᠠᠳᠤ ᠠᠷᠠᠯᠵᠢᠶ᠎ᠠ ᠶᠢ | ᠠᠬᠢᠭᠤᠯᠤᠨ ᠬᠡᠪᠴᠢᠶ᠎ᠡ ᠶᠢ ᠲᠣᠭᠲᠠᠪᠤᠷᠢᠵᠢᠭᠤᠯᠵᠤ ᠪᠦᠲᠦᠴᠡ ᠶᠢ ᠰᠢᠯᠢᠳᠡᠭᠵᠢᠭᠦᠯᠬᠦ ᠲᠥᠷᠥ ᠶᠢᠨ ᠪᠣᠳᠣᠯᠭ᠎ᠠ ᠠᠷᠭ᠎ᠠ | ᠬᠡᠮᠵᠢᠶ᠎ᠡ ᠶᠢ ᠰᠤᠳᠤᠯᠵᠤ᠂ ︽ᠵᠢᠯᠣᠭᠤᠴᠢ ᠦᠭᠡᠢ ᠠᠭᠠᠷ ᠤᠨ ᠨᠢᠰᠦᠭᠦᠷ ᠤᠨ ᠨᠢᠰᠦᠯᠲᠡ ᠶᠢᠨ ᠬᠠᠮᠢᠶᠠᠷᠤᠯᠲᠠ ᠶᠢᠨ ᠲᠦᠷ | ᠬᠡᠷᠡᠭᠵᠢᠭᠦᠯᠬᠦ ᠳᠦᠷᠢᠮ ︵ᠡᠬᠡ ᠨᠣᠣᠷᠠᠭ︶︾ ᠢ ᠬᠢᠨᠠᠨ ᠵᠥᠪᠯᠡᠵᠦ ᠪᠠᠲᠤᠯᠠᠨ᠂ ᠤᠯᠤᠰ ᠤᠨ ᠰᠤᠷᠤᠯᠭ᠎ᠠ ᠶᠢᠨ | ᠲᠡᠳᠬᠦᠮᠵᠢ ᠶᠢᠨ ᠵᠢᠭᠡᠯᠡᠯᠭᠡ ᠶᠢᠨ ᠬᠦᠦ ᠮᠥᠩᠭᠦ ᠶᠢ ᠬᠡᠯᠲᠦᠷᠢᠭᠦᠯᠬᠦ ᠵᠢᠴᠢ ᠡᠬᠡ ᠮᠥᠩᠭᠦ ᠶᠢ ᠬᠤᠶᠢᠰᠢᠯᠠᠭᠤᠯᠤᠨ ᠳᠥᠯᠥᠬᠦ | ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠬᠦ ᠪᠠᠷ ᠲᠣᠭᠲᠠᠪᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠭᠠᠳᠠᠭᠠᠳᠤ ᠠᠷᠠᠯᠵᠢᠶ᠎ᠠ ᠶᠢ ᠠᠬᠢᠭᠤᠯᠤᠨ ᠬᠡᠪᠴᠢᠶ᠎ᠡ ᠶᠢ | ᠲᠣᠭᠲᠠᠪᠤᠷᠢᠵᠢᠭᠤᠯᠵᠤ ᠪᠦᠲᠦᠴᠡ ᠶᠢ ᠰᠢᠯᠢᠳᠡᠭᠵᠢᠭᠦᠯᠬᠦ ᠨᠢ ᠨᠡᠮᠡᠭᠳᠡᠯ ᠢ ᠲᠣᠭᠲᠠᠪᠤᠷᠢᠵᠢᠭᠤᠯᠵᠤ ᠠᠵᠢᠯ ᠣᠯᠭᠤᠯᠲᠠ ᠶᠢ | ᠲᠣᠭᠲᠠᠪᠤᠷᠢᠵᠢᠭᠤᠯᠬᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ᠂ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠳᠤ ᠴᠢᠬᠤᠯᠠ ᠲᠤᠯᠭᠠᠭᠤᠷᠢᠯᠠᠬᠤ ᠦᠢᠯᠡᠳᠦᠯ ᠲᠠᠢ ᠶᠤᠮ᠃ ᠠᠳᠠᠯᠢ ᠪᠤᠰᠤ ᠬᠦᠷᠢᠶᠡᠨ ᠤ ᠪᠣᠳᠠᠲᠠᠢ | ᠠᠰᠠᠭᠤᠳᠠᠯ ᠳᠤ ᠴᠢᠭᠯᠡᠭᠦᠯᠦᠨ᠂ ᠬᠤᠯᠪᠣᠭᠳᠠᠯ ᠪᠦᠬᠦᠢ ᠲᠦᠷᠦ ᠶᠢᠨ ᠪᠣᠳᠣᠯᠭ᠎ᠠ ᠶᠢ ᠳᠠᠰᠤᠷᠠᠯᠳᠠ ᠦᠭᠡᠢ ᠪᠦᠷᠢᠨᠰᠢᠭᠦᠯᠬᠦ᠂ | ᠲᠣᠬᠢᠷᠠᠭᠤᠯᠤᠯᠲᠠ ᠬᠢᠬᠦ ᠪᠠ ᠲᠡᠭᠦᠯᠳᠡᠷᠵᠢᠭᠦᠯᠵᠦ᠂ ᠭᠠᠳᠠᠭᠠᠳᠤ ᠠᠷᠠᠯᠵᠢᠶ᠎ᠠ ᠶᠢ ᠲᠣᠭᠲᠠᠪᠤᠷᠢᠵᠢᠭᠤᠯᠬᠤ ᠲᠦᠷᠦ ᠶᠢᠨ | ᠪᠣᠳᠣᠯᠭ᠎ᠠ ᠶᠢᠨ ᠬᠠᠮ ᠠᠷᠭ᠎ᠠ ᠬᠡᠮᠵᠢᠶ᠎ᠡ ᠶᠢ ᠰᠠᠶᠢᠲᠤᠷ ᠬᠡᠷᠡᠭᠵᠢᠭᠦᠯᠦᠨ᠂ ᠠᠵᠤ ᠠᠬᠤᠶᠢᠯᠠᠯ ᠢ ᠬᠠᠪᠰᠤᠷᠤᠨ ᠵᠠᠬᠢᠶᠠᠯᠠᠭ᠎ᠠ ᠶᠢᠨ | ᠬᠠᠭᠤᠳᠠᠰᠤ ᠶᠢ ᠲᠣᠭᠲᠠᠪᠤᠷᠢᠵᠢᠭᠤᠯᠤᠨ ᠵᠠᠬ᠎ᠠ ᠳᠡᠯᠭᠡᠭᠦᠷ ᠢ ᠥᠷᠭᠡᠳᠬᠡᠬᠦ ᠬᠡᠷᠡᠭᠲᠡᠢ᠃ ᠠᠷᠭ᠎ᠠ ᠪᠦᠬᠦᠨ ᠢ ᠰᠦᠪᠡᠭᠴᠢᠯᠡᠵᠦ | ᠪᠠᠶᠢᠭᠠᠳ ᠬᠥᠭᠵᠢᠭᠰᠡᠨ ᠠᠵᠤ ᠠᠬᠤᠢ ᠶᠢᠨ ᠴᠣᠭᠴᠠ ᠳᠠᠬᠢ ᠭᠠᠳᠠᠭᠠᠳᠤ ᠭᠠᠷᠭᠠᠯᠲᠠ ᠶᠢ ᠲᠣᠭᠲᠠᠪᠤᠷᠢᠵᠢᠭᠤᠯᠵᠤ᠂ ᠠᠵᠤ | ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠬᠥᠭᠵᠢᠵᠦ ᠪᠠᠶᠢᠭ᠎ᠠ ᠤᠯᠤᠰ ᠤᠳ ᠤᠨ ᠵᠠᠬ᠎ᠠ ᠳᠡᠯᠭᠡᠭᠦᠷ ᠪᠠ ᠵᠡᠭᠦᠨ | ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠵᠡᠷᠭᠡ ᠣᠷᠣᠨ ᠪᠦᠰᠡ ᠶᠢᠨ ᠵᠠᠬ᠎ᠠ ᠳᠡᠯᠭᠡᠭᠦᠷ ᠢ ᠭᠦᠨᠵᠡᠭᠡᠢ ᠨᠡᠭᠡᠭᠡᠬᠦ | ᠬᠡᠷᠡᠭᠲᠡᠢ᠃ ᠭᠠᠳᠠᠭᠠᠳᠤ ᠠᠷᠠᠯᠵᠢᠶᠠᠨ ᠤ ᠲᠣᠮᠣ ᠮᠤᠵᠢ ᠶᠢᠨ ᠭᠠᠳᠠᠭᠠᠳᠤ ᠠᠷᠠᠯᠵᠢᠶ᠎ᠠ ᠶᠢ ᠲᠣᠭᠲᠠᠪᠤᠷᠢᠵᠢᠭᠤᠯᠬᠤ ᠭᠤᠣᠯ | ᠬᠦᠴᠦᠨ ᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠡᠯ᠎ᠡ ᠭᠠᠵᠠᠷ ᠤᠨ ᠬᠢᠨ ᠤ ᠭᠠᠵᠠᠷ ᠣᠷᠣᠨ ᠤ ᠪᠠᠨ ᠪᠠᠶᠢᠳᠠᠯ ᠳᠤ ᠨᠢ | ᠲᠣᠬᠢᠷᠠᠭᠤᠯᠤᠨ ᠢᠵᠢ ᠪᠦᠷᠢᠳᠦᠭᠦᠯᠦᠭᠰᠡᠨ ᠳᠡᠮᠵᠢᠯᠭᠡ ᠶᠢᠨ ᠲᠦᠷᠦ ᠶᠢᠨ ᠪᠣᠳᠣᠯᠭ᠎ᠠ ᠲᠣᠭᠲᠠᠭᠠᠬᠤ ᠶᠢ ᠵᠣᠷᠢᠭᠵᠢᠭᠤᠯᠵᠤ᠂ | ᠲᠦᠷᠦ ᠶᠢᠨ ᠪᠣᠳᠣᠯᠭ᠎ᠠ ᠶᠢᠨ ᠬᠠᠮᠵᠢᠯᠴᠠᠬᠤ ᠦᠢᠯᠡᠳᠦᠯ ᠨᠥᠯᠥᠭᠡ ᠶᠢ ᠴᠢᠩᠭᠠᠳᠬᠠᠬᠤ ᠬᠡᠷᠡᠭᠲᠡᠢ ᠭᠡᠵᠡᠢ᠃ ᠬᠤᠷᠠᠯ ᠠᠴᠠ ︽ | ᠵᠢᠯᠣᠭᠤᠴᠢ ᠦᠭᠡᠢ ᠠᠭᠠᠷ ᠤᠨ ᠨᠢᠰᠦᠭᠦᠷ ᠤᠨ ᠨᠢᠰᠦᠯᠲᠡ ᠶᠢᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠳᠦᠷᠢᠮ ︵ᠡᠬᠡ | ᠨᠣᠣᠷᠠᠭ︶︾ ᠢ ᠬᠢᠨᠠᠨ ᠵᠥᠪᠯᠡᠪᠡ᠃ | | ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠢ ᠤᠯᠤᠰ ᠤᠨ ᠠᠮᠤᠷ ᠲᠦᠪᠰᠢᠨ ᠤ ᠦᠵᠡᠯᠲᠡ ᠶᠢ ᠪᠦᠬᠦ | ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠥᠭᠵᠢᠯᠲᠡ ᠪᠣᠯᠣᠨ ᠠᠮᠤᠷ ᠲᠦᠪᠰᠢᠨ ᠢ ᠨᠢᠭᠡᠳᠦᠯᠲᠡᠢ | ᠲᠥᠯᠥᠪᠵᠢᠭᠦᠯᠵᠦ᠂ ︽ᠳᠦᠷᠢᠮ︾ ᠢ ᠬᠡᠷᠡᠭᠵᠢᠭᠦᠯᠬᠦ ᠪᠠᠷ ᠠᠵᠠ ᠲᠣᠬᠢᠶᠠᠯ ᠪᠣᠯᠭᠠᠨ᠂ ᠵᠢᠯᠣᠭᠤᠴᠢ ᠦᠭᠡᠢ ᠠᠭᠠᠷ ᠤᠨ | ᠨᠢᠰᠦᠭᠦᠷ ᠤᠨ ᠨᠢᠰᠦᠯᠲᠡ ᠵᠢᠴᠢ ᠬᠤᠯᠪᠣᠭᠳᠠᠯ ᠪᠦᠬᠦᠢ ᠠᠵᠢᠯᠯᠠᠭ᠎ᠠ ᠶᠢ ᠵᠢᠷᠤᠮᠵᠢᠭᠤᠯᠤᠨ᠂ ᠬᠠᠮᠢᠶ᠎ᠠ ᠪᠦᠬᠦᠢ ᠠᠵᠤ | ᠦᠢᠯᠡᠰ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠢᠳᠡᠪᠬᠢᠲᠡᠢ ᠠᠬᠢᠭᠤᠯᠵᠤ᠂ ᠠᠭᠠᠷ ᠤᠨ ᠠᠶᠠᠯᠠᠯ ᠤᠨ ᠠᠮᠤᠷ | ᠲᠦᠪᠰᠢᠨ᠂ ᠤᠯᠠᠨ ᠨᠡᠶᠢᠲᠡ ᠶᠢᠨ ᠠᠮᠤᠷ ᠲᠦᠪᠰᠢᠨ᠂ ᠤᠯᠤᠰ ᠤᠨ ᠠᠮᠤᠷ ᠲᠦᠪᠰᠢᠨ ᠢ ᠬᠦᠴᠦᠲᠡᠢ ᠬᠠᠮᠠᠭᠠᠯᠠᠬᠤ ᠬᠡᠷᠡᠭᠲᠡᠢ᠃ | ᠠᠮᠤᠷ ᠲᠦᠪᠰᠢᠨ ᠢᠶᠠᠷ ᠦᠨᠳᠦᠰᠦ ᠪᠣᠯᠭᠠᠬᠤ ᠶᠢ ᠪᠠᠷᠢᠮᠲᠠᠯᠠᠵᠤ᠂ ᠦᠢᠯᠡᠳᠪᠦᠷᠢᠯᠡᠵᠦ ᠪᠣᠷᠣᠯᠠᠭᠤᠯᠬᠤ᠂ ᠤᠭᠰᠠᠷᠠᠬᠤ ᠪᠠ | ᠥᠭᠡᠷᠡᠴᠢᠯᠡᠨ ᠤᠭᠰᠠᠷᠠᠬᠤ᠂ ᠳᠡᠩᠰᠡᠯᠡᠵᠦ ᠢᠯᠭᠠᠨ ᠲᠠᠨᠢᠬᠤ᠂ ᠠᠵᠢᠯᠲᠠᠨ ᠤ ᠬᠢᠷᠢ ᠬᠡᠮ᠂ ᠠᠵᠢᠯᠯᠠᠭᠠᠨ ᠢ ᠬᠢᠨᠠᠨ ᠡᠵᠡᠮᠳᠡᠬᠦ | ᠵᠡᠷᠭᠡ ᠪᠥᠬᠦ ᠬᠡᠯᠬᠢᠶ᠎ᠡ ᠠᠴᠠ ᠡᠭᠦᠰᠦᠨ᠂ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠶᠢ ᠲᠦᠷᠭᠡᠳᠬᠡᠨ | ᠲᠡᠭᠦᠯᠳᠡᠷᠵᠢᠭᠦᠯᠵᠦ᠂ ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡᠨ ᠤ ᠲᠠᠪᠴᠠᠩ ᠢ ᠪᠦᠷᠢᠨᠰᠢᠭᠦᠯᠦᠨ᠂ ᠬᠢᠨᠠᠯᠲᠠ | ᠬᠠᠮᠢᠶᠠᠷᠤᠯᠲᠠ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ᠨᠢᠰᠦᠯᠲᠡ ᠶᠢᠨ ᠠᠵᠢᠯᠯᠠᠭ᠎ᠠ ᠶᠢᠨ ᠠᠮᠤᠷ | ᠲᠦᠪᠰᠢᠨ ᠡᠮᠬᠢ ᠵᠢᠷᠤᠮ ᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ | ᠬᠥᠳᠡᠯᠭᠡᠭᠦᠷ ᠪᠣᠯᠭᠠᠬᠤ ᠶᠢ ᠪᠠᠷᠢᠮᠲᠠᠯᠠᠵᠤ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠤᠯᠲᠠ ᠶᠢ | ᠶᠡᠭᠡ ᠪᠠᠷ ᠠᠬᠢᠭᠤᠯᠵᠤ᠂ ᠪᠡᠶ᠎ᠡ ᠪᠠᠨ ᠳᠠᠭᠠᠭᠠᠨ ᠡᠵᠡᠮᠳᠡᠵᠦ ᠪᠣᠯᠬᠤᠶᠢᠴᠠ᠂ ᠠᠮᠤᠷ ᠲᠦᠪᠰᠢᠨ ᠨᠠᠶᠢᠳᠠᠪᠤᠷᠢᠲᠠᠢ ᠠᠵᠤ | ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢ ᠲᠦᠷᠭᠡᠳᠬᠡᠨ ᠪᠠᠶᠢᠭᠤᠯᠵᠤ᠂ ᠮᠡᠷᠭᠡᠵᠢᠯ ᠤᠨ ᠠᠭᠤᠰᠤᠯᠴᠠᠨ ᠰᠢᠨ᠎ᠡ ᠶᠢ | ᠡᠭᠦᠳᠬᠦ ᠶᠢ ᠠᠬᠢᠭᠤᠯᠵᠤ᠂ ᠬᠡᠷᠡᠭᠯᠡᠭᠡᠨ ᠤ ᠠᠬᠤᠢ ᠪᠠᠶᠢᠳᠠᠯ ᠢ ᠪᠠᠶᠠᠯᠢᠭᠵᠢᠭᠤᠯᠤᠨ᠂ ᠠᠵᠤ ᠦᠢᠯᠡᠰ ᠤᠨ ᠠᠮᠢ ᠠᠬᠤᠢ ᠶᠢ | ᠲᠡᠭᠦᠯᠳᠡᠷᠵᠢᠭᠦᠯᠵᠦ᠂ ᠬᠠᠮᠢᠶ᠎ᠠ ᠪᠦᠬᠦᠢ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠨᠡᠩ ᠰᠠᠶᠢᠲᠤᠷ ᠠᠬᠢᠭᠤᠯᠬᠤ | ᠬᠡᠷᠡᠭᠲᠡᠢ ᠭᠡᠵᠡᠢ᠃ ᠭᠡᠷ ᠪᠦᠯᠢ ᠶᠢᠨ ᠠᠵᠤ ᠠᠬᠤᠢ ᠨᠢ ᠬᠦᠴᠢᠷᠳᠡᠯᠲᠡᠢ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ | ᠳᠠᠷᠤᠭᠠᠰᠤ ᠶᠢ ᠤᠯᠠᠮ ᠨᠢᠭᠡ ᠠᠯᠬᠤᠮ ᠬᠥᠩᠭᠡᠷᠡᠭᠦᠯᠬᠦ ᠶᠢᠨ ᠲᠤᠰᠠᠳᠠ᠂ ᠬᠤᠷᠠᠯ ᠠᠴᠠ᠂ ᠡᠨᠡ ᠵᠢᠯ ᠵᠢᠴᠢ ᠲᠡᠭᠦᠨ ᠠᠴᠠ | ᠡᠮᠦᠨᠡᠬᠢ ᠵᠢᠯ ᠤᠳ ᠤᠨ ᠲᠡᠭᠦᠰᠦᠭᠰᠡᠨ ᠰᠤᠷᠤᠭᠴᠢᠳ ᠤᠨ ᠡᠨᠡ ᠵᠢᠯ ᠤᠨ ᠳᠣᠲᠣᠷ᠎ᠠ ᠪᠤᠴᠠᠭᠠᠬᠤ ᠶᠣᠰᠣᠲᠠᠢ ᠤᠯᠤᠰ ᠤᠨ | ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠬᠦᠦ ᠮᠥᠩᠭᠦ ᠶᠢ ᠦᠷᠭᠦᠯᠵᠢᠯᠡᠨ ᠬᠡᠯᠲᠦᠷᠢᠭᠦᠯᠵᠦ᠂ ᠡᠬᠡ ᠮᠥᠩᠭᠦ ᠶᠢᠨ | ᠬᠡᠰᠡᠭ ᠮᠥᠩᠭᠦ ᠶᠢ ᠳᠠᠬᠢᠨ ᠨᠢᠭᠡ ᠵᠢᠯ ᠬᠤᠶᠢᠰᠢᠯᠠᠭᠤᠯᠤᠨ ᠪᠤᠴᠠᠭᠠᠬᠤ ᠪᠠᠷ ᠭᠤᠶᠤᠴᠢᠯᠠᠵᠤ ᠪᠣᠯᠬᠤ ᠪᠥᠭᠡᠳ ᠬᠤᠭᠤᠴᠠᠭ᠎ᠠ ᠶᠢ | ᠤᠷᠲᠤᠳᠬᠠᠭᠰᠠᠨ ᠵᠢᠭᠡᠯᠡᠯᠭᠡ ᠠᠴᠠ ᠲᠣᠷᠭᠠᠭᠤᠯᠢ ᠶᠢᠨ ᠬᠦᠦ ᠮᠥᠩᠭᠦ ᠪᠠ ᠳᠠᠪᠬᠤᠷ ᠬᠦᠦ ᠮᠥᠩᠭᠦ ᠪᠤᠳᠤᠬᠤ ᠦᠭᠡᠢ ᠭᠡᠵᠦ | ᠲᠣᠭᠲᠠᠭᠠᠵᠠᠢ᠃ | | ᠬᠤᠷᠠᠯ ᠠᠴᠠ ᠴᠢᠬᠤᠯᠠᠴᠢᠯᠠᠭᠰᠠᠨ ᠨᠢ᠂ ᠣᠳᠣᠬᠠᠨ ᠳᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ | ᠣᠯᠭᠤᠬᠤ ᠶᠠᠪᠤᠳᠠᠯ ᠨᠢᠭᠡᠨᠲᠡ ᠵᠠᠩᠭᠢᠯᠠᠭ᠎ᠠ ᠶᠢᠨ ᠱᠠᠲᠤᠨ ᠳᠤ ᠣᠷᠣᠭᠠᠳ ᠪᠠᠶᠢᠨ᠎ᠠ᠃ ᠠᠵᠢᠯ ᠣᠯᠭᠤᠯᠲᠠ ᠶᠢ | ᠲᠣᠭᠲᠠᠪᠤᠷᠢᠵᠢᠭᠤᠯᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠲᠠᠰᠤᠷᠠᠯᠲᠠ ᠦᠭᠡᠢ ᠰᠢᠯᠢᠳᠡᠭᠵᠢᠭᠦᠯᠦᠨ | ᠲᠡᠭᠦᠯᠳᠡᠷᠵᠢᠭᠦᠯᠵᠦ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠡᠯᠰᠡᠭᠰᠡᠨ ᠲᠤᠭ᠎ᠠ ᠪᠠᠷ ᠣᠯᠠᠨ ᠠᠵᠤ ᠠᠬᠤᠶᠢᠯᠠᠯ ᠳᠠᠬᠢ | ᠲᠥᠷᠥ ᠶᠢᠨ ᠪᠣᠳᠣᠯᠭ᠎ᠠ᠂ ᠪᠡᠯᠡ ᠮᠥᠩᠭᠦᠨ ᠤ ᠳᠡᠮᠵᠢᠯᠭᠡ ᠶᠢ ᠨᠡᠮᠡᠭᠳᠡᠭᠦᠯᠵᠦ᠂ ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ | ︾ ᠵᠡᠷᠭᠡ ᠲᠥᠯᠥᠪᠯᠡᠭᠡ ᠶᠢ ᠭᠦᠨᠵᠡᠭᠡᠢ ᠬᠡᠷᠡᠭᠵᠢᠭᠦᠯᠦᠨ᠂ ᠲᠤᠰ ᠵᠢᠯ ᠤᠨ ᠲᠡᠭᠦᠰᠬᠦ ᠰᠤᠷᠤᠭᠴᠢᠳ ᠤᠨ ᠣᠯᠠᠨ ᠠᠷᠭ᠎ᠠ | ᠵᠠᠮ ᠢᠶᠠᠷ ᠠᠵᠢᠯ ᠣᠯᠬᠤ ᠶᠢ ᠠᠬᠢᠭᠤᠯᠬᠤ ᠬᠡᠷᠡᠭᠲᠡᠢ ᠭᠡᠵᠡᠢ᠃ ᠬᠤᠷᠠᠯ ᠠᠴᠠ ᠴᠢᠬᠤᠯᠠᠴᠢᠯᠠᠭᠰᠠᠨ ᠨᠢ᠂ ᠣᠳᠣᠬᠠᠨ ᠳᠤ ᠠᠵᠤ | ᠠᠬᠤᠢ ᠶᠢᠨ ᠰᠡᠷᠭᠦᠯᠲᠡ ᠶᠠᠭ ᠵᠠᠩᠭᠢᠯᠠᠭ᠎ᠠ ᠶᠢᠨ ᠬᠤᠭᠤᠴᠠᠭᠠᠨ ᠳᠤ ᠣᠷᠣᠰᠢᠵᠤ ᠪᠠᠶᠢᠨ᠎ᠠ᠃ ᠭᠦᠨᠵᠡᠭᠡᠢ ᠪᠠᠶᠢᠴᠠᠭᠠᠨ | ᠰᠤᠳᠤᠯᠤᠯᠲᠠ ᠬᠢᠭᠰᠡᠨ ᠰᠠᠭᠤᠷᠢᠨ ᠳᠡᠭᠡᠷ᠎ᠡ᠂ ᠠᠵᠤ ᠠᠬᠤᠢ ᠶᠢᠨ ᠠᠵᠢᠯᠯᠠᠭᠠᠨ ᠤ ᠬᠢᠨᠠᠨ ᠰᠢᠨᠵᠢᠯᠡᠯᠲᠡ᠂ ᠪᠠᠶᠢᠳᠠᠯ ᠤᠨ | ᠵᠠᠳᠠᠯᠤᠯᠲᠠ ᠪᠠ ᠠᠷᠭᠠᠴᠠᠭᠠᠬᠤ ᠪᠣᠳᠣᠯᠭ᠎ᠠ ᠶᠢᠨ ᠰᠤᠳᠤᠯᠭᠠᠨ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠪᠣᠳᠠᠲᠠᠢ ᠶᠢ | ᠡᠷᠬᠢᠮᠯᠡᠭᠰᠡᠨ ᠪᠥᠭᠡᠳ ᠬᠡᠷᠡᠭᠵᠢᠭᠦᠯᠦᠰᠢᠲᠡᠢ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠴᠠᠭ ᠲᠤᠬᠠᠢ ᠳᠤ ᠨᠢ | ᠲᠣᠬᠢᠷᠠᠭᠤᠯᠤᠨ ᠨᠡᠶᠢᠲᠡᠯᠡᠵᠦ᠂ ᠵᠠᠬ᠎ᠠ ᠳᠡᠯᠭᠡᠭᠦᠷ ᠤᠨ ᠵᠢᠱᠢᠯᠲᠡ ᠶᠢ ᠤᠯᠠᠮ ᠨᠢᠭᠡ ᠠᠯᠬᠤᠮ ᠲᠣᠭᠲᠠᠪᠤᠷᠢᠵᠢᠭᠤᠯᠤᠨ᠂ | ᠬᠥᠭᠵᠢᠯᠲᠡ ᠶᠢᠨ ᠢᠲᠡᠭᠡᠯ ᠢ ᠤᠯᠠᠮ ᠨᠢᠭᠡ ᠠᠯᠬᠤᠮ ᠨᠡᠮᠡᠭᠳᠡᠭᠦᠯᠵᠦ᠂ ᠰᠠᠶᠢᠵᠢᠷᠠᠬᠤ ᠬᠠᠨᠳᠤᠰᠢ ᠶᠢ ᠪᠠᠬᠢᠵᠢᠭᠦᠯᠦᠨ | ᠥᠷᠭᠡᠳᠬᠡᠵᠦ᠂ ᠠᠵᠤ ᠠᠬᠤᠢ ᠶᠢᠨ ᠠᠵᠢᠯᠯᠠᠭᠠᠨ ᠤ ᠦᠷᠭᠦᠯᠵᠢᠯᠡᠨ ᠪᠦᠬᠦᠯᠢ ᠴᠣᠭᠴᠠ ᠶᠢᠨ ᠰᠠᠶᠢᠵᠢᠷᠠᠯᠲᠠ ᠶᠢ ᠠᠬᠢᠭᠤᠯᠬᠤ | ᠬᠡᠷᠡᠭᠲᠡᠢ ᠭᠡᠵᠡᠢ᠃ |