ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 7 ᠤ ᠴᠠᠬᠢᠯᠭᠠᠨ ᠮᠡᠳᠡᠭᠡ ᠠᠷᠪᠠᠨ ᠳᠥᠷᠪᠡᠳᠦᠭᠡᠷ ᠬᠤᠭᠤᠴᠠᠭᠠᠨ ᠤ | ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ 7 ᠤ ᠦᠳᠡ ᠶᠢᠨ | ᠬᠤᠶᠢᠨ᠎ᠠ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠬᠤᠶᠠᠳᠤᠭᠠᠷ ᠪᠦᠭᠦᠳᠡ ᠬᠤᠷᠠᠯ ᠬᠢᠵᠦ᠂ ᠪᠦᠭᠦ | ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ | ᠪᠣᠯᠣᠨ ᠠᠷᠠᠳ ᠤᠨ ᠳᠡᠭᠡᠳᠦ ᠰᠢᠭᠦᠭᠦ ᠬᠤᠷᠢᠶ᠎ᠠ ᠶᠢᠨ ᠠᠵᠢᠯ ᠤᠨ ᠮᠡᠳᠡᠭᠦᠯᠦᠯᠲᠡ᠂ ᠠᠷᠠᠳ ᠤᠨ ᠳᠡᠭᠡᠳᠦ ᠪᠠᠶᠢᠴᠠᠭᠠᠬᠤ | ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢ ᠰᠣᠨᠣᠰᠤᠭᠰᠠᠨ ᠪᠠ ᠬᠢᠨᠠᠨ ᠵᠥᠪᠯᠡᠵᠦ᠂ ᠲᠦᠷᠦ ᠶᠢᠨ ᠶᠠᠪᠤᠳᠠᠯ ᠤᠨ | ᠬᠤᠷᠢᠶ᠎ᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ ᠤᠨ ᠲᠤᠬᠠᠢ ᠲᠣᠳᠣᠷᠬᠠᠶᠢᠯᠠᠯᠲᠠ ᠶᠢ ᠰᠣᠨᠣᠰᠪᠠ᠃ | ᠰᠢ ᠶᠢᠨ ᠫᠢᠩ᠂ ᠯᠢ ᠴᠢᠶᠠᠩ᠂ ᠵᠤᠤ ᠯᠧ ᠵᠢᠢ᠂ ᠸᠠᠩ ᠬᠤ᠋ ᠨᠢᠩ᠂ ᠬᠠᠨ ᠵᠧᠩ᠂ ᠼᠠᠢ ᠴᠢ᠂ ᠳ᠋ᠢᠩ ᠰᠢᠤᠸᠠᠢ ᠰᠢᠶᠠᠩ᠂ | ᠯᠢ ᠰᠢ ᠨᠠᠷ ᠬᠤᠷᠠᠯ ᠳᠤ ᠣᠷᠣᠯᠴᠠᠵᠠᠢ᠃ ᠬᠤᠷᠠᠯ ᠳᠤ ᠣᠷᠤᠯᠴᠠᠬᠤ ᠶᠣᠰᠣᠲᠠᠢ ᠲᠥᠯᠥᠭᠡᠯᠡᠭᠴᠢ 2977 ᠬᠥᠮᠥᠨ᠂ | ᠬᠤᠷᠠᠯ ᠳᠤ ᠤᠷᠤᠯᠴᠠᠬᠰᠠᠨ ᠨᠢ 2943 ᠬᠥᠮᠥᠨ᠂ 34 ᠬᠥᠮᠥᠨ ᠣᠷᠣᠯᠴᠠᠬᠰᠠᠨ ᠦᠭᠡᠢ᠂ ᠬᠤᠷᠠᠯ ᠳᠤ ᠣᠷᠣᠯᠴᠠᠬᠰᠠᠨ | ᠬᠥᠮᠥᠨ ᠤ ᠲᠤᠭ᠎ᠠ ᠬᠠᠤᠯᠢ ᠳᠤ ᠲᠣᠭᠲᠠᠭᠠᠭᠰᠠᠨ ᠬᠥᠮᠥᠨ ᠤ ᠲᠤᠭ᠎ᠠ ᠳᠤ ᠨᠡᠶᠢᠴᠡᠪᠡ᠃ ᠶᠡᠭᠡ ᠬᠤᠷᠠᠯ ᠤᠨ | ᠲᠡᠷᠢᠭᠦᠯᠡᠭᠴᠢᠳ ᠤᠨ ᠪᠦᠯᠭᠦᠮ ᠤᠨ ᠪᠠᠶᠢᠩᠭᠤ ᠶᠢᠨ ᠲᠡᠷᠢᠭᠦᠯᠡᠭᠴᠢ᠂ ᠭᠦᠢᠴᠡᠳᠭᠡᠭᠴᠢ ᠲᠡᠷᠢᠭᠦᠯᠡᠭᠴᠢ ᠯᠢ ᠬᠤᠩ ᠵᠦᠩ | ᠬᠤᠷᠠᠯ ᠢ ᠡᠷᠭᠢᠯᠡᠪᠡ᠃ | ᠠᠷᠪᠠᠨ ᠭᠤᠷᠪᠠᠳᠤᠭᠠᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠶᠢᠨ ᠨᠠᠶᠢᠳᠠᠯᠭ᠎ᠠ ᠪᠠᠷ᠂ ᠬᠤᠷᠢᠶᠠᠨ ᠳᠠᠷᠤᠭ᠎ᠠ ᠯᠢ ᠵᠠᠨ ᠱᠣ᠋ ᠶᠡᠭᠡ ᠬᠤᠷᠠᠯ ᠳᠡᠭᠡᠷ᠎ᠡ ᠪᠦᠭᠦ | ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ | ᠬᠢᠪᠡ᠃ ᠯᠢ ᠵᠠᠨ ᠱᠣ᠋ ᠮᠡᠳᠡᠭᠦᠯᠦᠯᠲᠡ ᠳᠡᠭᠡᠨ᠂ ᠥᠩᠭᠡᠷᠡᠭᠰᠡᠨ ᠨᠢᠭᠡ ᠵᠢᠯ ᠳᠤ ᠰᠢ ᠶᠢᠨ ᠫᠢᠩ ᠨᠥᠬᠦᠷ ᠢᠶᠠᠷ ᠭᠤᠣᠯ | ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠪᠦᠭᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠬᠠᠤᠯᠢ ᠲᠣᠭᠲᠠᠭᠠᠬᠤ ᠠᠵᠢᠯ ᠢ | ᠴᠢᠨᠠᠷ ᠰᠠᠶᠢᠲᠠᠢ ᠰᠠᠶᠢᠲᠤᠷ ᠬᠢᠬᠦ ᠶᠢ ᠪᠠᠷᠢᠮᠲᠠᠯᠠᠵᠤ᠂ 5 ᠬᠠᠤᠯᠢ ᠲᠣᠭᠲᠠᠭᠠᠵᠤ᠂ 9 ᠬᠠᠤᠯᠢ ᠳᠤ ᠵᠠᠰᠠᠪᠤᠷᠢ ᠣᠷᠣᠭᠤᠯᠵᠤ᠂ | ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠠᠰᠠᠭᠤᠳᠠᠯ ᠪᠣᠯᠣᠨ ᠴᠢᠬᠤᠯᠠ ᠶᠡᠭᠡ ᠠᠰᠠᠭᠤᠳᠠᠯ ᠤᠨ ᠲᠤᠬᠠᠢ 4 | ᠲᠣᠭᠲᠠᠭᠠᠯ ᠢ ᠪᠠᠲᠤᠯᠠᠵᠤ᠂ 1 ᠬᠠᠤᠯᠢ ᠴᠠᠭᠠᠵᠠ ᠶᠢᠨ ᠲᠠᠶᠢᠯᠪᠤᠷᠢᠯᠠᠯᠲᠠ ᠭᠢᠪᠡ︔ ᠬᠢᠨᠠᠯᠲᠠ ᠲᠠᠯᠪᠢᠬᠤ ᠠᠵᠢᠯ ᠢ ᠴᠢᠨᠠᠷ | ᠰᠠᠶᠢᠲᠠᠢ ᠰᠠᠶᠢᠲᠤᠷ ᠬᠢᠬᠦ ᠶᠢ ᠪᠠᠷᠢᠮᠲᠠᠯᠠᠵᠤ᠂ 5 ᠬᠠᠤᠯᠢ ᠶᠢ ᠬᠡᠷᠡᠭᠵᠢᠭᠦᠯᠦᠭᠰᠡᠨ ᠪᠠᠶᠢᠳᠠᠯ ᠢ ᠪᠠᠶᠢᠴᠠᠭᠠᠵᠤ᠂ 23 ᠬᠢᠨᠠᠯᠲᠠ | ᠲᠠᠯᠪᠢᠬᠤ ᠠᠵᠢᠯ ᠤᠨ ᠮᠡᠳᠡᠭᠦᠯᠦᠯᠲᠡ ᠶᠢ ᠰᠣᠨᠣᠰᠤᠨ ᠬᠢᠨᠠᠨ ᠵᠥᠪᠯᠡᠵᠦ᠂ ᠲᠤᠰᠬᠠᠢ ᠰᠡᠳᠦᠪᠲᠦ ᠯᠠᠪᠯᠠᠨ ᠠᠰᠠᠭᠤᠬᠤ ᠠᠵᠢᠯ ᠢ | ᠥᠷᠨᠢᠭᠦᠯᠵᠦ᠂ 8 ᠵᠦᠢᠯ ᠤᠨ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠭᠢᠪᠡ︔ ᠲᠥᠯᠥᠭᠡᠯᠡᠭᠴᠢᠳ ᠤᠨ ᠠᠵᠢᠯ ᠢ | ᠴᠢᠨᠠᠷ ᠰᠠᠶᠢᠲᠠᠢ ᠰᠠᠶᠢᠲᠤᠷ ᠬᠢᠬᠦ ᠶᠢ ᠪᠠᠷᠢᠮᠲᠠᠯᠠᠵᠤ᠂ 487 ᠬᠤᠪᠢ ᠲᠥᠯᠥᠭᠡᠯᠡᠭᠴᠢᠳ ᠤᠨ ᠰᠠᠨᠠᠯ ᠵᠥᠪᠯᠡᠯᠭᠡ᠂ 9349 | ᠬᠤᠪᠢ ᠰᠠᠨᠠᠭᠤᠯᠭ᠎ᠠ ᠶᠢ ᠰᠢᠢᠳᠪᠦᠷᠢᠯᠡᠵᠦ᠂ ᠪᠠᠶᠢᠩᠭᠤ ᠶᠢᠨ ᠬᠤᠷᠢᠶ᠎ᠠ᠂ ᠲᠤᠰᠬᠠᠢ ᠵᠥᠪᠯᠡᠯ᠂ ᠠᠵᠢᠯ ᠤᠨ ᠵᠥᠪᠯᠡᠯ ᠤᠨ | ᠠᠵᠢᠯ ᠳᠤ ᠨᠡᠶᠢᠳᠡ 100 ᠭᠠᠷᠤᠢ ᠬᠥᠮᠥᠨ ᠤᠳᠠᠭ᠎ᠠ ᠣᠷᠣᠯᠴᠠᠪᠠ︔ ᠭᠠᠳᠠᠭᠠᠳᠤ ᠶᠠᠪᠤᠳᠠᠯ ᠤᠨ ᠠᠵᠢᠯ ᠢ ᠴᠢᠨᠠᠷ ᠰᠠᠶᠢᠲᠠᠢ | ᠰᠠᠶᠢᠲᠤᠷ ᠬᠢᠬᠦ ᠶᠢ ᠪᠠᠷᠢᠮᠲᠠᠯᠠᠵᠤ᠂ ᠲᠦᠷᠦ ᠶᠢᠨ ᠪᠠᠶᠢᠭᠤᠯᠭ᠎ᠠ ᠶᠢᠨ ᠠᠵᠢᠯᠲᠠᠨ ᠢ 393 ᠬᠥᠮᠥᠨ ᠤᠳᠠᠭ᠎ᠠ ᠬᠠᠤᠯᠢ | ᠶᠣᠰᠣᠭᠠᠷ ᠲᠣᠮᠢᠯᠠᠵᠤ ᠪᠠᠭᠤᠯᠭᠠᠵᠤ᠂ ᠠᠷᠪᠠᠨ ᠭᠤᠷᠪᠠᠳᠤᠭᠠᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠠᠴᠠ ᠲᠣᠭᠲᠠᠭᠠᠭᠰᠠᠨ ᠡᠭᠦᠷᠭᠡ ᠶᠢ ᠲᠡᠭᠦᠰ ᠠᠮᠵᠢᠯᠲᠠ ᠲᠠᠢ | ᠪᠡᠶᠡᠯᠡᠭᠦᠯᠪᠡ ᠭᠡᠵᠦ ᠵᠢᠭᠠᠵᠤ ᠭᠠᠷᠭᠠᠪᠠ᠃ ᠯᠢ ᠵᠠᠨ ᠱᠣ᠋ ᠮᠡᠳᠡᠭᠦᠯᠦᠯᠲᠡ ᠳᠡᠭᠡᠨ᠂ ᠠᠷᠪᠠᠨ ᠭᠤᠷᠪᠠᠳᠤᠭᠠᠷ ᠬᠤᠭᠤᠴᠠᠭᠠᠨ ᠤ | ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠠᠪᠤᠨ ᠵᠢᠯ ᠤᠨ | ᠲᠤᠰᠢᠶᠠᠯ ᠤᠨ ᠬᠤᠭᠤᠴᠠᠭ᠎ᠠ ᠨᠢ ᠶᠠᠭ ᠰᠠᠶᠢᠬᠠᠨ ᠨᠠᠮ ᠪᠣᠯᠣᠨ ᠤᠯᠤᠰ ᠤᠨ ᠠᠵᠢᠯ ᠦᠢᠯᠡᠰ ᠤᠨ ᠥᠷᠨᠢᠭᠦᠨ | ᠬᠥᠭᠵᠢᠯᠲᠡ ᠶᠢᠨ ᠠᠭᠤᠤ ᠶᠡᠭᠡ ᠲᠡᠦᠬᠡᠨ ᠬᠤᠪᠢᠰᠤᠯᠲᠠ ᠶᠢᠨ ᠴᠠᠭ ᠦᠶ᠎ᠡ ᠳᠤ ᠲᠣᠬᠢᠶᠠᠪᠠ᠃ ᠪᠠᠶᠢᠩᠭᠤ ᠶᠢᠨ ᠬᠤᠷᠢᠶ᠎ᠠ ︽ | ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠳᠥᠷᠪᠡᠨ | ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ | ᠪᠡᠶᠡᠯᠡᠭᠦᠯᠵᠦ᠂ ᠢᠮᠠᠭᠲᠠ ᠨᠠᠮ ᠤᠨ ᠲᠥᠪ ᠬᠤᠷᠢᠶ᠎ᠠ ᠶᠢᠨ ᠡᠷᠬᠡ ᠰᠦᠷ ᠪᠣᠯᠣᠨ ᠲᠥᠪᠯᠡᠷᠡᠩᠭᠦᠢ ᠨᠢᠭᠡᠳᠦᠯᠲᠡᠢ | ᠤᠳᠤᠷᠢᠳᠤᠯᠭ᠎ᠠ ᠶᠢ ᠡᠷᠡᠰ ᠬᠠᠮᠠᠭᠠᠯᠠᠵᠤ᠂ ᠨᠠᠮ ᠤᠨ ᠤᠨᠤᠯ ᠪᠠ ᠱᠤᠭᠤᠮ ᠴᠢᠭᠯᠡᠯᠲᠡ ᠲᠦᠷᠦ ᠶᠢᠨ ᠪᠣᠳᠣᠯᠭ᠎ᠠ ᠶᠢ ᠡᠷᠡᠰ | ᠲᠤᠭᠤᠰᠢᠯᠠᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪ ᠴᠢᠭᠯᠡᠯ ᠢ ᠪᠠᠲᠤ ᠡᠵᠡᠮᠳᠡᠵᠦ᠂ | ᠨᠠᠮ ᠤᠨ ᠲᠥᠪ ᠬᠤᠷᠢᠶ᠎ᠠ ᠶᠢᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠴᠢᠩᠭ᠎ᠠ ᠳᠠᠭᠠᠵᠤ᠂ | ᠠᠷᠠᠳ ᠣᠯᠠᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠲᠠᠢ ᠨᠢᠭᠲᠠ ᠤᠶᠠᠯᠳᠤᠭᠤᠯᠵᠤ᠂ | ᠤᠯᠤᠰ ᠤᠨ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ | ᠬᠡᠷᠡᠭᠴᠡᠭᠡ ᠲᠠᠢ ᠨᠢᠭᠲᠠ ᠤᠶᠠᠯᠳᠤᠭᠤᠯᠵᠤ᠂ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠤᠨ ᠴᠢᠬᠤᠯᠠ ᠶᠡᠭᠡ | ᠣᠶᠢᠯᠠᠭᠠᠭᠳᠠᠬᠤᠨ ᠢ ᠲᠤᠭᠤᠰᠢᠯᠠᠭᠤᠯᠵᠤ᠂ ᠪᠦᠭᠦ ᠲᠥᠯᠥᠭᠡᠯᠡᠭᠴᠢ ᠳᠤ ᠴᠢᠩᠭ᠎ᠠ ᠲᠦᠰᠢᠭᠯᠡᠵᠦ᠂ ᠬᠠᠤᠯᠢ ᠲᠣᠭᠲᠠᠭᠠᠬᠤ ᠡᠷᠬᠡ | ᠂ ᠬᠢᠨᠠᠯᠲᠠ ᠲᠠᠯᠪᠢᠬᠤ ᠡᠷᠬᠡ᠂ ᠲᠣᠭᠲᠠᠭᠠᠬᠤ ᠡᠷᠬᠡ᠂ ᠲᠣᠮᠢᠯᠠᠵᠤ ᠪᠠᠭᠤᠯᠭᠠᠬᠤ ᠡᠷᠬᠡ ᠪᠠᠨ ᠬᠠᠤᠯᠢ ᠶᠣᠰᠣᠭᠠᠷ | ᠬᠡᠷᠡᠭᠵᠢᠭᠦᠯᠵᠦ᠂ ᠨᠠᠮ ᠪᠠ ᠠᠷᠠᠳ ᠲᠦᠮᠡᠨ ᠠᠴᠠ ᠣᠯᠭᠤᠭᠰᠠᠨ ᠢᠷᠠᠭᠤ ᠠᠯᠳᠠᠷᠲᠤ ᠲᠤᠰᠢᠶᠠᠯ ᠬᠠᠷᠢᠭᠤᠴᠠᠯᠭ᠎ᠠ ᠪᠠᠨ ᠦᠨᠡᠨ | ᠬᠦ ᠭᠦᠢᠴᠡᠳᠬᠡᠨ᠂ ᠨᠠᠮ ᠤᠨ ᠲᠥᠪ ᠬᠤᠷᠢᠶ᠎ᠠ ᠶᠢᠨ ᠬᠦᠨᠳᠦ ᠨᠠᠶᠢᠳᠠᠯᠭ᠎ᠠ ᠶᠢ ᠬᠥᠰᠡᠷᠳᠡᠭᠦᠯᠬᠦ ᠦᠭᠡᠢ ᠪᠠᠶᠢᠬᠤ᠂ ᠠᠷᠠᠳ | ᠲᠦᠮᠡᠨ ᠤ ᠬᠦᠰᠡᠯ ᠡᠷᠡᠮᠡᠯᠵᠡᠯ ᠢ ᠬᠥᠰᠡᠷᠳᠡᠭᠦᠯᠬᠦ ᠦᠭᠡᠢ ᠪᠠᠶᠢᠬᠤ ᠲᠥᠪ ᠴᠢᠩᠭ᠎ᠠ ᠠᠮᠠᠯᠠᠯᠲᠠ ᠪᠠᠨ ᠴᠢᠷᠮᠠᠶᠢᠨ ᠪᠡᠶᠡᠯᠡᠭᠦᠯᠵᠡᠢ | ᠭᠡᠪᠡ᠃ ᠯᠢ ᠵᠠᠨ ᠱᠤ᠋ ᠮᠡᠳᠡᠭᠦᠯᠦᠯᠲᠡ ᠳᠡᠭᠡᠨ᠂ ᠲᠠᠪᠤᠨ ᠵᠢᠯ ᠤᠨ ᠲᠤᠷᠰᠢ᠂ ᠦᠨᠳᠦᠰᠦᠨ ᠬᠠᠤᠯᠢ ᠳᠤ ᠵᠠᠰᠠᠪᠤᠷᠢ | ᠣᠷᠣᠭᠤᠯᠬᠤ ᠲᠥᠰᠥᠯ ᠢ ᠪᠠᠲᠤᠯᠠᠵᠤ᠂ 47 ᠬᠠᠤᠯᠢ ᠲᠣᠭᠲᠠᠭᠠᠵᠤ᠂ 111 ᠬᠠᠤᠯᠢ ᠳᠤ ᠵᠠᠰᠠᠪᠤᠷᠢ ᠣᠷᠣᠭᠤᠯᠵᠤ᠂ ᠬᠠᠤᠯᠢ | ᠴᠠᠭᠠᠵᠠ ᠶᠢᠨ ᠲᠠᠶᠢᠯᠪᠤᠷᠢᠯᠠᠯᠲᠠ᠂ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠠᠰᠠᠭᠤᠳᠠᠯ ᠪᠣᠯᠣᠨ ᠴᠢᠬᠤᠯᠠ ᠶᠡᠭᠡ | ᠠᠰᠠᠭᠤᠳᠠᠯ ᠤᠨ ᠲᠣᠭᠲᠠᠭᠠᠯ ᠰᠢᠢᠳᠪᠦᠷᠢ ᠶᠢ 53 ᠭᠠᠷᠭᠠᠵᠤ᠂ ᠨᠢᠭᠡᠨᠲᠡ ᠬᠢᠨᠠᠨ ᠵᠥᠪᠯᠡᠭᠡᠳ ᠬᠠᠷᠠᠬᠠᠨ ᠪᠠᠲᠤᠯᠠᠭᠠᠳᠤᠢ | ᠬᠠᠤᠯᠢ ᠶᠢᠨ ᠲᠥᠰᠥᠯ᠂ ᠲᠣᠭᠲᠠᠭᠠᠯ ᠤᠨ ᠲᠥᠰᠥᠯ 19 ᠬᠤᠪᠢ ᠪᠠᠶᠢᠨ᠎ᠠ︔ 182 ᠬᠢᠨᠠᠯᠲᠠ ᠲᠠᠯᠪᠢᠬᠤ ᠠᠵᠢᠯ ᠤᠨ | ᠮᠡᠳᠡᠭᠦᠯᠦᠯᠲᠡ ᠪᠠ ᠪᠤᠰᠤᠳ ᠮᠡᠳᠡᠭᠦᠯᠦᠯᠲᠡ ᠶᠢ ᠰᠣᠨᠣᠰᠤᠨ ᠬᠢᠨᠠᠨ ᠵᠥᠪᠯᠡᠵᠦ᠂ 30 ᠬᠠᠤᠯᠢ ᠪᠠ ᠲᠣᠭᠲᠠᠭᠠᠯ ᠢ | ᠬᠡᠷᠡᠭᠵᠢᠭᠦᠯᠦᠭᠰᠡᠨ ᠪᠠᠶᠢᠳᠠᠯ ᠢ ᠪᠠᠶᠢᠴᠠᠭᠠᠵᠤ᠂ 11 ᠤᠳᠠᠭ᠎ᠠ ᠲᠤᠰᠬᠠᠢ ᠰᠡᠳᠦᠪᠲᠦ ᠯᠠᠪᠯᠠᠨ ᠠᠰᠠᠭᠤᠬᠤ ᠠᠵᠢᠯ᠂ 33 | ᠵᠦᠢᠯ ᠤᠨ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠥᠷᠨᠢᠭᠦᠯᠪᠡ︔ ᠲᠥᠯᠥᠭᠡᠯᠡᠭᠴᠢ ᠶᠢᠨ 2282 ᠬᠤᠪᠢ ᠰᠠᠨᠠᠯ | ᠵᠥᠪᠯᠡᠯᠭᠡ᠂ ᠲᠥᠯᠥᠭᠡᠯᠡᠭᠴᠢ ᠶᠢᠨ 43750 ᠬᠤᠪᠢ ᠰᠠᠨᠠᠭᠤᠯᠭ᠎ᠠ ᠶᠢ ᠪᠦᠭᠦᠨ ᠢ ᠰᠢᠢᠳᠪᠦᠷᠢᠯᠡᠨ ᠳᠠᠭᠤᠰᠬᠠᠵᠤ᠂ | ᠲᠥᠯᠥᠭᠡᠯᠡᠭᠴᠢᠳ ᠤᠨ ᠰᠠᠨᠠᠯ ᠵᠥᠪᠯᠡᠯᠭᠡ ᠰᠠᠨᠠᠭᠤᠯᠭ᠎ᠠ ᠶᠢ ᠰᠢᠢᠳᠪᠦᠷᠢᠯᠡᠭᠰᠡᠨ ᠠᠵᠢᠯ ᠤᠨ ᠲᠤᠬᠠᠢ ᠬᠠᠨᠤᠮᠵᠢ ᠶᠢᠨ ᠬᠡᠮᠵᠢᠶ᠎ᠡ | 98% ᠳᠤ ᠭᠦᠷᠪᠡ︔ 36 ᠭᠡᠷ᠎ᠡ ᠪᠣᠯᠣᠨ ᠴᠢᠬᠤᠯᠠ ᠬᠡᠯᠡᠯᠴᠡᠭᠡᠷ ᠢ ᠵᠥᠪᠰᠢᠶᠡᠷᠡᠬᠦ ᠪᠠᠷ ᠲᠣᠭᠲᠠᠭᠰᠠᠨ ᠪᠤᠶᠤ ᠲᠡᠭᠦᠨ ᠳᠤ | ᠤᠷᠤᠯᠴᠠᠪᠠ︔ ᠲᠦᠷᠦ ᠶᠢᠨ ᠪᠠᠶᠢᠭᠤᠯᠭ᠎ᠠ ᠶᠢᠨ ᠠᠵᠢᠯᠲᠠᠨ ᠢ 1515 ᠬᠥᠮᠥᠨ ᠤᠳᠠᠭ᠎ᠠ ᠬᠠᠤᠯᠢ ᠶᠣᠰᠣᠭᠠᠷ ᠲᠣᠮᠢᠯᠠᠵᠤ | ᠪᠠᠭᠤᠯᠭᠠᠪᠠ᠃ ᠭᠤᠣᠯᠳᠠᠭᠤ ᠳᠣᠣᠷᠠᠬᠢ ᠠᠵᠢᠯ ᠤᠳ ᠢ ᠥᠷᠨᠢᠭᠦᠯᠪᠡ᠄ ᠨᠢᠭᠡ ᠳᠤ ᠦᠨᠳᠦᠰᠦᠨ ᠬᠠᠤᠯᠢ ᠶᠢ ᠪᠦᠭᠦ ᠲᠠᠯ᠎ᠠ ᠪᠠᠷ | ᠲᠤᠭᠤᠰᠢᠯᠠᠭᠤᠯᠤᠨ ᠬᠡᠷᠡᠭᠵᠢᠭᠦᠯᠵᠦ᠂ ᠦᠨᠳᠦᠰᠦᠨ ᠬᠠᠤᠯᠢ ᠶᠢᠨ ᠡᠷᠬᠡ ᠰᠦᠷ ᠪᠠ ᠨᠡᠷ᠎ᠡ ᠬᠦᠨᠳᠦ ᠶᠢ ᠬᠠᠮᠠᠭᠠᠯᠠᠪᠠ︔ | ᠬᠤᠶᠠᠷ ᠲᠤ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠤᠯᠢ ᠴᠠᠭᠠᠵᠠ ᠶᠢᠨ ᠰᠢᠰᠲ᠋ᠧᠮ ᠢ | ᠲᠡᠭᠦᠯᠳᠡᠷᠵᠢᠭᠦᠯᠵᠦ᠂ ᠰᠠᠶᠢᠨ ᠬᠠᠤᠯᠢ ᠪᠠᠷ ᠬᠥᠭᠵᠢᠯᠲᠡ ᠶᠢ ᠠᠬᠢᠭᠤᠯᠵᠤ᠂ ᠴᠢᠳᠠᠮᠠᠭᠠᠢ ᠵᠠᠰᠠᠯᠲᠠ ᠶᠢ ᠪᠠᠲᠤᠯᠠᠵᠠᠢ︔ | ᠭᠤᠷᠪᠠ ᠳᠤ ᠦᠨᠳᠦᠰᠦᠨ ᠬᠠᠤᠯᠢ ᠠᠴᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠣᠯᠭᠤᠭᠰᠠᠨ ᠬᠢᠨᠠᠯᠲᠠ | ᠲᠠᠯᠪᠢᠬᠤ ᠡᠷᠬᠡ ᠶᠢ ᠰᠠᠶᠢᠲᠤᠷ ᠬᠡᠷᠡᠭᠯᠡᠵᠦ᠂ ᠵᠥᠪ ᠢᠶᠠᠷ ᠬᠢᠨᠠᠯᠲᠠ ᠲᠠᠯᠪᠢᠬᠤ᠂ ᠪᠦᠲᠦᠮᠵᠢᠲᠡᠢ ᠬᠢᠨᠠᠯᠲᠠ ᠲᠠᠯᠪᠢᠬᠤ᠂ ᠬᠠᠤᠯᠢ | ᠶᠣᠰᠣᠭᠠᠷ ᠬᠢᠨᠠᠯᠲᠠ ᠲᠠᠯᠪᠢᠬᠤ ᠶᠢ ᠭᠡᠷᠡᠭᠵᠢᠭᠦᠯᠵᠠᠢ︔ ᠳᠥᠷᠪᠡ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ ᠶᠢᠨ ᠦᠢᠯᠡᠳᠦᠯ ᠢ ᠪᠠᠳᠠᠷᠠᠭᠤᠯᠵᠤ᠂ ᠠᠷᠠᠳ ᠲᠦᠮᠡᠨ ᠬᠦᠰᠡᠯ ᠱᠠᠭᠠᠷᠳᠠᠯᠭ᠎ᠠ ᠪᠠᠶᠢᠪᠠᠯ ᠬᠠᠷᠢᠭᠤ ᠦᠭᠭᠦ ᠶᠢ | ᠪᠡᠶᠡᠯᠡᠭᠦᠯᠪᠡ︔ ᠲᠠᠪᠤ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠠᠳᠠᠭᠠᠳᠤ ᠬᠠᠷᠢᠯᠴᠠᠭ᠎ᠠ ᠶᠢᠨ | ᠳᠠᠪᠠᠭᠤᠯᠢᠭ ᠢ ᠪᠠᠳᠠᠷᠠᠭᠤᠯᠵᠤ᠂ ᠨᠠᠮ ᠪᠠ ᠤᠯᠤᠰ ᠤᠨ ᠭᠠᠳᠠᠭᠠᠳᠤ ᠬᠠᠷᠢᠯᠴᠠᠭ᠎ᠠ ᠶᠢᠨ ᠶᠡᠭᠡ ᠲᠠᠯ᠎ᠠ ᠳᠤ ᠦᠢᠯᠡᠴᠢᠯᠡᠪᠡ︔ | ᠵᠢᠷᠭᠤᠭ᠎ᠠ ᠳᠤ ᠤᠯᠤᠰ ᠲᠦᠷᠦ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠣᠭᠤᠳᠤᠭᠤᠯᠵᠤ᠂ ᠪᠠᠶᠢᠩᠭᠤ ᠶᠢᠨ ᠬᠤᠷᠢᠶ᠎ᠠ ᠶᠢᠨ | ᠲᠤᠰ ᠪᠡᠶ᠎ᠡ ᠶᠢᠨ ᠪᠠᠶᠢᠭᠤᠯᠤᠯᠲᠠ ᠪᠠᠨ ᠦᠨᠡᠨ ᠬᠦ ᠴᠢᠩᠭᠠᠳᠬᠠᠪᠠ ᠭᠡᠪᠡ᠃ ᠯᠢ ᠵᠠᠨ ᠱᠤ᠋ ᠮᠡᠳᠡᠭᠦᠯᠦᠯᠲᠡ ᠳᠡᠭᠡᠨ᠂ ᠲᠠᠪᠤᠨ | ᠵᠢᠯ ᠤᠨ ᠦᠢᠯᠡᠳᠦᠯᠭᠡ ᠳᠤ ᠮᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠤᠨ ᠰᠢᠨᠵᠢᠯᠡᠬᠦ | ᠤᠬᠠᠭᠠᠨᠴᠢ ᠠᠭᠤᠯᠬᠤᠨ᠂ ᠦᠨᠳᠦᠰᠦᠨ ᠣᠨᠴᠠᠯᠢᠭ ᠪᠣᠯᠣᠨ ᠮᠥᠨ ᠴᠢᠨᠠᠷ ᠤᠨ ᠱᠠᠭᠠᠷᠳᠠᠯᠭ᠎ᠠ ᠶᠢᠨ ᠲᠤᠬᠠᠢ ᠲᠠᠨᠢᠯᠲᠠ ᠶᠢ | ᠤᠯᠠᠮ ᠭᠦᠨᠵᠡᠭᠡᠶᠢᠷᠡᠭᠦᠯᠵᠡᠢ᠂ ᠡᠨᠡ ᠨᠢ ᠳᠠᠷᠤᠢ᠄ ᠡᠷᠬᠡᠪᠰᠢ ᠳᠤᠮᠳᠠᠳᠤ ᠤᠯᠤᠰ ᠤᠨ ᠡᠪ ᠬᠠᠮᠲᠤ ᠨᠠᠮ ᠤᠨ | ᠤᠳᠤᠷᠢᠳᠤᠯᠭ᠎ᠠ ᠶᠢ ᠪᠠᠷᠢᠮᠲᠠᠯᠠᠵᠤ᠂ ᠡᠷᠬᠡᠪᠰᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠠᠷᠢᠮᠲᠠᠯᠠᠵᠤ᠂ ᠡᠷᠬᠡᠪᠰᠢ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠤᠯᠤᠰ ᠲᠦᠷᠦ ᠶᠢᠨ ᠬᠥᠭᠵᠢᠯᠲᠡ ᠶᠢᠨ ᠵᠠᠮ ᠢ ᠪᠠᠷᠢᠮᠲᠠᠯᠠᠵᠤ᠂ ᠡᠷᠬᠡᠪᠰᠢ ᠪᠦᠭᠦ ᠶᠠᠪᠤᠴᠠ ᠶᠢᠨ | ᠠᠷᠠᠳ ᠤᠨ ᠠᠷᠠᠳᠴᠢᠯᠠᠯ ᠤᠨ ᠴᠢᠬᠤᠯᠠ ᠶᠡᠭᠡ ᠣᠶᠢᠯᠠᠭᠠᠭᠳᠠᠬᠤᠨ ᠢ ᠪᠠᠷᠢᠮᠲᠠᠯᠠᠵᠤ᠂ ᠡᠷᠬᠡᠪᠰᠢ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠢ ᠪᠠᠷᠢᠮᠲᠠᠯᠠᠵᠤ᠂ ᠡᠷᠬᠡᠪᠰᠢ ᠦᠨᠳᠦᠰᠦᠨ ᠬᠠᠤᠯᠢ ᠳᠤ | ᠲᠣᠭᠲᠠᠭᠠᠭᠰᠠᠨ ᠤᠯᠤᠰ ᠤᠨ ᠦᠨᠳᠦᠰᠦᠨ ᠡᠭᠦᠷᠭᠡ᠂ ᠬᠥᠭᠵᠢᠯᠲᠡ ᠶᠢᠨ ᠵᠠᠮ᠂ ᠲᠡᠮᠡᠴᠡᠬᠦ ᠬᠠᠷᠠᠯᠲᠠ ᠶᠢ ᠪᠠᠷᠢᠮᠲᠠᠯᠠᠬᠤ | ᠬᠡᠷᠡᠭᠲᠡᠢ ᠶᠠᠪᠤᠳᠠᠯ ᠪᠣᠯᠣᠨ᠎ᠠ ᠭᠡᠵᠡᠢ᠃ ᠬᠤᠶᠢᠰᠢᠳᠠ ᠶᠢᠨ ᠨᠢᠭᠡ ᠵᠢᠯ ᠤᠨ ᠠᠵᠢᠯ ᠤᠨ ᠲᠤᠬᠠᠢ ᠰᠠᠨᠠᠭᠤᠯᠭ᠎ᠠ ᠳᠠᠭᠠᠨ ᠯᠢ ᠵᠠᠨ | ᠱᠤ᠋᠂ 2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠡᠭᠢᠯᠡᠯᠲᠡ ᠶᠢᠨ ᠵᠢᠯ ᠪᠣᠯᠣᠨ᠎ᠠ᠂ ᠪᠠᠶᠢᠩᠭᠤ ᠶᠢᠨ ᠬᠤᠷᠢᠶ᠎ᠠ ᠶᠢᠨ ᠠᠵᠢᠯ ᠪᠣᠯ | ᠨᠢᠭᠡ ᠳᠤ ᠦᠨᠳᠦᠰᠦᠨ ᠬᠠᠤᠯᠢ ᠶᠢ ᠬᠡᠷᠡᠭᠵᠢᠭᠦᠯᠬᠦ ᠪᠠ ᠬᠠᠤᠯᠢ ᠲᠣᠭᠲᠠᠭᠠᠬᠤ ᠠᠵᠢᠯ ᠢ ᠰᠠᠶᠢᠲᠤᠷ ᠭᠢᠨ᠎ᠠ︔ ᠬᠤᠶᠠᠷ ᠲᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠲᠠᠯᠪᠢᠬᠤ ᠠᠵᠢᠯ ᠤᠨ ᠪᠣᠳᠠᠲᠤ ᠦᠷ᠎ᠡ ᠪᠦᠲᠦᠮᠵᠢ ᠶᠢ | ᠴᠢᠩᠭᠠᠳᠬᠠᠨ᠎ᠠ︔ ᠭᠤᠷᠪᠠ ᠳᠤ ᠲᠥᠯᠥᠭᠡᠯᠡᠭᠴᠢ ᠶᠢᠨ ᠠᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠦᠨ᠎ᠠ︔ ᠳᠥᠷᠪᠡ ᠳᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠠᠳᠠᠭᠠᠳᠤ ᠬᠠᠷᠢᠯᠴᠠᠭ᠎ᠠ ᠶᠢ ᠰᠠᠶᠢᠲᠤᠷ ᠭᠢᠨ᠎ᠠ︔ ᠲᠠᠪᠤ ᠳᠤ | ᠪᠠᠶᠢᠩᠭᠤ ᠶᠢᠨ ᠬᠤᠷᠢᠶ᠎ᠠ ᠶᠢᠨ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠨ᠎ᠠ ᠭᠡᠵᠦ ᠵᠢᠭᠠᠵᠤ ᠭᠠᠷᠭᠠᠪᠠ᠃ | ᠠᠷᠠᠳ ᠤᠨ ᠳᠡᠭᠡᠳᠦ ᠰᠢᠭᠦᠭᠦ ᠬᠤᠷᠢᠶ᠎ᠠ ᠶᠢᠨ ᠳᠠᠷᠤᠭ᠎ᠠ ᠵᠧᠦ ᠴᠢᠶᠠᠩ ᠠᠷᠠᠳ ᠤᠨ ᠳᠡᠭᠡᠳᠦ ᠰᠢᠭᠦᠭᠦ ᠬᠤᠷᠢᠶ᠎ᠠ ᠶᠢᠨ | ᠠᠵᠢᠯ ᠤᠨ ᠮᠡᠳᠡᠭᠦᠯᠦᠯᠲᠡ ᠳᠡᠭᠡᠨ᠂ 2022 ᠣᠨ ᠳᠤ᠂ ᠪᠦᠭᠦ ᠤᠯᠤᠰ ᠤᠨ ᠰᠢᠭᠦᠭᠦ ᠬᠤᠷᠢᠶ᠎ᠠ ᠶᠢᠨ ᠡᠯ᠎ᠡ ᠵᠦᠢᠯ ᠤᠨ | ᠠᠵᠢᠯ ᠲᠣᠭᠲᠠᠭᠤᠨ ᠤ ᠳᠤᠮᠳᠠ ᠠᠬᠢᠵᠠᠢ᠃ ᠠᠷᠠᠳ ᠤᠨ ᠳᠡᠭᠡᠳᠦ ᠰᠢᠭᠦᠭᠦ ᠬᠤᠷᠢᠶ᠎ᠠ 18547 ᠬᠡᠷᠡᠭ ᠢ ᠭᠥᠯᠢᠶᠡᠨ | ᠠᠪᠴᠤ ᠰᠢᠢᠳᠪᠦᠷᠢᠯᠡᠵᠦ᠂ 13785 ᠬᠡᠷᠡᠭ ᠢ ᠰᠢᠭᠦᠨ ᠳᠠᠭᠤᠰᠬᠠᠪᠠ︔ ᠣᠷᠣᠨ ᠨᠤᠲᠤᠭ ᠤᠨ ᠡᠯ᠎ᠡ ᠱᠠᠲᠤᠨ ᠤ | ᠠᠷᠠᠳ ᠤᠨ ᠰᠢᠭᠦᠭᠦ ᠬᠤᠷᠢᠶ᠎ᠠ ᠪᠠ ᠠᠷᠠᠳ ᠤᠨ ᠲᠤᠰᠬᠠᠢ ᠰᠢᠭᠦᠭᠦ ᠬᠤᠷᠢᠶ᠎ᠠ 3370.4 ᠲᠦᠮᠡᠨ ᠬᠡᠷᠡᠭ ᠢ ᠭᠥᠯᠢᠶᠡᠨ | ᠠᠪᠴᠤ ᠰᠢᠢᠳᠪᠦᠷᠢᠯᠡᠵᠦ᠂ 3081 ᠲᠦᠮᠡᠨ ᠬᠡᠷᠡᠭ ᠢ ᠰᠢᠭᠦᠵᠦ ᠳᠠᠭᠤᠰᠬᠠᠭᠰᠠᠨ ᠪᠠ ᠭᠦᠢᠴᠡᠳᠬᠡᠵᠦ ᠳᠠᠭᠤᠰᠬᠠᠨ᠂ | ᠬᠡᠷᠡᠭ ᠢ ᠰᠢᠢᠳᠪᠦᠷᠢᠯᠡᠵᠦ ᠳᠠᠭᠤᠰᠬᠠᠭᠰᠠᠨ ᠬᠠᠷᠠᠯᠲᠠ ᠶᠢᠨ ᠬᠡᠮᠵᠢᠶ᠎ᠡ 9.9 ᠲᠦᠮᠡᠨ ᠳ᠋ᠦᠩᠰᠢᠭᠤᠷ ᠲᠥᠭᠦᠷᠢᠭ ᠲᠤ ᠬᠦᠷᠴᠡᠢ | ᠭᠡᠵᠦ ᠵᠢᠭᠠᠵᠤ ᠭᠠᠷᠭᠠᠪᠠ᠃ ᠵᠧᠦ ᠴᠢᠶᠠᠩ ᠮᠡᠳᠡᠭᠦᠯᠦᠯᠲᠡ ᠳᠡᠭᠡᠨ᠂ ᠲᠠᠪᠤᠨ ᠵᠢᠯ ᠤᠨ ᠲᠤᠷᠰᠢ᠂ ᠠᠷᠠᠳ ᠤᠨ ᠳᠡᠭᠡᠳᠦ | ᠰᠢᠭᠦᠭᠦ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠰᠢ ᠶᠢᠨ ᠫᠢᠩ ᠤᠨ ᠬᠠᠤᠯᠢᠵᠢᠯ ᠤᠨ ᠦᠵᠡᠯ | ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠣᠨ ᠠᠷᠪᠠ ᠶᠢᠰᠦᠳᠦᠭᠡᠷ | ᠬᠤᠭᠤᠴᠠᠭᠠᠨ ᠤ ᠲᠥᠪ ᠬᠤᠷᠢᠶᠠᠨ ᠤ ᠤᠳᠠᠭ᠎ᠠ ᠪᠦᠷᠢ ᠶᠢᠨ ᠪᠦᠭᠦᠳᠠ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ | ᠲᠤᠭᠤᠰᠢᠯᠠᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ | ᠲᠤᠭᠤᠰᠢᠯᠠᠭᠤᠯᠵᠤ᠂ ᠦᠨᠳᠦᠰᠦᠨ ᠬᠠᠤᠯᠢ ᠬᠠᠤᠯᠢ ᠴᠠᠭᠠᠵᠠ ᠠᠴᠠ ᠣᠯᠭᠤᠭᠰᠠᠨ ᠲᠤᠰᠢᠶᠠᠯ ᠬᠠᠷᠢᠭᠤᠴᠠᠯᠭ᠎ᠠ ᠪᠠᠨ | ᠦᠨᠡᠨᠴᠢ ᠪᠠᠷ ᠭᠦᠢᠴᠡᠳᠬᠡᠵᠦ᠂ ᠠᠷᠠᠳ ᠤᠨ ᠰᠢᠭᠦᠭᠦ ᠬᠤᠷᠢᠶ᠎ᠠ ᠶᠢᠨ ᠠᠵᠢᠯ ᠤᠨ ᠰᠢᠨ᠎ᠡ ᠬᠤᠪᠢᠰᠤᠯᠲᠠ ᠰᠢᠨ᠎ᠡ | ᠬᠥᠭᠵᠢᠯᠲᠡ ᠶᠢ ᠠᠬᠢᠭᠤᠯᠪᠠ᠃ ᠨᠢᠭᠡ ᠳᠤ ᠤᠯᠤᠰ ᠤᠨ ᠠᠮᠤᠷ ᠲᠦᠪᠰᠢᠨ᠂ ᠨᠡᠶᠢᠭᠡᠮ ᠤᠨ ᠠᠮᠤᠷ ᠲᠣᠭᠲᠠᠭᠤᠨ᠂ ᠠᠷᠠᠳ | ᠲᠦᠮᠡᠨ ᠤ ᠠᠮᠤᠷ ᠠᠮᠤᠭᠤᠯᠠᠩ ᠢ ᠡᠷᠡᠰ ᠬᠠᠮᠠᠭᠠᠯᠠᠪᠠ︔ ᠬᠤᠶᠠᠷ ᠲᠤ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ᠂ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠠᠤᠯᠢ ᠶᠣᠰᠣᠭᠠᠷ ᠦᠢᠯᠡᠴᠢᠯᠡᠪᠠ︔ ᠭᠤᠷᠪᠠ ᠳᠤ ᠳᠤᠮᠳᠠᠳᠤ | ᠤᠯᠤᠰ ᠤᠨ ᠣᠨᠴᠠᠯᠢᠭ ᠲᠠᠢ ᠠᠷᠠᠳ ᠤᠨ ᠲᠥᠯᠥᠭᠡ ᠬᠠᠤᠯᠢ ᠪᠠᠷᠢᠬᠤ ᠵᠠᠮ ᠢᠶᠠᠷ ᠰᠠᠶᠢᠲᠤᠷ ᠵᠠᠮᠨᠠᠬᠤ ᠶᠢ ᠪᠠᠷᠢᠮᠲᠠᠯᠠᠪᠠ︔ | ᠳᠥᠷᠪᠡ ᠳᠤ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠬᠤ ᠬᠠᠮᠤᠭ ᠤᠨ ᠡᠴᠦᠰ ᠤᠨ | ᠰᠡᠷᠭᠡᠶᠢᠯᠡᠯᠲᠡ ᠶᠢᠨ ᠱᠤᠭᠤᠮ ᠢ ᠪᠠᠲᠤ ᠰᠠᠭᠢᠵᠠᠢ︔ ᠲᠠᠪᠤ ᠳᠤ ᠬᠠᠤᠯᠢ ᠴᠠᠭᠠᠵᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ | ᠪᠠ ᠣᠶᠤᠨᠴᠢ ᠰᠢᠭᠦᠭᠦ ᠬᠤᠷᠢᠶ᠎ᠠ ᠶᠢᠨ ᠪᠠᠶᠢᠭᠤᠯᠤᠯᠲᠠ ᠴᠢᠬᠤᠯᠠ ᠶᠡᠭᠡ ᠠᠬᠢᠯᠲᠠ ᠲᠠᠢ ᠪᠤᠯᠪᠠ︔ ᠵᠢᠷᠭᠤᠭ᠎ᠠ ᠳᠤ ᠦᠨᠡᠨᠴᠢ | ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠰᠢᠭᠦᠭᠦ ᠬᠤᠷᠢᠶ᠎ᠠ ᠶᠢᠨ ᠲᠡᠮᠦᠷ ᠴᠡᠷᠢᠭ ᠢ ᠳᠠᠪᠲᠠᠨ | ᠪᠣᠯᠪᠠᠰᠤᠷᠠᠭᠤᠯᠵᠠᠢ ᠭᠡᠵᠦ ᠢᠯᠡᠳᠬᠡᠪᠡ᠃ ᠮᠡᠳᠡᠭᠦᠯᠦᠯᠲᠡ ᠳᠤ᠂ ᠵᠧᠦ ᠴᠢᠶᠠᠩ 5 ᠲᠠᠯ᠎ᠠ ᠠᠴᠠ 2023 ᠣᠨ ᠤ ᠠᠵᠢᠯ ᠳᠤ | ᠰᠠᠨᠠᠭᠤᠯᠭ᠎ᠠ ᠳᠤᠷᠠᠳᠪᠠ᠄ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠤᠯᠢᠵᠢᠯ ᠤᠨ ᠵᠠᠮ ᠢᠶᠠᠷ ᠭᠤᠶᠢᠪᠢᠰᠢ ᠦᠭᠡᠢ ᠵᠠᠮᠨᠠᠬᠤ ᠭᠡᠷᠡᠭᠲᠡᠢ︔ | ᠬᠥᠭᠵᠢᠯᠲᠡ ᠪᠠ ᠠᠮᠤᠷ ᠲᠦᠪᠰᠢᠨ ᠢ ᠨᠠᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠥᠨᠳᠥᠷ ᠲᠦᠪᠰᠢᠨ ᠪᠦᠬᠦᠢ | ᠠᠮᠤᠷ ᠲᠦᠪᠰᠢᠨ ᠪᠠ ᠴᠢᠨᠠᠷ ᠰᠠᠶᠢᠲᠠᠢ ᠬᠥᠭᠵᠢᠯᠲᠡ ᠳᠤ ᠬᠠᠤᠯᠢ ᠶᠣᠰᠣᠭᠠᠷ ᠦᠢᠯᠡᠴᠢᠯᠡᠬᠦ ᠭᠡᠷᠡᠭᠳᠠᠢ︔ ᠠᠷᠠᠳ | ᠲᠦᠮᠡᠨ ᠢᠶᠠᠷ ᠭᠤᠣᠯ ᠪᠤᠯᠭᠠᠬᠤ ᠶᠢ ᠪᠠᠷᠢᠮᠲᠠᠯᠠᠵᠤ᠂ ᠠᠷᠠᠳ ᠤᠨ ᠲᠥᠯᠥᠭᠡ ᠬᠠᠤᠯᠢ ᠪᠠᠷᠢᠬᠤ᠂ ᠲᠥᠪ ᠭᠤᠣᠯᠴᠢ ᠪᠠᠷ ᠬᠠᠤᠯᠢ | ᠪᠠᠷᠢᠬᠤ ᠶᠢ ᠯᠠᠪᠳᠠᠭᠤᠨ ᠪᠠᠲᠤᠲᠠᠢ ᠠᠬᠢᠭᠤᠯᠬᠤ ᠭᠡᠷᠡᠭᠳᠠᠢ︔ ᠬᠠᠤᠯᠢ ᠴᠠᠭᠠᠵᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠰᠢᠭᠦᠨ ᠲᠠᠰᠤᠯᠬᠤ ᠰᠢᠰᠲ᠋ᠧᠮ ᠪᠠ ᠰᠢᠭᠦᠨ ᠲᠠᠰᠤᠯᠬᠤ ᠴᠢᠳᠠᠪᠤᠷᠢ ᠶᠢᠨ ᠣᠳᠣᠬᠢᠴᠢᠯᠠᠯᠲᠠ ᠶᠢ | ᠲᠦᠷᠭᠡᠪᠴᠢᠯᠡᠨ ᠠᠬᠢᠭᠤᠯᠬᠤ ᠭᠡᠷᠡᠭᠳᠠᠢ︔ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ᠂ ᠰᠢᠭᠦᠭᠦ ᠬᠤᠷᠢᠶ᠎ᠠ ᠶᠢ ᠴᠢᠩᠭ᠎ᠠ | ᠵᠠᠰᠠᠬᠤ ᠶᠢ ᠪᠠᠷᠢᠮᠲᠠᠯᠠᠵᠤ᠂ ᠰᠢᠭᠦᠭᠦ ᠬᠤᠷᠢᠶ᠎ᠠ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ | ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ ᠵᠠᠩ ᠵᠢᠶᠦ᠋ᠨ ᠠᠷᠠᠳ ᠤᠨ ᠳᠡᠭᠡᠳᠦ ᠪᠠᠶᠢᠴᠠᠭᠠᠬᠤ | ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠳᠡᠭᠡᠨ᠂ ᠲᠠᠪᠤᠨ ᠵᠢᠯ ᠤᠨ ᠲᠤᠷᠰᠢ ᠰᠢ ᠶᠢᠨ ᠫᠢᠩ ᠨᠥᠬᠦᠷ ᠢᠶᠠᠷ ᠭᠤᠣᠯ | ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠪᠦᠭᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠶᠢᠨ ᠬᠦᠴᠦᠲᠡᠢ ᠬᠢᠨᠠᠯᠲᠠ ᠶᠢᠨ ᠳᠣᠣᠷ᠎ᠠ᠂ | ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠡᠷᠡᠭᠦᠦ ᠶᠢᠨ ᠬᠡᠷᠡᠭ᠂ ᠢᠷᠭᠡᠨ ᠤ ᠬᠡᠷᠡᠭ᠂ ᠵᠠᠰᠠᠭ ᠵᠠᠬᠢᠷᠭ᠎ᠠ᠂ ᠨᠡᠶᠢᠲᠡ ᠶᠢᠨ | ᠠᠰᠠᠷᠠᠮᠵᠢ ᠶᠢᠨ ᠵᠠᠷᠭᠤ ᠵᠡᠷᠭᠡ ︽ᠲᠦᠷᠪᠡᠨ ᠶᠡᠭᠡ ᠪᠠᠶᠢᠴᠠᠭᠠᠬᠤ ᠠᠵᠢᠯ︾ ᠤᠨ ᠰᠢᠨ᠎ᠡ ᠪᠠᠶᠢᠷᠢᠰᠢᠯ ᠢ ᠰᠢᠨ᠎ᠡ ᠪᠠᠷ ᠡᠭᠦᠳᠦᠨ | ᠪᠠᠶᠢᠭᠤᠯᠵᠤ᠂ ᠠᠷᠠᠳ ᠲᠦᠮᠡᠨ ᠢ ᠳᠡᠭᠡᠳᠦᠯᠡᠬᠦ ᠶᠢ ᠦᠢᠯᠡᠳᠦᠯᠭᠡᠵᠢᠭᠦᠯᠦᠨ᠂ ᠦᠨᠳᠦᠰᠦᠨ ᠬᠠᠤᠯᠢ ᠬᠠᠤᠯᠢ ᠴᠠᠭᠠᠵᠠ ᠠᠴᠠ | ᠣᠯᠭᠤᠭᠰᠠᠨ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠲᠤᠰᠢᠶᠠᠯ ᠬᠠᠷᠢᠭᠤᠴᠠᠯᠭ᠎ᠠ ᠪᠠᠨ ᠴᠢᠳᠠᠮᠠᠭᠠᠢ ᠪᠠᠷ ᠭᠦᠢᠴᠡᠳᠬᠡᠵᠦ᠂ | ᠠᠷᠠᠳ ᠤᠨ ᠪᠠᠶᠢᠴᠠᠭᠠᠬᠤ ᠠᠵᠢᠯ ᠦᠢᠯᠡᠰ ᠰᠢᠨ᠎ᠡ ᠲᠠᠪᠠᠯᠳᠠᠳᠤ ᠬᠥᠭᠵᠢᠯᠲᠡ ᠶᠢ ᠪᠡᠶᠡᠯᠡᠭᠦᠯᠪᠡ᠃ 2018 ᠣᠨ ᠠᠴᠠ | 2022 ᠣᠨ ᠪᠤᠯᠲᠠᠯ᠎ᠠ᠂ ᠪᠦᠭᠦ ᠤᠯᠤᠰ ᠤᠨ ᠪᠠᠶᠢᠴᠠᠭᠠᠬᠤ ᠪᠠᠶᠢᠭᠤᠯᠭ᠎ᠠ ᠡᠯ᠎ᠡ ᠲᠦᠷᠦᠯ ᠤᠨ ᠬᠡᠷᠡᠭ ᠢ ᠨᠡᠶᠢᠳᠡ 1733.6 | ᠲᠦᠮᠡᠨ ᠬᠤᠪᠢ ᠰᠢᠢᠳᠪᠦᠷᠢᠯᠡᠵᠦ᠂ ᠲᠦᠷᠦᠭᠦᠦ ᠲᠠᠪᠤᠨ ᠵᠢᠯ ᠤᠨ ᠬᠢ ᠠᠴᠠ 40% ᠪᠠᠷ ᠨᠡᠮᠡᠭᠳᠡᠪᠡ᠃ 2018 | ᠣᠨ ᠤ ᠬᠢ ᠲᠠᠢ ᠬᠠᠷᠢᠴᠠᠭᠤᠯᠪᠠᠯ᠂ 2022 ᠣᠨ ᠳᠤ ᠭᠥᠯᠢᠶᠡᠨ ᠠᠪᠤᠭᠰᠠᠨ ᠬᠢᠨᠠᠨ ᠪᠠᠶᠢᠴᠠᠭᠠᠵᠤ ᠵᠠᠭᠠᠯᠳᠤᠬᠤ ᠬᠡᠷᠡᠭ 2. | 8% ᠪᠠᠷ ᠨᠡᠮᠡᠭᠳᠡᠵᠦ᠂ ᠢᠷᠭᠡᠨ ᠤ ᠬᠡᠷᠡᠭ᠂ ᠵᠠᠰᠠᠭ ᠵᠠᠬᠢᠷᠭ᠎ᠠ᠂ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠬᠡᠷᠡᠭ ᠢ | ᠰᠢᠢᠳᠪᠦᠷᠢᠯᠡᠭᠰᠡᠨ ᠬᠡᠮᠵᠢᠶ᠎ᠡ ᠲᠤᠰ ᠲᠤᠰ 1.5 ᠲᠠᠭᠢᠨ᠂ 3.3 ᠲᠠᠭᠢᠨ ᠪᠠ 72.6% ᠪᠠᠷ ᠨᠡᠮᠡᠭᠳᠡᠪᠡ ᠭᠡᠵᠦ ᠵᠢᠭᠠᠵᠤ | ᠭᠠᠷᠭᠠᠪᠠ᠃ ᠮᠡᠳᠡᠭᠦᠯᠦᠯᠲᠡ ᠳᠤ᠂ ᠵᠠᠩ ᠵᠢᠶᠦ᠋ᠨ ᠥᠩᠭᠡᠷᠡᠭᠰᠡᠨ ᠲᠠᠪᠤᠨ ᠵᠢᠯ ᠤᠨ ᠠᠵᠢᠯ ᠢ 6 ᠲᠠᠯ᠎ᠠ ᠪᠠᠷ ᠡᠷᠭᠢᠴᠡᠭᠦᠯᠪᠡ᠄ | ᠨᠢᠭᠡ ᠳᠤ᠂ ᠠᠮᠤᠷ ᠲᠦᠪᠰᠢᠨ ᠲᠣᠭᠲᠠᠭᠤᠨ ᠢ ᠬᠠᠮᠠᠭᠠᠯᠠᠵᠤ᠂ ᠴᠢᠳᠠᠮᠠᠭᠠᠢ ᠪᠠᠶᠢᠴᠠᠭᠠᠬᠤ ᠪᠠᠷ ᠳᠤᠮᠳᠠᠳᠤ ᠤᠯᠤᠰ ᠤᠨ | ᠵᠠᠰᠠᠯᠲᠠ ᠳᠤ ᠬᠦᠴᠦᠨ ᠨᠡᠮᠡᠷᠢᠯᠡᠪᠡ︔ ᠬᠤᠶᠠᠷ ᠲᠤ᠂ ᠶᠡᠭᠡ ᠲᠠᠯ᠎ᠠ ᠳᠤ ᠦᠢᠯᠡᠴᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ | ᠴᠢᠳᠠᠮᠠᠭᠠᠢ ᠪᠠᠶᠢᠴᠠᠭᠠᠬᠤ ᠪᠠᠷ ᠴᠢᠨᠠᠷ ᠰᠠᠶᠢᠲᠠᠢ ᠬᠥᠭᠵᠢᠯᠲᠡ ᠶᠢ ᠠᠭᠢᠭᠤᠯᠪᠠ︔ ᠭᠤᠷᠪᠠ ᠳᠤ᠂ ᠠᠷᠠᠳ ᠤᠨ ᠲᠥᠯᠥᠭᠡ | ᠬᠠᠤᠯᠢ ᠪᠠᠷᠢᠬᠤ ᠶᠢ ᠪᠠᠷᠢᠮᠲᠠᠯᠠᠵᠤ᠂ ᠴᠢᠳᠠᠮᠠᠭᠠᠢ ᠪᠠᠶᠢᠴᠠᠭᠠᠬᠤ ᠪᠠᠷ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠪᠠᠲᠤᠯᠠᠪᠠ︔ | ᠳᠥᠷᠪᠡ ᠳᠤ᠂ ᠵᠠᠷᠭᠤ ᠳᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠴᠢᠳᠠᠮᠠᠭᠠᠢ ᠪᠠᠶᠢᠴᠠᠭᠠᠬᠤ ᠪᠠᠷ ᠬᠠᠤᠯᠢ ᠴᠠᠭᠠᠵᠠ ᠶᠢᠨ | ᠲᠥᠪ ᠭᠤᠣᠯᠴᠢ ᠶᠢ ᠬᠠᠮᠠᠭᠠᠯᠠᠪᠠ︔ ᠲᠠᠪᠤ ᠳᠤ᠂ ᠨᠡᠶᠢᠲᠡ ᠶᠢᠨ ᠠᠰᠠᠷᠠᠮᠵᠢ ᠶᠢᠨ ᠵᠠᠷᠭᠤ ᠶᠢ ᠥᠷᠭᠡᠳᠬᠡᠵᠦ᠂ ᠴᠢᠳᠠᠮᠠᠭᠠᠢ | ᠪᠠᠶᠢᠴᠠᠭᠠᠬᠤ ᠪᠠᠷ ᠤᠯᠠᠨ ᠨᠡᠶᠢᠲᠡ ᠶᠢᠨ ᠠᠰᠢᠭ ᠲᠤᠰᠠ ᠶᠢ ᠬᠠᠮᠠᠭᠠᠯᠠᠪᠠ︔ ᠵᠢᠷᠭᠤᠭ᠎ᠠ ᠳᠤ᠂ ᠪᠠᠶᠢᠴᠠᠭᠠᠬᠤ ᠬᠤᠷᠢᠶ᠎ᠠ ᠶᠢ | ᠴᠢᠩᠭ᠎ᠠ ᠵᠠᠰᠠᠬᠤ ᠶᠢ ᠪᠠᠷᠢᠮᠲᠠᠯᠠᠵᠤ᠂ ᠴᠢᠳᠠᠮᠠᠭᠠᠢ ᠪᠠᠶᠢᠴᠠᠭᠠᠬᠤ ᠪᠠᠷ ᠰᠢᠯᠭᠠᠷᠠᠭᠰᠠᠨ ᠡᠩᠨᠡᠭᠡ ᠶᠢ ᠳᠠᠪᠲᠠᠨ ᠪᠣᠯᠪᠠᠰᠤᠷᠠᠭᠤᠯᠪᠠ᠃ | ᠵᠠᠩ ᠵᠢᠶᠦ᠋ᠨ ᠮᠡᠳᠡᠭᠦᠯᠦᠯᠲᠡ ᠳᠡᠭᠡᠨ 2023 ᠣᠨ ᠤ ᠠᠵᠢᠯ ᠳᠤ ᠰᠠᠨᠠᠭᠤᠯᠭ᠎ᠠ ᠳᠤᠷᠠᠳᠴᠠᠢ᠄ ᠨᠢᠭᠡ ᠳᠤ᠂ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ | ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠭᠡᠷᠡᠭᠳᠡᠢ︔ ᠬᠤᠶᠠᠷ ᠲᠤ᠂ ᠤᠯᠤᠰ ᠤᠨ ᠠᠮᠤᠷ ᠲᠦᠪᠰᠢᠨ ᠪᠠ ᠨᠡᠶᠢᠭᠡᠮ ᠤᠨ | ᠲᠣᠭᠲᠠᠭᠤᠨ ᠢ ᠡᠷᠡᠰ ᠬᠠᠮᠠᠭᠠᠯᠠᠬᠤ ᠭᠡᠷᠡᠭᠳᠡᠢ︔ ᠭᠤᠷᠪᠠ ᠳᠤ᠂ ᠬᠠᠤᠯᠢᠵᠢᠯ ᠤᠨ ᠬᠦᠴᠦᠨ ᠢ ᠭᠦᠢᠴᠡᠳ ᠬᠡᠷᠡᠭᠯᠡᠵᠦ ᠴᠢᠨᠠᠷ | ᠰᠠᠶᠢᠲᠠᠢ ᠬᠥᠭᠵᠢᠯᠲᠡ ᠳᠤ ᠦᠢᠯᠡᠴᠢᠯᠡᠬᠦ ᠭᠡᠷᠡᠭᠳᠡᠢ︔ ᠳᠥᠷᠪᠡ ᠳᠤ᠂ ᠬᠠᠤᠯᠢ ᠴᠠᠭᠠᠵᠠ ᠶᠢᠨ ᠬᠢᠨᠠᠯᠲᠠ ᠲᠠᠯᠪᠢᠬᠤ | ᠴᠢᠳᠠᠪᠤᠷᠢ ᠶᠢ ᠳᠡᠭᠡᠭᠰᠢᠯᠡᠭᠦᠯᠭᠦ ᠭᠡᠷᠡᠭᠳᠡᠢ︔ ᠲᠠᠪᠤ ᠳᠤ᠂ ᠬᠠᠤᠯᠢ ᠴᠠᠭᠠᠵᠠ ᠶᠢᠨ ᠪᠠᠶᠢᠭᠤᠯᠤᠮᠵᠢ ᠶᠢᠨ ᠶᠡᠷᠦᠩᠬᠡᠶᠢᠯᠡᠭᠰᠡᠨ ᠢᠵᠢ | ᠪᠦᠷᠢᠳᠦᠭᠦᠯᠦᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠭᠡᠷᠡᠭᠳᠡᠢ︔ ᠵᠢᠷᠭᠤᠭ᠎ᠠ ᠳᠤ᠂ ᠬᠦᠨᠳᠦ ᠡᠭᠦᠷᠭᠡ ᠶᠢ ᠡᠭᠦᠷᠭᠡᠯᠡᠵᠦ | ᠲᠡᠶᠢᠯᠭᠦ ᠪᠠᠶᠢᠴᠠᠭᠠᠬᠤ ᠠᠵᠢᠯ ᠤᠨ ᠲᠡᠮᠦᠷ ᠴᠡᠷᠢᠭ ᠢ ᠪᠠᠶᠢᠭᠤᠯᠬᠤ ᠬᠡᠷᠡᠭᠲᠡᠢ᠃ | ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠺᠧ ᠴᠢᠶᠠᠩ ᠤᠨ ᠬᠢᠨᠠᠨ ᠵᠥᠪᠯᠡᠭᠦᠯᠭᠦ ᠪᠠᠷ | ᠳᠡᠪᠰᠢᠭᠦᠯᠦᠭᠰᠡᠨ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ ᠤᠨ ᠰᠠᠨᠠᠯ | ᠵᠥᠪᠯᠡᠯᠭᠡ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭ᠎ᠠ ᠶᠢᠨ ᠪᠦᠭᠦ ᠤᠯᠤᠰ ᠤᠨ | ᠲᠥᠯᠥᠭᠡᠯᠡᠭᠴᠢᠳ ᠤᠨ ᠶᠡᠭᠡ ᠬᠤᠷᠠᠯ ᠠᠴᠠ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠢ ᠴᠢᠬᠤᠯᠠ | ᠪᠠᠶᠢᠷᠢᠯᠠᠭᠤᠯᠤᠯᠲᠠ ᠬᠢᠪᠡ᠃ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ ᠪᠦᠭᠦᠳᠡ | ᠬᠤᠷᠠᠯ ᠠᠴᠠ ︽ᠨᠠᠮ ᠪᠠ ᠲᠥᠷᠥ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ︾ ᠢ ᠬᠢᠨᠠᠨ ᠵᠥᠪᠯᠡᠵᠦ | ᠪᠠᠲᠤᠯᠠᠭᠠᠳ᠂ ᠲᠡᠭᠦᠨ ᠤ ᠳᠣᠲᠣᠷᠠᠬᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠳᠤ | ᠬᠤᠯᠪᠣᠭᠳᠠᠭᠰᠠᠨ ᠠᠭᠤᠯᠭ᠎ᠠ ᠶᠢ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠳᠤ ᠳᠡᠪᠰᠢᠭᠦᠯᠵᠦ ᠬᠢᠨᠠᠨ ᠵᠦᠪᠯᠡᠭᠦᠯᠭᠦ ᠪᠠᠷ ᠵᠥᠪᠰᠢᠶᠡᠷᠡᠪᠡ᠃ | ᠤᠳᠤ ︽ᠨᠠᠮ ᠪᠠ ᠲᠦᠷᠦ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ︾ ᠢ ᠦᠨᠳᠦᠰᠦᠯᠡᠨ | ᠪᠦᠷᠢᠯᠳᠦᠭᠦᠯᠦᠭᠰᠡᠨ ︽ᠲᠦᠷᠦ ᠶᠢᠨ ᠶᠠᠪᠤᠳᠠᠯ ᠤᠨ ᠬᠤᠷᠢᠶ᠎ᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ︾ ᠢ | ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠠᠩᠬᠠᠳᠤᠭᠠᠷ ᠬᠤᠷᠠᠯ ᠳᠤ ᠬᠢᠨᠠᠨ ᠵᠦᠪᠯᠡᠭᠦᠯᠭᠦ ᠪᠠᠷ ᠳᠡᠪᠰᠢᠭᠦᠯᠪᠡ ᠭᠡᠵᠦ ᠵᠢᠭᠠᠵᠤ ᠭᠠᠷᠭᠠᠪᠠ᠃ ᠲᠦᠷᠦ ᠶᠢᠨ ᠶᠠᠪᠤᠳᠠᠯ ᠤᠨ | ᠬᠤᠷᠢᠶ᠎ᠠ ᠶᠢᠨ ᠨᠠᠶᠢᠳᠠᠯᠭ᠎ᠠ ᠪᠠᠷ ᠲᠦᠷᠦ ᠶᠢᠨ ᠶᠠᠪᠤᠳᠠᠯ ᠤᠨ ᠭᠡᠰᠢᠭᠦᠨ ᠪᠥᠭᠡᠳ ᠲᠦᠷᠦ ᠶᠢᠨ ᠶᠠᠪᠤᠳᠠᠯ ᠤᠨ ᠬᠤᠷᠢᠶ᠎ᠠ ᠶᠢᠨ | ᠨᠠᠷᠢᠨ ᠪᠢᠴᠢᠭ ᠤᠨ ᠳᠠᠷᠤᠭ᠎ᠠ ᠰᠢᠶᠣᠣ ᠵᠢᠶᠧ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠪᠠᠶᠢᠭᠤᠯᠤᠮᠵᠢ ᠶᠢᠨ | ᠥᠭᠡᠷᠡᠴᠢᠯᠡᠯᠲᠡ ᠶᠢᠨ ᠲᠥᠰᠥᠯ ᠤᠨ ᠲᠤᠬᠠᠢ ᠲᠣᠳᠣᠷᠬᠠᠶᠢᠯᠠᠯᠲᠠ ᠬᠢᠪᠡ᠃ ᠰᠢᠶᠣᠣ ᠵᠢᠶᠧ ᠲᠣᠳᠣᠷᠬᠠᠶᠢᠯᠠᠯᠲᠠ ᠳᠠᠭᠠᠨ᠂ | ᠲᠥᠷᠥ ᠶᠢᠨ ᠶᠠᠪᠤᠳᠠᠯ ᠤᠨ ᠬᠤᠷᠢᠶ᠎ᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠨᠢ ᠨᠠᠮ ᠪᠠ ᠲᠥᠷᠥ ᠶᠢᠨ | ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠨᠢᠭᠡᠨ ᠴᠢᠬᠤᠯᠠ ᠡᠭᠦᠷᠭᠡ ᠪᠣᠯᠤᠭᠰᠠᠨ ᠤ ᠬᠤᠪᠢ ᠳᠤ᠂ ᠰᠢᠨᠵᠢᠯᠡᠬᠦ ᠤᠬᠠᠭᠠᠨ | ᠲᠦ᠋ᠭᠨᠢᠭ ᠮᠡᠷᠭᠡᠵᠢᠯ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ᠂ ᠳ᠋ᠠᠶᠢᠲ᠋ᠠ ᠶᠢᠨ ᠬᠠᠮᠢᠶᠠᠷᠤᠯᠲᠠ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠮᠡᠳᠡᠯᠭᠡ ᠶᠢᠨ ᠥᠮᠴᠢᠯᠡᠯ ᠤᠨ ᠡᠷᠬᠡ᠂ ᠥᠲᠡᠭᠦᠰ ᠤᠨ ᠠᠵᠢᠯ ᠵᠡᠷᠭᠡ | ᠭᠤᠣᠯᠳᠠᠯᠭ᠎ᠠ ᠲᠠᠢ ᠬᠦᠷᠢᠶᠡᠨ ᠳᠠᠬᠢ ᠪᠠᠶᠢᠭᠤᠯᠤᠮᠵᠢ ᠶᠢᠨ ᠲᠤᠰᠢᠶᠠᠯ ᠬᠠᠷᠢᠭᠤᠴᠠᠯᠭ᠎ᠠ ᠶᠢ ᠰᠢᠯᠢᠳᠡᠭᠵᠢᠭᠦᠯᠦᠨ | ᠲᠣᠬᠢᠷᠠᠭᠤᠯᠤᠯᠲᠠ ᠬᠢᠵᠦ᠂ ᠵᠠᠰᠠᠭ ᠤᠨ ᠣᠷᠳᠣᠨ ᠤ ᠡᠭᠦᠷᠭᠡ ᠲᠤᠰᠢᠶᠠᠯ ᠢ ᠬᠤᠪᠢᠷᠠᠭᠤᠯᠤᠨ᠂ ᠬᠠᠤᠯᠢᠵᠢᠯ ᠤᠨ ᠵᠠᠰᠠᠭ ᠤᠨ | ᠣᠷᠳᠣᠨ ᠢ ᠲᠦᠷᠭᠡᠳᠬᠡᠨ ᠪᠠᠶᠢᠭᠤᠯᠬᠤ ᠪᠣᠯ ᠭᠤᠣᠯᠳᠠᠯᠭ᠎ᠠ ᠪᠣᠯᠣᠨ᠎ᠠ ᠭᠡᠵᠦ ᠵᠢᠭᠠᠵᠤ ᠭᠠᠷᠭᠠᠪᠠ᠃ ᠡᠨᠡ ᠤᠳᠠᠭᠠᠨ ᠤ | ᠲᠦᠷᠦ ᠶᠢᠨ ᠶᠠᠪᠤᠳᠠᠯ ᠤᠨ ᠬᠤᠷᠢᠶ᠎ᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠪᠣᠳᠠᠲᠠᠢ ᠠᠭᠤᠯᠭ᠎ᠠ ᠨᠢ ᠳᠣᠣᠷᠠᠬᠢ | ᠮᠡᠲᠦ᠄ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠠᠮᠤᠨ ᠢ ᠳᠠᠭᠢᠨ ᠰᠢᠨ᠎ᠡ ᠪᠠᠷ ᠪᠠᠶᠢᠭᠤᠯᠤᠨ᠎ᠠ︔ ᠤᠯᠤᠰ ᠤᠨ | ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢ ᠪᠠᠶᠢᠭᠤᠯᠤᠨ᠎ᠠ︔ ᠣᠷᠣᠨ ᠨᠤᠲᠤᠭ ᠤᠨ | ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ︔ | ᠳᠤᠮᠳᠠᠳᠤ ᠤᠯᠤᠰ ᠤᠨ ᠦᠨᠡᠲᠦ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠢ ᠲᠦᠷᠦ ᠶᠢᠨ ᠶᠠᠪᠤᠳᠠᠯ ᠤᠨ | ᠬᠤᠷᠢᠶ᠎ᠠ ᠶᠢᠨ ᠰᠢᠭᠤᠳ ᠬᠠᠷᠢᠶ᠎ᠠ ᠪᠠᠶᠢᠭᠤᠯᠤᠮᠵᠢ ᠪᠣᠯᠭᠠᠨ ᠲᠤᠭᠢᠷᠠᠭᠤᠯᠤᠨ᠎ᠠ︔ ᠳᠤᠮᠳᠠᠳᠤ ᠤᠯᠤᠰ ᠤᠨ ᠠᠷᠠᠳ ᠤᠨ | ᠪᠠᠩᠬᠢ ᠶᠢᠨ ᠰᠠᠯᠪᠤᠷᠢ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠵᠢᠭᠦᠯᠦᠨ ᠠᠭᠢᠭᠤᠯᠤᠨ᠎ᠠ︔ | ᠤᠯᠤᠰ ᠤᠨ ᠥᠮᠴᠢᠯᠡᠯ ᠤᠨ ᠮᠥᠩᠭᠦᠨ ᠭᠦᠢᠯᠭᠡᠭᠡᠨ ᠤ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠶᠢ | ᠲᠡᠭᠦᠯᠳᠡᠷᠵᠢᠭᠦᠯᠦᠨ᠎ᠡ︔ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠠᠵᠢᠯᠲᠠᠨ ᠤ ᠨᠢᠭᠡᠳᠦᠯᠲᠡᠢ | ᠵᠢᠷᠤᠮᠵᠢᠬᠰᠠᠨ ᠬᠠᠮᠢᠶᠠᠷᠤᠯᠲᠠ ᠶᠢ ᠴᠢᠩᠭᠠᠳᠬᠠᠨ᠎ᠠ︔ ᠤᠯᠤᠰ ᠤᠨ ᠳ᠋ᠠᠶᠢᠲ᠋ᠠ ᠶᠢᠨ ᠲᠣᠪᠴᠢᠶ᠎ᠠ ᠶᠢ ᠪᠠᠶᠢᠭᠤᠯᠤᠨ᠎ᠠ︔ ᠬᠥᠳᠡᠭᠡ | ᠠᠵᠤ ᠠᠬᠤᠢ ᠬᠥᠳᠡᠭᠡ ᠲᠣᠰᠬᠤᠨ ᠤ ᠶᠠᠮᠤᠨ ᠤ ᠲᠤᠰᠢᠶᠠᠯ ᠬᠠᠷᠢᠭᠤᠴᠠᠯᠭ᠎ᠠ ᠶᠢ ᠰᠢᠯᠢᠳᠡᠭᠵᠢᠭᠦᠯᠦᠨ᠎ᠡ︔ ᠥᠲᠡᠭᠦᠰ ᠤᠨ | ᠠᠵᠢᠯ ᠤᠨ ᠪᠠᠶᠢᠭᠤᠯᠤᠮᠵᠢ ᠶᠢ ᠲᠡᠭᠦᠯᠳᠡᠷᠵᠢᠭᠦᠯᠦᠨ᠎ᠡ︔ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠢᠶᠠᠷᠤᠯᠲᠠ ᠶᠢᠨ | ᠪᠠᠶᠢᠭᠤᠯᠤᠮᠵᠢ ᠶᠢ ᠲᠡᠭᠦᠯᠳᠡᠷᠵᠢᠭᠦᠯᠦᠨ᠎ᠡ︔ ᠤᠯᠤᠰ ᠤᠨ ᠵᠠᠬᠢᠳᠠᠯ ᠰᠤᠷᠪᠤᠯᠵᠢᠯᠠᠯ ᠤᠨ ᠲᠣᠪᠴᠢᠶ᠎ᠠ ᠶᠢ ᠲᠦᠷᠦ ᠶᠢᠨ | ᠶᠠᠪᠤᠳᠠᠯ ᠤᠨ ᠬᠤᠷᠢᠶ᠎ᠠ ᠶᠢᠨ ᠰᠢᠭᠤᠳ ᠬᠠᠷᠢᠶ᠎ᠠ ᠪᠠᠶᠢᠭᠤᠯᠤᠮᠵᠢ ᠪᠣᠯᠭᠠᠨ ᠲᠤᠭᠢᠷᠠᠭᠤᠯᠤᠨ᠎ᠠ︔ ᠲᠥᠪ ᠤᠨ ᠲᠥᠷᠥ ᠶᠢᠨ | ᠪᠠᠶᠢᠭᠤᠯᠭ᠎ᠠ ᠶᠢᠨ ᠠᠵᠢᠯᠲᠠᠨ ᠤ ᠣᠷᠣᠨ ᠲᠤᠭ᠎ᠠ ᠶᠢ ᠴᠣᠮᠬᠠᠳᠬᠠᠨ᠎ᠠ᠃ ᠳᠡᠭᠡᠷ᠎ᠡ ᠳᠤᠷᠠᠳᠤᠭᠰᠠᠨ ᠲᠥᠰᠥᠯ ᠶᠣᠰᠣᠭᠠᠷ | ᠲᠣᠬᠢᠷᠠᠭᠤᠯᠤᠯᠲᠠ ᠬᠢᠭᠰᠡᠨ ᠤ ᠳᠠᠷᠠᠭ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠠᠴᠠ ᠭᠠᠳᠠᠨ᠎ᠠ᠂ | ᠲᠥᠷᠥ ᠶᠢᠨ ᠶᠠᠪᠤᠳᠠᠯ ᠤᠨ ᠬᠤᠷᠢᠶ᠎ᠠ ᠶᠢᠨ ᠲᠣᠬᠢᠷᠠᠭᠤᠯᠤᠭᠰᠠᠨ ᠪᠦᠷᠢᠯᠳᠦᠭᠦᠨ ᠰᠠᠯᠠᠭ᠎ᠠ ᠮᠥᠴᠢᠷ ᠮᠥᠨ ᠬᠦ 26 ᠪᠣᠯᠣᠨ᠎ᠠ᠃ | ᠶᠡᠭᠡ ᠬᠤᠷᠠᠯ ᠤᠨ ᠭᠦᠢᠴᠡᠳᠭᠡᠭᠴᠢ ᠲᠡᠷᠢᠭᠦᠯᠡᠭᠴᠢ ᠸᠠᠩ ᠨᠢᠩ᠂ ᠯᠢᠦ ᠢ ᠯᠢᠶᠠᠩ᠂ ᠯᠢᠦ ᠨᠢᠩ᠂ ᠯᠢ ᠰᠢᠤ ᠯᠢᠩ᠂ ᠴᠧᠨ | ᠭᠠᠩ᠂ ᠵᠧᠩ ᠱᠠᠨ ᠵᠢᠶᠧ᠂ ᠨᠢ ᠶᠤᠸᠠᠢ ᠹᠧᠩ᠂ ᠵᠢᠩ ᠵᠢᠶᠦ᠋ᠨ ᠬᠠᠢ᠂ ᠯᠧᠦ ᠶᠠᠩ ᠱᠧᠩ ᠲᠡᠷᠢᠭᠦᠯᠡᠭᠴᠢᠳ ᠤᠨ | ᠲᠠᠶᠢᠰᠠᠨ ᠤ ᠭᠦᠢᠴᠡᠳᠭᠡᠭᠴᠢ ᠲᠡᠷᠢᠭᠦᠯᠡᠭᠴᠢ ᠶᠢᠨ ᠰᠠᠭᠤᠳᠠᠯ ᠳᠤ ᠰᠠᠭᠠᠲᠠᠪᠠ᠃ ᠢᠷᠡᠯᠲᠡ᠄ ᠥᠪᠥᠷ ᠮᠣᠩᠭᠤᠯ ᠤᠨ | ᠡᠳᠦᠷ ᠤᠨ ᠰᠣᠨᠢᠨ |