ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 13 ᠤ ᠴᠠᠭᠢᠯᠭᠠᠨ ᠮᠡᠳᠡᠭᠡ ᠠᠷᠪᠠᠨ ᠳᠥᠷᠪᠡᠳᠦᠭᠡᠷ | ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ 13 ᠤ | ᠦᠳᠡ ᠶᠢᠨ ᠡᠮᠦᠨ᠎ᠡ ᠠᠷᠠᠳ ᠤᠨ ᠶᠡᠭᠡ ᠬᠤᠷᠠᠯ ᠤᠨ ᠲᠠᠩᠬᠢᠮ ᠳᠤ ᠰᠤᠷᠪᠤᠯᠵᠢᠯᠠᠬᠴᠢᠳ ᠤᠨ ᠬᠤᠷᠠᠯ ᠬᠢᠵᠦ᠂ ᠲᠦᠷᠦ ᠶᠢᠨ | ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ ᠶᠡᠭᠡ ᠬᠤᠷᠠᠯ ᠤᠨ ᠥᠭᠦᠯᠡᠭᠴᠢ ᠸᠠᠩ ᠴᠤᠤ ᠶᠢᠨ | ᠤᠷᠢᠯᠭ᠎ᠠ ᠪᠠᠷ ᠰᠤᠷᠪᠤᠯᠵᠢᠯᠠᠬᠴᠢᠳ ᠤᠨ ᠬᠤᠷᠠᠯ ᠳᠤ ᠣᠷᠣᠯᠴᠠᠬᠰᠠᠨ ᠤ ᠬᠠᠮᠲᠤ ᠳᠤᠮᠳᠠᠳᠤ ᠭᠠᠳᠠᠭᠠᠳᠤ ᠶᠢᠨ | ᠰᠤᠷᠪᠤᠯᠵᠢᠯᠠᠬᠴᠢᠳ ᠤᠨ ᠳᠤᠷᠠᠳᠤᠭᠰᠠᠨ ᠠᠰᠠᠭᠤᠯᠲᠠ ᠶᠢ ᠬᠠᠷᠢᠭᠤᠯᠪᠠ᠃ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠳᠡᠳ᠋ | ᠶᠡᠷᠦᠩᠬᠡᠢ ᠰᠠᠶᠢᠳ ᠳ᠋ᠢᠩ ᠰᠢᠤᠸᠠᠢ ᠰᠢᠶᠠᠩ᠂ ᠾᠧ ᠯᠢ ᠹᠧᠩ᠂ ᠵᠠᠩ ᠭᠦᠸᠧ ᠴᠢᠩ᠂ ᠯᠢᠦ ᠭᠦᠸᠧ ᠵᠦᠩ ᠣᠷᠣᠯᠴᠠᠵᠠᠢ᠃ | | ᠰᠤᠷᠪᠤᠯᠵᠢᠯᠠᠬᠴᠢᠳ ᠤᠨ ᠬᠤᠷᠠᠯ ᠡᠭᠢᠯᠡᠭᠦ ᠦᠶ᠎ᠡ ᠳᠤ ᠯᠢ ᠴᠢᠶᠠᠩ᠂ ᠥᠨᠥᠳᠥᠷ ᠵᠠᠭᠤᠴᠢᠯᠠᠭᠤᠷ ᠤᠨ ᠨᠠᠶᠢᠵᠠ ᠨᠠᠷ ᠲᠠᠢ | ᠠᠳᠡ ᠠᠭᠤᠯᠵᠠᠵᠤ ᠰᠠᠨᠠᠯ ᠵᠶ᠋ᠠᠨᠰᠣᠯᠢᠯᠴᠠᠬᠤ ᠪᠣᠯᠤᠭᠰᠠᠨ ᠳᠠᠭᠠᠨ ᠮᠠᠰᠢ ᠪᠠᠶᠠᠷᠯᠠᠵᠤ ᠪᠠᠶᠢᠨ᠎ᠠ᠂ ᠡᠩ ᠲᠡᠷᠢᠭᠦᠨ ᠳᠤ ᠤᠯᠠᠨ ᠤ | ᠡᠨᠡ ᠤᠳᠠᠭ᠎ᠠ ᠶᠢᠨ ᠳᠤᠮᠳᠠᠳᠤ ᠤᠯᠤᠰ ᠤᠨ ᠬᠤᠶᠠᠷ ᠬᠤᠷᠠᠯ ᠢ ᠮᠡᠳᠡᠭᠡᠯᠡᠬᠦ ᠶᠢᠨ ᠲᠥᠯᠥᠭᠡ ᠭᠠᠷᠭᠠᠭᠰᠠᠨ ᠶᠠᠳᠠᠷᠠᠯ | ᠵᠦᠳᠡᠷᠡᠯ ᠳᠤ ᠲᠠᠯᠠᠷᠬᠠᠵᠤ ᠪᠠᠶᠢᠨ᠎ᠠ ᠭᠡᠵᠦ ᠬᠡᠯᠡᠪᠡ᠃ ᠯᠢ ᠴᠢᠶᠠᠩ᠂ ᠪᠢᠳᠡ ᠨᠠᠮ ᠪᠣᠯᠣᠨ ᠠᠷᠠᠳ ᠲᠦᠮᠡᠨ ᠤ ᠢᠲᠡᠭᠡᠯ ᠳᠤ | ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠨ᠎ᠠ᠂ ᠡᠭᠦᠷᠭᠡᠯᠡᠵᠦ ᠪᠠᠶᠢᠭ᠎ᠠ ᠬᠠᠷᠢᠭᠤᠴᠠᠯᠭ᠎ᠠ ᠬᠦᠨᠳᠦ ᠶᠡᠭᠡ᠂ ᠡᠭᠦᠷᠭᠡ ᠥᠩᠭᠡ | ᠭᠡᠷᠡᠯᠲᠡᠢ ᠭᠡᠳᠡᠭ ᠢ ᠴᠦ | ᠭᠦᠨᠵᠡᠭᠡᠢ ᠣᠶᠢᠯᠠᠭᠠᠵᠤ ᠪᠠᠶᠢᠨ᠎ᠠ᠃ ᠪᠢᠳᠡ ᠯᠠᠪᠲᠠᠢ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ | ᠬᠤᠷᠢᠶ᠎ᠠ ᠶᠢᠨ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ᠂ ᠥᠷᠭᠡᠨ ᠤᠯᠠᠨ ᠠᠷᠠᠳ ᠲᠦᠮᠡᠨ ᠳᠤ ᠴᠢᠩᠭ᠎ᠠ ᠲᠦᠰᠢᠭᠯᠡᠨ᠂ ᠬᠦᠴᠦᠯᠡᠨ ᠴᠢᠷᠮᠠᠶᠢᠵᠤ | ᠵᠢᠳᠬᠦᠯ ᠭᠠᠷᠭᠠᠬᠤ ᠤᠶᠤᠨ ᠰᠠᠨᠠᠭᠠᠨ ᠤ ᠳᠦᠷᠰᠦ | ᠪᠠᠶᠢᠳᠠᠯ ᠪᠠ ︽ᠴᠠᠭ ᠢᠮᠠᠭᠲᠠ ᠰᠡᠳᠬᠢᠯ ᠠᠮᠤᠷ ᠦᠭᠡᠢ ᠪᠠᠶᠢᠬᠤ︾ ᠬᠠᠷᠢᠭᠤᠴᠠᠯᠭᠠᠲᠤ ᠤᠬᠠᠮᠰᠠᠷ ᠢᠶᠠᠷ ᠦᠨᠳᠦᠰᠦᠨ | ᠬᠠᠤᠯᠢ ᠪᠠ ᠬᠠᠤᠯᠢ ᠴᠠᠭᠠᠵᠠ ᠠᠴᠠ | ᠣᠯᠭᠤᠭᠰᠠᠨ ᠲᠤᠰᠢᠶᠠᠯ ᠬᠠᠷᠢᠭᠤᠴᠠᠯᠭ᠎ᠠ ᠪᠠᠨ ᠦᠨᠡᠨᠴᠢ ᠰᠢᠳᠤᠷᠭᠤ ᠪᠠᠷ ᠭᠦᠢᠴᠡᠳᠬᠡᠵᠦ᠂ ᠣᠮᠤᠭ ᠵᠣᠷᠢᠭ | ᠪᠠᠳᠠᠷᠠᠩᠭᠤᠢ ᠪᠠᠷ ᠡᠷᠡᠮᠡᠬᠡᠶᠢᠯᠡᠨ ᠤᠷᠤᠭᠰᠢᠯᠠᠵᠤ᠂ | ᠨᠡᠶᠢᠲᠡ ᠶᠢᠨ ᠲᠥᠯᠥᠭᠡ ᠠᠷᠢᠭᠤᠨ ᠴᠢᠬᠡᠴᠢ ᠪᠠᠷ ᠵᠢᠳᠬᠦᠵᠦ᠂ ᠦᠨᠡᠨ ᠰᠡᠳᠬᠢᠯ ᠠᠴᠠ ᠪᠠᠨ ᠮᠡᠷᠡᠶᠢᠨ ᠵᠢᠳᠬᠦᠵᠦ᠂ | ᠡᠭᠦᠷᠭᠡ ᠬᠠᠷᠢᠭᠤᠴᠠᠯᠭ᠎ᠠ ᠪᠠᠨ ᠭᠤᠲᠤᠭᠠᠬᠤ ᠦᠭᠡᠢ | ᠶᠤᠮ ᠭᠡᠵᠦ ᠢᠯᠡᠳᠬᠡᠪᠡ᠃ | ᠲᠥᠪ ᠤᠨ ᠷᠠᠳᠢᠣ᠋ ᠲᠧᠯᠸᠢᠰ ᠤᠨ ᠶᠡᠷᠦᠩᠬᠡᠢ ᠬᠤᠷᠢᠶ᠎ᠠ ᠶᠢᠨ ᠰᠤᠷᠪᠤᠯᠵᠢᠯᠠᠬᠴᠢ᠄ ᠡᠩ ᠲᠡᠷᠢᠭᠦᠨ ᠳᠤ ᠲᠠ ᠪᠣᠯᠣᠨ | ᠳᠥᠷᠪᠡᠨ ᠳᠡᠳ᠋ ᠶᠡᠷᠦᠩᠬᠡᠢ ᠰᠠᠶᠢᠳ ᠤᠨ | ᠰᠢᠨ᠎ᠡ ᠪᠠᠷ ᠲᠤᠰᠢᠶᠠᠯ ᠳᠤ ᠭᠠᠷᠤᠭᠰᠠᠨ ᠳᠤ ᠪᠠᠶᠠᠷ ᠬᠦᠷᠭᠡᠵᠦ ᠪᠠᠶᠢᠨ᠎ᠠ᠃ ᠰᠢᠨ᠎ᠡ ᠨᠢᠭᠡ ᠬᠤᠭᠤᠴᠠᠭᠠᠨ ᠤ ᠵᠠᠰᠠᠭ ᠤᠨ | ᠣᠷᠳᠣᠨ ᠤ ᠲᠤᠰᠢᠶᠠᠯ ᠤᠨ ᠬᠤᠭᠤᠴᠠᠭ᠎ᠠ | ᠪᠤᠯᠬᠤ ᠢᠷᠡᠭᠡᠳᠦᠢ ᠶᠢᠨ ᠲᠠᠪᠤᠨ ᠵᠢᠯ ᠨᠢ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ | ᠪᠠᠶᠢᠭᠤᠯᠬᠤ ᠤᠯᠤᠰ ᠲᠤ ᠠᠪᠴᠤ ᠬᠡᠯᠡᠪᠡᠯ | ᠡᠭᠢᠯᠡᠯᠲᠡ ᠶᠢᠨ ᠵᠠᠩᠭᠢᠯᠠᠭ᠎ᠠ ᠶᠢᠨ ᠬᠤᠭᠤᠴᠠᠭ᠎ᠠ ᠪᠣᠯᠣᠨ᠎ᠠ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠢᠨ ᠰᠢᠨ᠎ᠡ | ᠨᠢᠭᠡ ᠬᠤᠭᠤᠴᠠᠭᠠᠨ ᠤ ᠵᠠᠰᠠᠭ ᠤᠨ ᠣᠷᠳᠣᠨ ᠤ | ᠠᠵᠢᠯ ᠢ ᠲᠦᠢᠯ ᠢᠶᠠᠷ ᠠᠩᠬᠠᠷᠴᠤ ᠪᠠᠶᠢᠨ᠎ᠠ᠃ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠤ ᠵᠠᠰᠠᠭ | ᠶᠠᠪᠤᠭᠤᠯᠬᠤ ᠬᠠᠷᠠᠯᠲᠠ ᠨᠢ ᠶᠠᠭᠤ ᠪᠤᠶ︖ ᠶᠠᠮᠠᠷ ᠶᠠᠮᠠᠷ | ᠠᠵᠢᠯ ᠤᠨ ᠭᠤᠣᠯᠳᠠᠯᠭ᠎ᠠ ᠪᠠᠶᠢᠬᠤ ᠪᠤᠶ︖ ᠠᠵᠢᠯ ᠢᠶᠠᠨ ᠬᠡᠷᠬᠢᠨ ᠥᠷᠨᠢᠭᠦᠯᠬᠦ ᠪᠤᠢ︖ | ᠯᠢ ᠴᠢᠶᠠᠩ᠄ ᠲᠠᠨ ᠤ ᠪᠠᠶᠠᠷ ᠬᠦᠷᠭᠡᠭᠰᠡᠨ ᠳᠤ ᠲᠠᠯᠠᠷᠬᠠᠵᠤ ᠪᠠᠶᠢᠨ᠎ᠠ᠂ ᠲᠠ ᠤᠯᠠᠨ ᠤ ᠰᠢᠨ᠎ᠡ ᠨᠢᠭᠡ ᠬᠤᠭᠤᠴᠠᠭᠠᠨ ᠤ | ᠵᠠᠰᠠᠭ ᠤᠨ ᠣᠷᠳᠣᠨ ᠤ ᠠᠵᠢᠯ ᠢ | ᠬᠠᠯᠠᠮᠵᠢᠯᠠᠵᠤ ᠪᠠᠶᠢᠭ᠎ᠠ ᠳᠤ ᠲᠠᠯᠠᠷᠬᠠᠵᠤ ᠪᠠᠶᠢᠨ᠎ᠠ᠃ | ᠨᠢᠳᠤᠨᠤᠨ ᠤ 10 ᠰᠠᠷ᠎ᠠ ᠳᠤ ᠬᠤᠷᠠᠯᠳᠤᠭᠤᠯᠤᠭᠰᠠᠨ ᠨᠠᠮ ᠤᠨ ᠬᠤᠷᠢᠳᠤᠭᠠᠷ ᠶᠡᠭᠡ ᠬᠤᠷᠠᠯ ᠠᠴᠠ ᠮᠠᠨ ᠤ ᠤᠯᠤᠰ ᠤᠨ | ᠬᠤᠶᠢᠰᠢᠳᠠ ᠶᠢᠨ ᠲᠠᠪᠤᠨ ᠵᠢᠯ ᠪᠠ ᠨᠡᠩ | ᠤᠷᠳᠤ ᠬᠤᠭᠤᠴᠠᠭᠠᠨ ᠤ ᠬᠥᠭᠵᠢᠯᠲᠡ ᠳᠤ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠬᠢᠪᠡ᠂ | ᠤᠯᠠᠨ ᠢᠶᠠᠷ ᠢᠶᠠᠨ ᠨᠡᠯᠢᠶᠡᠳ ᠰᠡᠳᠬᠢᠯ | ᠲᠠᠯᠪᠢᠵᠤ ᠪᠠᠶᠢᠭ᠎ᠠ ᠴᠢᠬᠤᠯᠠ ᠶᠡᠭᠡ ᠠᠰᠠᠭᠤᠳᠠᠯ ᠤᠨ ᠲᠤᠬᠠᠢ ᠴᠥᠮ ᠨᠠᠮ ᠤᠨ ᠬᠤᠷᠢᠳᠤᠭᠠᠷ ᠶᠡᠭᠡ ᠬᠤᠷᠠᠯ ᠤᠨ | ᠢᠯᠡᠳᠬᠡᠯ ᠠᠴᠠ ᠲᠣᠳᠣᠷᠬᠠᠢ ᠬᠠᠷᠢᠭᠤᠯᠲᠠ ᠣᠯᠵᠤ | ᠴᠢᠳᠠᠬᠤ ᠶᠤᠮ᠃ | ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠤ ᠠᠵᠢᠯ ᠪᠣᠯ ᠳᠠᠷᠤᠢ ᠨᠠᠮ ᠤᠨ ᠲᠥᠪ ᠬᠤᠷᠢᠶ᠎ᠠ ᠶᠢᠨ | ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ | ᠰᠠᠶᠢᠲᠤᠷ ᠲᠤᠭᠤᠰᠢᠯᠠᠭᠤᠯᠵᠤ᠂ ᠰᠠᠶᠢᠲᠤᠷ ᠨᠠᠶᠢᠳᠠᠪᠤᠷᠢᠵᠢᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠠᠴᠠ | ᠵᠢᠷᠤᠭᠯᠠᠭᠰᠠᠨ ᠠᠤᠭ᠎ᠠ ᠵᠢᠷᠤᠭ ᠲᠥᠰᠥᠪ ᠢ | ᠪᠠᠷᠢᠯᠭ᠎ᠠ ᠶᠢᠨ ᠵᠢᠷᠤᠭ ᠲᠥᠯᠥᠪᠯᠡᠭᠡ ᠪᠣᠯᠭᠠᠨ ᠬᠤᠪᠢᠷᠠᠭᠤᠯᠵᠤ᠂ ᠪᠦᠭᠦ ᠤᠯᠤᠰ ᠤᠨ ᠠᠷᠠᠳ ᠲᠦᠮᠡᠨ ᠲᠠᠢ ᠬᠠᠮᠲᠤ ᠪᠠᠷ᠂ | ᠯᠠᠪᠳᠠᠭᠤᠨ ᠪᠠᠲᠤᠲᠠᠢ ᠪᠠᠷ ᠠᠤᠭ᠎ᠠ ᠵᠢᠷᠤᠭ | ᠲᠥᠰᠥᠪ ᠢ ᠰᠠᠶᠢᠨ ᠰᠠᠶᠢᠬᠠᠨ ᠪᠣᠳᠠᠲᠤ ᠠᠬᠤᠢ ᠪᠣᠯᠭᠠᠨ ᠬᠤᠪᠢᠷᠠᠭᠤᠯᠬᠤ ᠶᠠᠪᠤᠳᠠᠯ ᠪᠣᠯᠣᠨ᠎ᠠ᠃ | ᠬᠤᠶᠢᠰᠢᠳᠠ ᠶᠢᠨ ᠠᠵᠢᠯ ᠤᠨ ᠳᠤᠮᠳᠠ᠂ ᠡᠶᠢᠮᠦ ᠬᠡᠳᠦᠨ ᠲᠠᠯ᠎ᠠ ᠶᠢ ᠪᠢᠳᠡ ᠭᠤᠣᠯᠳᠠᠯᠭ᠎ᠠ ᠲᠠᠢ ᠡᠵᠡᠮᠳᠡᠬᠦ ᠪᠣᠯᠣᠨ᠎ᠠ᠄ | ᠨᠢᠭᠡᠳᠦᠭᠡᠷ ᠲᠤ᠂ ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠨ᠎ᠠ | ᠃ ᠦᠨᠡᠨ ᠢ ᠬᠡᠯᠡᠪᠡᠯ᠂ ᠨᠠᠮ ᠪᠠ | ᠵᠠᠰᠠᠭ ᠤᠨ ᠣᠷᠳᠣᠨ ᠤ ᠠᠯᠢᠪᠠ ᠠᠵᠢᠯ ᠤᠨ ᠵᠣᠷᠢᠯᠲᠠ ᠪᠣᠯ ᠠᠷᠠᠳ ᠲᠦᠮᠡᠨ ᠳᠤ ᠪᠤᠶᠠᠨ ᠦᠢᠯᠡᠳᠭᠦ ᠶᠠᠪᠤᠳᠠᠯ | ᠪᠣᠯᠣᠨ᠎ᠠ᠃ ᠶᠡᠷᠦᠩᠬᠡᠢ ᠱᠦᠵᠢ ᠰᠢ ᠶᠢᠨ ᠫᠢᠩ᠄ | ︽ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠪᠣᠯ ᠪᠢᠳᠡᠨ ᠤ ᠲᠡᠮᠡᠴᠡᠬᠦ ᠬᠠᠷᠠᠯᠲᠠ ᠮᠥᠨ | ︾ ᠭᠡᠵᠦ ᠬᠡᠯᠡᠵᠦ ᠥᠩᠭᠡᠷᠡᠪᠡ᠃ ᠪᠢᠳᠡ | ᠬᠡᠵᠢᠶ᠎ᠡ ᠴᠦ ᠭᠡᠰᠡᠨ ᠠᠷᠠᠳ ᠤᠨ ᠵᠠᠰᠠᠭ ᠤᠨ ᠣᠷᠳᠣᠨ ᠤ ᠡᠮᠦᠨᠡᠬᠢ ︽ᠠᠷᠠᠳ ᠲᠦᠮᠡᠨ︾ ᠭᠡᠳᠡᠭ ᠦᠭᠡ ᠶᠢ ᠢᠮᠠᠭᠲᠠ | ᠪᠠᠲᠤ ᠴᠡᠭᠡᠵᠢᠯᠡᠵᠦ᠂ ᠠᠷᠠᠳ ᠤᠨ | ᠠᠮᠢᠳᠤᠷᠠᠯ ᠤᠨ ᠪᠣᠳᠠᠲᠤ ᠶᠠᠪᠤᠳᠠᠯ ᠪᠣᠯᠭᠠᠨ ᠢ ᠯᠠᠪᠳᠠᠭᠤᠨ ᠪᠠᠲᠤᠲᠠᠢ ᠰᠠᠶᠢᠲᠤᠷ ᠬᠢᠨ᠎ᠡ᠃ ᠪᠤᠰᠤᠳᠴᠢ ᠪᠠᠷ ᠶᠠᠷᠢᠪᠠᠯ᠂ | ᠵᠣᠩᠬᠢᠯᠠᠬᠤ ᠤᠯᠠᠨ ᠲᠣᠭᠠᠨ ᠤ ᠠᠷᠠᠳ | ᠲᠦᠮᠡᠨ GDP ᠶᠢᠨ ᠨᠡᠮᠡᠭᠳᠡᠯ ᠬᠡᠳᠦᠢ ᠨᠡᠮᠡᠭᠳᠡᠭᠰᠡᠨ ᠢ ᠡᠳᠦᠷᠵᠢᠨ ᠠᠩᠬᠠᠷᠴᠤ ᠦᠵᠡᠬᠦ ᠦᠭᠡᠢ ᠶᠤᠮ᠂ | ᠤᠯᠠᠨ ᠢᠶᠠᠷ ᠢᠶᠠᠨ ᠣᠷᠣᠨ ᠰᠠᠭᠤᠴᠠ᠂ ᠠᠵᠢᠯ ᠣᠯᠭᠤᠯᠲᠠ᠂ | ᠣᠷᠣᠯᠭ᠎ᠠ᠂ ᠰᠤᠷᠭᠠᠨ ᠬᠥᠮᠦᠵᠢᠯ᠂ ᠡᠪᠡᠳᠴᠢᠨ ᠦᠵᠡᠭᠦᠯᠭᠦ᠂ ᠠᠮᠢ ᠠᠬᠤᠢ ᠣᠷᠴᠢᠨ ᠲᠣᠭᠤᠷᠢᠨ ᠵᠡᠷᠭᠡ ᠳᠡᠷᠭᠡᠳᠡᠬᠢ | ᠪᠣᠳᠠᠲᠠᠢ ᠶᠠᠪᠤᠳᠠᠯ ᠢᠶᠠᠨ ᠨᠡᠩ ᠠᠩᠬᠠᠷᠴᠤ | ᠪᠠᠶᠢᠳᠠᠭ᠃ ᠵᠠᠰᠠᠭ ᠤᠨ ᠣᠷᠳᠣᠨ ᠤ ᠠᠵᠢᠯ ᠪᠣᠯ ᠠᠷᠠᠳ ᠣᠯᠠᠨ ᠤ ᠪᠣᠳᠠᠲᠠᠢ ᠲᠥᠷᠥᠭᠳᠡᠯ ᠲᠠᠢ ᠣᠶᠢᠷᠠᠲᠤᠭᠤᠯᠵᠤ | ᠪᠠᠶᠢᠭᠠᠳ ᠲᠥᠯᠥᠪᠯᠡᠭᠡ ᠬᠢᠵᠦ ᠠᠬᠢᠭᠤᠯᠵᠤ᠂ | ᠠᠷᠠᠳ ᠲᠦᠮᠡᠨ ᠬᠦᠰᠡᠯ ᠡᠷᠡᠮᠡᠯᠵᠡᠯ ᠲᠠᠢ ᠪᠠᠶᠢᠪᠠᠯ ᠵᠠᠰᠠᠭ ᠤᠨ ᠣᠷᠳᠣᠨ ᠵᠢᠳᠬᠦᠯ ᠴᠢᠷᠮᠠᠶᠢᠯᠭ᠎ᠠ ᠲᠠᠢ ᠪᠠᠶᠢᠬᠤ ᠶᠢ | ᠦᠨᠡᠨ ᠬᠦ ᠪᠡᠶᠡᠯᠡᠭᠦᠯᠬᠦ ᠶᠠᠪᠤᠳᠠᠯ ᠪᠣᠯᠣᠨ᠎ᠠ᠃ | ᠬᠤᠶᠠᠳᠤᠭᠠᠷ ᠲᠤ᠂ ᠬᠦᠴᠦᠨ ᠢᠶᠠᠨ ᠲᠥᠪᠯᠡᠷᠡᠭᠦᠯᠦᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ ᠡᠨᠡ | ᠤᠳᠠᠭ᠎ᠠ ᠶᠢᠨ ᠬᠤᠶᠠᠷ ᠬᠤᠷᠠᠯ ᠤᠨ | ᠬᠤᠭᠤᠴᠠᠭᠠᠨ ᠳᠤ᠂ ᠶᠡᠷᠦᠩᠬᠡᠢ ᠱᠦᠵᠢ ᠰᠢ ᠶᠢᠨ ᠫᠢᠩ ᠵᠢᠶᠠᠩᠰᠤ ᠶᠢᠨ ᠲᠥᠯᠥᠭᠡᠯᠡᠭᠴᠢᠳ ᠤᠨ ᠪᠦᠯᠭᠦᠮ ᠤᠨ ᠬᠢᠨᠠᠨ | ᠵᠥᠪᠯᠡᠭᠦ ᠳᠤ ᠣᠷᠤᠯᠴᠠᠬᠤ ᠳᠠᠭᠠᠨ᠂ ᠴᠢᠨᠠᠷ | ᠰᠠᠶᠢᠲᠠᠢ ᠬᠥᠭᠵᠢᠯᠲᠡ ᠭᠡᠬᠦ ᠡᠨᠡ ᠬᠦ ᠲᠡᠷᠢᠭᠦᠨ ᠴᠢᠬᠤᠯᠠ ᠡᠭᠦᠷᠭᠡ ᠶᠢ ᠪᠠᠲᠤ ᠡᠵᠡᠮᠳᠡᠬᠦ ᠬᠡᠷᠡᠭᠲᠡᠢ ᠭᠡᠵᠦ ᠣᠨᠴᠠᠭᠠᠶᠢᠯᠠᠨ | ᠴᠢᠬᠤᠯᠠᠴᠢᠯᠠᠪᠠ᠃ ᠮᠠᠨ ᠤ ᠤᠯᠤᠰ ᠤᠨ ᠠᠵᠤ | ᠠᠬᠤᠢ ᠨᠡᠶᠢᠭᠡᠮ ᠤᠨ ᠬᠥᠭᠵᠢᠯᠲᠡ ᠨᠢᠭᠡᠨᠲᠡ ᠯᠤᠲᠤ ᠶᠡᠭᠡ ᠠᠮᠵᠢᠯᠲᠠ ᠪᠦᠲᠦᠮᠵᠢ ᠣᠯᠵᠤ᠂ ᠠᠵᠤ ᠠᠬᠤᠢ ᠶᠢᠨ | ᠶᠡᠷᠦᠩᠬᠡᠢ ᠬᠡᠮᠵᠢᠶ᠎ᠡ ᠳᠡᠯᠡᠬᠡᠢ ᠶᠢᠨ ᠬᠤᠶᠠᠳᠤᠭᠠᠷ ᠲᠤ | ᠪᠠᠲᠤᠲᠠᠢ ᠣᠷᠣᠭᠰᠠᠨ ᠪᠤᠯᠪᠠᠴᠤ ᠬᠥᠭᠵᠢᠯᠲᠡ ᠮᠥᠨ ᠲᠡᠩᠴᠡᠭᠦᠷᠢ ᠦᠭᠡᠢ᠂ ᠭᠦᠢᠴᠡᠳ ᠪᠤᠰᠤ ᠪᠠᠶᠢᠨ᠎ᠠ᠃ ᠶᠠᠮᠠᠷᠪᠠ | ᠨᠢᠭᠡ ᠶᠡᠷᠦᠩᠬᠡᠢ ᠬᠡᠮᠵᠢᠶᠡᠨ ᠤ ᠭᠦᠢᠴᠡᠳᠬᠡᠯ | ᠲᠤᠭ᠎ᠠ ᠶᠢ 14 ᠳ᠋ᠦᠩᠰᠢᠭᠤᠷ ᠭᠠᠷᠤᠢ ᠬᠥᠮᠥᠨ ᠠᠮᠠ ᠶᠢᠨ ᠰᠠᠭᠤᠷᠢ ᠲᠤᠭ᠎ᠠ ᠳᠡᠭᠡᠷ᠎ᠡ ᠨᠣᠭᠳᠠᠭᠤᠯᠪᠠᠯ᠂ ᠬᠥᠮᠥᠨ | ᠳᠤᠮᠳᠠᠴᠢ ᠶᠢᠨ ᠬᠢᠷᠢ ᠬᠡᠮᠵᠢᠶ᠎ᠡ ᠨᠢ ᠴᠥᠮ ᠨᠡᠯᠢᠶᠡᠳ | ᠬᠢᠵᠠᠭᠠᠷ ᠲᠠᠢ ᠪᠠᠶᠢᠳᠠᠭ᠃ ᠤᠳᠤ᠂ ᠮᠠᠨ ᠤ ᠬᠥᠭᠵᠢᠯᠲᠡ ᠶᠢᠨ ᠣᠯᠠᠩᠬᠢ ᠨᠢ ᠵᠥᠪᠭᠡᠨ ︽ᠪᠠᠶᠢᠬᠤ ᠡᠰᠡᠬᠦ︾ | ᠠᠰᠠᠭᠤᠳᠠᠯ ᠢ ᠯᠠ ᠰᠢᠢᠳᠪᠦᠷᠢᠯᠡᠵᠦ ᠪᠠᠶᠢᠨ᠎ᠠ᠂ | ᠲᠠᠷᠠᠭᠠᠴᠢ ᠶᠢᠨ ᠠᠯᠬᠤᠮ ᠳᠤ ︽ᠰᠠᠶᠢᠨ ᠡᠰᠡᠬᠦ︾ ᠠᠰᠠᠭᠤᠳᠠᠯ ᠢ ᠨᠡᠩ ᠴᠢᠬᠤᠯᠠᠴᠢᠯᠠᠨ ᠰᠢᠢᠳᠪᠦᠷᠢᠯᠡᠬᠦ ᠴᠢᠬᠤᠯᠠᠲᠠᠢ᠂ | ᠢᠯᠠᠩᠭᠤᠶ᠎ᠠ ᠰᠢᠨᠵᠢᠯᠡᠬᠦ ᠤᠬᠠᠭᠠᠨ ᠲᠦ᠋ᠭᠨᠢᠭ | ᠮᠡᠷᠭᠡᠵᠢᠯ ᠤᠨ ᠰᠢᠨ᠎ᠡ ᠶᠢ ᠡᠭᠦᠳᠭᠦ ᠴᠢᠳᠠᠪᠤᠷᠢ ᠪᠠᠨ ᠳᠡᠭᠡᠭᠰᠢᠯᠡᠭᠦᠯᠭᠦ᠂ ᠣᠳᠣᠬᠢᠴᠢᠯᠠᠭᠰᠠᠨ ᠠᠵᠤ ᠦᠢᠯᠡᠰ ᠤᠨ | ᠰᠢᠰᠲ᠋ᠧᠮ ᠢ ᠪᠠᠶᠢᠭᠤᠯᠬᠤ᠂ ᠬᠥᠭᠵᠢᠯᠲᠡ ᠶᠢᠨ ᠠᠷᠭ᠎ᠠ | ᠮᠠᠶ᠋ᠢᠭ ᠤᠨ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠵᠡᠷᠭᠡ ᠪᠣᠯᠣᠨ᠎ᠠ᠃ | ᠶᠡᠷᠦᠩᠬᠡᠢ ᠳᠤᠨᠢ ᠠᠪᠴᠤ ᠬᠡᠯᠡᠪᠡᠯ᠂ ᠪᠢᠳᠡ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠥᠪ ᠣᠨᠣᠪᠴᠢᠲᠠᠶ᠂ ᠪᠦᠭᠦ ᠲᠠᠯ᠎ᠠ ᠪᠠᠷ ᠲᠤᠭᠤᠰᠢᠯᠠᠭᠤᠯᠵᠤ | ᠂ ᠰᠢᠨ᠎ᠡ ᠬᠥᠭᠵᠢᠯᠲᠡ ᠶᠢᠨ ᠪᠠᠶᠢᠷᠢᠰᠢᠯ ᠢ | ᠲᠦᠷᠭᠡᠳᠬᠡᠨ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠬᠤ ᠬᠡᠷᠡᠭᠲᠡᠢ᠃ | ᠭᠤᠷᠪᠠᠳᠤᠭᠠᠷ ᠲᠤ᠂ ᠥᠭᠡᠷᠡᠴᠢᠯᠡᠯᠲᠡ ᠨᠡᠭᠡᠭᠡᠯᠲᠡ ᠶᠢ ᠡᠷᠡᠰ ᠭᠤᠶᠢᠪᠢᠰᠢ ᠦᠭᠡᠢ ᠭᠦᠨᠵᠡᠭᠡᠶᠢᠷᠡᠭᠦᠯᠦᠨ᠎ᠡ᠃ | ᠥᠭᠡᠷᠡᠴᠢᠯᠡᠯᠲᠡ ᠨᠡᠭᠡᠭᠡᠯᠲᠡ ᠪᠣᠯ ᠤᠳᠤ ᠦᠶ᠎ᠡ ᠶᠢᠨ | ᠳᠤᠮᠳᠠᠳᠤ ᠤᠯᠤᠰ ᠤᠨ ᠬᠤᠪᠢ ᠵᠠᠶᠠᠭ᠎ᠠ ᠶᠢ ᠲᠣᠭᠲᠠᠭᠠᠬᠤ ᠵᠠᠩᠭᠢᠯᠠᠭ᠎ᠠ ᠶᠢᠨ ᠠᠷᠭ᠎ᠠ ᠪᠣᠯᠣᠨ᠎ᠠ᠂ ᠪᠢᠳᠡ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ | ᠠᠬᠢᠭᠤᠯᠬᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠲᠡᠦᠬᠡᠨ ᠠᠬᠢᠴᠠ ᠳᠤᠮᠳᠠ᠂ ᠪᠠᠰᠠ | ᠴᠤ ︽ᠥᠭᠡᠷᠡᠴᠢᠯᠡᠯᠲᠡ ᠶᠢᠨ ᠬᠤᠭᠤᠯᠠ ᠶᠢ | ᠢᠳᠡᠵᠦ᠂ ᠨᠡᠭᠡᠭᠡᠯᠲᠡ ᠶᠢᠨ ᠵᠠᠮ ᠢᠶᠠᠷ ᠵᠠᠮᠨᠠᠬᠤ︾ ᠬᠡᠷᠡᠭᠲᠡᠢ᠃ | ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠥᠭᠡᠷᠡᠴᠢᠯᠡᠯᠲᠡ ᠶᠢᠨ ᠴᠢᠭᠯᠡᠯ ᠢ ᠪᠠᠷᠢᠮᠲᠠᠯᠠᠵᠤ᠂ | ᠥᠨᠳᠥᠷ ᠲᠦᠪᠰᠢᠨ ᠪᠦᠬᠦᠢ ᠭᠠᠳᠠᠭᠠᠳᠤ | ᠨᠡᠭᠡᠭᠡᠯᠲᠡ ᠶᠢ ᠪᠠᠷᠢᠮᠲᠠᠯᠠᠵᠤ᠂ ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠬᠦ ᠳᠤᠮᠳᠠ ᠬᠥᠭᠵᠢᠯᠲᠡ ᠶᠢᠨ | ᠬᠥᠳᠡᠯᠭᠡᠬᠦ ᠬᠦᠴᠦᠨ ᠪᠠ ᠠᠮᠢᠵᠢᠷᠠᠯ ᠤᠨ ᠬᠦᠴᠦᠨ ᠢ | ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ᠃ | ᠠᠮᠧᠷᠢᠺᠠ ᠶᠢᠨ ᠬᠡᠷᠡᠭᠯᠡᠭᠴᠢᠳ ᠤᠨ ᠰᠣᠨᠢᠨ ᠮᠡᠳᠡᠭᠡ ᠪᠣᠯᠣᠨ ᠬᠤᠳᠠᠯᠳᠤᠭᠠᠨ ᠤ ᠰᠤᠪᠠᠭ ᠤᠨ ᠰᠤᠷᠪᠤᠯᠵᠢᠯᠠᠬᠴᠢ᠄ ᠡᠨᠡ | ᠵᠢᠯ ᠪᠣᠯ ᠳᠤᠮᠳᠠᠳᠤ ᠤᠯᠤᠰ ᠤᠨ | ᠬᠢᠵᠢᠭ ᠤᠨ ᠪᠠᠶᠢᠳᠠᠯ ᠤᠨ ᠤᠷᠭᠢᠯ ᠤᠨ ᠬᠤᠭᠤᠴᠠᠭ᠎ᠠ ᠥᠩᠭᠡᠷᠡᠭᠰᠡᠨ ᠤ ᠳᠠᠷᠠᠭᠠᠬᠢ ᠲᠦᠷᠦᠭᠦᠦ ᠵᠢᠯ ᠪᠣᠯᠣᠨ᠎ᠠ᠂ ᠮᠠᠰᠢ | ᠤᠯᠠᠨ ᠬᠥᠮᠥᠰ ᠤᠨ ᠵᠢᠱᠢᠭᠰᠡᠨ ᠢᠶᠠᠷ ᠪᠣᠯ ᠠᠵᠤ | ᠠᠬᠤᠢ ᠣᠬᠤᠷᠬᠠᠨ ᠬᠤᠭᠤᠴᠠᠭᠠᠨ ᠳᠤ ᠲᠠᠭᠢᠨ ᠨᠡᠮᠡᠭᠳᠡᠬᠦ ᠪᠣᠯᠣᠨ᠎ᠠ᠂ ᠳᠤᠮᠳᠠᠳᠤ ᠤᠯᠤᠰ ᠶᠠᠮᠠᠷ ᠠᠷᠭ᠎ᠠ ᠬᠡᠮᠵᠢᠶ᠎ᠡ | ᠠᠪᠴᠤ ᠪᠦᠭᠦ ᠵᠢᠯ ᠤᠨ ᠠᠵᠤ ᠠᠬᠤᠢ ᠶᠢᠨ | ᠨᠡᠮᠡᠭᠳᠡᠯ ᠤᠨ ᠬᠠᠷᠠᠯᠲᠠ ᠶᠢ ᠪᠡᠶᠡᠯᠡᠭᠦᠯᠬᠦ ᠪᠠᠷ ᠪᠠᠶᠢᠭ᠎ᠠ ᠪᠤᠢ︖ ᠳᠤᠮᠳᠠᠳᠤ ᠤᠯᠤᠰ ᠤᠨ ᠠᠵᠤ ᠠᠬᠤᠢ ᠡᠨᠡ ᠵᠢᠯ ᠵᠢᠴᠢ | ᠳᠠᠷᠠᠭᠠᠴᠢ ᠶᠢᠨ ᠲᠠᠪᠤᠨ ᠵᠢᠯ ᠳᠤ ᠶᠠᠮᠠᠷ ᠶᠠᠮᠠᠷ | ᠠᠰᠢᠭᠲᠠᠢ ᠪᠠ ᠠᠰᠢᠭ ᠦᠭᠡᠢ ᠬᠦᠴᠦᠨ ᠵᠦᠢᠯ ᠳᠤ ᠲᠤᠯᠭᠠᠷᠠᠬᠤ ᠪᠤᠢ︖ ᠢᠷᠡᠭᠡᠳᠦᠢ ᠶᠢᠨ ᠲᠠᠪᠤᠨ ᠵᠢᠯ ᠳᠤ | ᠳᠤᠮᠳᠠᠳᠤ ᠤᠯᠤᠰ ᠶᠠᠮᠠᠷ ᠲᠦᠷᠦ ᠶᠢᠨ ᠪᠣᠳᠣᠯᠭ᠎ᠠ | ᠠᠪᠴᠤ ᠦᠷᠭᠦᠯᠵᠢᠯᠡᠬᠦ᠂ ᠴᠢᠨᠠᠷ ᠰᠠᠶᠢᠲᠠᠢ ᠨᠡᠮᠡᠭᠳᠡᠯ ᠢ ᠳᠡᠮᠵᠢᠭᠦ ᠪᠠᠷ ᠲᠥᠯᠥᠪᠯᠡᠵᠦ ᠪᠠᠶᠢᠬᠤ ᠪᠤᠢ︖ ᠣᠶᠢᠷ᠎ᠠ ᠶᠢᠨ | ᠬᠡᠳᠦᠨ ᠵᠢᠯ ᠳᠤ ᠳᠤᠮᠳᠠᠳᠤ ᠤᠯᠤᠰ ᠤᠨ ᠥᠷᠢ | ᠥᠭᠴᠡᠭᠡ᠂ ᠬᠥᠷᠥᠩᠭᠡ ᠶᠢᠨ ᠡᠮᠬᠢ ᠵᠠᠮᠪᠠᠷᠠᠭ᠎ᠠ ᠦᠭᠡᠢ ᠲᠡᠯᠡᠯᠲᠡ ᠵᠡᠷᠭᠡ ᠰᠢᠰᠲ᠋ᠧᠮ ᠤᠨ ᠴᠢᠨᠠᠷᠲᠠᠢ ᠲᠦᠭᠰᠢᠭᠦᠷᠢ ᠶᠢ | ᠠᠷᠭᠠᠴᠠᠭᠠᠬᠤ ᠲᠠᠯ᠎ᠠ ᠪᠠᠷ ᠬᠢ ᠲᠥᠷᠥ ᠶᠢᠨ | ᠪᠣᠳᠣᠯᠭ᠎ᠠ ᠨᠢ ᠶᠠᠮᠠᠷ ᠶᠠᠮᠠᠷ ᠦᠷ᠎ᠡ ᠪᠦᠲᠦᠮᠵᠢ ᠣᠯᠣᠭᠰᠠᠨ ᠪᠤᠶ︖ | ᠯᠢ ᠴᠢᠶᠠᠩ᠄ ᠡᠨᠡ ᠰᠤᠷᠪᠤᠯᠵᠢᠯᠠᠬᠴᠢ ᠨᠠᠶᠢᠵᠠ ᠲᠣᠭᠢᠶᠠᠯ ᠢ ᠮᠠᠰᠢ ᠰᠠᠶᠢᠨ ᠠᠳᠬᠤᠵᠤ ᠪᠠᠶᠢᠨ᠎ᠠ᠂ ᠮᠢᠨᠤ | ᠲᠡᠮᠳᠡᠭᠯᠡᠭᠰᠡᠨ ᠢᠶᠠᠷ ᠲᠠ ᠨᠢᠭᠡ ᠯᠡ ᠠᠮᠢᠰᠬᠤᠭ᠎ᠠ ᠪᠠᠷ | 4 ᠠᠰᠠᠭᠤᠳᠠᠯ ᠳᠤᠷᠠᠳᠴᠤ᠂ 6 ᠲᠠᠯ᠎ᠠ ᠶᠢᠨ ᠠᠭᠤᠯᠭ᠎ᠠ ᠳᠤ ᠬᠤᠯᠪᠣᠭᠳᠠᠵᠠᠢ᠃ ᠴᠠᠭ ᠤᠨ ᠬᠠᠷᠠᠭ᠎ᠠ ᠠᠴᠠ ᠪᠣᠯᠵᠤ ᠪᠢ | ᠵᠥᠪᠭᠡᠨ ᠭᠤᠣᠯᠳᠠᠯᠭ᠎ᠠ ᠶᠢ ᠨᠢ ᠰᠣᠩᠭᠤᠵᠤ | ᠬᠠᠷᠢᠭᠤᠯᠲᠠ ᠦᠭᠭᠦᠶ᠎ᠠ᠃ | ᠡᠨᠡ ᠵᠢᠯ ᠤᠨ ᠳᠡᠯᠡᠬᠡᠢ ᠶᠢᠨ ᠠᠵᠤ ᠠᠬᠤᠢ ᠶᠢᠨ ᠪᠠᠶᠢᠳᠠᠯ ᠶᠡᠷᠦᠩᠬᠡᠢ ᠳᠡᠭᠡᠨ ᠲᠡᠶᠢᠮᠦ ᠰᠠᠶᠢᠨ ᠪᠢᠰᠢ᠂ ᠲᠣᠭᠲᠠᠭᠤᠨ | ᠪᠤᠰᠤ᠂ ᠲᠣᠬᠲᠠᠯᠭᠠᠳᠤ ᠪᠤᠰᠤ᠂ | ᠲᠥᠰᠥᠭᠡᠯᠡᠬᠦᠶ᠎ᠡ ᠪᠡᠷᠬᠡ ᠬᠦᠴᠦᠨ ᠵᠦᠢᠯ ᠨᠡᠯᠢᠶᠡᠳ ᠤᠯᠠᠨ ᠪᠠᠶᠢᠨ᠎ᠠ᠂ ᠨᠡᠮᠡᠭᠳᠡᠯ ᠢ ᠬᠡᠷᠬᠢᠨ ᠲᠣᠭᠲᠠᠭᠤᠨ | ᠪᠠᠶᠢᠯᠭᠠᠬᠤ ᠨᠢ ᠳᠡᠯᠡᠬᠡᠢ ᠶᠢᠨ ᠡᠯ᠎ᠡ ᠤᠯᠤᠰ ᠲᠤ ᠠᠪᠴᠤ | ᠬᠡᠯᠡᠪᠡᠯ ᠴᠥᠮ ᠨᠢᠭᠡᠨ ᠰᠢᠯᠭᠠᠯᠲᠠ ᠪᠤᠯᠬᠤ ᠶᠤᠮ᠃ ᠡᠨᠡ ᠵᠢᠯ᠂ ᠳᠤᠮᠳᠠᠳᠤ ᠤᠯᠤᠰ ᠤᠨ ᠠᠵᠤ ᠠᠬᠤᠢ ᠶᠢᠨ ᠵᠢᠱᠢᠭᠰᠡᠨ | ᠨᠡᠮᠡᠭᠳᠡᠯ ᠤᠨ ᠬᠠᠷᠠᠯᠲᠠ ᠶᠢ 5 % | ᠣᠷᠴᠢᠮ ᠢᠶᠠᠷ ᠲᠣᠭᠲᠠᠭᠠᠪᠠ᠂ ᠡᠭᠦᠨ ᠢ ᠪᠢᠳᠡ ᠡᠯ᠎ᠡ ᠲᠠᠯ᠎ᠠ ᠶᠢᠨ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠭᠰᠠᠨ ᠤ | ᠲᠠᠷᠠᠭ᠎ᠠ ᠲᠣᠭᠲᠠᠭᠠᠭᠰᠠᠨ ᠶᠤᠮ᠃ ᠬᠡᠯᠡᠯᠭᠡᠨ | ᠦᠭᠡᠢ᠂ ᠳᠤᠮᠳᠠᠳᠤ ᠤᠯᠤᠰ ᠤᠨ ᠠᠵᠤ ᠠᠬᠤᠢ ᠶᠢᠨ ᠶᠡᠷᠦᠩᠬᠡᠢ ᠬᠡᠮᠵᠢᠶ᠎ᠡ ᠨᠢᠭᠡᠨᠲᠡ 120 ᠲᠦᠮᠡᠨ ᠳ᠋ᠦᠩᠰᠢᠭᠤᠷ | ᠲᠥᠭᠦᠷᠢᠭ ᠢ ᠳᠠᠪᠠᠵᠤ᠂ ᠰᠠᠭᠤᠷᠢ ᠲᠤᠭ᠎ᠠ ᠨᠢ | ᠮᠠᠰᠢ ᠥᠨᠳᠥᠷ ᠪᠣᠯᠵᠠᠢ᠂ ᠡᠭᠦᠨ ᠤ ᠳᠡᠭᠡᠷ᠎ᠡ ᠡᠨᠡ ᠵᠢᠯ ᠤᠨ ᠰᠢᠨ᠎ᠡ ᠥᠷᠢᠰᠦᠯᠳᠦᠭᠡᠨ ᠪᠠᠭ᠎ᠠ ᠪᠤᠰᠤ ᠪᠠᠶᠢᠨ᠎ᠠ᠂ 5 % | ᠣᠷᠴᠢᠮ ᠤᠨ ᠨᠡᠮᠡᠭᠳᠡᠯ ᠢ ᠪᠡᠶᠡᠯᠡᠭᠦᠯᠬᠦ ᠳᠤ | ᠲᠡᠶᠢᠮᠦ ᠠᠮᠠᠷᠬᠠᠨ ᠪᠢᠰᠢ᠂ ᠬᠤᠪᠢ ᠲᠠᠭᠢᠨ ᠴᠢᠷᠮᠠᠶᠢᠬᠤ ᠴᠢᠬᠤᠯᠠᠲᠠᠢ ᠶᠤᠮ᠃ | ᠬᠤᠯᠪᠣᠭᠳᠠᠯ ᠪᠦᠬᠦᠢ ᠪᠣᠳᠠᠲᠠᠢ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠢᠳᠤᠨᠤᠨ ᠲᠥᠪ ᠤᠨ ᠠᠵᠤ ᠠᠬᠤᠢ ᠶᠢᠨ | ᠠᠵᠢᠯ ᠤᠨ ᠬᠤᠷᠠᠯ ᠠᠴᠠ ᠨᠢᠭᠡᠨᠲᠡ | ᠪᠦᠭᠦ ᠲᠠᠯ᠎ᠠ ᠪᠠᠷ ᠪᠠᠶᠢᠷᠢᠯᠠᠭᠤᠯᠵᠠᠢ᠂ ᠡᠭᠦᠨ ᠳᠤ ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠬᠤ᠂ | ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠶᠢ | ᠪᠠᠷᠢᠮᠲᠠᠯᠠᠵᠤ᠂ ᠠᠵᠤ ᠠᠬᠤᠢ ᠶᠢᠨ ᠠᠵᠢᠯᠯᠠᠭᠠᠨ ᠤ ᠪᠦᠬᠦᠯᠢ ᠴᠣᠭᠴᠠ ᠶᠢᠨ ᠰᠠᠶᠢᠵᠢᠷᠠᠯᠲᠠ ᠶᠢ ᠠᠬᠢᠭᠤᠯᠬᠤ ᠪᠣᠯ | ᠦᠨᠳᠦᠰᠦᠨ ᠬᠠᠨᠳᠤᠰᠢ ᠪᠣᠯᠣᠨ᠎ᠠ᠃ ᠲᠣᠭᠲᠠᠭᠤᠨ | ᠪᠠᠶᠢᠯᠭᠠᠬᠤ ᠶᠢᠨ ᠭᠤᠣᠯᠳᠠᠯᠭ᠎ᠠ ᠨᠢ ᠨᠡᠮᠡᠭᠳᠡᠯ ᠢ ᠲᠣᠭᠲᠠᠭᠤᠨ ᠪᠠᠶᠢᠯᠭᠠᠬᠤ᠂ ᠠᠵᠢᠯ ᠣᠯᠭᠤᠯᠲᠠ ᠶᠢ ᠲᠣᠭᠲᠠᠭᠤᠨ | ᠪᠠᠶᠢᠯᠭᠠᠬᠤ᠂ ᠪᠠᠷᠠᠭᠠᠨ ᠤ ᠦᠨ᠎ᠡ ᠶᠢ ᠲᠣᠭᠲᠠᠭᠤᠨ | ᠪᠠᠶᠢᠯᠭᠠᠬᠤ ᠶᠠᠪᠤᠳᠠᠯ ᠪᠤᠯᠤᠨ᠎ᠠ︔ ᠤᠷᠤᠭᠰᠢᠯᠠᠨ ᠲᠠᠪᠰᠢᠬᠤ ᠳᠤ ᠵᠠᠩᠭᠢᠯᠠᠭ᠎ᠠ ᠨᠢ ᠴᠢᠨᠠᠷ ᠰᠠᠶᠢᠲᠠᠢ ᠬᠥᠭᠵᠢᠯᠲᠡ ᠶᠢᠨ | ᠲᠠᠯ᠎ᠠ ᠪᠠᠷ ᠰᠢᠨ᠎ᠡ ᠲᠠᠪᠰᠢᠯᠳᠠ ᠲᠠᠢ ᠪᠤᠯᠬᠤ ᠳᠤ | ᠪᠠᠶᠢᠨ᠎ᠠ᠃ ᠪᠣᠳᠠᠲᠠᠢ ᠪᠠᠷ ᠬᠡᠯᠡᠪᠡᠯ᠂ ᠪᠢ ᠣᠨᠴᠠᠭᠠᠶᠢᠯᠠᠨ ᠬᠡᠳᠦᠨ ᠶᠠᠪᠤᠳᠠᠯ ᠢ ᠰᠠᠶᠢᠲᠤᠷ ᠬᠢᠬᠦ ᠰᠠᠨᠠᠭ᠎ᠠ ᠲᠠᠢ᠂ | ᠥᠭᠡᠷ᠎ᠡ ᠪᠠᠷ ᠬᠡᠯᠡᠪᠡᠯ ᠡᠶᠢᠮᠦ ᠬᠡᠳᠦᠨ ᠬᠠᠮ ᠠᠷᠭ᠎ᠠ | ᠬᠡᠮᠵᠢᠶ᠎ᠡ ᠶᠢ ᠰᠠᠶᠢᠲᠤᠷ ᠬᠢᠨ᠎ᠡ᠄ ᠨᠢᠭᠡ ᠳᠤ᠂ ᠬᠤᠷᠸ᠎ᠠ ᠲᠥᠷᠥ ᠶᠢᠨ ᠪᠣᠳᠣᠯᠭ᠎ᠠ ᠶᠢᠨ ᠬᠠᠮ ᠠᠷᠭ᠎ᠠ ᠬᠡᠮᠵᠢᠶ᠎ᠡ᠂ | ᠬᠤᠶᠠᠷ ᠲᠤ᠂ ᠬᠡᠷᠡᠭᠴᠡᠭᠡ ᠶᠢ ᠥᠷᠭᠡᠳᠬᠡᠬᠦ ᠬᠠᠮ ᠠᠷᠭ᠎ᠠ | ᠬᠡᠮᠵᠢᠶ᠎ᠡ᠂ ᠭᠤᠷᠪᠠ ᠳᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠭᠦ ᠬᠠᠮ ᠠᠷᠭ᠎ᠠ ᠬᠡᠮᠵᠢᠶ᠎ᠡ᠂ ᠳᠥᠷᠪᠡ ᠳᠤ᠂ | ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ | ᠬᠠᠮ ᠠᠷᠭ᠎ᠠ ᠬᠡᠮᠵᠢᠶ᠎ᠡ ᠪᠣᠯᠣᠨ᠎ᠠ᠃ ᠡᠳᠡᠭᠡᠷ ᠬᠠᠮ ᠠᠷᠭ᠎ᠠ ᠬᠡᠮᠵᠢᠶ᠎ᠡ ᠨᠢ ᠴᠥᠮ ᠪᠣᠳᠠᠲᠠᠢ ᠠᠭᠤᠯᠤᠭᠳᠠᠬᠤᠨ ᠲᠠᠢ | ᠪᠠᠶᠢᠵᠤ᠂ ᠵᠠᠷᠢᠮ ᠢ ᠨᠢ ᠪᠠᠰᠠ ᠦᠢᠯᠡᠳᠦᠯᠭᠡ ᠶᠢᠨ | ᠬᠡᠷᠡᠭᠴᠡᠭᠡ ᠶᠢ ᠦᠨᠳᠦᠰᠦᠯᠡᠨ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠲᠣᠬᠢᠷᠠᠭᠤᠯᠤᠨ ᠲᠡᠭᠦᠯᠳᠡᠷᠵᠢᠭᠦᠯᠦᠨ᠎ᠡ᠃ | ᠰᠠᠶ᠋ᠢᠬᠠᠨ ᠡᠨᠡ ᠰᠤᠷᠪᠤᠯᠵᠢᠯᠠᠬᠴᠢ ᠨᠠᠶᠢᠵᠠ ᠠᠰᠢᠭᠲᠠᠢ ᠪᠠ ᠠᠰᠢᠭ ᠦᠭᠡᠢ ᠬᠦᠴᠦᠨ ᠵᠦᠢᠯ ᠤᠨ ᠠᠰᠠᠭᠤᠳᠠᠯ ᠢ | ᠠᠰᠠᠭᠤᠵᠠᠢ᠃ ᠳᠤᠮᠳᠠᠳᠤ ᠤᠯᠤᠰ ᠤᠨ | ᠬᠥᠭᠵᠢᠯᠲᠡ ᠳᠤ ᠦᠨᠡᠬᠡᠷ ᠮᠠᠰᠢ ᠤᠯᠠᠨ ᠳᠠᠪᠠᠭᠤᠯᠢᠭ ᠨᠥᠬᠦᠴᠡᠯ ᠪᠤᠢ᠂ ᠵᠢᠱᠢᠶᠡᠯᠡᠪᠡᠯ᠂ ᠵᠠᠬ᠎ᠠ ᠳᠡᠯᠭᠡᠭᠦᠷ ᠤᠨ | ᠬᠡᠪᠴᠢᠶ᠎ᠡ ᠯᠤᠲᠤ ᠶᠡᠭᠡ᠂ ᠠᠵᠤ ᠦᠢᠯᠡᠰ ᠤᠨ ᠰᠢᠰᠲ᠋ᠧᠮ | ᠪᠦᠷᠢᠨ ᠲᠡᠭᠦᠯᠳᠡᠷ᠂ ᠬᠥᠮᠥᠨ ᠤ ᠬᠦᠴᠦᠨ ᠤ ᠡᠬᠢ ᠪᠠᠶᠠᠯᠢᠭ ᠡᠯᠪᠡᠭ᠂ ᠬᠥᠭᠵᠢᠯᠲᠡ ᠶᠢᠨ ᠰᠠᠭᠤᠷᠢ ᠵᠤᠵᠠᠭᠠᠨ ᠵᠡᠷᠭᠡ | ᠪᠤᠢ᠂ ᠨᠡᠩ ᠴᠢᠬᠤᠯᠠ ᠨᠢ ᠪᠠᠶᠢᠭᠤᠯᠤᠯ ᠤᠨ | ᠳᠠᠪᠠᠭᠤᠯᠢᠭ ᠢᠯᠡᠳᠲᠡ ᠪᠠᠶᠢᠬᠤ ᠶᠠᠪᠤᠳᠠᠯ ᠪᠣᠯᠣᠨ᠎ᠠ᠃ ᠬᠦᠴᠢᠷ ᠪᠡᠷᠬᠡᠰᠢᠶᠡᠯ ᠤᠨ ᠲᠤᠬᠠᠢ ᠭᠡᠪᠡᠯ ᠤᠯᠠᠨ ᠢᠶᠠᠷ ᠢᠶᠠᠨ | ᠪᠦᠷ ᠬᠦᠴᠢᠷ ᠪᠡᠷᠬᠡᠰᠢᠶᠡᠯ ᠲᠠᠢ᠂ ᠡᠨᠡ ᠵᠢᠯ ᠴᠦ | ᠪᠢᠳᠠᠨ ᠳᠤ ᠬᠦᠴᠢᠷ ᠪᠡᠷᠬᠡᠰᠢᠶᠡᠯ ᠪᠠᠭ᠎ᠠ ᠦᠭᠡᠢ ᠲᠤᠯᠭᠠᠷᠠᠬᠤ ᠶᠤᠮ᠂ ᠭᠡᠪᠡᠴᠦ ᠠᠯᠢ ᠴᠠᠭ ᠦᠶ᠎ᠡ᠂ ᠠᠯᠢ ᠵᠢᠯ ᠳᠤᠨᠢ | ᠬᠦᠴᠢᠷ ᠪᠡᠷᠬᠡᠰᠢᠶᠡᠯ ᠦᠭᠡᠢ ᠪᠤᠢ︖ ᠪᠢᠳᠠ | ᠶᠡᠷᠦ ᠠᠴᠠ ᠬᠦᠴᠢᠷ ᠪᠡᠷᠬᠡᠰᠢᠶᠡᠯ ᠢ ᠢᠯᠡᠠ ᠳᠠᠪᠠᠭ᠋ᠤ ᠶᠢᠨ ᠳᠤᠮᠳᠠ ᠰᠢᠨ᠎ᠡ ᠬᠥᠭᠵᠢᠯᠲᠡ ᠶᠢ ᠲᠡᠰᠦᠷᠡᠯᠳᠠ ᠦᠭᠡᠢ | ᠪᠡᠶᠡᠯᠡᠭᠦᠯᠵᠦ ᠢᠷᠡᠭᠰᠡᠨ ᠶᠤᠮ᠃ ᠮᠠᠨ ᠤ ᠡᠨᠡ | ᠦᠶ᠎ᠡ ᠶᠢᠨ ᠳᠤᠮᠳᠠᠳᠤᠴᠤᠳ ᠬᠠᠷᠠᠬᠠᠨ ᠪᠠᠭ᠎ᠠ ᠠᠴᠠ ᠪᠠᠨ ᠬᠠᠮᠤᠭ ᠤᠯᠠᠨ ᠰᠣᠨᠣᠰᠤᠭᠰᠠᠨ ᠦᠯᠢᠭᠡᠷ ᠪᠣᠯ ᠳᠠᠷᠤᠢ ᠳ᠋ᠠ | ᠢᠦᠢ ᠤᠰᠤ ᠵᠠᠰᠠᠭᠰᠠᠨ᠂ ᠲᠡᠨᠡᠭ ᠡᠪᠦᠭᠡᠨ | ᠠᠭᠤᠯᠠ ᠶᠢ ᠨᠡᠭᠦᠯᠭᠡᠭᠰᠡᠨ᠂ ᠵᠢᠩ ᠸᠧᠢ ᠳᠠᠯᠠᠢ ᠶᠢ ᠪᠥᠭᠯᠡᠭᠰᠡᠨ᠂ ᠲᠡᠨᠡᠭ ᠡᠪᠦᠭᠡᠨ ᠨᠠᠷᠠ ᠶᠢ ᠬᠥᠭᠡᠭᠡᠭᠰᠡᠨ ᠵᠡᠷᠭᠡ | ᠪᠣᠯᠣᠨ᠎ᠠ᠂ ᠪᠦᠷ ᠯᠡ ᠮᠠᠰᠢ ᠶᠡᠭᠡ ᠤᠷᠮᠠᠰᠢᠭᠤᠯᠤᠨ | ᠵᠣᠷᠢᠭᠵᠢᠭᠤᠯᠵᠤ᠂ ᠴᠥᠮ ᠬᠦᠴᠢᠷ ᠪᠡᠷᠬᠡᠰᠢᠶᠡᠯ ᠠᠴᠠ ᠠᠶᠤᠬᠤ ᠦᠭᠡᠢ᠂ ᠠᠶᠤᠯ ᠲᠦᠭᠰᠢᠭᠦᠷᠢ ᠠᠴᠠ ᠠᠶᠤᠬᠤ ᠦᠭᠡᠢ᠂ | ᠵᠣᠷᠢᠭᠲᠠᠢ ᠲᠡᠮᠡᠴᠡᠵᠦ᠂ ᠬᠦᠴᠦᠷᠬᠡᠭᠵᠢᠬᠦ ᠪᠠᠷ | ᠬᠦᠴᠦᠯᠡᠨ ᠴᠢᠷᠮᠠᠶᠢᠬᠤ ᠵᠣᠷᠢᠭ ᠰᠠᠨᠠᠭ᠎ᠠ ᠶᠢ ᠶᠠᠷᠢᠭᠰᠠᠨ ᠶᠤᠮ᠂ ᠮᠠᠨ ᠤ ᠳᠤᠮᠳᠠᠳᠤᠴᠤᠳ ᠶᠠᠮᠠᠷ ᠴᠤ ᠬᠦᠴᠢᠷ | ᠪᠡᠷᠬᠡᠰᠢᠶᠡᠯ ᠳᠤ ᠳᠠᠷᠤᠭᠳᠠᠬᠤ ᠦᠭᠡᠢ ᠶᠤᠮ᠃ | ᠣᠶᠢᠷ᠎ᠠ ᠶᠢᠨ ᠬᠤᠶᠠᠷ ᠰᠠᠷ᠎ᠠ ᠭᠠᠷᠤᠢ ᠶᠢᠨ ᠪᠠᠶᠢᠳᠠᠯ ᠠᠴᠠ ᠦᠵᠡᠪᠡᠯ᠂ ᠮᠠᠨ ᠤ ᠤᠯᠤᠰ ᠤᠨ ᠠᠵᠤ ᠠᠬᠤᠢ ᠶᠢᠨ | ᠠᠵᠢᠯᠯᠠᠭᠠᠨ ᠳᠤ ᠲᠣᠭᠲᠠᠪᠤᠷᠢᠵᠢᠨ ᠳᠡᠭᠡᠭᠰᠢᠯᠡᠬᠦ | ᠪᠠᠶᠢᠳᠠᠯ ᠭᠠᠷᠴᠤ᠂ ᠵᠠᠷᠢᠮ ᠣᠯᠠᠨ ᠤᠯᠤᠰ ᠤᠨ ᠵᠣᠬᠢᠶᠠᠨ ᠪᠠᠶᠢᠭᠤᠯᠤᠯᠲᠠ ᠴᠤ ᠡᠨᠡ ᠵᠢᠯ ᠤᠨ ᠳᠤᠮᠳᠠᠳᠤ ᠤᠯᠤᠰ ᠤᠨ | ᠠᠵᠤ ᠠᠬᠤᠢ ᠶᠢᠨ ᠨᠡᠮᠡᠭᠳᠡᠯ ᠤᠨ | ᠬᠤᠷᠳᠤᠴᠠ ᠶᠢᠨ ᠲᠤᠬᠠᠢ ᠵᠢᠱᠢᠯᠲᠡ ᠪᠠᠨ ᠳᠡᠭᠡᠭᠰᠢᠯᠡᠭᠦᠯᠦᠭᠰᠡᠨ ᠪᠠᠶᠢᠨ᠎ᠠ᠃ ᠳᠤᠮᠳᠠᠳᠤ ᠤᠯᠤᠰ ᠤᠨ ᠠᠵᠤ ᠠᠬᠤᠢ ᠶᠢᠨ | ᠢᠷᠡᠭᠡᠳᠦᠢ ᠶᠢᠨ ᠲᠤᠬᠠᠢ ᠪᠢ ︽ᠰᠠᠯᠬᠢᠨ | ᠬᠦᠯᠦᠭᠯᠡᠨ ᠳᠠᠪᠠᠯᠭᠠᠨ ᠢ ᠵᠦᠰᠦᠵᠦ᠂ ᠰᠠᠷᠠᠭᠤᠯ ᠢᠷᠡᠭᠡᠳᠦᠢ ᠲᠠᠢ︾ ᠭᠡᠵᠦ ᠬᠡᠳᠦᠬᠡᠨ ᠦᠭᠡ ᠪᠠᠷ ᠬᠤᠷᠢᠶᠠᠩᠭᠤᠶᠢᠯᠠᠶ᠎ᠠ᠃ | ᠡᠭᠦᠨ ᠳᠤ ᠪᠢ ᠢᠲᠡᠭᠡᠯ ᠳᠦᠭᠦᠷᠡᠩ ᠪᠠᠶᠢᠨ᠎ᠠ᠃ | ᠰᠢᠶᠠᠩᠭᠠᠩ ᠤᠨ ᠹᠧᠩ ᠬᠤᠸᠠᠩ ᠣᠳᠣᠨ ᠲᠧᠯᠸᠢᠰ᠂ ᠹᠧᠩ ᠬᠤᠸᠠᠩ ᠰᠦᠯᠵᠢᠶ᠎ᠡ ᠶᠢᠨ ᠰᠤᠷᠪᠤᠯᠵᠢᠯᠠᠬᠴᠢ᠄ ᠡᠨᠡ | ᠬᠡᠳᠦᠨ ᠵᠢᠯ᠂ ᠰᠢᠶᠠᠩᠭᠠᠩ | ᠰᠠᠮᠠᠭᠤᠷᠠᠯ ᠠᠴᠠ ᠵᠠᠰᠠᠯᠲᠠ ᠳᠤ ᠰᠢᠯᠵᠢᠭᠦ ᠦᠨᠳᠦᠰᠦᠨ ᠴᠢᠨᠠᠷᠲᠠᠢ ᠡᠷᠭᠢᠯᠲᠡ ᠶᠢ ᠪᠡᠶᠡᠯᠡᠭᠦᠯᠪᠡ᠃ ᠰᠢᠶᠠᠩᠭᠠᠩ | ᠲᠣᠭᠲᠠᠭᠤᠨ ᠪᠣᠯᠣᠯ᠎ᠠ᠂ ᠬᠥᠭᠵᠢᠯᠲᠡ ᠶᠢᠨ ᠠᠰᠠᠭᠤᠳᠠᠯ | ᠪᠠᠰᠠ ᠨᠢᠳᠦᠨ ᠡᠮᠦᠨ᠎ᠡ ᠳᠡᠯᠭᠡᠭᠳᠡᠯ᠎ᠡ᠃ ᠳᠡᠯᠡᠬᠡᠢ ᠶᠢᠨ ᠤᠯᠤᠰ ᠲᠦᠷᠤ ᠠᠵᠤ ᠠᠬᠤᠢ ᠶᠢᠨ ᠪᠠᠶᠢᠳᠠᠯ ᠪᠣᠯᠣᠨ ᠣᠷᠴᠢᠨ | ᠨᠥᠬᠦᠴᠡᠯ ᠤᠨ ᠬᠤᠪᠢᠷᠠᠯᠲᠠ ᠶᠢ ᠳᠠᠭᠠᠯᠳᠤᠨ | ᠤᠳᠦ ᠶᠢᠨ ᠰᠢᠶᠠᠩᠭᠠᠩ ᠣᠣᠮᠧᠨ ᠤ ᠥᠷᠢᠰᠦᠯᠳᠦᠬᠦ ᠬᠦᠴᠦᠨ ᠰᠤᠯᠠᠷᠠᠵᠠᠢ ᠭᠡᠵᠦ ᠵᠠᠷᠢᠮ ᠰᠢᠭᠦᠮᠵᠢ ᠳᠤ ᠭᠠᠷᠴᠤ | ᠪᠠᠶᠢᠨ᠎ᠠ᠃ ᠲᠡᠭᠡᠪᠡᠯ᠂ ᠲᠠ ᠰᠢᠶᠠᠩᠭᠠᠩ ᠣᠣᠮᠧᠨ ᠤ | ᠢᠷᠡᠭᠡᠳᠦᠢ ᠶᠢᠨ ᠬᠥᠭᠵᠢᠯᠲᠡ ᠶᠢᠨ ᠢᠷᠡᠭᠡᠳᠦᠢ ᠶᠢ ᠬᠡᠷᠬᠢᠨ ᠦᠵᠡᠵᠦ ᠪᠠᠶᠢᠬᠤ ᠪᠤᠶ︖ ᠲᠥᠪ ᠤᠨ ᠵᠠᠰᠠᠭ ᠤᠨ | ᠣᠷᠳᠣᠨ ᠲᠠᠷᠠᠭᠠᠴᠢ ᠶᠢᠨ ᠠᠯᠬᠤᠮ ᠳᠤ ᠪᠠᠰᠠ ᠶᠠᠮᠠᠷ | ᠶᠠᠮᠠᠷ ᠠᠷᠭ᠎ᠠ ᠬᠡᠮᠵᠢᠶ᠎ᠡ ᠪᠠᠷ ᠰᠢᠶᠠᠩᠭᠠᠩ ᠣᠣᠮᠧᠨ ᠤ ᠥᠪᠡᠷ ᠤᠨ ᠳᠠᠪᠠᠭᠤᠯᠢᠭ ᠪᠣᠯᠣᠨ ᠣᠨᠴᠠᠯᠢᠭ ᠢᠶᠠᠨ | ᠪᠠᠳᠠᠷᠠᠭᠤᠯᠬᠤ ᠶᠢ ᠳᠡᠮᠵᠢᠵᠦ᠂ ᠨᠠᠩ ᠰᠠᠶᠢᠨ ᠬᠥᠭᠵᠢᠯᠲᠡ ᠶᠢ | ᠪᠡᠶᠡᠯᠡᠭᠦᠯᠬᠦ ᠪᠤᠶ︖ | ᠯᠢ ᠴᠢᠶᠠᠩ᠄ ᠲᠥᠪ ᠤᠨ ᠵᠠᠰᠠᠭ ᠤᠨ ᠣᠷᠳᠣᠨ ᠰᠢᠶᠠᠩᠭᠠᠩ᠂ ᠣᠣᠮᠧᠨ ᠤ ᠳᠠᠪᠠᠭᠤᠯᠢᠭ ᠪᠠ ᠣᠨᠴᠠᠯᠢᠭ ᠢ | ᠪᠠᠳᠠᠷᠠᠭᠤᠯᠬᠤ ᠶᠢ ᠢᠮᠠᠭᠲᠠ ᠳᠡᠭᠡᠳᠦ ᠬᠡᠮᠵᠢᠶ᠎ᠡ ᠪᠠᠷ | ᠴᠢᠬᠤᠯᠠᠴᠢᠯᠠᠭᠰᠠᠭᠠᠷ ᠢᠷᠡᠪᠡ᠃ ᠡᠬᠡ ᠤᠯᠤᠰ ᠲᠠᠭᠠᠨ ᠪᠤᠴᠠᠵᠤ ᠢᠷᠡᠭᠰᠡᠨ ᠠᠴᠠ ᠨᠠᠭᠠᠰᠢ᠂ ᠤᠯᠤᠰ ᠤᠨ ᠳᠡᠮᠵᠢᠯᠭᠡ | ᠳᠣᠣᠷ᠎ᠠ᠂ ᠰᠢᠶᠠᠩᠭᠠᠩ ᠤᠨ ᠤᠯᠠᠨ ᠤᠯᠤᠰ ᠤᠨ | ᠮᠥᠩᠭᠦᠨ ᠭᠦᠢᠯᠭᠡᠭᠡ᠂ ᠤᠰᠤᠨ ᠵᠠᠮ ᠤᠨ ᠲᠡᠭᠡᠭᠡᠪᠦᠷᠢ᠂ ᠠᠷᠠᠯᠵᠢᠶ᠎ᠠ ᠶᠢᠨ ᠭᠤᠷᠪᠠᠨ ᠶᠡᠭᠡ ᠲᠥᠪ ᠪᠤᠯᠬᠤ ᠪᠠᠶᠢᠷᠢ | ᠰᠠᠭᠤᠷᠢ ᠨᠢ ᠪᠠᠬᠢᠵᠢᠨ ᠳᠡᠭᠡᠭᠰᠢᠯᠡᠵᠦ᠂ ᠣᠣᠮᠧᠨ ᠨᠢ | ᠵᠢᠭᠤᠯᠴᠢᠯᠠᠯ ᠰᠡᠯᠡᠭᠦᠴᠡᠯ ᠤᠨ ᠲᠥᠪ ᠪᠣᠯᠤᠭᠰᠠᠨ ᠤ ᠬᠤᠪᠢ ᠳᠤ ᠳᠡᠯᠡᠬᠡᠢ ᠳᠤ ᠨᠡᠷ᠎ᠡ ᠠᠯᠳᠠᠷᠰᠢᠭᠰᠠᠨ ᠶᠤᠮ᠃ | ᠣᠶᠢᠷ᠎ᠠ ᠶᠢᠨ ᠵᠢᠯ ᠤᠳ ᠲᠤ ᠡᠯ᠎ᠡ ᠵᠦᠢᠯ ᠤᠨ ᠬᠦᠴᠦᠨ ᠵᠦᠢᠯ ᠤᠨ ᠨᠥᠯᠥᠭᠡ ᠠᠴᠠ ᠪᠣᠯᠵᠤ ᠰᠢᠶᠠᠩᠭᠠᠩ᠂ ᠣᠣᠮᠧᠨ ᠤ | ᠠᠵᠤ ᠠᠬᠤᠢ ᠶᠢᠨ ᠬᠥᠭᠵᠢᠯᠲᠡ ᠡᠳᠦᠢ | ᠲᠡᠳᠦᠢ ᠬᠦᠴᠢᠷᠳᠡᠯ ᠳᠤ ᠲᠤᠯᠭᠠᠷᠠᠭᠰᠠᠨ ᠪᠤᠯᠪᠠᠴᠤ ᠡᠨᠡ ᠪᠣᠯ ᠲᠦᠷ ᠴᠠᠭ ᠤᠨ ᠬᠦᠴᠢᠷᠳᠡᠯ᠂ ᠬᠥᠭᠵᠢᠯᠲᠡ ᠶᠢᠨ | ᠳᠤᠮᠳᠠᠬᠢ ᠬᠦᠴᠢᠷᠳᠡᠯ ᠮᠥᠨ᠃ ᠲᠥᠪ ᠤᠨ | ᠵᠠᠰᠠᠭ ᠤᠨ ᠣᠷᠳᠣᠨ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠴᠢᠭᠯᠡᠯᠲᠡ ᠶᠢ ᠪᠦᠭᠦ ᠲᠠᠯ᠎ᠠ ᠪᠠᠷ | ᠵᠥᠪ ᠣᠨᠣᠪᠴᠢᠲᠠᠢ᠂ ᠡᠷᠡᠰ ᠭᠤᠶᠢᠪᠢᠰᠢ ᠦᠭᠡᠢ | ᠲᠤᠭᠤᠰᠢᠯᠠᠭᠤᠯᠵᠤ᠂ ᠰᠢᠶᠠᠩᠭᠠᠩ᠂ ᠣᠣᠮᠧᠨ ᠤ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠤ ᠠᠭᠤᠰᠤᠯᠴᠠᠬᠤ ᠶᠢ | ᠪᠦᠭᠦ ᠬᠦᠴᠦ ᠪᠠᠷ ᠢᠶᠠᠨ ᠳᠡᠮᠵᠢᠵᠦ᠂ | ᠰᠢᠶᠠᠩᠭᠠᠩ᠂ ᠣᠣᠮᠧᠨ ᠤ ᠠᠵᠤ ᠠᠬᠤᠢ ᠪᠠᠨ ᠬᠥᠭᠵᠢᠭᠦᠯᠬᠦ᠂ ᠠᠷᠠᠳ ᠤᠨ ᠠᠮᠢᠳᠤᠷᠠᠯ ᠢᠶᠠᠨ ᠰᠠᠶᠢᠵᠢᠷᠠᠭᠤᠯᠬᠤ ᠶᠢ | ᠪᠦᠭᠦ ᠬᠦᠴᠦ ᠪᠠᠷ ᠢᠶᠠᠨ ᠳᠡᠮᠵᠢᠵᠦ᠂ ᠰᠢᠶᠠᠩᠭᠠᠩ᠂ | ᠣᠣᠮᠧᠨ ᠤ ᠳᠡᠯᠡᠬᠡᠢ ᠳᠡᠭᠡᠷᠡᠬᠢ ᠥᠷᠢᠰᠦᠯᠳᠦᠬᠦ ᠬᠦᠴᠦᠨ ᠢᠶᠠᠨ ᠳᠡᠭᠡᠭᠰᠢᠯᠡᠭᠦᠯᠭᠦ ᠶᠢ ᠪᠦᠭᠦ ᠬᠦᠴᠦ ᠪᠠᠷ ᠢᠶᠠᠨ ᠳᠡᠮᠵᠢᠨ᠎ᠡ | ᠃ ᠡᠬᠡ ᠤᠯᠤᠰ ᠤᠨ ᠪᠠᠲᠤ ᠴᠢᠩᠭ᠎ᠠ ᠥᠮᠥᠭ | ᠲᠦᠰᠢᠭ ᠲᠠᠢ᠂ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠪᠠᠶᠢᠭᠤᠯᠤᠯ ᠤᠨ | ᠪᠠᠲᠤᠯᠠᠭ᠎ᠠ ᠲᠠᠢ ᠠᠴᠠ ᠰᠢᠶᠠᠩᠭᠠᠩ᠂ ᠣᠣᠮᠧᠨ ᠤ ᠪᠠᠶᠢᠷᠢ ᠰᠠᠭᠤᠷᠢ | ᠪᠠ ᠦᠢᠯᠡᠳᠦᠯ ᠴᠢᠩᠭᠠᠷᠠᠬᠤ ᠠᠴᠠ ᠪᠢᠰᠢ ᠰᠤᠯᠠᠷᠠᠬᠤ ᠦᠭᠡᠢ ᠶᠤᠮ᠃ ᠰᠢᠶᠠᠩᠭᠠᠩ᠂ ᠣᠣᠮᠧᠨ ᠤ ᠮᠠᠷᠭᠠᠰᠢ ᠯᠠᠪᠲᠠᠢ | ᠨᠡᠩ ᠰᠠᠶᠢᠨ ᠰᠠᠶᠢᠬᠠᠨ ᠪᠤᠯᠬᠤ ᠶᠤᠮ︕ | ᠰᠢᠩᠭᠠᠫᠤᠷ ᠤᠨ ᠬᠤᠯᠪᠣᠭᠠᠲᠤ ᠥᠷᠯᠥᠭᠡ ᠶᠢᠨ ᠰᠣᠨᠢᠨ ᠤ ᠰᠤᠷᠪᠤᠯᠵᠢᠯᠠᠬᠴᠢ᠄ ᠲᠠ ᠥᠩᠭᠡᠷᠡᠭᠰᠡᠨ ᠳᠤ ᠸᠧᠨᠵᠸᠤ | ᠬᠤᠳᠠ ᠶᠢᠨ ᠨᠠᠮ ᠤᠨ ᠬᠤᠷᠢᠶ᠎ᠠ ᠶᠢᠨ ᠱᠦᠵᠢ | ᠪᠠᠶᠢᠪᠠ᠂ ᠸᠧᠨᠵᠸᠤ ᠬᠤᠳᠠ ᠵᠢᠴᠢ ᠲᠠᠨ ᠤ ᠲᠤᠰᠢᠶᠠᠯ ᠬᠠᠷᠢᠭᠤᠴᠠᠵᠤ ᠪᠠᠶᠢᠭᠰᠠᠨ ᠵᠧᠵᠢᠶᠠᠩ᠂ ᠵᠢᠶᠠᠩᠰᠤ ᠵᠢᠴᠢ | ᠱᠠᠩᠬᠠᠢ ᠨᠢ ᠪᠦᠷ ᠳᠤᠮᠳᠠᠳᠤ ᠤᠯᠤᠰ ᠤᠨ | ᠠᠷᠠᠳ ᠤᠨ ᠡᠵᠡᠩᠨᠡᠯᠲᠡ ᠶᠢᠨ ᠠᠵᠤ ᠠᠬᠤᠢ ᠮᠠᠰᠢ ᠬᠥᠭᠵᠢᠭᠰᠡᠨ ᠭᠠᠵᠠᠷ ᠪᠣᠯᠣᠨ᠎ᠠ᠂ ᠲᠠ ᠠᠷᠠᠳ ᠤᠨ | ᠡᠵᠡᠩᠨᠡᠯᠲᠡ ᠶᠢᠨ ᠠᠵᠤ ᠠᠬᠤᠢ ᠶᠢᠨ ᠲᠤᠬᠠᠢ ᠮᠠᠰᠢ ᠭᠦᠨᠵᠡᠭᠡᠢ | ᠣᠶᠢᠯᠠᠭᠠᠯᠲᠠ ᠲᠠᠢ ᠪᠠᠶᠢᠳᠠᠭ᠃ ᠲᠠᠨ ᠤ ᠦᠵᠡᠬᠦ ᠪᠠᠷ ᠳᠤᠮᠳᠠᠳᠤ ᠤᠯᠤᠰ ᠪᠠᠰᠠ ᠶᠠᠮᠠᠷ ᠠᠷᠭ᠎ᠠ ᠬᠡᠮᠵᠢᠶ᠎ᠡ ᠠᠪᠴᠤ | ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ | ᠢᠲᠡᠭᠡᠯ ᠵᠣᠷᠢᠭ ᠢ ᠬᠥᠪᠴᠢᠯᠡᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠭᠦ ᠪᠤᠶ | ︖ ᠪᠠᠰᠠ ᠠᠯᠢ ᠠᠯᠢ ᠲᠠᠯ᠎ᠠ ᠪᠠᠷ ᠬᠢᠭᠰᠡᠨ ᠨᠢ | ᠭᠦᠢᠴᠡᠳ ᠦᠭᠡᠢ ᠪᠤᠢ᠂ ᠨᠥᠬᠦᠪᠦᠷᠢᠯᠡᠬᠦ ᠴᠢᠬᠤᠯᠠ ᠲᠠᠢ ᠪᠤᠢ︖ | ᠯᠢ ᠴᠢᠶᠠᠩ᠄ ᠲᠤᠰ ᠤᠳᠠᠭ᠎ᠠ ᠶᠢᠨ ᠬᠤᠶᠠᠷ ᠬᠤᠷᠠᠯ ᠤᠨ ᠬᠤᠭᠤᠴᠠᠭᠠᠨ ᠳᠤ᠂ ᠶᠡᠷᠦᠩᠬᠡᠢ ᠱᠦᠵᠢ ᠰᠢ ᠶᠢᠨ ᠫᠢᠩ ᠪᠦᠭᠦ | ᠤᠯᠤᠰ ᠤᠨ ᠤᠯᠤᠰ ᠲᠥᠷᠥ ᠶᠢᠨ | ᠵᠥᠪᠯᠡᠯᠭᠡᠨ ᠤ ᠭᠡᠰᠢᠭᠦᠳ ᠢ ᠡᠷᠭᠢᠨ ᠦᠵᠡᠬᠦ ᠳᠡᠭᠡᠨ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠡᠷᠡᠭᠦᠯ ᠢᠶᠠᠷ | ᠭᠦᠭᠵᠢᠭᠦ᠂ ᠴᠢᠨᠠᠷ ᠰᠠᠶᠢᠲᠠᠢ ᠭᠦᠭᠵᠢᠭᠦ | ᠲᠤᠬᠠᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ᠬᠠᠯᠠᠭᠤᠨ ᠲᠤᠰᠬᠠᠯ ᠭᠠᠷᠪᠠ᠃ ᠥᠷᠭᠡᠨ ᠤᠯᠠᠨ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯᠲᠠᠨ ᠲᠦᠢᠯ ᠢᠶᠠᠷ | ᠤᠷᠮᠠᠰᠢᠨ ᠵᠣᠷᠢᠭᠵᠢᠵᠤ᠂ ᠬᠥᠭᠰᠡᠨ ᠲᠤᠬᠳᠤᠯᠤᠬᠰᠠᠨ ᠢ ᠲᠠ ᠪᠦᠭᠦᠳᠡᠭᠡᠷ ᠯᠠᠪ ᠣᠯᠵᠤ ᠠᠩᠬᠠᠷᠤᠭᠰᠠᠨ ᠪᠠᠶᠢᠬᠤ ᠠ᠋᠃ | ᠪᠢ ᠠᠷᠠᠳ ᠤᠨ ᠡᠵᠡᠩᠨᠡᠯᠲᠡ ᠶᠢᠨ ᠠᠵᠤ ᠠᠬᠤᠢ ᠨᠡᠯᠢᠶᠡᠳ ᠬᠥᠭᠵᠢᠭᠰᠡᠨ ᠭᠠᠵᠠᠷ ᠣᠷᠣᠨ ᠳᠤ ᠤᠷᠳᠤ | ᠬᠤᠭᠤᠴᠠᠭ᠎ᠠ ᠪᠠᠷ ᠠᠵᠢᠯᠯᠠᠵᠤ᠂ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯᠲᠠᠨ ᠲᠠᠢ ᠰᠠᠨᠠᠯ ᠢᠶᠠᠨ ᠰᠣᠯᠢᠯᠴᠠᠬᠤ ᠲᠣᠭᠢᠶᠠᠯ ᠦᠷᠭᠦᠯᠵᠢ ᠭᠠᠷᠳᠠᠭ᠂ ᠲᠡᠳᠡᠨ ᠤ | ᠬᠥᠭᠵᠢᠯᠲᠡ ᠶᠢᠨ ᠶᠠᠪᠤᠴᠠ ᠳᠠᠬᠢ ᠬᠦᠰᠡᠯ | ᠡᠷᠡᠮᠡᠯᠵᠡᠯ ᠪᠣᠯᠣᠨ ᠡᠷᠡᠭᠡᠯᠵᠡᠯ ᠢ ᠨᠡᠯᠢᠶᠡᠳ ᠣᠶᠢᠯᠠᠭᠠᠯ᠎ᠠ᠃ ᠠᠳᠡ ᠪᠢ ᠭᠤᠣᠯᠳᠠᠭᠤ ᠡᠶᠢᠮᠦ ᠬᠡᠳᠦᠨ ᠳᠠᠪᠬᠤᠷᠭ᠎ᠠ ᠶᠢᠨ | ᠤᠳᠬ᠎ᠠ ᠰᠠᠨᠠᠭ᠎ᠠ ᠶᠢ ᠢᠯᠡᠳᠬᠡᠶ᠎ᠡ᠄ | ᠨᠢᠭᠡᠳᠦᠭᠡᠷ ᠲᠤ᠂ ︽ᠬᠤᠶᠠᠷ ᠡᠷᠡᠰ ᠭᠤᠶᠢᠪᠢᠰᠢ ᠦᠭᠡᠢ ᠪᠠᠶᠢᠬᠤ︾ ᠪᠣᠯ ᠮᠠᠨ ᠤ ᠤᠯᠤᠰ ᠤᠨ ᠠᠵᠤ ᠠᠬᠤᠢ ᠶᠢᠨ | ᠦᠨᠳᠦᠰᠦᠨ ᠪᠠᠶᠢᠭᠤᠯᠤᠯ ᠤᠨ ᠴᠢᠬᠤᠯᠠ | ᠠᠭᠤᠯᠭ᠎ᠠ᠂ ᠤᠷᠳᠤ ᠬᠤᠭᠤᠴᠠᠭᠠᠨ ᠤ ᠠᠷᠭ᠎ᠠ ᠪᠣᠳᠣᠯᠭ᠎ᠠ ᠮᠥᠨ᠂ ᠥᠩᠭᠡᠷᠡᠭᠰᠡᠨ ᠳᠤ ᠬᠤᠪᠢᠷᠠᠭᠰᠠᠨ ᠦᠭᠡᠢ᠂ | ᠬᠤᠶᠢᠰᠢᠳᠠ ᠨᠡᠩ ᠴᠤ ᠬᠤᠪᠢᠷᠠᠬᠤ ᠦᠭᠡᠢ ᠶᠤᠮ᠃ | ᠦᠨᠡᠬᠡᠷ᠂ ᠨᠢᠳᠤᠨᠤᠨ ᠨᠢᠭᠡ ᠬᠡᠰᠡᠭ ᠬᠤᠭᠤᠴᠠᠭᠠᠨ ᠳᠤ᠂ ᠨᠡᠶᠢᠭᠡᠮ ᠳᠡᠭᠡᠷ᠎ᠡ ᠵᠠᠷᠢᠮ ᠵᠥᠪ ᠪᠤᠰᠤ ᠶᠠᠷᠢᠶ᠎ᠠ ᠬᠡᠯᠡᠯᠴᠡᠭᠡ | ᠭᠠᠷᠴᠤ᠂ ᠵᠠᠷᠢᠮ ᠠᠷᠠᠳ ᠤᠨ ᠡᠵᠡᠩᠨᠡᠯᠲᠡ ᠶᠢᠨ | ᠠᠵᠤ ᠠᠬᠤᠶᠢᠯᠠᠯᠲᠠᠨ ᠢ ᠰᠠᠨᠠᠭᠠᠰᠢᠷᠠᠭᠤᠯᠵᠤ ᠪᠠᠶᠢᠪᠠ᠃ ᠦᠨᠡᠨ ᠳᠡᠭᠡᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢ | ᠬᠥᠭᠵᠢᠭᠦᠯᠬᠦ ᠠᠰᠠᠭᠤᠳᠠᠯ ᠳᠡᠭᠡᠷ᠎ᠡ᠂ ᠨᠠᠮ ᠤᠨ | ᠲᠥᠪ ᠬᠤᠷᠢᠶ᠎ᠠ ᠶᠢᠨ ᠴᠢᠭᠯᠡᠯᠲᠡ ᠲᠥᠷᠥ ᠶᠢᠨ ᠪᠣᠳᠣᠯᠭ᠎ᠠ ᠶᠡᠷᠦ ᠨᠢ ᠮᠠᠰᠢ ᠲᠣᠳᠣᠷᠬᠠᠢ ᠶᠤᠮ᠃ ᠨᠠᠮ ᠤᠨ ᠠᠷᠪᠠ | ᠶᠢᠰᠦᠳᠦᠭᠡᠷ ᠶᠡᠭᠡ ᠬᠤᠷᠠᠯ᠂ ᠬᠤᠷᠢᠳᠤᠭᠠᠷ ᠶᠡᠭᠡ | ᠬᠤᠷᠠᠯ ᠪᠣᠯᠣᠨ ᠨᠢᠳᠤᠨᠤᠨ ᠤ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠠᠴᠠ ᠴᠥᠮ ᠴᠢᠬᠤᠯᠠᠴᠢᠯᠠᠭᠰᠠᠨ | ᠪᠠᠶᠢᠨ᠎ᠠ᠃ ᠡᠭᠦᠨ ᠳᠤ ᠪᠢᠳᠡ ᠲᠤᠭ ᠲᠡᠮᠳᠡᠭ | ᠲᠣᠳᠣᠷᠬᠠᠢ᠂ ᠡᠷᠡᠰ ᠭᠤᠶᠢᠪᠢᠰᠢ ᠦᠭᠡᠢ ᠶᠤᠮ᠃ | ᠬᠤᠶᠠᠳᠤᠭᠠᠷ ᠲᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ ᠣᠷᠴᠢᠨ ᠨᠥᠬᠦᠴᠡᠯ | ᠤᠯᠠᠮ ᠠᠴᠠ ᠤᠯᠠᠮ ᠰᠠᠶᠢᠵᠢᠷᠠᠵᠤ᠂ | ᠬᠥᠭᠵᠢᠯᠲᠡ ᠶᠢᠨ ᠣᠷᠣᠨ ᠵᠠᠢ ᠤᠯᠠᠮ ᠠᠴᠠ ᠤᠯᠠᠮ ᠶᠡᠭᠡᠳᠭᠦ ᠪᠣᠯᠣᠨ᠎ᠠ᠃ ᠪᠢᠳᠡ ᠰᠢᠨ᠎ᠡ ᠭᠠᠷᠤᠭ᠎ᠠ ᠠᠴᠠ ᠵᠠᠬ᠎ᠠ | ᠳᠡᠯᠭᠡᠭᠦᠷᠴᠢᠯᠡᠭᠰᠡᠨ᠂ ᠬᠠᠤᠯᠢᠵᠢᠭᠰᠠᠨ᠂ | ᠳᠡᠯᠡᠬᠡᠶᠢᠵᠢᠭᠰᠡᠨ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠶᠡᠭᠡ ᠪᠠᠷ ᠪᠤᠢ ᠪᠤᠯᠭᠠᠵᠤ᠂ ᠡᠯ᠎ᠡ ᠲᠦᠷᠦᠯ ᠤᠨ | ᠥᠮᠴᠢᠯᠡᠯ ᠤᠨ ᠠᠵᠤ ᠠᠬᠤᠶᠢᠯᠠᠯ ᠳᠤ ᠡᠷᠬᠡ | ᠲᠡᠭᠰᠢ ᠪᠠᠷ ᠬᠠᠨᠳᠤᠵᠤ᠂ ᠠᠵᠤ ᠠᠬᠤᠶᠢᠯᠠᠯ ᠤᠨ ᠥᠮᠴᠢᠯᠡᠯ ᠤᠨ ᠡᠷᠬᠡ ᠪᠣᠯᠣᠨ ᠠᠵᠤ ᠠᠬᠤᠶᠢᠯᠠᠯᠲᠠᠨ ᠤ ᠡᠷᠬᠡ | ᠠᠰᠢᠭ ᠢ ᠬᠠᠤᠯᠢ ᠶᠣᠰᠣᠭᠠᠷ ᠬᠠᠮᠠᠭᠠᠯᠠᠵᠤ᠂ ᠡᠯ᠎ᠡ | ᠲᠦᠷᠦᠯ ᠤᠨ ᠡᠵᠡᠩᠨᠡᠯᠲᠡ ᠶᠢᠨ ᠭᠤᠣᠯ ᠴᠣᠭᠴᠠ ᠶᠢᠨ ᠡᠷᠬᠡ ᠲᠡᠭᠰᠢ ᠪᠠᠷ ᠥᠷᠢᠰᠦᠯᠳᠦᠬᠦ ᠶᠢ ᠠᠬᠢᠭᠤᠯᠵᠤ᠂ | ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ | ᠬᠥᠭᠵᠢᠨ ᠪᠤᠵᠠᠭᠠᠶᠢᠷᠠᠬᠤ ᠶᠢ ᠳᠡᠮᠵᠢᠨ᠎ᠠ᠃ ᠬᠥᠭᠵᠢᠯᠲᠡ ᠶᠢᠨ ᠣᠷᠣᠨ ᠵᠠᠢ ᠠᠴᠠ ᠦᠵᠡᠪᠡᠯ᠂ ᠳᠤᠮᠳᠠᠳᠤ ᠤᠯᠤᠰ ᠭᠡᠳᠤ | ᠶᠡᠭᠡ ᠬᠡᠪᠴᠢᠶᠡᠨ ᠤ ᠵᠠᠬ᠎ᠠ ᠳᠡᠯᠭᠡᠭᠦᠷ ᠤᠨ | ᠬᠡᠷᠡᠭᠴᠡᠭᠡ ᠲᠠᠢ᠂ ᠪᠠᠰᠠ ᠮᠠᠰᠢ ᠤᠯᠠᠨ ᠰᠢᠨ᠎ᠡ ᠬᠦᠷᠢᠶ᠎ᠡ ᠰᠢᠨ᠎ᠡ ᠤᠷᠤᠯᠳᠤᠭᠠᠨ ᠤ ᠵᠠᠮ ᠢ ᠨᠡᠭᠡᠭᠡᠬᠦ ᠴᠢᠬᠤᠯᠠ ᠲᠠᠢ | ᠪᠠᠶᠢᠵᠤ᠂ ᠴᠥᠮ ᠯᠤᠲᠤ ᠶᠡᠭᠡ ᠬᠥᠭᠵᠢᠯᠲᠡ ᠶᠢᠨ | ᠠᠵᠠ ᠲᠣᠭᠢᠶᠠᠯ ᠬᠠᠳᠠᠭᠠᠯᠠᠭᠳᠠᠵᠤ ᠪᠠᠶᠢᠨ᠎ᠠ᠃ ᠠᠷᠠᠳ ᠤᠨ ᠡᠵᠡᠩᠨᠡᠯᠲᠡ ᠶᠢᠨ ᠠᠵᠤ ᠠᠬᠤᠢ ᠯᠠᠪᠲᠠᠢ ᠶᠡᠭᠡ ᠵᠢᠳᠬᠦᠯ | ᠴᠢᠷᠮᠠᠶᠢᠯᠭ᠎ᠠ ᠭᠠᠷᠭᠠᠵᠤ ᠪᠣᠯᠣᠨ᠎ᠠ᠃ | ᠭᠤᠷᠪᠠᠳᠤᠭᠠᠷ ᠲᠤ᠂ ᠴᠠᠭ ᠦᠶ᠎ᠡ ᠥᠷᠭᠡᠨ ᠤᠯᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠳ ᠤᠨ ᠰᠢᠨ᠎ᠡ | ᠦᠢᠯᠡᠰ ᠪᠣᠰᠬᠠᠭᠰᠠᠨ ᠲᠡᠦᠬᠡ ᠪᠠᠨ | ᠪᠢᠴᠢᠭᠯᠡᠬᠦ ᠶᠢ ᠤᠷᠢᠶᠠᠯᠠᠵᠤ ᠪᠠᠶᠢᠨ᠎ᠠ᠃ ᠡᠨᠡ ᠨᠢ ᠪᠠᠰᠠ ᠮᠢᠨᠤ ᠭᠡᠯᠡᠭᠦ ᠭᠡᠰᠡᠨ ᠨᠢᠭᠡ ᠵᠦᠢᠯ ᠮᠥᠨ᠃ ᠠᠵᠤ ᠠᠬᠤᠢ ᠶᠢᠨ | ᠬᠥᠭᠵᠢᠯᠲᠡ ᠨᠢ ᠪᠤᠰᠤᠳᠴᠢ ᠵᠢᠮ᠎ᠡ | ᠶᠣᠰᠣ ᠲᠠᠢ ᠪᠠᠶᠢᠳᠠᠭ ᠪᠥᠭᠡᠳ ᠪᠠᠰᠠ ᠪᠤᠰᠤᠳᠴᠢ ᠨᠥᠬᠦᠴᠡᠯ ᠳᠤ ᠲᠦᠰᠢᠭᠯᠡᠳᠡᠭ᠂ ᠭᠡᠬᠦ ᠳᠤ ᠮᠠᠰᠢ ᠴᠢᠩᠭ᠎ᠠ ᠪᠡᠶᠡᠴᠢ | ᠴᠢᠳᠠᠮᠠᠭᠠᠢ ᠴᠢᠨᠠᠷ ᠢ ᠨᠡᠩ ᠢᠯᠡᠭᠦᠦ | ᠱᠠᠭᠠᠷᠳᠠᠳᠠᠭ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠳ ᠰᠢᠯᠢᠳᠡᠭ ᠠᠵᠤ ᠠᠬᠤᠶᠢᠯᠠᠯᠲᠠᠨ ᠤ ᠵᠣᠷᠢᠭ | ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠢᠲᠡᠭᠡᠯ | ᠵᠣᠷᠢᠭ ᠢᠶᠠᠨ ᠪᠠᠲᠤᠳᠬᠠᠨ ᠠᠶᠠᠨ ᠳᠠᠭᠠᠨ ᠲᠠᠭᠢᠨ ᠮᠣᠷᠳᠠᠬᠤ ᠶᠢ ᠬᠦᠰᠡᠵᠦ ᠪᠠᠶᠢᠨ᠎ᠠ᠃ ᠠᠳᠡ ᠭᠦᠷᠲᠡᠯ᠎ᠡ ᠶᠠᠷᠢᠬᠤ ᠳᠤ | ᠪᠢ ᠲᠤᠬᠠᠢ ᠶᠢᠨ ᠵᠢᠯ ᠳᠤ ᠵᠢᠶᠠᠩᠰᠤ ᠵᠧᠵᠢᠶᠠᠩ | ᠵᠡᠷᠭᠡ ᠭᠠᠵᠠᠷ ᠤᠨ ᠬᠤᠪᠢ ᠶᠢᠨ ᠡᠵᠡᠩᠨᠡᠯᠲᠡ ᠶᠢᠨ ᠠᠵᠤ ᠠᠬᠤᠢ ᠶᠢ ᠬᠥᠭᠵᠢᠭᠦᠯᠬᠦ᠂ ᠰᠢᠶᠠᠩ ᠪᠠᠯᠭᠠᠰᠤᠨ ᠤ ᠠᠵᠤ | ᠠᠬᠤᠶᠢᠯᠠᠯ ᠢ ᠬᠥᠭᠵᠢᠭᠦᠯᠬᠦ ᠦᠶ᠎ᠡ ᠳᠤ ᠡᠭᠦᠳᠦᠭᠰᠡᠨ | ︽ᠲᠦᠷᠪᠡᠨ ᠮᠢᠩᠭ᠎ᠠ︾ ᠶᠢᠨ ᠵᠣᠷᠢᠭ ᠰᠠᠨᠠᠭ᠎ᠠ ᠶᠢ ᠥᠪᠡᠷ ᠤᠨ ᠡᠷᠬᠡ ᠦᠭᠡᠢ ᠪᠤᠳᠤᠵᠤ ᠣᠯᠣᠯ᠎ᠠ᠂ ᠲᠡᠷᠡ ᠨᠢ ᠳᠠᠷᠤᠢ᠄ | ᠮᠢᠩᠭᠠᠨ ᠪᠡᠷᠬᠡ ᠲᠦᠮᠡᠨ ᠪᠠᠷᠳᠠᠭ᠎ᠠ ᠶᠢ | ᠲᠤᠭᠤᠯᠵᠤ᠂ ᠲᠦᠮᠡ ᠮᠢᠩᠭᠠᠨ ᠦᠭᠡ ᠶᠠᠷᠢᠵᠤ᠂ ᠡᠯᠳᠡᠪ ᠠᠷᠭ᠎ᠠ ᠪᠦᠭᠦᠨ ᠢ ᠰᠦᠪᠡᠭᠴᠢᠯᠡᠵᠦ᠂ ᠲᠣᠭᠠᠯᠠᠰᠢ ᠦᠭᠡᠢ | ᠬᠦᠴᠢᠷ ᠪᠡᠷᠬᠡᠰᠢᠶᠡᠯ ᠢ ᠠᠮᠰᠠᠬᠤ ᠭᠡᠳᠡᠭ ᠢ | ᠥᠪᠡᠷ ᠤᠨ ᠡᠷᠬᠡ ᠦᠭᠡᠢ ᠪᠤᠳᠤᠵᠤ ᠣᠯᠵᠠᠢ᠃ ᠬᠡᠳᠦ᠋ᠢᠪᠡᠷ ᠤᠳᠤ ᠶᠢᠨ ᠦᠢᠯᠡᠰ ᠪᠣᠰᠬᠠᠬᠤ ᠵᠠᠭᠪᠤᠷ᠂ ᠭᠡᠯᠪᠡᠷᠢ | ᠪᠠᠶᠢᠳᠠᠯ ᠳᠤ ᠮᠠᠰᠢ ᠶᠡᠭᠡ ᠬᠤᠪᠢᠷᠠᠯᠲᠠ ᠭᠠᠷᠤᠭᠰᠠᠨ | ᠪᠤᠯᠪᠠᠴᠤ ᠲᠤᠬᠠᠢ ᠶᠢᠨ ᠦᠶ᠎ᠡ ᠶᠢᠨ ᠲᠡᠷᠡ ᠬᠦ ᠬᠦᠴᠢᠷ ᠪᠡᠷᠬᠡᠰᠢᠶᠡᠯ ᠬᠠᠷᠰᠢ ᠰᠠᠭᠠᠳ ᠢ ᠢᠯᠠᠨ ᠳᠠᠪᠠᠵᠤ ᠦᠢᠯᠡᠰ | ᠪᠣᠰᠬᠠᠬᠤ ᠵᠣᠷᠢᠭ ᠰᠠᠨᠠᠭ᠎ᠠ ᠨᠢ ᠥᠨᠢ ᠡᠭᠦᠷᠢᠳᠡ | ᠱᠠᠭᠠᠷᠳᠠᠭᠳᠠᠬᠤ ᠶᠤᠮ᠃ ᠮᠠᠨ ᠤ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ ᠢ ᠦᠨᠡᠨ ᠰᠡᠳᠬᠢᠯ ᠠᠴᠠ ᠪᠠᠨ | ᠬᠠᠯᠠᠮᠵᠢᠯᠠᠨ ᠲᠡᠭᠦᠨ ᠳᠤ ᠦᠢᠯᠡᠴᠢᠯᠡᠵᠦ᠂ ᠵᠠᠰᠠᠭ ᠤᠨ ᠣᠷᠳᠣᠨ ᠪᠠ ᠬᠤᠳᠠᠯᠳᠤᠭᠠᠴᠢᠨ ᠤ ᠬᠤᠭᠤᠷᠣᠨᠳᠣᠭᠢ ᠳᠣᠲᠣᠨᠣ | ᠴᠢᠬᠡᠴᠢ ᠬᠠᠷᠢᠴᠠᠭ᠎ᠠ ᠶᠢ ᠪᠠᠶᠢᠭᠤᠯᠵᠤ᠂ ᠪᠦᠭᠦ | ᠨᠡᠶᠢᠭᠡᠮ ᠢ ᠲᠠᠶᠢᠴᠢᠯᠠᠨ ᠦᠢᠯᠡᠰ ᠪᠣᠰᠬᠠᠭᠴᠢ ᠶᠢ ᠬᠦᠨᠳᠦᠳᠬᠡᠬᠦ᠂ ᠠᠵᠤ ᠠᠬᠤᠶᠢᠯᠠᠯᠲᠠᠨ ᠢ ᠬᠦᠨᠳᠦᠳᠬᠡᠬᠦ ᠰᠠᠶᠢᠨ | ᠰᠠᠶᠢᠬᠠᠨ ᠠᠭᠤᠷ ᠠᠮᠢᠰᠬᠤᠯ ᠢ ᠪᠤᠢ ᠪᠤᠯᠭᠠᠬᠤ | ᠬᠡᠷᠡᠭᠲᠡᠢ᠃ ᠰᠢᠨ᠎ᠡ ᠴᠠᠭ ᠦᠶ᠎ᠡ ᠰᠢᠨ᠎ᠡ ᠠᠶᠠᠨ ᠳᠤ᠂ ᠥᠷᠭᠡᠨ ᠤᠯᠠᠨ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯᠲᠠᠨ ᠯᠠᠪᠲᠠᠢ ᠨᠡᠩ ᠭᠡᠷᠡᠯ ᠰᠠᠴᠤᠷᠠᠩᠭᠤᠢ | ᠦᠢᠯᠡᠰ ᠪᠣᠰᠬᠠᠬᠤ ᠲᠡᠦᠬᠡ ᠶᠢ ᠪᠢᠴᠢᠭᠯᠡᠨ᠎ᠡ ᠭᠡᠳᠡᠭ ᠲᠤ ᠪᠢ ᠢᠲᠡᠭᠡᠵᠦ ᠪᠠᠶᠢᠨ᠎ᠠ᠃ | ᠫᠧᠩ ᠫᠠᠢ ᠰᠣᠨᠢᠨ ᠮᠡᠳᠡᠭᠡᠨ ᠤ ᠰᠤᠷᠪᠤᠯᠵᠢᠯᠠᠬᠴᠢ᠄ ᠰᠦᠯᠵᠢᠶᠡᠨ ᠢᠷᠭᠡᠳ ᠠᠷᠠᠳ ᠤᠨ ᠠᠮᠢᠳᠤᠷᠠᠯ ᠤᠨ ᠵᠠᠷᠢᠮ | ᠬᠠᠯᠠᠮᠰᠢᠯ ᠠᠰᠠᠭᠤᠳᠠᠯ ᠢ ᠳᠡᠭᠡᠳᠦ ᠬᠡᠮᠵᠢᠶ᠎ᠡ ᠪᠠᠷ | ᠠᠩᠬᠠᠷᠴᠤ ᠪᠤᠢ᠃ ᠡᠨᠡ ᠵᠢᠯ ᠮᠠᠨ ᠤ ᠤᠯᠤᠰ ᠤᠨ ᠠᠵᠢᠯ ᠣᠯᠭᠤᠯᠲᠠ ᠶᠢᠨ ᠪᠠᠶᠢᠳᠠᠯ ᠮᠥᠨ ᠯᠡ ᠬᠦᠨᠳᠦ ᠨᠣᠴᠢᠲᠠᠢ | ᠪᠠᠶᠢᠨ᠎ᠠ᠂ ᠲᠡᠭᠡᠪᠡᠯ ᠵᠠᠰᠠᠭ ᠤᠨ ᠣᠷᠳᠣᠨ ᠶᠠᠮᠠᠷ | ᠶᠠᠮᠠᠷ ᠠᠷᠭ᠎ᠠ ᠬᠡᠮᠵᠢᠶ᠎ᠡ ᠠᠪᠴᠤ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ ᠪᠤᠶ︖ ᠨᠢᠳᠤᠨᠤᠨ ᠳᠤᠮᠳᠠᠳᠤ | ᠤᠯᠤᠰ ᠲᠤ ᠤᠯᠠᠨ ᠵᠢᠯ ᠳᠤ ᠪᠠᠶᠢᠭ᠎ᠠ ᠦᠭᠡᠢ | ᠬᠥᠮᠥᠨ ᠠᠮᠠ ᠶᠢᠨ ᠰᠥᠭᠡᠷᠭᠦ ᠨᠡᠮᠡᠭᠳᠡᠯ ᠭᠠᠷᠤᠭᠰᠠᠨ ᠨᠢ ᠬᠥᠮᠥᠨ ᠠᠮᠠ ᠶᠢᠨ ᠴᠡᠪᠡᠷ ᠠᠰᠢᠭ ᠤᠳᠠᠯ ᠦᠭᠡᠢ ᠠᠷᠢᠯᠬᠤ ᠶᠢ | ᠬᠠᠷᠠᠭᠤᠯᠵᠤ ᠪᠠᠶᠢᠨ᠎ᠠ ᠦᠦ︖ ᠡᠨᠡ ᠵᠢᠯ | ᠠᠵᠢᠯ ᠠᠴᠠ ᠪᠠᠨ ᠠᠮᠠᠷᠠᠬᠤ ᠶᠢ ᠬᠤᠶᠢᠰᠢᠯᠠᠭᠤᠯᠬᠤ ᠲᠥᠷᠥ ᠶᠢᠨ ᠪᠣᠳᠣᠯᠭ᠎ᠠ ᠶᠢ ᠨᠡᠶᠢᠲᠡᠯᠡᠵᠦ ᠮᠡᠳᠡᠨ᠎ᠠ ᠦᠦ︖ | ᠯᠢ ᠴᠢᠶᠠᠩ᠄ ᠪᠢ ᠰᠦᠯᠵᠢᠶᠡᠨ ᠢᠷᠭᠡᠳ ᠤᠨ ᠠᠩᠬᠠᠷᠤᠯ ᠳᠤ ᠬᠠᠷᠢᠭᠤᠯᠲᠠ ᠥᠭᠭᠦ ᠳᠤᠷᠠᠲᠠᠢ᠂ ᠵᠠᠪ ᠴᠢᠯᠦᠭᠡ | ᠣᠯᠳᠠᠭᠰᠠᠭᠠᠷ ᠯᠡ ᠰᠦᠯᠵᠢᠶᠡᠨ ᠳᠤ ᠭᠠᠷᠴᠤ᠂ | ᠰᠦᠯᠵᠢᠶᠡᠨ ᠢᠷᠭᠡᠳ ᠤᠨ ᠶᠠᠭᠤ ᠶᠢ ᠠᠩᠬᠠᠷᠴᠤ ᠪᠠᠶᠢᠬᠤ᠂ ᠶᠠᠮᠠᠷ ᠰᠠᠶᠢᠨ ᠰᠠᠨᠠᠯ ᠰᠠᠨᠠᠭᠤᠯᠭ᠎ᠠ ᠪᠠᠶᠢᠬᠤ ᠶᠢ ᠦᠵᠡᠳᠡᠭ᠃ | | ᠦᠨᠡᠨ ᠳᠡᠭᠡᠨ ᠴᠢ ᠰᠠᠶ᠋ᠢᠬᠠᠨ ᠭᠤᠷᠪᠠᠨ ᠠᠰᠠᠭᠤᠯᠲᠠ ᠳᠤᠷᠠᠳᠪᠠ᠃ ᠨᠢᠭᠡᠳᠦᠭᠡᠷ ᠠᠰᠠᠭᠤᠯᠳᠠ ᠭᠡᠪᠡᠯ᠂ ᠠᠵᠢᠯ | ᠣᠯᠭᠤᠯᠲᠠ ᠶᠢᠨ ᠠᠰᠠᠭᠤᠳᠠᠯ᠃ ᠠᠵᠢᠯ | ᠣᠯᠭᠤᠯᠲᠠ ᠪᠣᠯ ᠠᠷᠠᠳ ᠤᠨ ᠠᠮᠢᠳᠤᠷᠠᠯ ᠤᠨ ᠦᠨᠳᠦᠰᠦ ᠮᠥᠨ᠂ ᠠᠵᠢᠯ ᠣᠯᠭᠤᠯᠲᠠ ᠶᠢᠨ ᠠᠰᠠᠭᠤᠳᠠᠯ ᠢ | ᠰᠢᠢᠳᠪᠦᠷᠢᠯᠡᠬᠦ ᠶᠢᠨ ᠬᠠᠮᠤᠭ ᠤᠨ ᠦᠨᠳᠦᠰᠦᠨ ᠨᠢᠭᠡ | ᠵᠦᠢᠯ ᠪᠣᠯ ᠬᠠᠰᠢᠯᠠ ᠠᠵᠤ ᠠᠬᠤᠢ ᠶᠢ ᠬᠥᠭᠵᠢᠭᠦᠯᠬᠦ ᠳᠤ ᠲᠦᠰᠢᠭᠯᠡᠬᠦ ᠬᠡᠷᠡᠭᠲᠡᠢ᠃ ᠪᠣᠳᠠᠲᠠᠢ ᠠᠵᠢᠯ ᠤᠨ ᠳᠤᠮᠳᠠ᠂ | ᠪᠢᠳᠡ ᠠᠵᠢᠯ ᠣᠯᠭᠤᠯᠲᠠ ᠶᠢ ᠲᠡᠷᠢᠭᠦᠨ ᠳᠤ | ᠲᠠᠯᠪᠢᠬᠤ ᠪᠠᠶᠢᠯᠳᠤᠬᠤ ᠪᠣᠳᠣᠯᠭ᠎ᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠵᠢᠯ ᠣᠯᠭᠤᠯᠲᠠ ᠶᠢᠨ | ᠦᠢᠯᠡᠴᠢᠯᠡᠭᠡ᠂ ᠤᠷ᠎ᠠ ᠴᠢᠳᠠᠪᠤᠷᠢ ᠶᠢᠨ ᠪᠣᠯᠪᠠᠰᠤᠷᠠᠯ ᠵᠡᠷᠭᠡ | ᠲᠠᠯ᠎ᠠ ᠪᠠᠷ ᠬᠢ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ | ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ | ᠬᠡᠷᠡᠭᠯᠡᠨ ᠠᠵᠢᠯ ᠣᠯᠭᠤᠯᠲᠠ ᠶᠢᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠥᠷᠭᠡᠳᠬᠡᠵᠦ᠂ ᠠᠵᠢᠯ | ᠣᠯᠭᠤᠯᠲᠠ ᠶᠢᠨ ᠰᠢᠨ᠎ᠡ ᠭᠡᠯᠪᠡᠷᠢ ᠶᠢ ᠳᠡᠮᠵᠢᠨ | ᠵᠢᠷᠤᠮᠵᠢᠭᠤᠯᠤᠨ᠎ᠠ᠃ ᠡᠨᠡ ᠵᠢᠯ ᠤᠨ ᠶᠡᠭᠡ ᠳᠡᠭᠡᠳᠦ ᠰᠤᠷᠭᠠᠭᠤᠯᠢ ᠲᠡᠭᠦᠰᠬᠦ ᠰᠤᠷᠤᠬᠴᠢ ᠵᠢᠱᠢᠯᠲᠡ ᠪᠠᠷ 1158 | ᠲᠦᠮᠡ ᠪᠤᠢ᠂ ᠠᠵᠢᠯ ᠣᠯᠭᠤᠯᠲᠠ ᠶᠢᠨ ᠲᠠᠯ᠎ᠠ ᠠᠴᠠ | ᠦᠵᠡᠪᠡᠯ ᠵᠣᠬᠢᠬᠤ ᠳᠠᠷᠤᠯᠲᠠ ᠲᠠᠢ ᠪᠠᠶᠢᠨ᠎ᠠ︔ ᠭᠡᠪᠡᠴᠦ ᠬᠥᠭᠵᠢᠯᠲᠡ ᠶᠢᠨ ᠲᠠᠯ᠎ᠠ ᠠᠴᠠ ᠠᠪᠴᠤ ᠦᠵᠡᠪᠡᠯ᠂ ᠡᠨᠡ ᠨᠢ | ᠠᠮᠢᠵᠢᠷᠠᠯ ᠤᠨ ᠬᠦᠴᠦᠨ ᠨᠡᠮᠡᠷᠢᠯᠡᠪᠡ᠃ ᠪᠢᠳᠡ | ᠠᠵᠢᠯ ᠣᠯᠭᠤᠯᠲᠠ ᠶᠢᠨ ᠠᠷᠭ᠎ᠠ ᠵᠠᠮ ᠢ ᠤᠯᠠᠮ ᠨᠢᠭᠡ ᠠᠯᠬᠤᠮ ᠥᠷᠭᠡᠳᠬᠡᠵᠦ᠂ ᠵᠠᠯᠠᠭᠤᠴᠤᠳ ᠢ ᠬᠠᠪᠰᠤᠷᠤᠨ | ᠭᠦᠳᠡᠯᠮᠦᠷᠢ ᠪᠠ ᠲᠡᠮᠡᠴᠡᠯ ᠢᠶᠠᠷ ᠳᠠᠮᠵᠢᠭᠤᠯᠤᠨ᠂ | ᠥᠪᠡᠷ ᠤᠨ ᠠᠮᠢᠳᠤᠷᠠᠬᠤᠢ ᠶᠢᠨ ᠦᠨ᠎ᠡ ᠦᠷᠲᠡᠭ ᠢᠶᠠᠨ ᠨᠡᠩ ᠰᠠᠶᠢᠲᠤᠷ ᠪᠡᠶᠡᠯᠡᠭᠦᠯᠬᠦ ᠪᠣᠯᠭᠠᠨ᠎ᠠ᠃ | ᠬᠤᠶᠠᠳᠤᠭᠠᠷ ᠠᠰᠠᠭᠤᠯᠳᠠ ᠪᠣᠯ᠂ ᠬᠥᠮᠥᠨ ᠠᠮᠠ ᠶᠢᠨ ᠰᠥᠭᠡᠷᠭᠦ ᠨᠡᠮᠡᠭᠳᠡᠯ ᠤᠨ ᠠᠰᠠᠭᠤᠳᠠᠯ᠃ ᠮᠠᠨ ᠤ ᠤᠯᠤᠰ ᠤᠨ | ᠬᠥᠮᠥᠨ ᠠᠮᠠ ᠶᠢᠨ ᠥᠰᠦᠯᠲᠡ ᠡᠶᠡᠷᠭᠦ | ᠪᠠᠶᠢᠭᠰᠠᠨ ᠠᠴᠠ ᠪᠠᠨ ᠰᠥᠭᠡᠷᠭᠦ ᠪᠣᠯᠵᠤ ᠪᠠᠶᠢᠨ᠎ᠠ᠂ ᠬᠥᠮᠥᠨ ᠠᠮᠠ ᠶᠢᠨ ᠴᠡᠪᠡᠷ ᠠᠰᠢᠭ ᠡᠭᠦᠨ ᠠᠴᠠ ᠪᠣᠯᠵᠤ ᠠᠷᠢᠯᠤᠨ᠎ᠠ | ᠦᠦ ᠦᠭᠡᠢ ᠦᠦ ᠭᠡᠵᠦ ᠵᠠᠷᠢᠮ ᠬᠥᠮᠥᠨ | ᠰᠠᠨᠠᠭ᠎ᠠ ᠵᠣᠪᠠᠵᠤ ᠪᠠᠶᠢᠨ᠎ᠠ᠃ ᠮᠢᠨᠤ ᠪᠤᠳᠣᠬᠤ ᠪᠠᠷ ᠲᠡᠶᠢᠮᠦ ᠠᠮᠠᠷᠬᠠᠨ ᠪᠢᠰᠢ᠃ ᠬᠥᠮᠥᠨ ᠠᠮᠠ ᠶᠢᠨ ᠴᠡᠪᠡᠷ ᠠᠰᠢᠭ ᠢ | ᠶᠡᠷᠦᠩᠬᠡᠢ ᠬᠡᠮᠵᠢᠶ᠎ᠡ ᠪᠠᠷ ᠨᠢ ᠦᠵᠡᠬᠦ ᠬᠡᠷᠡᠭᠲᠡᠢ | ᠮᠥᠷᠲᠡᠭᠡᠨ ᠨᠡᠩ ᠴᠤ ᠶᠠᠰᠤ ᠴᠢᠨᠠᠷ ᠢᠶᠠᠷ ᠨᠢ ᠦᠵᠡᠬᠦ ᠬᠡᠷᠡᠭᠲᠡᠢ᠂ ᠬᠥᠮᠥᠨ ᠠᠮᠠ ᠪᠠᠷ ᠨᠢ ᠦᠵᠡᠬᠦ ᠬᠡᠷᠡᠭᠲᠡᠢ ᠮᠥᠷᠲᠡᠭᠡᠨ | ᠨᠡᠩ ᠴᠤ ᠴᠢᠳᠠᠪᠤᠷᠢᠲᠠᠨ ᠢᠶᠠᠷ ᠨᠢ ᠦᠵᠡᠬᠦ | ᠬᠡᠷᠡᠭᠲᠡᠢ᠃ ᠮᠠᠨ ᠤ ᠤᠯᠤᠰ ᠲᠤ 9 ᠳ᠋ᠦᠩᠰᠢᠭᠤᠷ ᠰᠢᠬᠠᠮ ᠭᠦᠳᠡᠯᠮᠦᠷᠢ ᠬᠦᠴᠦᠨ ᠲᠠᠢ ᠪᠠᠶᠢᠵᠤ᠂ ᠵᠢᠯ ᠪᠦᠷᠢ ᠶᠢᠨ | ᠰᠢᠨ᠎ᠡ ᠪᠠᠷ ᠨᠡᠮᠡᠭᠳᠡᠬᠦ ᠭᠦᠳᠡᠯᠮᠦᠷᠢ ᠬᠦᠴᠦᠨ | ᠴᠥᠮ 1500 ᠲᠦᠮᠡ ᠶᠢ ᠳᠠᠪᠠᠵᠤ᠂ ᠬᠥᠮᠥᠨ ᠤ ᠬᠦᠴᠦᠨ ᠤ ᠡᠬᠢ ᠪᠠᠶᠠᠯᠢᠭ ᠡᠯᠪᠡᠭ ᠪᠠᠶᠢᠬᠤ ᠨᠢ ᠮᠥᠨ ᠯᠡ | ᠳᠤᠮᠳᠠᠳᠤ ᠤᠯᠤᠰ ᠤᠨ ᠲᠣᠪᠤᠶᠢᠮ᠎ᠠ ᠳᠠᠪᠠᠭᠤᠯᠢᠭ | ᠪᠣᠯᠣᠭᠰᠠᠭᠠᠷ ᠪᠠᠶᠢᠨ᠎ᠠ᠃ ᠨᠡᠩ ᠴᠢᠬᠤᠯᠠ ᠨᠢ᠂ ᠮᠠᠨ ᠤ ᠤᠯᠤᠰ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ | ᠭᠥᠷᠳᠡᠭᠰᠡᠨ ᠬᠥᠮᠥᠨ ᠠᠮᠠ ᠨᠢᠭᠡᠨᠲᠡ 2.4 | ᠳ᠋ᠦᠩᠰᠢᠭᠤᠷ ᠢ ᠳᠠᠪᠠᠵᠤ᠂ ᠰᠢᠨ᠎ᠡ ᠪᠠᠷ ᠨᠡᠮᠡᠭᠳᠡᠭᠰᠡᠨ ᠭᠦᠳᠡᠯᠮᠦᠷᠢ ᠬᠦᠴᠦᠨ ᠤ ᠰᠤᠷᠭᠠᠨ ᠬᠥᠮᠦᠵᠢᠯ ᠭᠥᠷᠳᠡᠭᠰᠡᠨ | ᠳᠤᠮᠳᠠᠴᠢ ᠵᠢᠯ ᠬᠤᠭᠤᠴᠠᠭ᠎ᠠ ᠨᠢ 14 ᠵᠢᠯ ᠳᠤ | ᠬᠦᠷᠴᠡᠢ᠃ ᠮᠠᠨ ᠤ ︽ᠬᠥᠮᠥᠨ ᠠᠮᠠ ᠶᠢᠨ ᠴᠡᠪᠡᠷ ᠠᠰᠢᠭ︾ ᠠᠷᠢᠯᠤᠭᠠᠳᠤᠢ᠂ ︽ᠴᠢᠳᠠᠪᠤᠷᠢᠲᠠᠨ ᠤ ᠴᠡᠪᠡᠷ ᠠᠰᠢᠭ︾ | ᠶᠠᠭ ᠪᠦᠷᠢᠯᠳᠦᠵᠦ᠂ ᠬᠥᠭᠵᠢᠯᠲᠡ ᠶᠢᠨ | ᠬᠥᠳᠡᠯᠭᠡᠬᠦ ᠬᠦᠴᠦᠨ ᠮᠥᠨ ᠯᠡ ᠢᠳᠡ ᠬᠦᠴᠦᠲᠡᠢ ᠪᠠᠶᠢᠨ᠎ᠠ ᠭᠡᠵᠦ ᠬᠡᠯᠡᠵᠦ ᠪᠣᠯᠣᠨ᠎ᠠ᠃ ᠬᠡᠯᠡᠯᠭᠡᠨ ᠦᠭᠡᠢ᠂ ᠪᠢᠳᠡ | ᠬᠥᠮᠥᠨ ᠠᠮᠠ ᠶᠢᠨ ᠨᠡᠮᠡᠭᠳᠡᠯ ᠬᠠᠰᠤᠭᠳᠠᠯ ᠤᠨ | ᠠᠪᠴᠢᠷᠠᠵᠤ ᠮᠡᠳᠡᠭᠦ ᠠᠰᠠᠭᠤᠳᠠᠯ ᠢ ᠪᠠᠰᠠ ᠭᠦᠨᠵᠡᠭᠡᠢ ᠵᠠᠳᠠᠯᠤᠨ ᠰᠤᠳᠤᠯᠵᠤ᠂ ᠢᠳᠡᠪᠬᠢᠲᠡᠢ ᠠᠷᠭᠠᠴᠠᠭᠠᠬᠤ ᠬᠡᠷᠡᠭᠲᠡᠢ᠃ | ᠠᠵᠢᠯ ᠠᠴᠠ ᠪᠠᠨ ᠠᠮᠠᠷᠠᠬᠤ ᠶᠢ ᠬᠤᠶᠢᠰᠢᠯᠠᠭᠤᠯᠬᠤ ᠲᠥᠷᠥ ᠶᠢᠨ ᠪᠣᠳᠣᠯᠭ᠎ᠠ ᠶᠢᠨ ᠠᠰᠠᠭᠤᠳᠠᠯ ᠤᠨ ᠲᠤᠬᠠᠢ ᠪᠢᠳᠡ | ᠨᠠᠷᠢᠨ ᠬᠢᠨᠠᠮᠠᠭᠠᠢ ᠰᠤᠳᠤᠯᠵᠤ᠂ ᠭᠦᠢᠴᠡᠳ | ᠨᠤᠲᠠᠯᠠᠯᠲᠠ ᠬᠢᠵᠦ᠂ ᠵᠣᠬᠢᠰᠲᠠᠢ ᠦᠶ᠎ᠡ ᠳᠤ ᠯᠠᠪᠳᠠᠭᠤᠨ ᠢᠶᠠᠷ ᠬᠡᠷᠡᠭᠵᠢᠭᠦᠯᠦᠨ᠎ᠡ᠃ | ᠦᠽᠪᠤᠺᠰᠲ᠋ᠠᠨ ᠤ ᠠᠷᠠᠳ ᠤᠨ ᠶᠠᠷᠢᠶ᠎ᠠ ᠬᠡᠯᠡᠯᠴᠡᠭᠡᠨ ᠤ ᠰᠣᠨᠢᠨ ᠤ ᠰᠤᠷᠪᠤᠯᠵᠢᠯᠠᠬᠴᠢ᠄ ᠳᠡᠯᠡᠬᠡᠢ ᠳᠡᠭᠡᠷᠡᠬᠢ ᠵᠠᠷᠢᠮ | ᠬᠥᠮᠥᠰ ᠳᠤᠮᠳᠠᠳᠤ ᠤᠯᠤᠰ ᠪᠤᠰᠤᠳ | ᠤᠯᠤᠰ ᠲᠠᠢ ᠬᠠᠷᠢᠴᠠᠭᠤᠯᠪᠠᠯ ᠬᠢᠵᠢᠭ ᠢ ᠰᠡᠷᠭᠡᠶᠢᠯᠡᠬᠦ ᠲᠠᠯ᠎ᠠ ᠪᠠᠷ ᠬᠤᠶᠠᠷ ᠵᠢᠯ ᠭᠠᠷᠤᠢ ᠴᠢᠩᠭ᠎ᠠ ᠡᠵᠡᠮᠳᠡᠭᠰᠡᠨ ᠨᠢ | ᠦᠨᠡᠬᠡᠷ ᠴᠢᠬᠤᠯᠠᠲᠠᠢ ᠦᠦ ᠭᠡᠵᠦ ᠰᠡᠵᠢᠭᠯᠡᠵᠦ ᠪᠠᠶᠢᠨ᠎ᠠ᠂ | ᠢᠷᠡᠭᠡᠳᠦᠢ ᠳᠤ ᠭᠠᠷᠴᠤ ᠮᠡᠳᠡᠭᠦ ᠰᠢᠨ᠎ᠡ ᠬᠢᠵᠢᠭ ᠤᠨ ᠪᠠᠶᠢᠳᠠᠯ ᠢ ᠠᠷᠭᠠᠴᠠᠭᠠᠬᠤ ᠳᠤ ᠳᠤᠮᠳᠠᠳᠤ ᠤᠯᠤᠰ ᠶᠠᠮᠠᠷ ᠶᠠᠮᠠᠷ | ᠪᠡᠯᠡᠳᠬᠡᠯ ᠬᠢᠭᠰᠡᠨ ᠪᠤᠢ︖ | ᠯᠢ ᠴᠢᠶᠠᠩ᠄ ᠬᠢᠵᠢᠭ ᠤᠨ ᠪᠠᠶᠢᠳᠠᠯ ᠭᠠᠷᠤᠭᠰᠠᠨ ᠭᠤᠷᠪᠠᠨ ᠵᠢᠯ ᠳᠤ᠂ ᠳᠤᠮᠳᠠᠳᠤ ᠤᠯᠤᠰ ᠤᠨ ᠠᠷᠠᠳ ᠲᠦᠮᠡᠨ | ᠳᠤᠮᠳᠠᠳᠤ ᠤᠯᠤᠰ ᠤᠨ ᠡᠪ ᠬᠠᠮᠲᠤ ᠨᠠᠮ ᠤᠨ | ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠡᠳᠬᠢᠯ ᠨᠢᠭᠡᠳᠦᠨ ᠬᠢᠵᠢᠭ ᠲᠠᠢ ᠲᠡᠮᠡᠴᠡᠵᠦ᠂ ᠣᠲᠣ ᠨᠢᠭᠡᠨᠲᠡ ᠴᠢᠬᠤᠯᠠ | ᠶᠡᠭᠡ ᠰᠢᠢᠳᠪᠦᠷᠢᠲᠦ ᠴᠢᠨᠠᠷᠲᠠᠢ ᠢᠯᠠᠯᠲᠠ ᠶᠢ | ᠣᠯᠪᠠ᠃ ᠭᠤᠷᠪᠠᠨ ᠵᠢᠯ ᠭᠠᠷᠤᠢ ᠶᠢᠨ ᠲᠤᠷᠰᠢ᠂ ᠪᠢᠳᠡ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ | ᠳᠡᠭᠡᠳᠦᠯᠡᠬᠦ ᠶᠢ ᠢᠮᠠᠭᠲᠠ ᠪᠠᠷᠢᠮᠲᠠᠯᠠᠵᠤ᠂ ᠰᠢᠨᠵᠢᠯᠡᠬᠦ | ᠤᠬᠠᠭᠠᠨᠴᠢ ᠪᠠᠷ ᠣᠨᠣᠴᠠᠲᠠᠢ ᠰᠡᠷᠭᠡᠶᠢᠯᠡᠨ ᠡᠵᠡᠮᠳᠡᠬᠦ ᠶᠢ ᠪᠠᠷᠢᠮᠲᠠᠯᠠᠵᠤ᠂ ᠴᠠᠭ ᠪᠠ ᠪᠠᠶᠢᠳᠠᠯ ᠳᠤ ᠲᠣᠬᠢᠷᠠᠭᠤᠯᠤᠨ | ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠪᠠᠨ | ᠰᠢᠯᠢᠳᠡᠭᠵᠢᠭᠦᠯᠪᠡ᠃ ᠸᠢᠷᠦ᠋ᠰ ᠤᠨ ᠡᠪᠡᠳᠴᠢᠯᠡᠭᠦᠯᠬᠦ ᠬᠦᠴᠦᠨ ᠨᠡᠯᠢᠶᠡᠳ ᠴᠢᠩᠭ᠎ᠠ ᠪᠠᠶᠢᠬᠤ ᠱᠠᠲᠤᠨ ᠳᠤ᠂ ᠪᠢᠳᠡ | ᠡᠷᠡᠰ ᠰᠢᠭᠤᠷᠬᠠᠢ ᠪᠠᠷ ︽ᠬᠥᠬᠡᠭᠴᠢᠨ ᠲᠥᠷᠥᠯ ᠤᠨ | ᠬᠥᠬᠡ ᠬᠠᠮᠢᠶᠠᠷᠤᠯᠲᠠ︾ ᠶᠢ ᠬᠡᠷᠡᠭᠵᠢᠭᠦᠯᠵᠦ᠂ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ | ᠮᠠᠬᠠᠪᠤᠳ ᠤᠨ ᠡᠷᠡᠭᠦᠯ ᠮᠡᠨᠳᠦ ᠶᠢ ᠪᠦᠲᠦᠮᠵᠢᠲᠡᠶ | ᠬᠠᠮᠠᠭᠠᠯᠠᠭᠰᠠᠨ ᠪᠥᠭᠡᠳ ᠸᠠᠺᠼᠢᠨ ᠪᠠ ᠡᠮ ᠤᠨ ᠵᠦᠢᠯᠡᠰ ᠢ ᠰᠤᠳᠤᠯᠤᠨ ᠦᠶ᠋ᠯᠡᠳᠭᠦ᠂ ᠸᠠᠺᠼᠢᠨ ᠤ ᠲᠠᠷᠢᠯᠭ᠎ᠠ ᠶᠢ | ᠲᠦᠭᠡᠮᠡᠯᠵᠢᠭᠦᠯᠬᠦ ᠵᠡᠷᠭᠡ ᠳᠤ ᠡᠷᠬᠢᠮ ᠨᠠᠨᠳᠢᠨ ᠴᠠᠭ | ᠬᠤᠭᠤᠴᠠᠭ᠎ᠠ ᠣᠯᠭᠤᠭᠰᠠᠨ ᠪᠠᠶᠢᠨ᠎ᠠ᠃ ᠸᠢᠷᠦ᠋ᠰ ᠤᠨ ᠡᠪᠡᠳᠴᠢᠯᠡᠭᠦᠯᠬᠦ ᠬᠦᠴᠦᠨ ᠰᠤᠯᠠᠷᠠᠬᠤ ᠪᠠ ᠮᠠᠨ ᠤ ᠤᠯᠤᠰ ᠤᠨ | ᠰᠡᠷᠭᠡᠶᠢᠯᠡᠨ ᠵᠠᠰᠠᠬᠤ ᠴᠢᠳᠠᠪᠤᠷᠢ ᠳᠡᠭᠡᠭᠰᠢᠯᠡᠬᠦ ᠶᠢ | ᠳᠠᠭᠠᠯᠳᠤᠨ᠂ ᠪᠢᠳᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠳᠤ ᠠᠯᠢ ᠣᠯᠠᠨ ᠰᠢᠯᠢᠳᠡᠭᠵᠢᠭᠦᠯᠬᠦ ᠲᠣᠬᠢᠷᠠᠭᠤᠯᠤᠯᠲᠠ | ᠬᠢᠵᠦ᠂ ᠵᠣᠬᠢᠰᠲᠠᠢ ᠴᠠᠭ ᠲᠤ ᠲᠣᠬᠢᠷᠠᠭᠤᠯᠤᠯᠲᠠ | ᠬᠢᠵᠦ᠂ ︽ᠬᠥᠬᠡᠭᠴᠢᠨ ᠲᠥᠷᠥᠯ ᠤᠨ ᠬᠥᠬᠡᠭᠴᠢᠨ ᠬᠠᠮᠢᠶᠠᠷᠤᠯᠲᠠ︾ ᠶᠢ ᠬᠡᠷᠡᠭᠵᠢᠭᠦᠯᠪᠡ᠃ ᠳᠤᠮᠳᠠᠳᠤ ᠤᠯᠤᠰ ᠰᠢᠭ᠋ | ᠡᠶᠢᠮᠦ ᠬᠥᠮᠥᠨ ᠠᠮᠠ ᠤᠯᠠᠨ᠂ ᠬᠥᠭᠵᠢᠯᠲᠡ | ᠲᠡᠩᠴᠡᠭᠦᠷᠢ ᠦᠭᠡᠢ ᠲᠣᠮᠣ ᠤᠯᠤᠰ ᠬᠤᠶᠠᠷ ᠰᠠᠷ᠎ᠠ ᠬᠦᠷᠬᠦ ᠦᠭᠡᠢ ᠬᠤᠭᠤᠴᠠᠭᠠᠨ ᠳᠤ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠲᠣᠭᠲᠠᠭᠤᠨ ᠡᠷᠭᠢᠯᠲᠡ ᠶᠢ | ᠪᠡᠶᠡᠯᠡᠭᠦᠯᠵᠦ᠂ ᠠᠵᠤ ᠠᠬᠤᠢ ᠨᠡᠶᠢᠭᠡᠮ ᠤᠨ ᠬᠡᠪ ᠤᠨ ᠡᠮᠬᠢ ᠳᠢᠭᠯᠢᠮ ᠢ ᠨᠡᠯᠢᠶᠡᠳ ᠲᠦᠷᠭᠡᠨ ᠰᠡᠷᠭᠦᠭᠡᠭᠰᠡᠨ ᠨᠢ ᠠᠮᠠᠷ | ᠦᠭᠡᠢ ᠶᠠᠪᠤᠳᠠᠯ ᠶᠤᠮ᠃ ᠮᠠᠨ ᠤ ᠤᠯᠤᠰ ᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠪᠣᠳᠣᠯᠭ᠎ᠠ ᠠᠷᠭ᠎ᠠ ᠬᠡᠮᠵᠢᠶ᠎ᠡ ᠪᠣᠯ ᠪᠦᠷᠢᠮᠦᠰᠦᠨ | ᠵᠥᠪ᠂ ᠰᠡᠷᠭᠡᠶᠢᠯᠡᠨ ᠡᠵᠡᠮᠳᠡᠭᠰᠡᠨ ᠦᠷ᠎ᠡ | ᠪᠦᠲᠦᠮᠵᠢ ᠯᠤᠲᠤ ᠶᠡᠭᠡ ᠭᠡᠳᠡᠭ ᠢ ᠦᠢᠯᠡᠳᠦᠯᠭᠡ ᠭᠡᠷᠡᠴᠢᠯᠡᠪᠡ᠃ | ᠬᠥᠮᠥᠨ ᠲᠥᠷᠥᠯᠬᠢᠲᠡᠨ ᠬᠢᠭᠡᠳ ᠸᠢᠷᠦ᠋ᠰ ᠤᠨ ᠲᠡᠮᠡᠴᠡᠯ ᠪᠣᠯ ᠨᠢᠭᠡᠨ ᠤᠷᠳᠤ ᠬᠤᠭᠤᠴᠠᠭᠠᠨ ᠤ ᠲᠡᠦᠬᠡᠨ ᠶᠠᠪᠤᠴᠠ ᠮᠥᠨ | ᠃ ᠣᠳᠣᠬᠠᠨ ᠳᠤ ᠰᠢᠨ᠎ᠡ ᠲᠢᠲᠢᠮᠯᠢᠭ | ᠸᠢᠷᠦ᠋ᠰ ᠤᠨ ᠬᠢᠵᠢᠭ ᠤᠨ ᠪᠠᠶᠢᠳᠠᠯ ᠲᠠᠷᠬᠠᠨ ᠳᠡᠯᠭᠡᠷᠡᠬᠦ ᠠᠶᠤᠯ ᠲᠦᠭᠰᠢᠭᠦᠷᠢ ᠮᠥᠨ ᠬᠦ ᠣᠷᠣᠰᠢᠵᠤ ᠪᠠᠶᠢᠨ᠎ᠠ᠂ ᠪᠢᠳᠡ | ᠴᠠᠭ ᠲᠤᠬᠠᠢ ᠳᠤᠨᠢ ᠰᠤᠳᠤᠯᠤᠨ ᠮᠠᠭᠠᠳᠯᠠᠵᠤ᠂ | ᠤᠷᠢᠳᠴᠢᠯᠠᠨ ᠵᠢᠱᠢᠵᠦ ᠤᠷᠢᠳᠴᠢᠯᠠᠨ ᠰᠡᠷᠡᠮᠵᠢᠯᠡᠭᠦᠯᠭᠦ ᠠᠵᠢᠯ ᠢ ᠰᠠᠶᠢᠲᠤᠷ ᠬᠢᠬᠦ ᠶᠢᠨ ᠬᠠᠮᠲᠤ ᠠᠳᠠᠯᠢ ᠪᠤᠰᠤ ᠪᠠᠶᠢᠳᠠᠯ | ᠳᠣᠣᠷᠠᠬᠢ ᠬᠢᠵᠢᠭ ᠤᠨ ᠪᠠᠶᠢᠳᠠᠯ ᠢ | ᠠᠷᠭᠠᠴᠠᠭᠠᠬᠤ ᠪᠡᠯᠡᠳᠬᠡᠯ ᠲᠥᠰᠥᠯ ᠢ ᠲᠣᠭᠲᠠᠭᠠᠨ ᠲᠡᠭᠦᠯᠳᠡᠷᠵᠢᠭᠦᠯᠵᠦ᠂ ᠡᠮ ᠡᠮᠨᠡᠯᠭᠡ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ | ᠲᠠᠰᠤᠷᠠᠯᠳᠠ ᠦᠭᠡᠢ ᠴᠢᠩᠭᠠᠳᠬᠠᠵᠤ᠂ ᠸᠠᠺᠼᠢᠨ ᠪᠠ ᠡᠮ ᠤᠨ ᠵᠦᠢᠯᠡᠰ ᠢ ᠰᠤᠳᠤᠯᠤᠨ ᠨᠡᠭᠡᠭᠡᠬᠦ ᠶᠢ ᠲᠦᠷᠭᠡᠳᠬᠡᠵᠦ᠂ | ᠳᠡᠯᠡᠬᠡᠢ ᠨᠡᠶᠢᠭᠡᠮ ᠯᠦᠭᠡ ᠶᠢᠨ ᠬᠠᠮᠲᠤᠷᠠᠯᠴᠠᠭ᠎ᠠ | ᠪᠠ ᠵᠣᠬᠢᠴᠠᠭᠤᠯᠭ᠎ᠠ ᠪᠠᠨ ᠴᠢᠩᠭᠠᠳᠬᠠᠵᠤ᠂ ᠬᠥᠮᠥᠨ ᠲᠥᠷᠥᠯᠬᠢᠲᠡᠨ ᠤ ᠡᠷᠡᠭᠦᠯ ᠮᠡᠨᠳᠦ ᠪᠤᠶᠠᠨ ᠵᠢᠷᠭᠠᠯ ᠢ ᠬᠠᠮᠲᠤ ᠪᠠᠷ | ᠬᠠᠮᠠᠭᠠᠯᠠᠨ᠎ᠠ᠃ | ᠲᠠᠶᠢᠸᠠᠨ ᠤ ᠬᠤᠯᠪᠣᠭᠠᠲᠤ ᠰᠣᠨᠢᠨ ᠤ ᠬᠤᠷᠢᠶ᠎ᠠ ᠶᠢᠨ ᠰᠤᠷᠪᠤᠯᠵᠢᠯᠠᠬᠴᠢ᠄ ᠡᠬᠡ ᠬᠠᠭᠤᠷᠠᠢ ᠶᠢᠨ ᠲᠠᠯ᠎ᠠ ᠠᠴᠠ᠂ | ᠲᠠᠶᠢᠸᠠᠨ ᠤ ᠠᠬ᠎ᠠ ᠳᠡᠭᠦᠦ ᠨᠠᠷ ᠢ ᠢᠮᠠᠭᠲᠠ | ᠬᠠᠶᠢᠷᠠᠯᠠᠨ ᠬᠠᠯᠠᠮᠵᠢᠯᠠᠵᠤ᠂ ᠭᠦᠨᠳᠦᠳᠭᠡᠵᠦ᠂ ᠪᠤᠶᠠᠨ ᠦᠢᠯᠡᠳᠦᠨ᠎ᠡ ᠭᠡᠵᠦ ᠢᠯᠡᠷᠬᠡᠶᠢᠯᠡᠪᠡ᠃ ᠡᠬᠡ ᠬᠠᠭᠤᠷᠠᠢ ᠶᠢᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠷᠭ᠎ᠠ ᠬᠡᠮᠵᠢᠶ᠎ᠡ ᠶᠢ ᠲᠣᠬᠢᠷᠠᠭᠤᠯᠤᠨ ᠰᠢᠯᠢᠳᠡᠭᠵᠢᠭᠦᠯᠬᠦ ᠶᠢ ᠳᠠᠭᠠᠯᠳᠤᠨ᠂ ᠲᠠᠶᠢᠸᠠᠨ ᠬᠤᠭᠤᠯᠠᠢ ᠶᠢᠨ ᠬᠤᠶᠠᠷ | ᠭᠦᠪᠡᠭᠡ ᠶᠢᠨ ᠠᠷᠠᠳ ᠣᠯᠠᠨ ᠴᠥᠮ ᠲᠠᠶᠢᠸᠠᠨ | ᠬᠤᠭᠤᠯᠠᠢ ᠶᠢᠨ ᠬᠤᠶᠠᠷ ᠭᠦᠪᠡᠭᠡ ᠶᠢᠨ ᠬᠡᠪ ᠤᠨ ᠰᠣᠯᠢᠯᠴᠠᠭ᠎ᠠ ᠶᠠᠪᠤᠯᠴᠠᠭ᠎ᠠ ᠶᠢ ᠠᠯᠢ ᠲᠦᠷᠭᠡᠨ ᠢᠶᠠᠷ ᠪᠦᠭᠦ ᠲᠠᠯ᠎ᠠ ᠪᠠᠷ | ᠰᠡᠷᠭᠦᠭᠡᠬᠦ ᠶᠢ ᠬᠦᠰᠡᠵᠦ ᠪᠠᠶᠢᠨ᠎ᠠ᠃ ᠲᠡᠭᠡᠪᠡᠯ᠂ | ᠡᠬᠡ ᠬᠠᠭᠤᠷᠠᠢ ᠶᠢᠨ ᠲᠠᠯ᠎ᠠ ᠶᠢᠨ ᠬᠢᠨ ᠲᠠᠶᠢᠸᠠᠨ ᠬᠤᠭᠤᠯᠠᠢ ᠶᠢᠨ ᠬᠤᠶᠠᠷ ᠭᠦᠪᠡᠭᠡ ᠶᠢᠨ ᠠᠵᠤ ᠠᠬᠤᠢ ᠰᠣᠶᠣᠯ ᠤᠨ | ᠬᠠᠮᠲᠤᠷᠠᠯᠴᠠᠭ᠎ᠠ ᠰᠣᠯᠢᠯᠴᠠᠭ᠎ᠠ ᠵᠢᠴᠢ ᠬᠥᠮᠥᠰ | ᠤᠨ ᠶᠠᠪᠤᠯᠴᠠᠭ᠎ᠠ ᠶᠢ ᠠᠬᠢᠭᠤᠯᠬᠤ ᠲᠠᠯ᠎ᠠ ᠪᠠᠷ ᠶᠠᠮᠠᠷ ᠲᠥᠯᠦᠪᠵᠢᠭᠦᠯᠭᠡ ᠲᠠᠢ ᠪᠤᠢ︖ | ᠯᠢ ᠴᠢᠶᠠᠩ᠄ ᠲᠠᠶᠢᠸᠠᠨ ᠬᠤᠭᠤᠯᠠᠢ ᠶᠢᠨ ᠬᠤᠶᠠᠷ ᠭᠦᠪᠡᠭᠡ ᠶᠢᠨ ᠠᠬ᠎ᠠ ᠳᠡᠭᠦᠦ ᠨᠠᠷ ᠪᠣᠯ ᠨᠢᠭᠡ ᠭᠡᠷ ᠤᠨ ᠬᠥᠮᠥᠨ ᠮᠥᠨ | ᠂ ᠴᠢᠰᠤ ᠮᠢᠬᠠᠨ ᠤ ᠪᠠᠷᠢᠯᠳᠤᠯᠭ᠎ᠠ | ᠲᠠᠢ᠂ ᠶᠠᠰᠤ ᠰᠢᠷᠪᠦᠰᠦ ᠶᠢᠨ ᠬᠤᠯᠪᠤᠭ᠎ᠠ ᠲᠠᠢ ᠶᠤᠮ᠃ ᠪᠢᠳᠡ ᠨᠢᠭᠡ ᠳᠤᠮᠳᠠᠳᠤ ᠤᠯᠤᠰ ᠪᠠᠶᠢᠬᠤ ᠵᠠᠷᠴᠢᠮ ᠪᠣᠯᠣᠨ ︽ | ᠶᠡᠷᠡᠨ ᠬᠤᠶᠠᠷ ᠣᠨ ᠤ ᠬᠠᠮᠲᠤ ᠶᠢᠨ ᠲᠠᠨᠢᠯᠲᠠ︾ | ᠶᠢᠨ ᠰᠠᠭᠤᠷᠢᠨ ᠳᠡᠭᠡᠷ᠎ᠡ᠂ ᠲᠠᠶᠢᠸᠠᠨ ᠬᠤᠭᠤᠯᠠᠢ ᠶᠢᠨ ᠬᠤᠶᠠᠷ ᠭᠦᠪᠡᠭᠡ ᠶᠢᠨ ᠠᠵᠤ ᠠᠬᠤᠢ ᠰᠣᠶᠣᠯ ᠤᠨ ᠰᠣᠯᠢᠯᠴᠠᠭ᠎ᠠ | ᠬᠠᠮᠲᠤᠷᠠᠯᠴᠠᠭ᠎ᠠ ᠶᠢ ᠦᠷᠭᠦᠯᠵᠢᠯᠡᠨ | ᠠᠬᠢᠭᠤᠯᠵᠤ᠂ ᠨᠡᠩ ᠣᠯᠠᠨ ᠲᠠᠶᠢᠸᠠᠨ ᠤ ᠠᠬ᠎ᠠ ᠳᠡᠭᠦᠦ ᠨᠠᠷ ᠪᠣᠯᠣᠨ ᠲᠠᠶᠢᠸᠠᠨ ᠤ ᠠᠵᠤ ᠠᠬᠤᠶᠢᠯᠠᠯ ᠢ ᠡᠬᠡ | ᠬᠠᠭᠤᠷᠠᠢ ᠳᠤ ᠢᠷᠡᠭᠦᠯᠵᠦ᠂ ᠳᠤᠷᠠᠲᠠᠶ᠎ᠠ ᠢᠷᠡᠭᠦᠯᠭᠦ ᠪᠠᠷ | ᠪᠠᠷᠠᠬᠤ ᠦᠭᠡᠢ ᠠᠭᠤᠰᠤᠯᠴᠠᠭᠤᠯᠵᠤ᠂ ᠰᠠᠶᠢᠨ ᠬᠥᠭᠵᠢᠯᠲᠡ ᠲᠠᠢ ᠪᠣᠯᠭᠠᠨ᠎ᠠ᠃ | ᠣᠳᠣᠬᠠᠨ ᠳᠤ᠂ ᠲᠠᠶᠢᠸᠠᠨ ᠬᠤᠭᠤᠯᠠᠢ ᠶᠢᠨ ᠬᠤᠶᠠᠷ ᠭᠦᠪᠡᠭᠡ ᠶᠢᠨ ᠠᠬ᠎ᠠ ᠳᠡᠭᠦᠦ ᠨᠠᠷ ᠤᠨ ᠬᠡᠪ ᠤᠨ ᠶᠠᠪᠤᠯᠴᠠᠭ᠎ᠠ ᠶᠢ | ᠡᠷᠲᠡᠬᠡᠨ ᠪᠡᠶᠡᠯᠡᠭᠦᠯᠵᠦ᠂ ᠡᠯ᠎ᠡ | ᠬᠦᠷᠢᠶᠡᠨ ᠳᠠᠬᠢ ᠬᠡᠪ ᠤᠨ ᠬᠠᠮᠲᠤᠷᠠᠯᠴᠠᠭ᠎ᠠ ᠶᠢ ᠰᠡᠷᠭᠦᠭᠡᠬᠦ ᠪᠣᠯ ᠣᠯᠠᠨ ᠤ ᠬᠠᠮᠲᠤ ᠶᠢᠨ ᠬᠦᠰᠡᠯ ᠡᠷᠡᠮᠡᠯᠵᠡᠯ ᠮᠥᠨ᠂ | ᠬᠠᠮᠲᠤ ᠪᠠᠷ ᠴᠢᠷᠮᠠᠶᠢᠬᠤ ᠴᠢᠬᠤᠯᠠᠲᠠᠢ ᠶᠤᠮ᠃ | ᠠᠷᠠᠳ ᠤᠨ ᠡᠳᠦᠷ ᠤᠨ ᠰᠣᠨᠢᠨ ᠤ ᠬᠤᠷᠢᠶ᠎ᠠ ᠶᠢᠨ ᠰᠤᠷᠪᠤᠯᠵᠢᠯᠠᠬᠴᠢ᠄ ᠨᠡᠶᠢᠭᠡᠮ ᠵᠢᠷᠤᠮᠲᠤ ᠣᠳᠣᠬᠢᠴᠢᠯᠠᠭᠰᠠᠨ | ᠤᠯᠤᠰ ᠢ ᠪᠦᠭᠦ ᠲᠠᠯ᠎ᠠ ᠪᠠᠷ ᠪᠦᠲᠦᠭᠡᠨ | ᠪᠠᠶᠢᠭᠤᠯᠬᠤ ᠶᠢᠨ ᠬᠠᠮᠤᠭ ᠤᠨ ᠬᠠᠲᠠᠭᠤ ᠪᠡᠷᠬᠡ ᠪᠥᠭᠡᠳ ᠬᠠᠮᠤᠭ ᠤᠨ ᠨᠦᠰᠡᠷ ᠬᠦᠨᠳᠦ ᠡᠭᠦᠷᠭᠡ ᠮᠥᠨ ᠯᠡ ᠬᠥᠳᠡᠭᠡ | ᠲᠣᠰᠬᠤᠨ ᠳᠤ ᠪᠠᠶᠢᠨ᠎ᠠ᠃ ᠠᠰᠠᠭᠤᠬᠤ ᠨᠢ᠂ | ᠲᠤᠰ ᠬᠤᠭᠤᠴᠠᠭᠠᠨ ᠤ ᠵᠠᠰᠠᠭ ᠤᠨ ᠣᠷᠳᠣᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ | ᠲᠠᠯ᠎ᠠ ᠪᠠᠷ ᠶᠠᠮᠠᠷ ᠪᠣᠳᠣᠯᠬᠢᠯᠠᠯ ᠲᠠᠢ ᠪᠤᠢ︖ | ᠳᠤᠮᠳᠠᠳᠤ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠳᠤ ᠶᠠᠮᠠᠷ ᠠᠷᠭ᠎ᠠ ᠬᠡᠮᠵᠢᠶ᠎ᠡ ᠠᠪᠬᠤ ᠪᠤᠢ︖ | | ᠯᠢ ᠴᠢᠶᠠᠩ᠄ ᠳᠤᠮᠳᠠᠳᠤ ᠤᠯᠤᠰ ᠪᠣᠯ ᠲᠠᠷᠢᠶᠠᠯᠠᠩ ᠤᠨ ᠶᠡᠭᠡ ᠤᠯᠤᠰ ᠮᠥᠨ᠂ ᠣᠳᠣᠬᠠᠨ ᠳᠤ ᠪᠠᠰᠠ 5 ᠳ᠋ᠦᠩᠰᠢᠭᠤᠷ | ᠰᠢᠬᠠᠮ ᠬᠥᠮᠥᠨ ᠬᠥᠳᠡᠭᠡ ᠲᠣᠰᠬᠤᠨ | ᠳᠤ ᠪᠠᠶᠢᠩᠭᠤ ᠰᠠᠭᠤᠷᠢᠰᠢᠵᠤ ᠪᠤᠢ᠃ ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠪᠠᠶᠢᠬᠤ | ᠦᠭᠡᠢ ᠪᠣᠯ ᠨᠡᠶᠢᠭᠡᠮ ᠵᠢᠷᠤᠮᠲᠤ ᠣᠳᠣᠬᠢᠴᠢᠯᠠᠯᠲᠠ | ᠪᠦᠭᠦ ᠲᠠᠯ᠎ᠠ ᠶᠢᠨ ᠪᠢᠰᠢ ᠶᠤᠮ᠃ ᠨᠢᠳᠤᠨᠤᠨ ᠤ ᠵᠢᠯ ᠤᠨ ᠰᠡᠭᠦᠯᠴᠢ ᠪᠠᠷ ᠬᠤᠷᠠᠯᠳᠤᠭᠰᠠᠨ ᠲᠥᠪ ᠤᠨ ᠬᠥᠳᠡᠭᠡ | ᠲᠣᠰᠬᠤᠨ ᠤ ᠠᠵᠢᠯ ᠤᠨ ᠬᠤᠷᠠᠯ ᠳᠡᠭᠡᠷ᠎ᠡ᠂ | ᠶᠡᠷᠦᠩᠬᠡᠢ ᠱᠦᠵᠢ ᠰᠢ ᠶᠢᠨ ᠫᠢᠩ ᠬᠥᠳᠡᠭᠡ ᠠᠵᠤ ᠠᠬᠤᠢ ᠶᠢᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ᠂ ︽ | ᠬᠥᠳᠡᠭᠡ ᠠᠵᠤ ᠠᠬᠤᠢ ᠬᠥᠳᠡᠭᠡ ᠲᠣᠰᠬᠤᠨ | ᠲᠠᠷᠢᠶᠠᠴᠢᠨ︾ ᠤ ᠠᠵᠢᠯ ᠢ ᠰᠠᠶᠢᠲᠤᠷ ᠬᠢᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ | ᠲᠤᠬᠠᠢ ᠪᠦᠭᠦ ᠲᠠᠯ᠎ᠠ ᠶᠢᠨ ᠪᠠᠶᠢᠷᠢᠯᠠᠭᠤᠯᠤᠯᠲᠠ | ᠬᠢᠵᠡᠢ᠃ ᠣᠳᠣᠬᠠᠨ ᠳᠤ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠱᠠᠭᠠᠷᠳᠠᠯᠭ᠎ᠠ ᠶᠣᠰᠣᠭᠠᠷ ᠡᠯ᠎ᠡ ᠵᠦᠢᠯ ᠤᠨ | ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ | ᠰᠠᠶᠢᠲᠤᠷ ᠠᠳᠬᠤᠬᠤ ᠬᠡᠷᠡᠭᠲᠡᠢ ᠪᠠᠶᠢᠨ᠎ᠠ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠯ᠎ᠠ ᠪᠠᠷ ᠠᠪᠴᠤ ᠬᠡᠯᠡᠪᠡᠯ᠂ ᠮᠢᠨᠤ ᠦᠵᠡᠬᠦ ᠪᠠᠷ ᠳᠠᠷᠠᠭᠠᠴᠢ ᠶᠢᠨ | ᠪᠣᠳᠠᠲᠠᠢ ᠠᠵᠢᠯ ᠤᠨ ᠳᠤᠮᠳᠠ ᠪᠠᠨ | ᠭᠤᠷᠪᠠᠨ ᠵᠠᠩᠭᠢᠯᠠᠭ᠎ᠠ ᠶᠢᠨ ᠦᠭᠡᠰ ᠢ ᠳᠣᠪᠤᠶᠢᠯᠭᠠᠨ᠎ᠠ᠄ ᠨᠢᠭᠡ ᠳᠤ ᠪᠦᠭᠦ ᠲᠠᠯ᠎ᠠ ᠪᠠᠷ᠃ ᠵᠥᠪᠭᠡᠨ ᠠᠵᠤ ᠠᠬᠤᠢ ᠶᠢ | ᠬᠥᠭᠵᠢᠭᠦᠯᠬᠦ ᠲᠡᠳᠦᠢ ᠪᠢᠰᠢ᠂ ᠬᠠᠷᠢᠨ ᠬᠥᠳᠡᠭᠡ | ᠲᠣᠰᠬᠤᠨ ᠤ ᠠᠵᠤ ᠠᠬᠤᠢ ᠶᠢᠨ ᠥᠷᠲᠡᠭ᠂ ᠠᠮᠢ ᠠᠬᠤᠢ ᠶᠢᠨ ᠥᠷᠲᠡᠭ᠂ ᠨᠡᠶᠢᠭᠡᠮ ᠤᠨ ᠥᠷᠲᠡᠭ᠂ ᠰᠣᠶᠣᠯ ᠤᠨ | ᠥᠷᠲᠡᠭ ᠢ ᠪᠦᠭᠦ ᠲᠠᠯ᠎ᠠ ᠪᠠᠷ ᠢᠯᠡᠷᠡᠭᠦᠯᠦᠨ᠎ᠡ᠃ | ᠬᠤᠶᠠᠷ ᠲᠤ ᠥᠪᠡᠷᠮᠢᠴᠡ ᠣᠨᠴᠠᠯᠢᠭ᠃ ᠳᠤᠮᠳᠠᠳᠤ ᠤᠯᠤᠰ ᠤᠨ ᠨᠤᠲᠤᠭ ᠳᠡᠪᠢᠰᠬᠡᠷ ᠥᠷᠭᠡᠨ ᠠᠭᠤᠳᠠᠮ᠂ ︽ᠠᠷᠪᠠᠨ | ᠭᠠᠵᠠᠷ ᠲᠤ ᠠᠳᠠᠯᠢ ᠪᠤᠰᠤ ᠶᠢᠨ ᠰᠠᠯᠬᠢᠨ ᠲᠠᠢ᠂ | ᠵᠠᠭᠤᠨ ᠭᠠᠵᠠᠷ ᠲᠤ ᠠᠳᠠᠯᠢ ᠪᠤᠰᠤ ᠶᠢᠨ ᠵᠠᠩᠰᠢᠯ ᠲᠠᠢ︾᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠵᠤ᠂ | ᠥᠪᠡᠷ ᠤᠨ ᠣᠨᠴᠠᠯᠢᠭ ᠲᠠᠢ ᠬᠥᠳᠡᠭᠡ ᠲᠣᠰᠬᠤᠨ | ᠤ ᠳᠦᠷᠰᠦ ᠪᠠᠶᠢᠳᠠᠯ ᠢ ᠴᠣᠭᠴᠠᠯᠠᠵᠤ᠂ ᠭᠠᠵᠠᠷ ᠣᠷᠣᠨ ᠤ ᠰᠣᠶᠣᠯ᠂ ᠨᠤᠲᠤᠭ ᠤᠨ ᠰᠣᠶᠣᠯ ᠢ ᠰᠠᠶᠢᠲᠤᠷ ᠬᠠᠮᠠᠭᠠᠯᠠᠨ | ᠤᠯᠠᠮᠵᠢᠯᠠᠬᠤ ᠬᠡᠷᠡᠭᠲᠡᠢ᠂ ᠲᠣᠰᠬᠤᠨ ᠪᠣᠯᠭᠠᠨ ᠢ | ᠨᠢᠭᠡ ᠯᠡ ᠬᠡᠪ ᠤᠨ ᠪᠠᠶᠢᠯᠭᠠᠵᠤ ᠪᠤᠯᠬᠤ ᠦᠭᠡᠢ᠃ ᠭᠤᠷᠪᠠ ᠳᠤ ᠥᠭᠡᠷᠡᠴᠢᠯᠡᠯᠲᠡ ᠬᠢᠬᠦ᠃ ᠬᠥᠳᠡᠭᠡ ᠲᠣᠰᠬᠤᠨ ᠤ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ | ᠳᠠᠮᠵᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ᠂ ᠥᠷᠭᠡᠨ ᠣᠯᠠᠨ ᠲᠠᠷᠢᠶᠠᠴᠢᠨ | ᠪᠣᠯ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠭᠤᠣᠯ ᠴᠣᠭᠴᠠ ᠮᠥᠨ᠂ ᠡᠷᠬᠡᠪᠰᠢ ᠲᠡᠳᠡᠨ ᠤ ᠢᠳᠡᠪᠬᠢᠵᠢᠯ ᠢ ᠭᠦᠢᠴᠡᠳ ᠳᠠᠶᠢᠴᠢᠯᠠᠵᠤ᠂ ᠲᠡᠳᠡᠨ ᠢ | ᠥᠭᠡᠷᠡᠴᠢᠯᠡᠯᠲᠡ ᠳᠤ ᠢᠳᠡᠪᠬᠢᠲᠡᠢ | ᠣᠷᠣᠯᠴᠠᠭᠤᠯᠬᠤ ᠶᠢᠨ ᠬᠠᠮᠲᠤ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠨᠡᠩ ᠰᠠᠶᠢᠲᠤᠷ ᠡᠳ᠋ᠯᠡᠭᠦᠯᠭᠦ | ᠬᠡᠷᠡᠭᠲᠡᠢ᠃ | ᠰᠠᠶ᠋ᠢ ᠲᠠ ᠪᠠᠰᠠ ᠠᠮᠤ ᠪᠤᠳᠠᠭᠠᠨ ᠤ ᠠᠮᠤᠷ ᠲᠦᠪᠰᠢᠨ ᠤ ᠠᠰᠠᠭᠤᠳᠠᠯ ᠢ ᠳᠤᠷᠠᠳᠤᠭᠰᠠᠨ ᠪᠠᠶᠢᠨ᠎ᠠ᠃ ᠮᠠᠨ ᠤ | ᠤᠯᠤᠰ ᠤᠨ ᠠᠮᠤ ᠪᠤᠳᠠᠭᠠᠨ ᠤ ᠤᠨᠠᠯᠲᠠ 8 | ᠵᠢᠯ ᠳᠠᠷᠠᠭᠠᠯᠠᠨ 1.3 ᠲᠦᠮᠡᠨ ᠳ᠋ᠦᠩᠰᠢᠭᠤᠷ ᠵᠢᠩ ᠢ ᠳᠠᠪᠠᠵᠤ᠂ ᠶᠡᠷᠦᠩᠬᠡᠢ ᠳᠡᠭᠡᠨ ᠠᠮᠤ ᠪᠤᠳᠠᠭᠠᠨ ᠤ ᠠᠮᠤᠷ | ᠲᠦᠪᠰᠢᠨ ᠪᠠᠲᠤᠯᠠᠭ᠎ᠠ ᠲᠠᠢ ᠶᠤᠮ᠂ ᠪᠢᠳᠡ ᠲᠠᠷᠢᠶᠠᠨ | ᠭᠠᠵᠠᠷ ᠪᠠ ᠦᠷ᠎ᠡ ᠡᠭᠦᠯᠳᠡᠷ ᠤᠨ ︽ᠬᠤᠶᠠᠷ ᠵᠠᠩᠭᠢᠯᠠᠭ᠎ᠠ︾ ᠶᠢ ᠴᠢᠩᠭ᠎ᠠ ᠠᠳᠬᠤᠵᠤ᠂ ᠠᠮᠤ ᠪᠤᠳᠠᠭᠠᠨ ᠤ | ᠦᠢᠯᠡᠳᠪᠦᠷᠢᠯᠡᠯ ᠤᠨ ᠴᠢᠳᠠᠪᠤᠷᠢ ᠶᠢ ᠲᠠᠰᠤᠷᠠᠯᠲᠠ ᠦᠭᠡᠢ | ᠳᠡᠭᠡᠭᠰᠢᠯᠡᠭᠦᠯᠦᠨ᠎ᠡ᠃ ᠠᠳᠡ ᠲᠠᠷᠢᠶᠠᠴᠢᠨ ᠨᠥᠬᠦᠳ ᠲᠤ ᠣᠨᠴᠠᠭᠠᠶᠢᠯᠠᠨ ᠭᠡᠯᠡᠭᠦ ᠨᠢ᠄ ᠠᠮᠤ ᠪᠤᠳᠠᠭᠠᠨ ᠤ | ᠦᠢᠯᠡᠳᠪᠦᠷᠢᠯᠡᠯ ᠢ ᠳᠡᠮᠵᠢᠭᠦ ᠵᠠᠰᠠᠭ ᠤᠨ ᠣᠷᠳᠣᠨ ᠤ ᠪᠤᠢ | ᠪᠦᠬᠦᠢ ᠲᠥᠷᠥ ᠶᠢᠨ ᠪᠣᠳᠣᠯᠭ᠎ᠠ ᠶᠢ ᠨᠡᠮᠡᠭᠳᠡᠭᠦᠯᠬᠦ ᠠᠴᠠ ᠪᠢᠰᠢ ᠬᠠᠰᠤᠭᠳᠠᠭᠤᠯᠬᠤ ᠦᠭᠡᠢ᠂ ᠣᠯᠠᠨ ᠢ ᠵᠣᠷᠢᠭᠵᠢᠭᠤᠯᠤᠨ | ᠠᠮᠤ ᠪᠤᠳᠠᠭ᠎ᠠ ᠶᠢ ᠣᠯᠠᠨ ᠲᠠᠷᠢᠭᠤᠯᠵᠤ᠂ | ᠳᠤᠮᠳᠠᠳᠤ ᠤᠯᠤᠰ ᠤᠨ 14 ᠳ᠋ᠦᠩᠰᠢᠭᠤᠷ ᠭᠠᠷᠤᠢ ᠬᠥᠮᠥᠨ ᠤ ᠪᠤᠳᠠᠭᠠᠨ ᠠᠶᠠᠭ᠎ᠠ ᠶᠢ ᠥᠪᠡᠷ ᠤᠨ ᠭᠠᠷ ᠲᠠᠭᠠᠨ ᠪᠠᠲᠤ | ᠠᠳᠬᠤᠬᠤ ᠶᠢ ᠦᠨᠡᠨ ᠬᠦ ᠪᠠᠲᠤᠯᠠᠨ᠎ᠠ᠃ | ᠳᠤᠮᠳᠠᠳᠤ ᠤᠯᠤᠰ ᠲᠤ ᠰᠠᠭᠤᠭ᠎ᠠ ᠠᠷᠠᠪ ᠤᠨ ᠣᠳᠣᠨ ᠲᠧᠯᠸᠢᠰ ᠤᠨ ᠬᠤᠷᠢᠶ᠎ᠠ ᠶᠢᠨ ᠰᠤᠷᠪᠤᠯᠵᠢᠯᠠᠬᠴᠢ᠄ | ᠣᠳᠣᠬᠠᠨ ᠳᠤ ᠭᠠᠵᠠᠷ ᠣᠷᠣᠨ ᠤ ᠤᠯᠤᠰ ᠲᠥᠷᠥ | ᠶᠢᠨ ᠮᠥᠷᠭᠦᠯᠳᠦᠭᠡᠨ ᠪᠠ ᠳᠡᠯᠡᠬᠡᠶᠢᠵᠢᠯᠲᠡ ᠶᠢ ᠦᠭᠡᠶᠢᠰᠭᠡᠭᠦ ᠶᠠᠪᠤᠳᠠᠯ ᠬᠤᠷᠴᠠᠳᠴᠤ᠂ ᠳᠤᠮᠳᠠᠳᠤ ᠠᠮᠧᠷᠢᠺᠠ ᠶᠢᠨ | ᠬᠠᠷᠢᠴᠠᠭ᠎ᠠ ᠪᠠᠴᠢᠮ ᠰᠢᠷᠦᠭᠦᠨ ᠮᠥᠷᠲᠡᠭᠡᠨ | ᠡᠰᠡᠷᠭᠦᠴᠡᠯᠳᠦᠵᠦ ᠪᠠᠶᠢᠨ᠎ᠠ᠂ ᠬᠡᠳᠦ᠋ᠢᠪᠡᠷ ᠳᠤᠮᠳᠠᠳᠤ ᠤᠯᠤᠰ ᠥᠭᠡᠷᠡᠴᠢᠯᠡᠯᠲᠡ ᠨᠡᠭᠡᠭᠡᠯᠲᠡ ᠶᠢ ᠡᠷᠡᠰ ᠭᠤᠶᠢᠪᠢᠰᠢ | ᠦᠭᠡᠢ ᠪᠠᠷ ᠠᠬᠢᠭᠤᠯᠬᠤ ᠶᠢ ᠴᠢᠬᠤᠯᠠᠴᠢᠯᠠᠭᠰᠠᠭᠠᠷ | ᠢᠷᠡᠭᠰᠡᠨ ᠪᠤᠯᠪᠠᠴᠤ ᠭᠠᠳᠠᠭᠠᠳᠤ ᠪᠡᠯᠡ ᠶᠢᠨ ᠠᠵᠤ ᠠᠬᠤᠶᠢᠯᠠᠯ ᠭᠠᠳᠠᠭᠠᠳᠤ ᠶᠢᠨ ᠠᠵᠤ ᠠᠬᠤᠶᠢᠯᠠᠯ ᠮᠥᠨ ᠯᠡ ᠰᠠᠨᠠᠭ᠎ᠠ | ᠠᠮᠤᠷ ᠡᠵᠡᠩᠨᠡᠯᠲᠡ ᠬᠢᠵᠦ ᠳᠡᠶᠢᠯᠭᠦ ᠦᠭᠡᠢ | ᠪᠠᠶᠢᠵᠤ᠂ ᠵᠠᠷᠢᠮ ᠨᠢ ᠤᠬᠤᠷᠢᠨ ᠭᠠᠷᠬᠤ ᠶᠢ ᠪᠣᠳᠣᠯᠬᠢᠯᠠᠵᠤ ᠪᠠᠶᠢᠨ᠎ᠠ᠃ ᠲᠡᠭᠡᠪᠡᠯ᠂ ᠳᠤᠮᠳᠠᠳᠤ ᠤᠯᠤᠰ ᠤᠨ ᠭᠠᠳᠠᠭᠠᠳᠤ | ᠨᠡᠭᠡᠭᠡᠯᠲᠡ ᠶᠢᠨ ᠲᠥᠷᠥ ᠶᠢᠨ ᠪᠣᠳᠣᠯᠭ᠎ᠠ ᠳᠤ | ᠬᠤᠪᠢᠷᠠᠯᠲᠠ ᠭᠠᠷᠤᠨ᠎ᠠ ᠤᠤ︖ ᠣᠳᠣᠬᠠᠨ ᠤ ᠳᠤᠮᠳᠠᠳᠤ ᠠᠮᠧᠷᠢᠺᠠ ᠶᠢᠨ ᠬᠠᠷᠢᠴᠠᠭ᠎ᠠ ᠵᠢᠴᠢ ᠲᠡᠭᠦᠨ ᠤ | ᠰᠠᠶᠢᠵᠢᠷᠠᠯᠲᠠ ᠶᠢᠨ ᠢᠷᠡᠭᠡᠳᠦᠢ ᠶᠢᠨ ᠬᠠᠨᠳᠤᠰᠢ ᠶᠢ ᠬᠡᠷᠬᠢᠨ | ᠦᠵᠡᠵᠦ ᠪᠠᠶᠢᠬᠤ ᠪᠤᠢ︖ | ᠯᠢ ᠴᠢᠶᠠᠩ᠄ ᠡᠨᠡ ᠵᠢᠯ ᠪᠣᠯ ᠳᠤᠮᠳᠠᠳᠤ ᠤᠯᠤᠰ ᠤᠨ ᠥᠭᠡᠷᠡᠴᠢᠯᠡᠯᠲᠡ ᠨᠡᠭᠡᠭᠡᠯᠲᠡ ᠬᠢᠭᠰᠡᠨ 45 ᠵᠢᠯ ᠤᠨ ᠣᠢ | ᠪᠣᠯᠣᠨ᠎ᠠ᠂ ᠥᠭᠡᠷᠡᠴᠢᠯᠡᠯᠲᠡ ᠨᠡᠭᠡᠭᠡᠯᠲᠡ ᠨᠢ | ᠳᠤᠮᠳᠠᠳᠤ ᠤᠯᠤᠰ ᠢ ᠬᠥᠭᠵᠢᠭᠦᠯᠦᠭᠰᠡᠨ ᠪᠥᠭᠡᠳ ᠳᠡᠯᠡᠬᠡᠢ ᠳ᠋ᠠᠬᠢᠨ ᠢ ᠨᠥᠯᠥᠭᠡᠯᠡᠪᠡ᠃ ᠮᠢᠨᠤ ᠡᠵᠡᠮᠰᠢᠭᠰᠡᠨ | ᠪᠠᠶᠢᠳᠠᠯ ᠠᠴᠠ ᠦᠵᠡᠪᠡᠯ᠂ ᠵᠣᠩᠬᠢᠯᠠᠬᠤ ᠣᠯᠠᠨ ᠲᠣᠭᠠᠨ ᠤ | ᠭᠠᠳᠠᠭᠠᠳᠤ ᠪᠡᠯᠡ ᠶᠢᠨ ᠠᠵᠤ ᠠᠬᠤᠶᠢᠯᠠᠯ ᠮᠥᠨ ᠯᠡ ᠳᠤᠮᠳᠠᠳᠤ ᠤᠯᠤᠰ ᠲᠠᠬᠢ ᠬᠥᠭᠵᠢᠯᠲᠡ ᠶᠢᠨ ᠢᠷᠡᠭᠡᠳᠦᠢ ᠳᠤ | ᠢᠲᠡᠭᠡᠯ ᠲᠠᠢ ᠪᠠᠶᠢᠵᠤ᠂ ᠨᠢᠳᠤᠨᠤᠨ ᠳᠤᠮᠳᠠᠳᠤ | ᠤᠯᠤᠰ 1890 ᠭᠠᠷᠤᠢ ᠳ᠋ᠦᠩᠰᠢᠭᠤᠷ ᠳ᠋ᠣᠯᠯᠠᠷ ᠤᠨ ᠭᠠᠳᠠᠭᠠᠳᠤ ᠪᠡᠯᠡ ᠶᠢ ᠬᠡᠷᠡᠭᠯᠡᠵᠦ᠂ ᠲᠡᠦᠬᠡ ᠶᠢᠨ ᠰᠢᠨ᠎ᠡ | ᠲᠡᠮᠳᠡᠭᠯᠡᠯ ᠢ ᠡᠭᠦᠳᠴᠦ᠂ ᠭᠤᠷᠪᠠᠨ ᠵᠢᠯ ᠤᠨ | ᠡᠮᠦᠨᠡᠬᠢ ᠠᠴᠠ ᠪᠠᠷᠤᠭ 500 ᠳ᠋ᠦᠩᠰᠢᠭᠤᠷ ᠳ᠋ᠣᠯᠯᠠᠷ ᠨᠡᠮᠡᠭᠳᠡᠵᠡᠢ᠃ ᠡᠨᠡ ᠨᠢ ᠳᠤᠮᠳᠠᠳᠤ ᠤᠯᠤᠰ ᠮᠥᠨ ᠬᠦ ᠪᠦᠭᠦ | ᠪᠥᠮᠪᠥᠷᠴᠡᠭ ᠤᠨ ᠪᠡᠯᠡ ᠣᠷᠣᠭᠤᠯᠤᠯᠲᠠ ᠶᠢᠨ | ᠬᠠᠯᠠᠮᠰᠢᠯ ᠭᠠᠵᠠᠷ ᠪᠤᠯᠬᠤ ᠶᠢ ᠬᠠᠷᠠᠭᠤᠯᠵᠤ ᠪᠠᠶᠢᠨ᠎ᠠ᠃ | ᠭᠠᠳᠠᠭᠠᠳᠤ ᠨᠡᠭᠡᠭᠡᠯᠲᠡ ᠪᠣᠯ ᠮᠠᠨ ᠤ ᠦᠨᠳᠦᠰᠦᠨ ᠤᠯᠤᠰ ᠤᠨ ᠪᠣᠳᠣᠯᠭ᠎ᠠ ᠮᠥᠨ᠂ ᠭᠠᠳᠠᠭᠠᠳᠤ ᠪᠠᠶᠢᠳᠠᠯ ᠶᠠᠭᠠᠬᠢᠵᠤ | ᠬᠤᠪᠢᠷᠠᠭᠰᠠᠨ ᠴᠦ ᠪᠢᠳᠡ ᠴᠥᠮ ᠡᠷᠡᠰ | ᠭᠤᠶᠢᠪᠢᠰᠢ ᠦᠭᠡᠢ ᠪᠠᠷ ᠤᠷᠤᠭᠰᠢ ᠠᠬᠢᠭᠤᠯᠬᠤ ᠪᠣᠯᠣᠨ᠎ᠠ᠃ ᠪᠢ ᠠᠳᠡ ᠳᠤᠮᠳᠠᠳᠤ ᠤᠯᠤᠰ ᠤᠨ ᠣᠯᠠᠨ ᠤᠯᠤᠰ ᠤᠨ | ᠭᠠᠳᠠᠭᠠᠳᠤ ᠣᠷᠣᠭᠤᠯᠤᠯᠲᠠ ᠶᠢᠨ | ᠦᠵᠡᠰᠭᠦᠯᠡᠩ ᠤᠨ ᠴᠤᠭᠯᠠᠭᠠᠨ ᠢ ᠣᠨᠴᠠᠭᠠᠶᠢᠯᠠᠨ ᠳᠤᠷᠠᠳᠤᠶ᠎ᠠ᠂ ᠡᠨᠡ ᠪᠣᠯ ᠳᠤᠮᠳᠠᠳᠤ ᠤᠯᠤᠰ | ᠰᠠᠨᠠᠭᠠᠴᠢᠯᠠᠭ᠎ᠠ ᠠᠴᠠ ᠪᠠᠨ ᠳᠡᠯᠡᠬᠡᠢ ᠳ᠋ᠠᠬᠢᠨ ᠲᠡᠶᠢᠰᠢ ᠵᠠᠬ᠎ᠠ ᠳᠡᠯᠭᠡᠭᠦᠷ | ᠢᠶᠠᠨ ᠨᠡᠭᠡᠭᠡᠵᠦ᠂ ᠬᠥᠭᠵᠢᠯᠲᠡ ᠶᠢᠨ ᠠᠵᠠ ᠲᠣᠭᠢᠶᠠᠯ ᠢ ᠬᠠᠮᠲᠤ ᠪᠠᠷ ᠡᠳ᠋ᠯᠡᠭᠦ ᠴᠢᠬᠤᠯᠠ ᠶᠡᠭᠡ ᠠᠷᠭ᠎ᠠ ᠬᠡᠮᠵᠢᠶ᠎ᠡ | ᠪᠣᠯᠣᠨ᠎ᠠ᠂ ᠨᠢᠭᠡᠨᠲᠡ 5 ᠬᠤᠭᠤᠴᠠᠭ᠎ᠠ ᠦᠷᠭᠦᠯᠵᠢᠯᠡᠨ | ᠡᠷᠭᠢᠯᠡᠵᠦ᠂ ᠬᠢᠵᠢᠭ ᠤᠨ ᠪᠠᠶᠢᠳᠠᠯ ᠳᠤ ᠴᠦ ᠭᠡᠰᠡᠨ ᠲᠠᠰᠤᠯᠳᠠᠭᠰᠠᠨ ᠦᠭᠡᠢ ᠶᠤᠮ᠂ ᠨᠢᠳᠤᠨᠤᠨ 127 ᠤᠯᠤᠰ ᠪᠠ | ᠭᠠᠵᠠᠷ ᠣᠷᠣᠨ ᠤ 2800 ᠭᠠᠷᠤᠢ ᠠᠵᠤ | ᠠᠬᠤᠶᠢᠯᠠᠯ ᠦᠵᠡᠰᠭᠦᠯᠡᠩ ᠤᠨ ᠴᠤᠭᠯᠠᠭᠠᠨ ᠳᠤ ᠣᠷᠣᠯᠴᠠᠬᠰᠠᠨ ᠪᠠᠶᠢᠨ᠎ᠠ᠃ ᠳᠤᠮᠳᠠᠳᠤ ᠤᠯᠤᠰ ᠤᠨ ᠨᠡᠭᠡᠭᠡᠯᠲᠡᠲᠤ | ᠲᠣᠮᠣ ᠵᠠᠬ᠎ᠠ ᠳᠡᠯᠭᠡᠭᠦᠷ ᠨᠢ ᠡᠯ᠎ᠡ ᠤᠯᠤᠰ ᠤᠨ | ᠠᠵᠤ ᠠᠬᠤᠶᠢᠯᠠᠯ ᠤᠨ ᠬᠥᠭᠵᠢᠯᠲᠡ ᠶᠢᠨ ᠴᠢᠬᠤᠯᠠ ᠠᠵᠠ ᠲᠣᠭᠢᠶᠠᠯ ᠪᠤᠯᠬᠤ ᠶᠢ ᠡᠨᠡ ᠬᠦ ᠦᠵᠡᠰᠭᠦᠯᠡᠩ ᠤᠨ | ᠴᠤᠭᠯᠠᠭᠠᠨ ᠢ ᠠᠮᠵᠢᠯᠲᠠ ᠲᠠᠢ ᠡᠷᠭᠢᠯᠡᠭᠰᠡᠨ ᠨᠢ | ᠭᠦᠢᠴᠡᠳ ᠲᠣᠳᠣᠷᠬᠠᠶᠢᠯᠠᠵᠤ ᠪᠠᠶᠢᠨ᠎ᠠ᠃ | ᠡᠨᠡ ᠵᠢᠯ ᠪᠢᠳᠡ ᠪᠠᠰᠠ ᠥᠨᠳᠥᠷ ᠪᠠᠷᠢᠮᠵᠢᠶᠠᠲᠤ ᠤᠯᠠᠨ ᠤᠯᠤᠰ ᠤᠨ ᠠᠵᠤ ᠠᠬᠤᠢ ᠠᠷᠠᠯᠵᠢᠶᠠᠨ ᠤ ᠳᠦᠷᠢᠮ ᠲᠠᠢ | ᠵᠣᠯᠭᠠᠭᠤᠯᠵᠤ᠂ ᠨᠡᠭᠡᠭᠡᠯᠲᠡ ᠪᠠᠨ ᠤᠯᠠᠮ | ᠴᠢᠨᠠᠭᠰᠢᠳᠠ ᠥᠷᠭᠡᠳᠬᠡᠨ᠎ᠡ᠃ ᠳᠤᠮᠳᠠᠳᠤ ᠤᠯᠤᠰ ᠤᠨ ᠨᠡᠭᠡᠭᠡᠯᠲᠡ ᠬᠢᠬᠦ ᠡᠭᠦᠳᠡ ᠶᠠᠪᠤᠬᠤ ᠳᠤᠳᠤᠮ ᠲᠣᠮᠣ | ᠨᠡᠭᠡᠭᠡᠭᠳᠡᠵᠦ᠂ ᠣᠷᠴᠢᠨ ᠲᠣᠭᠤᠷᠢᠨ ᠶᠠᠪᠤᠬᠤ ᠳᠤᠳᠤᠮ | ᠰᠠᠶᠢᠵᠢᠷᠠᠵᠤ᠂ ᠦᠢᠯᠡᠴᠢᠯᠡᠭᠡ ᠶᠠᠪᠤᠬᠤ ᠳᠤᠳᠤᠮ ᠰᠢᠯᠢᠳᠡᠭᠵᠢᠨ᠎ᠡ᠃ ᠨᠡᠭᠡᠭᠡᠯᠲᠡ ᠲᠠᠢ ᠳᠤᠮᠳᠠᠳᠤ ᠤᠯᠤᠰ ᠣᠯᠠᠨ ᠤ | ᠪᠡᠯᠡ ᠣᠷᠣᠭᠤᠯᠵᠤ ᠦᠢᠯᠡᠰ ᠪᠣᠰᠬᠠᠬᠤ ᠶᠢ | ᠪᠠᠶᠠᠷᠯᠠᠨ ᠤᠭᠲᠤᠵᠤ ᠪᠠᠶᠢᠨ᠎ᠠ᠃ | ᠳᠤᠮᠳᠠᠳᠤ ᠠᠮᠧᠷᠢᠺᠠ ᠶᠢᠨ ᠬᠠᠷᠢᠴᠠᠭᠠᠨ ᠤ ᠪᠣᠳᠠᠲᠠᠢ ᠠᠰᠠᠭᠤᠳᠠᠯ ᠤᠨ ᠲᠤᠬᠠᠢ ᠭᠠᠳᠠᠭᠠᠳᠤ ᠶᠠᠪᠤᠳᠠᠯ ᠤᠨ ᠶᠠᠮᠤᠨ ᠤ | ᠰᠠᠶᠢᠳ ᠴᠢᠨ ᠭᠠᠩ ᠲᠦᠷᠦᠭᠦᠦ ᠬᠡᠳᠦᠨ | ᠡᠳᠦᠷ ᠤᠨ ᠰᠤᠷᠪᠤᠯᠵᠢᠯᠠᠬᠴᠢᠳ ᠤᠨ ᠬᠤᠷᠠᠯ ᠳᠡᠭᠡᠷ᠎ᠡ ᠨᠢᠭᠡᠨᠲᠡ ᠲᠣᠳᠣᠷᠬᠠᠶᠢᠯᠠᠨ ᠥᠭᠦᠯᠡᠵᠡᠢ᠂ ᠪᠢ ᠲᠠᠭᠢᠵᠤ | ᠨᠣᠷᠱᠣᠬᠤ ᠦᠭᠡᠢ᠃ ᠣᠳᠣᠬᠠᠨ ᠤ ᠴᠢᠬᠤᠯᠠ ᠶᠠᠪᠤᠳᠠᠯ | ᠪᠣᠯ ᠰᠢ ᠶᠢᠨ ᠫᠢᠩ ᠲᠡᠷᠢᠭᠦᠯᠡᠭᠴᠢ ᠪᠣᠯᠣᠨ ᠪᠠᠶᠢᠳᠧᠨ ᠶᠡᠷᠦᠩᠬᠡᠶᠢᠯᠡᠭᠴᠢ ᠶᠢᠨ ᠨᠢᠳᠤᠨᠤᠨ ᠤ 11 ᠰᠠᠷ᠎ᠠ ᠳᠤ | ᠠᠭᠤᠯᠵᠠᠯᠲᠠ ᠬᠢᠬᠦ ᠦᠶ᠎ᠡ ᠳᠤ ᠲᠣᠬᠢᠷᠠᠯᠴᠠᠭᠰᠠᠨ ᠠᠯᠢ | ᠣᠯᠠᠨ ᠴᠢᠬᠤᠯᠠ ᠬᠠᠮᠲᠤ ᠶᠢᠨ ᠲᠠᠨᠢᠯᠲᠠ ᠶᠢ ᠪᠣᠳᠠᠲᠠᠢ ᠲᠥᠷᠥ ᠶᠢᠨ ᠪᠣᠳᠣᠯᠭ᠎ᠠ ᠪᠣᠯᠣᠨ ᠪᠣᠳᠠᠲᠤ ᠠᠵᠢᠯᠯᠠᠭ᠎ᠠ ᠪᠣᠯᠭᠠᠨ | ᠬᠤᠪᠢᠷᠠᠭᠤᠯᠬᠤ ᠶᠠᠪᠤᠳᠠᠯ ᠪᠣᠯᠣᠨ᠎ᠠ᠃ | ᠮᠢᠨᠤ ᠮᠡᠳᠡᠭᠦ ᠪᠠᠷ᠂ ᠡᠨᠡ ᠬᠡᠳᠦᠨ ᠵᠢᠯ ᠳᠤ ᠠᠮᠧᠷᠢᠺᠠ ᠶᠢᠨ ᠤᠯᠤᠰ ᠤᠨ ᠳᠣᠲᠣᠭᠠᠳᠤ ᠶᠢᠨ ᠵᠠᠷᠢᠮ ᠬᠥᠮᠥᠰ ᠬᠤᠶᠠᠷ | ᠤᠯᠤᠰ ᠤᠨ ︽ᠬᠠᠷᠢᠴᠠᠭ᠎ᠠ ᠪᠠᠨ | ᠲᠠᠰᠤᠯᠬᠤ︾ ᠶᠠᠷᠢᠶ᠎ᠠ ᠬᠡᠯᠡᠯᠴᠡᠭᠡ ᠶᠢ ᠬᠥᠭᠡᠷᠭᠡᠳᠡᠵᠦ ᠪᠠᠶᠢᠨ᠎ᠠ᠂ ᠵᠠᠷᠢᠮ ᠳᠠᠭᠠᠨ ᠪᠠᠰᠠ ᠮᠠᠰᠢ ᠶᠡᠭᠡ ᠬᠠᠯᠠᠮᠰᠢᠯ ᠪᠤᠯᠳᠠᠭ | ᠪᠠᠶᠢᠨ᠎ᠠ᠂ ᠭᠡᠪᠡᠴᠦ ᠴᠣᠬᠤᠮ ᠬᠡᠳᠦᠢ ᠬᠥᠮᠥᠨ | ᠡᠶᠢᠮᠦᠷᠬᠦ ᠬᠥᠭᠡᠷᠭᠡᠳᠡᠯ ᠠᠴᠠ ᠦᠨᠡᠨ ᠬᠦ ᠠᠰᠢᠭ ᠭᠦᠷᠳᠡᠭᠦ ᠶᠢ ᠪᠢ ᠮᠡᠳᠡᠭᠦ ᠦᠭᠡᠢ ᠪᠠᠶᠢᠨ᠎ᠠ᠃ ᠳᠤᠮᠳᠠᠳᠤ ᠶᠢᠨ | ᠲᠠᠯ᠎ᠠ ᠶᠢᠨ ᠪᠦᠷᠢᠳᠬᠡᠯ ᠢ ᠦᠨᠳᠦᠰᠦᠯᠡᠪᠡᠯ᠂ | ᠨᠢᠳᠤᠨᠤᠨ ᠳᠤᠮᠳᠠᠳᠤ ᠠᠮᠧᠷᠢᠺᠠ ᠶᠢᠨ ᠠᠷᠠᠯᠵᠢᠶᠠᠨ ᠤ ᠬᠡᠮᠵᠢᠶ᠎ᠡ 7600 ᠳ᠋ᠦᠩᠰᠢᠭᠤᠷ ᠭᠠᠷᠤᠢ ᠳ᠋ᠣᠯᠯᠠᠷ ᠲᠤ ᠬᠦᠷᠴᠦ᠂ | ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠪᠡ᠃ | ᠳᠤᠮᠳᠠᠳᠤ ᠠᠮᠧᠷᠢᠺᠠ ᠬᠤᠶᠠᠷ ᠤᠯᠤᠰ ᠤᠨ ᠠᠵᠤ ᠠᠬᠤᠢ ᠬᠡᠨ ᠠᠯᠢᠨ ᠠᠴᠠ ᠪᠠᠨ ᠰᠠᠯᠵᠤ ᠴᠢᠳᠠᠬᠤ ᠦᠭᠡᠢ᠂ | ᠬᠠᠷᠢᠯᠴᠠᠨ ᠪᠦᠷ ᠨᠦᠭᠦᠭᠡ ᠡᠲᠡᠭᠡᠳ ᠤᠨ ᠢᠶᠠᠨ | ᠬᠥᠭᠵᠢᠯᠲᠡ ᠠᠴᠠ ᠠᠰᠢᠭ ᠬᠦᠷᠲᠡᠵᠦ ᠪᠤᠢ᠃ ᠪᠢ ᠨᠢᠳᠤᠨᠤᠨ ᠶᠡᠬᠡᠩᠬᠢ ᠴᠠᠭ ᠲᠤ ᠱᠠᠩᠬᠠᠢ ᠳᠤ ᠠᠵᠢᠯᠯᠠᠵᠤ᠂ | ᠠᠮᠧᠷᠢᠺᠠ ᠶᠢᠨ ᠪᠡᠯᠡ ᠶᠢ ᠪᠠᠭᠲᠠᠭᠠᠭᠰᠠᠨ ᠴᠥᠭᠡᠨ | ᠪᠤᠰᠤ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠳᠡᠭᠡᠳᠦ ᠲᠡᠰ ᠤᠨ ᠬᠠᠮᠢᠶᠠᠷᠤᠭᠴᠢ ᠲᠠᠢ ᠠᠭᠤᠯᠵᠠᠵᠤ | ᠤᠴᠠᠷᠠᠭᠰᠠᠨ ᠶᠤᠮ᠂ ᠲᠡᠳᠡ ᠪᠦᠷ ᠨᠠᠳᠠ ᠳᠤ ᠱᠠᠩᠬᠠᠢ ᠶᠢ | ᠲᠣᠭᠤᠵᠤ᠂ ᠳᠤᠮᠳᠠᠳᠤ ᠤᠯᠤᠰ ᠢ ᠲᠣᠭᠤᠵᠤ᠂ ᠬᠠᠮᠲᠤᠷᠠᠯᠴᠠᠭ᠎ᠠ ᠶᠢᠨ ᠳᠤᠮᠳᠠ ᠠᠴᠠ ᠬᠠᠮᠲᠤ ᠪᠠᠷ ᠠᠰᠢᠭ ᠭᠦᠷᠳᠡᠭᠦ ᠶᠢ | ᠬᠦᠰᠡᠵᠦ ᠪᠠᠶᠢᠨ᠎ᠠ ᠭᠡᠵᠦ ᠬᠡᠯᠡᠪᠡ᠃ ᠡᠳᠡᠭᠡᠷ | ᠨᠢ ᠴᠥᠮ ᠳᠤᠮᠳᠠᠳᠤ ᠠᠮᠧᠷᠢᠺᠠ ᠬᠠᠮᠲᠤᠷᠠᠨ ᠠᠵᠢᠯᠯᠠᠵᠤ ᠪᠤᠯᠬᠤ ᠪᠥᠭᠡᠳ ᠬᠠᠮᠲᠤᠷᠠᠨ ᠠᠵᠢᠯᠯᠠᠬᠤ ᠴᠤ ᠶᠣᠰᠣᠲᠠᠢ | ᠭᠡᠳᠡᠭ ᠢ ᠬᠠᠷᠠᠭᠤᠯᠵᠤ ᠪᠠᠶᠢᠨ᠎ᠠ᠃ ᠳᠤᠮᠳᠠᠳᠤ | ᠠᠮᠧᠷᠢᠺᠠ ᠬᠠᠮᠲᠤᠷᠠᠯᠴᠠᠭ᠎ᠠ ᠬᠢᠬᠦ ᠰᠠᠷᠠᠭᠤᠯ ᠢᠷᠡᠭᠡᠳᠦᠢ ᠲᠠᠢ᠃ ᠪᠦᠰᠡᠯᠡᠯᠲᠡ᠂ ᠳᠠᠷᠤᠯᠲᠠ ᠨᠢ ᠬᠡᠨ ᠳᠤ ᠴᠦ ᠠᠰᠢᠭ | ᠦᠭᠡᠢ ᠶᠤᠮ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ᠄ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠬᠠᠲᠠᠭᠤ ᠪᠡᠷᠬᠡ | ᠬᠦᠨᠳᠦ ᠨᠦᠰᠡᠷ ᠡᠭᠦᠷᠭᠡ ᠳᠤ | ᠲᠤᠯᠭᠠᠷᠠᠵᠤ᠂ ᠡᠯ᠎ᠡ ᠲᠠᠯ᠎ᠠ ᠶᠢᠨ ᠬᠢᠨ ᠴᠦ ᠮᠠᠰᠢ ᠥᠨᠳᠥᠷ ᠬᠦᠰᠡᠯ ᠡᠷᠡᠮᠡᠯᠵᠡᠯ ᠲᠠᠯᠪᠢᠵᠤ ᠪᠠᠶᠢᠨ᠎ᠠ᠂ ᠡᠨᠡ ᠨᠢ | ᠵᠠᠰᠠᠭ ᠤᠨ ᠣᠷᠳᠣᠨ ᠤ ᠲᠤᠰᠢᠶᠠᠯ ᠬᠠᠷᠢᠭᠤᠴᠠᠯᠭ᠎ᠠ | ᠪᠠᠨ ᠭᠦᠢᠴᠡᠳᠬᠡᠬᠦ ᠴᠢᠳᠠᠪᠤᠷᠢ᠂ ᠠᠵᠢᠯ ᠤᠨ ᠰᠤᠷᠲᠠᠯ ᠳᠤ ᠴᠥᠮ ᠰᠢᠨ᠎ᠡ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃ | ᠰᠢᠨ᠎ᠡ ᠨᠢᠭᠡ ᠬᠤᠭᠤᠴᠠᠭᠠᠨ ᠤ ᠵᠠᠰᠠᠭ ᠤᠨ | ᠣᠷᠳᠣᠨ ᠲᠣᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠬᠤ ᠲᠠᠯ᠎ᠠ ᠪᠠᠷ ᠶᠠᠮᠠᠷ ᠶᠠᠮᠠᠷ ᠪᠣᠳᠣᠯᠬᠢᠯᠠᠯ ᠲᠠᠢ ᠪᠤᠶ︖ | ᠯᠢ ᠴᠢᠶᠠᠩ᠄ ᠲᠠᠨ ᠤ ᠬᠡᠯᠡᠭᠰᠡᠨ ᠰᠢᠭ ᠢᠶᠠᠷ᠂ ᠰᠢᠨ᠎ᠡ ᠡᠭᠦᠷᠭᠡ ᠬᠠᠷᠢᠭᠤᠴᠠᠯᠭ᠎ᠠ ᠪᠢᠳᠡᠨ ᠳᠤ ᠨᠠᠩ ᠥᠨᠳᠥᠷ ᠰᠢᠨ᠎ᠡ | ᠱᠠᠭᠠᠷᠳᠠᠯᠭ᠎ᠠ ᠳᠤᠷᠠᠳᠴᠠᠢ᠃ ᠪᠢᠳᠡ | ᠰᠢᠨ᠎ᠡ ᠨᠢᠭᠡᠨ ᠡᠭᠡᠯᠵᠢ ᠶᠢᠨ ᠵᠠᠰᠠᠭ ᠤᠨ ᠣᠷᠳᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠪᠠᠷ ᠲᠣᠭᠢᠶᠠᠯ ᠪᠣᠯᠭᠠᠨ᠂ | ᠵᠠᠰᠠᠭ ᠤᠨ ᠣᠷᠳᠣᠨ ᠤ ᠲᠣᠰ ᠪᠡᠶ᠎ᠡ ᠶᠢᠨ | ᠪᠠᠶᠢᠭᠤᠯᠤᠯᠲᠠ ᠪᠠᠨ ᠦᠨᠡᠨ ᠬᠦ ᠴᠢᠩᠭᠠᠳᠬᠠᠵᠤ᠂ ᠡᠭᠦᠷᠭᠡ ᠴᠢᠳᠠᠪᠤᠷᠢ ᠪᠠᠨ ᠤᠯᠠᠮ ᠨᠢᠭᠡ ᠠᠯᠬᠤᠮ ᠬᠤᠪᠢᠷᠠᠭᠤᠯᠤᠨ᠂ | ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ | ᠰᠤᠷᠲᠠᠯ ᠢᠶᠠᠨ ᠰᠠᠶᠢᠵᠢᠷᠠᠭᠤᠯᠬᠤ ᠪᠠᠷ ᠲᠥᠯᠥᠪᠯᠡᠵᠦ ᠪᠠᠶᠢᠨ᠎ᠠ᠃ ᠳᠥᠷᠪᠡᠨ ᠵᠦᠢᠯ ᠤᠨ ᠠᠵᠢᠯ ᠢ ᠲᠣᠪᠤᠶᠢᠮ᠎ᠠ | ᠠᠳᠬᠤᠨ᠎ᠠ᠄ | ᠨᠢᠭᠡ ᠳᠤ᠂ ᠪᠠᠶᠢᠴᠠᠭᠠᠨ ᠰᠤᠳᠤᠯᠤᠯᠲᠠ ᠬᠢᠬᠦ ᠰᠤᠷᠲᠠᠯ ᠢ ᠶᠡᠬᠡᠪᠡᠷ ᠪᠠᠳᠠᠷᠠᠭᠤᠯᠤᠨ᠎ᠠ᠃ ᠣᠶᠢᠷ᠎ᠠ ᠳᠤ ᠨᠠᠮ ᠤᠨ ᠲᠥᠪ | ᠬᠤᠷᠢᠶ᠎ᠠ ᠠᠴᠠ ᠨᠢᠭᠡᠨᠲᠡ ᠲᠣᠳᠣᠷᠬᠠᠢ | ᠱᠠᠭᠠᠷᠳᠠᠯᠭ᠎ᠠ ᠳᠤᠷᠠᠳᠴᠤ᠂ ᠲᠦᠷᠦ ᠶᠢᠨ ᠶᠠᠪᠤᠳᠠᠯ ᠤᠨ ᠬᠤᠷᠢᠶ᠎ᠠ ᠲᠦᠷᠦᠭᠦᠯᠡᠨ ᠨᠠᠷᠢᠨ ᠬᠢᠨᠠᠮᠠᠭᠠᠢ ᠰᠠᠶᠢᠲᠤᠷ | ᠠᠳᠬᠤᠵᠤ ᠨᠠᠶᠢᠳᠠᠪᠤᠷᠢᠵᠢᠭᠤᠯᠬᠤ ᠬᠡᠷᠡᠭᠲᠡᠢ ᠭᠡᠪᠡ᠃ ᠪᠢ | ᠤᠷᠲᠤ ᠬᠤᠭᠤᠴᠠᠭ᠎ᠠ ᠪᠠᠷ ᠣᠷᠣᠨ ᠨᠤᠲᠤᠭ ᠲᠤ ᠠᠵᠢᠯᠯᠠᠵᠤ᠂ ᠡᠨᠡ ᠲᠠᠯ᠎ᠠ ᠪᠠᠷ ᠮᠠᠰᠢ ᠭᠦᠨ ᠲᠥᠷᠥᠭᠳᠡᠯ ᠲᠠᠢ᠄ | ᠠᠯᠪᠠᠨ ᠭᠡᠷ ᠲᠤ ᠰᠠᠭᠤᠪᠠᠯ ᠲᠤᠯᠭᠠᠷᠠᠬᠤ ᠨᠢ ᠴᠥᠮ | ᠠᠰᠠᠭᠤᠳᠠᠯ ᠪᠠᠶᠢᠳᠠᠭ᠂ ᠦᠨᠳᠦᠰᠦᠨ ᠱᠠᠲᠤᠨ ᠳᠤ ᠭᠦᠨᠵᠡᠭᠡᠶᠢᠷᠡᠪᠡᠯ ᠠᠯᠢ ᠤᠯᠠᠨ ᠠᠷᠭ᠎ᠠ ᠣᠯᠳᠠᠳᠠᠭ᠃ ᠮᠡᠷᠭᠡᠳ | ᠠᠷᠠᠳ ᠤᠨ ᠳᠤᠮᠳᠠ ᠪᠠᠶᠢᠳᠠᠭ᠃ ᠪᠢᠳᠡ ᠡᠯ᠎ᠡ | ᠱᠠᠲᠤᠨ ᠤ ᠺᠠᠳ᠋ᠷᠴᠤᠳ ᠤᠨ ᠡᠮᠦᠨ᠎ᠡ ᠹᠷᠣᠨᠲ ᠲᠤ ᠢᠯᠡᠭᠦᠬᠡᠨ ᠣᠴᠢᠬᠤ ᠶᠢ ᠠᠬᠢᠭᠤᠯᠵᠤ᠂ ᠬᠡᠷᠡᠭᠴᠡᠭᠡ ᠱᠠᠭᠠᠷᠳᠠᠯᠭ᠎ᠠ ᠶᠢ | ᠠᠷᠠᠳ ᠠᠴᠠ ᠠᠰᠠᠭᠤᠵᠤ᠂ ᠠᠷᠭ᠎ᠠ | ᠪᠣᠳᠣᠯᠭ᠎ᠠ ᠶᠢ ᠠᠷᠠᠳ ᠠᠴᠠ ᠠᠰᠠᠭᠤᠵᠤ᠂ ᠠᠷᠠᠳ ᠤᠯᠠᠨ ᠠᠴᠠ ᠰᠤᠷᠤᠯᠴᠠᠵᠤ᠂ ᠦᠨᠳᠦᠰᠦᠨ ᠱᠠᠲᠤ ᠶᠢ ᠦᠨᠡᠨ ᠬᠦ | ᠬᠠᠪᠰᠤᠷᠤᠨ ᠪᠣᠳᠠᠲᠠᠢ ᠠᠰᠠᠭᠤᠳᠠᠯ ᠢ ᠨᠢ | ᠰᠢᠢᠳᠪᠦᠷᠢᠯᠡᠵᠦ ᠥᠭᠭᠦ ᠬᠡᠷᠡᠭᠲᠡᠢ᠃ ᠢᠯᠠᠩᠭᠤᠶ᠎ᠠ ᠤᠷᠳᠤ ᠬᠤᠭᠤᠴᠠᠭ᠎ᠠ ᠪᠠᠷ ᠲᠣᠮᠣ ᠪᠠᠶᠢᠭᠤᠯᠭ᠎ᠠ ᠳᠤ ᠠᠵᠢᠯᠯᠠᠵᠤ | ᠪᠠᠶᠢᠭ᠎ᠠ ᠵᠠᠯᠠᠭᠤ ᠨᠥᠬᠦᠳ ᠦᠨᠳᠦᠰᠦᠨ | ᠱᠠᠲᠤᠨ ᠳᠤ ᠭᠦᠨᠵᠡᠭᠡᠶᠢᠷᠡᠵᠦ᠂ ᠦᠨᠳᠦᠰᠦᠨ ᠱᠠᠲᠤᠨ ᠳᠤ ᠰᠡᠳᠬᠢᠯ ᠬᠤᠯᠪᠣᠨ᠂ ᠤᠯᠠᠨ ᠲᠦᠮᠡᠨ ᠲᠠᠢ ᠨᠡᠩ | ᠣᠶᠢᠷᠠᠲᠤᠭᠰᠠᠨ ᠪᠠᠶᠢᠬᠤ ᠬᠡᠷᠡᠭᠲᠡᠢ᠃ | ᠬᠤᠶᠠᠷ ᠲᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠯᠠᠪᠳᠠᠭᠤᠨ ᠪᠠᠲᠤᠲᠠᠢ ᠠᠬᠢᠭᠤᠯᠤᠨ᠎ᠠ᠃ ᠵᠠᠰᠠᠭ ᠤᠨ | ᠣᠷᠳᠣᠨ ᠤ ᠠᠵᠢᠯ ᠢ ᠡᠷᠬᠡᠪᠰᠢ ᠬᠠᠤᠯᠢ | ᠴᠠᠭᠠᠵᠠ ᠶᠢᠨ ᠪᠣᠷᠣ ᠲᠥᠯᠥᠪ ᠤᠨ ᠳᠣᠲᠣᠷ᠎ᠠ ᠶᠠᠪᠤᠭᠳᠠᠭᠤᠯᠵᠤ᠂ ᠠᠯᠢᠪᠠ ᠵᠠᠰᠠᠭ ᠵᠠᠬᠢᠷᠭᠠᠨ ᠤ ᠠᠵᠢᠯᠯᠠᠭ᠎ᠠ ᠶᠢ ᠴᠥᠮ | ᠬᠠᠤᠯᠢ ᠶᠢᠨ ᠦᠨᠳᠦᠰᠦᠯᠡᠯ ᠲᠠᠢ ᠪᠠᠶᠢᠯᠭᠠᠬᠤ | ᠬᠡᠷᠡᠭᠲᠡᠢ᠃ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠤᠯᠠᠮ ᠴᠢᠨᠠᠭᠰᠢᠳᠠ ᠴᠢᠩᠭᠠᠳᠬᠠᠵᠤ᠂ | ᠬᠠᠤᠯᠢᠵᠢᠯ ᠤᠨ ᠰᠡᠳᠬᠢᠬᠦᠢ᠂ ᠬᠠᠤᠯᠢᠵᠢᠯ ᠤᠨ | ᠠᠷᠭ᠎ᠠ ᠭᠡᠯᠪᠡᠷᠢ ᠪᠠᠷ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠭᠦ ᠬᠡᠷᠡᠭᠲᠡᠢ᠃ | ᠭᠤᠷᠪᠠ ᠳᠤ᠂ ᠪᠦᠲᠦᠭᠡᠯᠴᠢ ᠴᠢᠨᠠᠷᠲᠠᠢ ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠡᠯ᠎ᠡ ᠱᠠᠲᠤᠨ ᠤ | ᠵᠠᠰᠠᠭ ᠤᠨ ᠣᠷᠳᠣᠨ ᠤ ᠰᠠᠯᠠᠭ᠎ᠠ ᠮᠥᠴᠢᠷ ᠪᠠ | ᠠᠯᠪᠠᠨ ᠠᠵᠢᠯᠲᠠᠳ ᠴᠥᠮ ᠦᠢᠯᠡᠴᠢᠯᠡᠬᠦ ᠤᠬᠠᠮᠰᠠᠷ᠂ ᠬᠥᠭᠵᠢᠯᠲᠡ ᠶᠢᠨ ᠤᠬᠠᠮᠰᠠᠷ ᠲᠠᠢ ᠪᠠᠶᠢᠬᠤ ᠬᠡᠷᠡᠭᠲᠡᠢ᠂ | ᠢᠯᠠᠩᠭᠤᠶ᠎ᠠ ᠬᠢᠨᠠᠨ ᠵᠥᠪᠰᠢᠶᠡᠷᠡᠬᠦ᠂ ᠬᠠᠮᠢᠶᠠᠷᠬᠤ | ᠡᠭᠦᠷᠭᠡ ᠴᠢᠳᠠᠪᠤᠷᠢ ᠪᠠᠨ ᠭᠦᠢᠴᠡᠳᠬᠡᠬᠦ ᠦᠶ᠎ᠡ ᠳᠤ ᠲᠣᠷᠣᠮᠰᠤᠯᠠᠭᠤᠷ ᠢ ᠯᠠ ᠭᠢᠰᠬᠢᠭᠡᠳ᠂ ᠲᠣᠰᠣ ᠨᠡᠮᠡᠭᠦ ᠪᠠᠨ ᠮᠠᠷᠲᠠᠵᠤ | ᠪᠤᠯᠬᠤ ᠦᠭᠡᠢ︔ ᠵᠦᠪᠭᠡᠨ ᠵᠠᠮ ᠤᠨ | ᠬᠤᠷᠢᠭ᠎ᠠ ᠯᠡ ᠭᠠᠷᠭᠠᠵᠤ᠂ ᠵᠠᠮ ᠤᠨ ᠲᠡᠮᠳᠡᠭ ᠲᠠᠯᠪᠢᠬᠤ ᠦᠭᠡᠢ ᠪᠠᠶᠢᠵᠤ ᠪᠤᠯᠬᠤ ᠦᠭᠡᠢ︔ ᠠᠯᠢᠪᠠ ᠶᠠᠪᠤᠳᠠᠯ ᠳᠤ ︽ | ᠬᠢᠪᠡᠯ ᠵᠣᠬᠢᠬᠤ ᠡᠰᠡᠬᠦ︾ ᠶᠢᠨ ᠦᠷᠳᠡᠭ ᠤᠨ | ᠮᠠᠭᠠᠳᠯᠠᠯᠲᠠ ᠶᠢ ᠢᠯᠡᠭᠦᠬᠡᠨ ᠬᠢᠬᠦ ᠬᠡᠷᠡᠭᠲᠡᠢ᠂ ᠵᠥᠪᠭᠡᠨ ᠳᠥᠭᠦᠮᠬᠡᠨ ᠢᠶᠠᠷ ︽ᠬᠢᠵᠦ ᠪᠤᠯᠬᠤ ᠡᠰᠡᠬᠦ︾ ᠶᠢᠨ | ᠮᠡᠷᠭᠡᠵᠢᠯ ᠤᠨ ᠮᠠᠭᠠᠳᠯᠠᠯᠲᠠ ᠬᠢᠵᠦ ᠪᠤᠯᠬᠤ ᠦᠭᠡᠢ᠃ | ᠠᠯᠢᠪᠠ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠡᠷᠡᠰ ᠡᠰᠡᠷᠭᠦᠴᠡᠵᠦ᠂ ᠵᠢᠩᠬᠢᠨᠢ ᠪᠦᠲᠦᠭᠡᠯᠴᠢ ᠴᠢᠳᠠᠪᠤᠷᠢ ᠲᠠᠢ | ᠭᠦᠢᠴᠡᠳᠭᠡᠭᠴᠢ ᠪᠤᠯᠬᠤ ᠬᠡᠷᠡᠭᠲᠡᠢ᠃ | ᠳᠥᠷᠪᠡ ᠳᠤ᠂ ᠠᠷᠢᠭᠤᠨ ᠴᠢᠬᠡᠴᠢ ᠶᠢᠨ ᠬᠤᠷᠢᠭ᠎ᠠ ᠱᠤᠭᠤᠮ ᠢ ᠡᠷᠡᠰ ᠰᠠᠬᠢᠨ᠎ᠠ᠃ ᠪᠢᠳᠡ ᠢᠮᠠᠭᠲᠠ ᠴᠢᠩᠭ᠎ᠠ | ᠪᠠᠷᠢᠮᠵᠢᠶ᠎ᠠ᠂ ᠴᠢᠩᠭ᠎ᠠ ᠠᠷᠭ᠎ᠠ ᠬᠡᠮᠵᠢᠶ᠎ᠡ ᠪᠠᠷ | ᠠᠷᠢᠭᠤᠨ ᠴᠢᠬᠡᠴᠢ ᠵᠠᠰᠠᠭ ᠤᠨ ᠣᠷᠳᠣᠨ ᠤ ᠪᠠᠶᠢᠭᠤᠯᠤᠯᠲᠠ ᠶᠢ ᠰᠠᠶᠢᠲᠤᠷ ᠠᠳᠬᠤᠵᠤ᠂ ᠠᠯᠢᠪᠠ ᠢᠯᠵᠢᠷᠡᠯ ᠤᠨ | ᠠᠵᠢᠯᠯᠠᠭ᠎ᠠ ᠶᠢ ᠥᠴᠥᠬᠡᠨ ᠴᠦ ᠠᠭᠤᠴᠢᠯᠠᠬᠤ ᠦᠭᠡᠢ᠃ | ᠵᠠᠰᠠᠭ ᠤᠨ ᠣᠷᠳᠣᠨ ᠤ ᠠᠵᠢᠯᠲᠠᠨ ᠨᠢᠭᠡᠪᠦᠷᠢ ᠴᠥᠮ ᠤᠬᠠᠮᠰᠠᠷ ᠠᠴᠠ ᠪᠠᠨ ᠬᠢᠨᠠᠯᠲᠠ ᠶᠢ ᠬᠦᠯᠢᠶᠡᠵᠦ᠂ ᠦᠨᠡᠨᠴᠢ | ᠰᠢᠳᠤᠷᠭᠤ᠂ ᠴᠡᠪᠡᠷ ᠴᠢᠬᠡᠴᠢ᠂ ᠬᠠᠷᠢᠭᠤᠴᠠᠯᠭ᠎ᠠ | ᠲᠠᠢ ᠪᠠᠶᠢᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠢ᠃ | ᠰᠤᠷᠪᠤᠯᠵᠢᠯᠠᠬᠴᠢᠳ ᠤᠨ ᠬᠤᠷᠠᠯ ᠠᠷᠠᠳ ᠤᠨ ᠶᠡᠭᠡ ᠬᠤᠷᠠᠯ ᠤᠨ ᠲᠠᠩᠬᠢᠮ ᠤᠨ ᠭᠤᠷᠪᠠᠳᠤᠭᠠᠷ ᠳᠠᠪᠬᠤᠷᠯᠢᠭ ᠤᠨ | ᠠᠯᠲᠠᠨ ᠥᠩᠭᠡᠲᠦ ᠣᠷᠳᠣᠨ ᠳᠤ 80 | ᠮᠢᠨᠦ᠋ᠲ ᠶᠠᠪᠤᠭᠳᠠᠵᠤ᠂ ᠳᠣᠲᠣᠭᠠᠳᠤ ᠭᠠᠳᠠᠭᠠᠳᠤ ᠶᠢᠨ 500 ᠭᠠᠷᠤᠢ ᠰᠤᠷᠪᠤᠯᠵᠢᠯᠠᠬᠴᠢ ᠣᠷᠣᠯᠴᠠᠵᠠᠢ᠃ |