—— 2023 ᠣᠨ ᠤ 2 ᠰᠠᠷ᠎ᠠ ᠶᠢᠨ 1 ᠤ ᠡᠳᠦᠷ ᠪᠠᠭᠠᠷᠢᠨ ᠵᠡᠭᠦᠨ ᠬᠤᠰᠢᠭᠤᠨ ᠤ | ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ | ᠤᠳᠠᠭᠠᠨ ᠤ ᠬᠤᠷᠠᠯᠳᠤᠭᠠᠨ ᠳᠡᠭᠡᠷ᠎ᠡ | | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ | ᠴᠢᠨ ᠬᠤᠸᠠᠢ ᠳ᠋ᠦᠩ | ᠲᠦᠯᠦᠭᠡᠯᠡᠭᠴᠢᠳ ᠡ᠄ | ᠣᠳᠣ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠨ᠂ ᠶᠡᠭᠡ ᠬᠤᠷᠠᠯ ᠳᠤ ᠠᠵᠢᠯ | ᠤᠨ ᠮᠡᠳᠡᠭᠦᠯᠦᠯᠲᠡ ᠬᠢᠶ᠎ᠡ᠂ ᠬᠢᠨᠠᠨ ᠵᠦᠪᠯᠡᠬᠦ ᠪᠣᠯᠪᠠᠤ︕ ᠬᠤᠷᠠᠯ ᠳᠤ ᠣᠷᠤᠯᠴᠠᠭᠰᠠᠨ ᠬᠤᠰᠢᠭᠤᠨ ᠤ ᠤᠯᠤᠰ | ᠲᠥᠷᠥ ᠶᠢᠨ ᠵᠦᠪᠯᠡᠯᠭᠡᠨ ᠤ ᠭᠡᠰᠢᠭᠦᠳ ᠪᠣᠯᠤᠨ ᠰᠤᠯᠠ ᠣᠷᠤᠯᠴᠠᠭᠰᠠᠳ ᠰᠠᠨᠠᠯ ᠢᠶᠠᠨ ᠳᠤᠷᠠᠳᠬᠤ ᠶᠢ ᠬᠦᠰᠡᠵᠦ | ᠪᠠᠶᠢᠨ᠎ᠠ᠃ | ᠨᠢᠭᠡ᠂ 2022 ᠣᠨ ᠤ ᠠᠵᠢᠯ ᠤᠨ ᠡᠷᠭᠢᠴᠡᠭᠦᠯᠦᠯ | ᠥᠩᠭᠡᠷᠡᠭᠰᠡᠨ ᠨᠢᠭᠡ ᠵᠢᠯ ᠳᠤ᠂ ᠨᠠᠷᠢᠨ ᠪᠤᠳᠤᠯᠢᠶᠠᠨᠲᠠᠶ ᠠᠵᠤ ᠠᠬᠤᠶ ᠶᠢᠨ ᠪᠠᠶᠢᠳᠠᠯ ᠪᠣᠯᠤᠨ ᠥᠭᠡᠷᠡᠴᠢᠯᠡᠯᠲᠡ | ᠬᠥᠭᠵᠢᠯᠲᠡ ᠲᠣᠭᠲᠠᠭᠤᠨ ᠤ ᠬᠦᠨᠳᠦ ᠡᠭᠦᠷᠭᠡ ᠶᠢᠨ ᠡᠮᠦᠨ᠎ᠡ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ | ᠪᠠᠷᠢᠮᠲᠠᠯᠠᠵᠤ᠂ ᠨᠠᠮ ᠤᠨ ᠲᠥᠪ ᠬᠤᠷᠢᠶᠠᠨ ᠤ ︽ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠵᠤ ᠠᠬᠤᠶ ᠶᠢ | ᠲᠣᠭᠲᠠᠭᠤᠨ ᠪᠠᠶᠢᠯᠭᠠᠬᠤ᠂ ᠬᠥᠭᠵᠢᠯᠲᠡ ᠶᠢ ᠠᠮᠤᠷ ᠲᠦᠪᠰᠢᠨ ᠪᠠᠶᠢᠯᠭᠠᠬᠤ︾ ᠶᠡᠷᠦᠩᠬᠡᠶ ᠱᠠᠭᠠᠷᠳᠠᠯᠭ᠎ᠠ ᠶᠢ ᠡᠷᠡᠰ | ᠲᠤᠤᠱᠯᠠᠭᠤᠯᠤᠨ᠂ ᠥᠪᠡᠷᠲᠡᠭᠡᠨ ᠵᠠᠰᠠᠬᠤ ᠣᠷᠣᠨ᠂ ᠤᠯᠠᠭᠠᠨᠬᠠᠳᠠ ᠬᠤᠲᠠ ᠶᠢᠨ ᠡᠯ᠎ᠡ ᠵᠦᠢᠯ ᠤᠨ ᠰᠢᠢᠳᠪᠦᠷᠢᠲᠦ | ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠶ ᠨᠠᠶᠢᠳᠠᠪᠤᠷᠢᠵᠢᠭᠤᠯᠵᠤ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠲᠤ | ᠴᠢᠩᠭ᠎ᠠ ᠤᠳᠤᠷᠢᠳᠤᠯᠭ᠎ᠠ ᠳᠣᠤᠷ᠎ᠠ᠂ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠲᠠᠢ | ᠨᠢᠭᠲᠠ ᠪᠦᠯᠬᠦᠮᠳᠡᠨ ᠲᠦᠰᠢᠭᠯᠡᠵᠦ᠂ ᠪᠡᠷᠬᠡ ᠶᠢ ᠳᠤᠭᠤᠯᠤᠨ ᠡᠷᠡᠮᠡᠬᠡᠶᠢᠯᠡᠨ ᠤᠷᠤᠭᠰᠢᠯᠠᠵᠤ᠂ ᠬᠤᠰᠢᠭᠤᠨ ᠤ ᠠᠷᠪᠠᠨ | ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ | ᠬᠤᠷᠠᠯᠳᠤᠭᠠᠨ ᠠᠴᠠ ᠲᠣᠭᠲᠠᠭᠠᠭᠰᠠᠨ ᠬᠠᠷᠠᠯᠲᠠ ᠡᠭᠦᠷᠭᠡ ᠪᠠᠨ ᠨᠡᠯᠢᠶᠡᠳ ᠰᠠᠶᠢᠨ ᠪᠡᠶᠡᠯᠡᠭᠦᠯᠵᠦ᠂ ᠠᠵᠤ ᠠᠬᠤᠶ ᠶᠢᠨ | ᠭᠤᠤᠯ ᠭᠦᠢᠴᠡᠳᠬᠡᠯ ᠲᠤᠭ᠎ᠠ ᠶᠢ ᠲᠣᠭᠲᠠᠭᠤᠨ ᠤ ᠳᠤᠮᠳᠠ ᠰᠠᠶᠢᠵᠢᠷᠠᠭᠤᠯᠵᠤ᠂ ᠠᠵᠤ ᠠᠬᠤᠶ ᠨᠡᠶᠢᠭᠡᠮ ᠢ | ᠲᠣᠭᠲᠠᠭᠤᠨ ᠪᠥᠭᠡᠳ ᠡᠷᠡᠭᠦᠯ ᠢᠶᠠᠷ ᠬᠦᠭᠵᠢᠭᠦᠯᠪᠡ᠃ ᠪᠥᠬᠦ ᠬᠤᠰᠢᠭᠤᠨ ᠤ ᠭᠠᠵᠠᠷ ᠣᠷᠣᠨ ᠤ ᠦᠢᠯᠡᠳᠪᠦᠷᠢᠯᠡᠯ ᠤᠨ | ᠶᠡᠷᠦᠩᠬᠡᠶ ᠥᠷᠲᠡᠭ 154.6 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1. | 4% ᠨᠡᠮᠡᠭᠳᠡᠪᠡ︔ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ 44.2 ᠳ᠋ᠦᠩᠰᠢᠭᠤᠷ ᠲᠥᠭᠦᠷᠢᠭ ᠲᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 12.1% ᠨᠡᠮᠡᠭᠳᠡᠪᠡ︔ ᠨᠡᠶᠢᠭᠡᠮ ᠤᠨ ᠬᠡᠷᠡᠭᠯᠡᠭᠡᠨ ᠤ ᠵᠦᠢᠯ ᠤᠨ | ᠵᠢᠵᠢᠭᠯᠡᠨ ᠬᠤᠳᠠᠯᠳᠤᠭᠰᠠᠨ ᠶᠡᠷᠦᠩᠬᠡᠢ ᠬᠡᠮᠵᠢᠶ᠎ᠡ 47.6 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 0.3% ᠨᠡᠮᠡᠭᠳᠡᠪᠡ︔ ᠡᠩ ᠤᠨ ᠤᠯᠠᠨ ᠨᠡᠶᠢᠲᠡ ᠶᠢᠨ ᠲᠥᠰᠦᠪ ᠤᠨ ᠣᠷᠣᠯᠭ᠎ᠠ 4. | 89 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.8% ᠨᠡᠮᠡᠭᠳᠡᠪᠡ︔ ᠬᠤᠲᠠ | ᠬᠥᠳᠡᠭᠡ ᠶᠢᠨ ᠪᠠᠶᠢᠩᠭᠤ ᠰᠠᠭᠤᠭᠠᠯᠢ ᠠᠷᠠᠳ ᠤᠨ ᠬᠥᠮᠦᠨ ᠪᠦᠷᠢ ᠳᠤ ᠲᠡᠭᠰᠢᠳᠬᠡᠭᠰᠡᠨ ᠬᠤᠪᠢᠶᠠᠷᠢᠯᠠᠵᠤ ᠪᠣᠯᠬᠤ | ᠣᠷᠣᠯᠭ᠎ᠠ ᠨᠢ ᠲᠣᠰ ᠲᠣᠰ 35462 ᠲᠥᠭᠦᠷᠢᠭ ᠪᠠ 15023 ᠲᠥᠭᠦᠷᠢᠭ ᠢ ᠪᠡᠶᠡᠯᠡᠭᠦᠯᠵᠦ᠂ ᠠᠳᠠᠯᠢ | ᠬᠤᠭᠤᠴᠠᠭᠠᠨ ᠤ ᠬᠢ ᠠᠴᠠ ᠲᠣᠰ ᠲᠣᠰ 5.5% ᠪᠠ 8.8% ᠨᠡᠮᠡᠭᠳᠡᠪᠡ᠃ | ᠨᠢᠭᠡ ᠵᠢᠯ ᠤᠨ ᠲᠤᠷᠰᠢ᠂ ᠪᠢᠳᠡ ᠪᠣᠳᠠᠲᠠᠶ ᠪᠠᠷ ᠠᠵᠢᠯᠯᠠᠨ ᠡᠷᠡᠮᠡᠬᠡᠶᠢᠯᠡᠨ ᠤᠷᠤᠭᠰᠢᠯᠠᠵᠤ᠂ ᠬᠥᠭᠵᠢᠯᠲᠡ ᠶᠢ | ᠠᠬᠢᠭᠤᠯᠤᠨ ᠲᠣᠭᠲᠠᠭᠤᠨ ᠢᠶᠠᠷ ᠨᠡᠮᠡᠭᠳᠡᠭᠦᠯᠵᠦ᠂ ᠶᠡᠷᠦᠩᠬᠡᠶᠢᠯᠡᠭᠰᠡᠨ ᠠᠵᠤ ᠠᠬᠤᠶ ᠶᠢᠨ ᠪᠣᠳᠠᠲᠤ ᠬᠦᠴᠦᠨ ᠢᠯᠡᠳᠲᠡ | ᠴᠢᠩᠭᠠᠷᠠᠪᠠ᠃ ᠠᠵᠤ ᠠᠬᠤᠶ ᠶᠢᠨ ᠬᠥᠭᠵᠢᠯᠲᠡ ᠶᠢᠨ ᠤᠶᠠᠨ ᠬᠠᠲᠠᠨ ᠴᠢᠨᠠᠷ ᠦᠷᠭᠦᠯᠵᠢᠯᠡᠨ ᠳᠡᠭᠡᠭᠰᠢᠯᠡᠵᠦ᠂ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠬᠦᠨᠳᠦ ᠨᠣᠴᠢᠲᠠᠶ ᠲᠠᠭᠠᠷᠢᠯᠲᠠ ᠶᠢᠨ ᠡᠮᠦᠨ᠎ᠡ᠂ 5000 | ᠲᠦᠮᠡᠨ ᠲᠥᠭᠦᠷᠢᠭ ᠠᠴᠠ ᠳᠡᠭᠡᠭᠰᠢᠬᠢ ᠬᠤᠲᠠ ᠶᠢᠨ ᠲᠠᠰ ᠤᠨ ᠲᠣᠬᠢᠷᠠᠭᠤᠯᠤᠯᠲᠠ ᠶᠢᠨ ᠭᠤᠤᠯᠳᠠᠯᠭ᠎ᠠ ᠲᠠᠢ ᠲᠥᠷᠥᠯ | ᠵᠦᠢᠯ ᠢ 47 ᠨᠠᠶᠢᠳᠠᠪᠦᠷᠢᠵᠢᠭᠤᠯᠵᠤ᠂ 40.4 ᠳ᠋ᠦᠩᠰᠢᠭᠤᠷ ᠲᠥᠭᠦᠷᠢᠭ ᠤᠨ ᠪᠠᠯᠠ ᠣᠷᠤᠭᠤᠯᠤᠨ᠂ ᠣᠨ ᠤ ᠪᠠᠯᠠ | ᠣᠷᠣᠭᠤᠯᠤᠯᠲᠠ ᠶᠢᠨ ᠡᠭᠦᠷᠭᠡ ᠪᠠᠨ ᠳᠠᠪᠠᠭᠤᠯᠤᠨ ᠪᠡᠶᠡᠯᠡᠭᠦᠯᠪᠡ᠃ ᠠᠵᠤ ᠠᠬᠤᠶ ᠶᠢᠨ ᠨᠡᠮᠡᠭᠳᠡᠯ ᠤᠨ ᠳᠠᠯᠳᠠ | ᠬᠦᠴᠦᠨ ᠢ ᠬᠤᠷᠠᠮᠳᠤᠭᠤᠯᠤᠨ᠂ ᠵᠢᠯ ᠤᠨ ᠳᠣᠲᠣᠷ᠎ᠠ 4 ᠬᠡᠪᠴᠢᠶᠡᠵᠢᠭᠰᠡᠨ ᠠᠵᠤ ᠠᠬᠤᠶᠢᠯᠠᠯ ᠪᠠ 8 ᠬᠢᠵᠠᠭᠠᠷᠲᠤ | ᠠᠵᠤ ᠠᠬᠤᠶᠢᠯᠠᠯ ᠢ ᠰᠢᠨ᠎ᠡ ᠪᠠᠷ ᠨᠡᠮᠡᠵᠦ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢ 3106 ᠰᠢᠨ᠎ᠡ ᠪᠠᠷ | ᠳᠠᠩᠰᠠᠯᠠᠭᠤᠯᠵᠤ᠂ ᠠᠳᠠᠯᠢ ᠬᠤᠭᠤᠴᠠᠭᠠᠨ ᠤ ᠬᠢ ᠠᠴᠠ 4.16% ᠨᠡᠮᠡᠭᠳᠡᠨ᠂ ᠪᠥᠬᠦ ᠬᠤᠰᠢᠭᠤᠨ ᠤ | ᠳᠠᠩᠰᠠᠯᠠᠭᠤᠯᠤᠭᠰᠠᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠶᠡᠷᠦᠩᠬᠡᠶ ᠲᠤᠭ᠎ᠠ ᠶᠢ 2.18 ᠲᠦᠮᠡᠨ | ᠡᠷᠦᠬᠡ ᠳᠤ ᠬᠦᠷᠭᠡᠪᠡ᠃ ᠠᠵᠤ ᠠᠬᠤᠶ ᠶᠢᠨ ᠠᠮᠢᠵᠢᠷᠠᠯ ᠤᠨ ᠬᠦᠴᠦᠨ ᠤᠯᠠᠮ ᠪᠠᠳᠠᠷᠠᠨ᠂ ᠠᠵᠤ ᠠᠬᠤᠶᠢᠯᠠᠯ ᠢ | ᠳᠡᠮᠵᠢᠨ ᠬᠦᠴᠢᠷᠳᠡᠯ ᠢ ᠲᠠᠶᠢᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠤᠭᠤᠳ ᠢ ᠪᠥᠬᠦ ᠲᠠᠯ᠎ᠠ ᠪᠠᠷ | ᠨᠠᠶᠢᠳᠠᠪᠦᠷᠢᠵᠢᠭᠤᠯᠵᠤ᠂ ᠭᠠᠶᠢᠯᠢ ᠰᠦᠢᠳᠬᠡᠯ ᠢ ᠨᠡᠶᠢᠲᠡ 3.7 ᠳ᠋ᠦᠩᠰᠢᠭᠤᠷ ᠲᠥᠭᠦᠷᠢᠭ ᠬᠠᠰᠤᠵᠤ ᠬᠡᠯᠲᠦᠷᠢᠭᠦᠯᠦᠨ᠂ | ᠤᠯᠤᠰ ᠤᠨ ᠦᠮᠴᠢᠯᠡᠯᠲᠦ ᠡᠳ᠋ ᠬᠥᠷᠥᠩᠭᠡ ᠪᠠ ᠳᠠᠷᠤᠭᠳᠠᠵᠤ ᠪᠠᠶᠢᠭ᠎ᠠ ᠪᠠᠯᠠ ᠮᠥᠩᠭᠦ ᠶᠢ 12.4 ᠳ᠋ᠦᠩᠰᠢᠭᠤᠷ | ᠲᠥᠭᠦᠷᠢᠭ ᠠᠰᠢᠭᠯᠠᠵᠤ᠂ ᠬᠤᠳᠠᠯᠳᠤᠭᠠᠴᠢᠨ ᠤᠷᠢᠵᠤ ᠪᠠᠯᠠ ᠲᠠᠲᠠᠬᠤ ᠲᠦᠷᠦᠯ ᠵᠦᠢᠯ ᠤᠨ ᠪᠠᠯᠠ ᠮᠥᠩᠭᠦ 11.7 | ᠳ᠋ᠦᠩᠰᠢᠭᠤᠷ ᠲᠥᠭᠦᠷᠢᠭ ᠨᠠᠶᠢᠳᠠᠪᠦᠷᠢᠵᠢᠭᠤᠯᠤᠨ᠂ ᠰᠢᠯᠵᠢᠭᠦᠯᠦᠨ ᠥᠭᠬᠦ ᠪᠠ ᠲᠤᠰᠬᠠᠶ ᠵᠦᠢᠯ ᠤᠨ ᠵᠢᠭᠡᠯᠡᠯᠭᠡ ᠶᠢᠨ | ᠲᠡᠮᠳᠡᠭᠲᠦ ᠵᠡᠷᠭᠡ ᠳᠡᠭᠡᠳᠦ ᠱᠠᠲᠤᠨ ᠤ ᠪᠠᠯᠠ ᠮᠥᠩᠭᠦ ᠶᠢ 38.8 ᠳ᠋ᠦᠩᠰᠢᠭᠤᠷ ᠲᠥᠭᠦᠷᠢᠭ ᠬᠠᠷᠢᠴᠠᠨ ᠣᠯᠵᠤ᠂ | ᠠᠳᠠᠯᠢ ᠬᠤᠭᠤᠴᠠᠭᠠᠨ ᠤ ᠬᠢ ᠠᠴᠠ 40% ᠨᠡᠮᠡᠭᠳᠡᠪᠡ᠃ ᠪᠥᠬᠦ ᠬᠤᠰᠢᠭᠤᠨ ᠤ ᠡᠯ᠎ᠡ ᠪᠠᠩᠬᠢ ᠶᠢᠨ ᠦᠢᠯᠡᠰ | ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠪᠠ ᠵᠢᠭᠡᠯᠡᠯᠭᠡ ᠶᠢᠨ ᠦᠯᠡᠳᠡᠪᠦᠷᠢ ᠲᠤᠭ᠎ᠠ ᠲᠣᠰ ᠲᠣᠰ | 11.91% ᠪᠠ 24.5% ᠨᠡᠮᠡᠭᠳᠡᠪᠡ᠃ | ᠨᠢᠭᠡ ᠵᠢᠯ ᠤᠨ ᠲᠤᠷᠰᠢ᠂ ᠪᠢᠳᠡ ᠠᠵᠠ ᠲᠣᠬᠢᠶᠠᠯ ᠢ ᠠᠮᠵᠢᠨ᠂ ᠰᠠᠨᠠᠭᠠᠴᠢᠯᠠᠭ᠎ᠠ ᠠᠴᠠ ᠪᠠᠨ ᠦᠭᠡᠷᠡᠴᠢᠯᠡᠵᠦ᠂ | ᠠᠷᠭ᠎ᠠ ᠮᠠᠶ᠋ᠢᠭ ᠢᠶᠠᠨ ᠬᠤᠪᠢᠷᠠᠭᠤᠯᠤᠨ ᠪᠦᠲᠦᠴᠡ ᠳᠤ ᠲᠣᠬᠢᠷᠠᠭᠤᠯᠤᠯᠲᠠ ᠬᠢᠵᠦ᠂ ᠠᠵᠤ ᠦᠢᠯᠡᠰ ᠤᠨ ᠲᠠᠰ | ᠳᠡᠪᠰᠢᠬᠦ ᠬᠥᠳᠡᠯᠭᠡᠭᠴᠢ ᠬᠦᠴᠦᠨ ᠢ ᠲᠦᠪᠯᠡᠷᠡᠭᠦᠯᠵᠡᠢ᠃ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ | ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠪᠡ᠃ 6.4 ᠳ᠋ᠦᠩᠰᠢᠭᠤᠷ ᠲᠥᠭᠦᠷᠢᠭ ᠤᠨ ᠪᠠᠯᠠ | ᠣᠷᠣᠭᠤᠯᠵᠤ᠂ ᠥᠨᠳᠥᠷ ᠪᠠᠷᠢᠮᠵᠢᠶ᠎ᠠ ᠪᠠᠷ ᠪᠠᠶᠢᠭᠤᠯᠤᠭᠰᠠᠨ ᠠᠯᠠᠰᠢᠨ ᠦᠬᠡᠷ᠂ ᠠᠯᠠᠰᠢᠨ ᠡᠯᠵᠢᠭᠡ᠂ ᠱᠦᠭᠦᠷ | ᠡᠪᠡᠰᠦ᠂ ᠬᠢᠲᠠᠳ ᠡᠮ ᠤᠨ ᠮᠠᠲ᠋ᠧᠷᠢᠶᠠᠯ ᠵᠡᠷᠭᠡ 4 ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ | ᠲᠣᠭᠤᠷᠢᠭ ᠢ ᠠᠩᠬ᠎ᠠ ᠠᠯᠬᠤᠮ ᠬᠡᠪᠴᠢᠶᠡᠵᠢᠭᠦᠯᠵᠦ᠂ ᠱᠧᠩ ᠬᠤᠶ ᠰᠦ ᠶᠢᠨ ᠦᠢᠯᠡᠰ ᠤᠨ ᠰᠠᠭᠤᠷᠢᠨ ᠭᠠᠵᠠᠷ ᠤᠨ | ᠨᠢᠭᠡᠳᠦᠭᠡᠷ ᠬᠤᠭᠤᠴᠠᠭ᠎ᠠ᠂ ᠬᠤᠩ ᡁᠢ ᠪᠠᠷᠢᠮᠵᠢᠶᠠᠵᠢᠭᠰᠠᠨ ᠠᠯᠠᠰᠢᠨ ᠡᠯᠵᠢᠭᠡ ᠲᠡᠵᠢᠭᠡᠨ ᠦᠷᠡᠵᠢᠭᠦᠯᠬᠦ ᠲᠠᠯᠠᠪᠠᠶ᠂ | ᠱᠦᠭᠦᠷ ᠡᠪᠡᠰᠦᠨ ᠤ ᠦᠷ᠎ᠡ ᠴᠢᠬᠢ ᠰᠤᠳᠤᠯᠬᠤ ᠲᠥᠪ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠬᠢᠲᠠᠳ | ᠡᠮ ᠤᠨ ᠮᠠᠲ᠋ᠧᠷᠢᠶᠠᠯ ᠤᠨ ᠳᠤᠭᠤᠶᠢᠯᠠᠩ ᠤᠨ ᠴᠢᠬᠢ ᠪᠤᠶᠢᠵᠢᠭᠤᠯᠬᠤ ᠲᠥᠪ ᠪᠠ ᠴᠢᠬᠢ ᠪᠣᠯᠪᠠᠰᠤᠷᠠᠭᠤᠯᠬᠤ ᠲᠥᠪ ᠤᠨ | ᠭᠤᠤᠯ ᠴᠣᠭᠴᠠ ᠶᠢ ᠪᠠᠶᠢᠭᠤᠯᠵᠤ ᠳᠠᠭᠤᠰᠪᠠ᠃ ᠠᠯᠠᠰᠢᠨ ᠦᠬᠡᠷ ᠤᠨ ᠠᠵᠤ ᠦᠢᠯᠡᠰ ᠤᠨ ᠬᠥᠭᠵᠢᠯᠲᠡ ᠶᠢ ᠳᠡᠮᠵᠢᠬᠦ | ᠰᠠᠨᠠᠯ 2.0 ᠤᠨ ᠬᠡᠪᠯᠡᠯ ᠵᠡᠷᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠨ ᠨᠡᠶᠢᠲᠡᠯᠡᠵᠦ᠂ 2. | 56 ᠳ᠋ᠦᠩᠰᠢᠭᠤᠷ ᠲᠥᠭᠦᠷᠢᠭ ᠤᠨ ︽ᠠᠯᠲᠠᠨ ᠦᠬᠡᠷ ᠤᠨ ᠵᠢᠭᠡᠯᠡᠯᠭᠡ︾ ᠲᠠᠷᠬᠠᠭᠠᠨ᠂ 6.6 ᠲᠦᠮᠡᠨ ᠡᠬᠡ ᠮᠠᠯ | ᠨᠡᠮᠡᠵᠦ᠂ 16 ᠭᠠᠴᠠᠭ᠎ᠠ ᠲᠣᠰᠬᠤᠨ ᠳᠤ ︽ᠨᠠᠶᠢᠳᠠᠨ ᠲᠡᠵᠢᠭᠡᠯᠭᠡᠵᠦ ᠦᠷᠡᠵᠢᠭᠦᠯᠬᠦ︾ ᠲᠤᠷᠰᠢᠯᠲᠠ ᠶᠢᠨ ᠴᠡᠭ ᠢ | ᠬᠡᠷᠡᠭᠵᠢᠭᠦᠯᠵᠦ᠂ ᠡᠬᠡ ᠮᠠᠯ ᠤᠨ ᠶᠡᠷᠦᠩᠬᠡᠶ ᠲᠤᠭ᠎ᠠ ᠶᠢ 15 ᠲᠦᠮᠡ ᠳᠤ ᠬᠦᠷᠦᠭᠦᠯᠪᠡ︔ ᠠᠯᠠᠰᠢᠨ ᠡᠯᠵᠢᠭᠡ ᠶᠢᠨ | ᠬᠡᠷ ᠪᠦᠯᠢ ᠶᠢᠨ ᠮᠠᠯᠵᠢᠯ ᠤᠨ ᠲᠠᠯᠠᠪᠠᠶ ᠶᠢ 7 ᠰᠢᠨ᠎ᠡ ᠪᠠᠷ ᠨᠡᠮᠡᠭᠳᠡᠭᠦᠯᠦᠨ᠂ ᠹᠦ᠋ ᠾᠧ ᠪᠠᠯᠭᠠᠰᠤ ᠶᠢᠨ ᠲᠦᠮᠡᠨ | ᠠᠯᠠᠰᠢᠨ ᠡᠯᠵᠢᠭᠡ ᠶᠢ ᠲᠡᠵᠢᠭᠡᠨ ᠦᠷᠡᠵᠢᠭᠦᠯᠬᠦ ᠵᠢᠴᠢ ᠨᠠᠷᠢᠯᠢᠭ ᠡᠳ᠋ᠰᠢᠭᠦᠯᠬᠦ ᠲᠥᠷᠥᠯ ᠵᠦᠢᠯ ᠢ ᠠᠰᠢᠭᠯᠠᠯᠲᠠ ᠳᠤ | ᠣᠷᠣᠭᠤᠯᠵᠤ᠂ ᠠᠯᠠᠰᠢᠨ ᠡᠯᠵᠢᠭᠡ ᠶᠢ ᠲᠡᠵᠢᠭᠡᠨ ᠠᠷᠠᠴᠢᠯᠠᠬᠤ ᠶᠡᠷᠦᠩᠬᠡᠶ ᠬᠡᠮᠵᠢᠶ᠎ᠡ ᠶᠢ 10 ᠲᠦᠮᠡ ᠳᠤ ᠬᠦᠷᠦᠭᠦᠯᠪᠡ | ︔ ᠱᠦᠭᠦᠷ ᠡᠪᠡᠰᠦ ᠶᠢᠨ ᠳᠠᠭᠠᠳᠬᠠᠯ ᠢ 11.6 ᠲᠦᠮᠡᠨ ᠮᠥ ᠪᠣᠯᠭᠠᠵᠤ᠂ ᠱᠦᠭᠦᠷ ᠡᠪᠡᠰᠦᠨ ᠤ ᠪᠦᠲᠦᠭᠡᠭᠳᠡᠬᠦᠨ | 1100 ᠲᠦᠮᠡ ᠬᠤᠪᠢ ᠦᠢᠯᠡᠳᠪᠡ︔ 7 ᠲᠦᠮᠡᠨ ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠰᠢᠨ᠎ᠡ ᠪᠠᠷ | ᠪᠠᠶᠢᠭᠤᠯᠵᠤ᠂ ᠡᠯᠳᠡᠪ ᠠᠮᠤ ᠪᠤᠷᠴᠠᠭ ᠳᠠᠷᠢᠬᠤ ᠲᠠᠯᠠᠪᠠᠶ 56 ᠲᠦᠮᠡᠨ ᠮᠥ ᠶᠢ ᠳᠠᠪᠠᠵᠤ᠂ ᠠᠮᠤ ᠪᠤᠳᠠᠭᠠᠨ ᠤ | ᠶᠡᠷᠦᠩᠬᠡᠶ ᠤᠨᠠᠯᠲᠠ 12.2 ᠳ᠋ᠦᠩᠰᠢᠭᠤᠷ ᠵᠢᠩ ᠳᠤ ᠬᠦᠷᠴᠦ᠂ ᠲᠡᠤᠬᠡ ᠶᠢᠨ ᠰᠢᠨ᠎ᠡ ᠲᠡᠮᠳᠡᠭᠯᠡᠯ ᠢ ᠡᠭᠦᠳᠪᠡ︔ | ᠲᠦᠬᠦᠭᠡᠷᠦᠮᠵᠢᠲᠦ ᠲᠠᠷᠢᠶᠠᠯᠠᠩ ᠪᠠ ᠬᠢᠲᠠᠳ ᠡᠮ ᠤᠨ ᠮᠠᠲ᠋ᠧᠷᠢᠶᠠᠯ ᠤᠨ ᠲᠠᠷᠢᠮᠠᠯ ᠤᠨ ᠲᠠᠯᠠᠪᠠᠢ ᠲᠤᠰ ᠲᠤᠰ 5.5 | ᠲᠦᠮᠡᠨ ᠮᠦ ᠪᠠ 4.2 ᠲᠦᠮᠡᠨ ᠮᠦ ᠳᠤ ᠬᠦᠷᠴᠦ᠂ ᠰᠠᠨ ᠱᠠᠨ ᠰᠢᠶᠠᠩ ᠪᠦᠬᠦ ᠤᠯᠤᠰ ᠤᠨ ︽ᠨᠢᠭᠡ ᠲᠣᠰᠬᠤᠨ ᠤ | ᠨᠢᠭᠡ ᠦᠢᠯᠡᠳᠬᠦᠨ︾ ᠤ ᠵᠢᠱᠢᠶ᠎ᠡ ᠦᠵᠡᠭᠦᠯᠬᠦ ᠰᠢᠶᠠᠩ ᠢᠶᠠᠷ ᠠᠮᠵᠢᠯᠲᠠ ᠲᠠᠢ ᠰᠣᠩᠭᠤᠭᠳᠠᠪᠠ᠃ ᠳ᠋ᠠ ᠯᠢᠶᠣᠤ ᠸᠠᠩ | ᠹᠦ᠋ ᠠᠮᠤ ᠪᠤᠳᠠᠭᠠᠨ ᠤ ᠠᠷᠠᠯᠵᠢᠶᠠᠨ ᠤ ᠬᠢᠵᠠᠭᠠᠷᠲᠤ ᠺᠣᠮᠫᠠᠨᠢ ᠬᠤᠶᠠᠷ ᠬᠤᠭᠤᠴᠠᠭ᠎ᠠ ᠳᠠᠷᠠᠭᠠᠯᠠᠨ ︽ᠮᠧᠩ︾ | ᠦᠰᠦᠭᠲᠦ ᠲᠡᠮᠳᠡᠭ ᠤᠨ ᠭᠡᠷᠡᠴᠢᠯᠡᠭᠡ ᠶᠢ ᠥᠩᠭᠡᠷᠡᠭᠡᠪᠡ᠃ ᠠᠵᠤ ᠦᠢᠯᠡᠳᠪᠦᠷᠢ ᠶᠢᠨ ᠠᠵᠤ ᠦᠢᠯᠡᠰ ᠤᠨ | ᠪᠥᠭᠡᠮᠨᠡᠷᠡᠯ ᠤᠨ ᠬᠠᠨᠳᠤᠰᠢ ᠪᠣᠶ ᠪᠣᠯᠪᠠ᠃ ᠫᠧᠩ ᠹᠧᠩ ᠬᠢᠮᠢ ᠶᠢᠨ ᠠᠵᠤ ᠦᠢᠯᠡᠳᠪᠦᠷᠢ ᠶᠢᠨ ᠹᠯᠣᠷᠲᠤ | ᠤᠰᠤᠲᠥ᠋ᠷᠥᠭᠴᠢ ᠶᠢᠨ ᠬᠤᠶᠠᠳᠤᠭᠠᠷ ᠬᠤᠭᠤᠴᠠᠭ᠎ᠠ᠂ ᠹᠦ᠋ ᠯᠢᠩ ᠪᠠᠷᠢᠯᠭ᠎ᠠ ᠶᠢᠨ ᠮᠠᠲ᠋ᠧᠷᠢᠶᠠᠯ ᠤᠨ ᠥᠨᠳᠥᠷ | ᠢᠳᠡᠪᠬᠢᠲᠦ ᠺᠠᠯᠼ ᠤᠨ ᠢᠰᠦᠯ ᠵᠢᠴᠢ ᠸᠠᠨ ᠰᠢᠩ ᠳᠠᠬᠢᠯᠲᠠ ᠡᠬᠢ ᠪᠠᠶᠠᠯᠢᠭ ᠤᠨ ᠰᠠᠭᠤᠷᠢ ᠰᠡᠯᠪᠢᠭ ᠲᠤᠨᠤᠭ ᠵᠡᠷᠭᠡ | 12 ᠠᠵᠤ ᠦᠢᠯᠡᠳᠪᠦᠷᠢ ᠶᠢᠨ ᠲᠦᠷᠦᠯ ᠵᠦᠢᠯ ᠢ ᠠᠰᠢᠭᠯᠠᠯᠲᠠ ᠳᠤ ᠣᠷᠤᠭᠤᠯᠤᠨ᠂ 14.2 ᠳ᠋ᠦᠩᠰᠢᠭᠤᠷ | ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ ᠬᠥᠪᠳᠥ ᠶᠢᠨ ᠰᠢᠨ᠎ᠡ ᠮᠠᠲ᠋ᠧᠷᠢᠶᠠᠯ ᠤᠨ PMI | ᠬᠥᠭᠡᠰᠦᠷᠬᠡᠭ ᠬᠠᠪᠲᠠᠰᠤ᠂ ᠽᠦᠨ ᠵᠦ ᠰᠢᠨᠵᠢᠯᠡᠬᠦ ᠤᠬᠠᠭᠠᠨ ᠮᠡᠷᠭᠡᠵᠢᠯ ᠤᠨ ᠵᠢᠪᠡᠷᠡᠬᠦ ᠥᠬᠡᠶ ᠪᠣᠯᠣᠳ ᠤᠨ | ᠴᠢᠳᠬᠤᠮᠠᠯ ᠲᠣᠨᠤᠭ ᠵᠡᠷᠭᠡ 11 ᠲᠥᠷᠥᠯ ᠵᠦᠢᠯ ᠢ ᠨᠠᠶᠢᠳᠠᠪᠦᠷᠢᠵᠢᠭᠤᠯᠤᠨ᠂ ᠢᠦᠢ ᠹᠧᠩ ᠠᠭᠤᠷᠬᠠᠶ᠂ ᠯᠢᠨ ᠰᠢᠨ | ᠠᠭᠤᠷᠬᠠᠶ ᠵᠡᠷᠭᠡ 4 ᠠᠭᠤᠷᠬᠠᠶ ᠵᠢᠴᠢ ᠱᠠᠨ ᠶᠢᠨ ᠬᠤᠩ ᠯᠢᠩ ᠬᠠᠷ᠎ᠠ ᠲᠤᠭᠤᠯᠭ᠎ᠠ ᠴᠠᠶᠢᠷ ᠤᠨ ᠠᠭᠤᠷᠬᠠᠶ ᠵᠢᠴᠢ | ᠪᠠᠶᠠᠨᠨᠢᠷᠤᠭᠤ ᠬᠠᠷ᠎ᠠ ᠲᠤᠭᠤᠯᠭ᠎ᠠ ᠴᠠᠶᠢᠷ ᠤᠨ ᠠᠭᠤᠷᠬᠠᠶ ᠶᠢᠨ ᠬᠤᠭᠤᠰᠣᠨ ᠬᠡᠰᠡᠭ ᠢ ᠨᠡᠶᠢᠯᠡᠭᠦᠯᠵᠦ ᠳᠠᠬᠢᠨ | ᠪᠠᠶᠢᠭᠤᠯᠪᠠ᠃ ︽ᠪᠠᠭᠠᠷᠢᠨ ᠵᠡᠭᠦᠨ ᠬᠤᠰᠢᠭᠤᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠰᠢᠨ᠎ᠡ | ᠡᠨᠧᠷᠭᠢ ᠶᠢᠨ ᠲᠥᠯᠥᠪᠵᠢᠭᠦᠯᠭᠡ︾ ᠶᠢ ᠨᠠᠶᠢᠷᠠᠭᠤᠯᠤᠨ᠂ ᠤᠰᠤ ᠲᠠᠲᠠᠵᠤ ᠡᠨᠧᠷᠭᠢ ᠬᠠᠳᠠᠭᠠᠯᠠᠬᠤ ᠴᠠᠬᠢᠯᠭᠠᠨ | ᠥᠷᠲᠡᠭᠡ ᠶᠢ ᠲᠦᠷᠭᠡᠳᠬᠡᠨ ᠠᠬᠢᠭᠤᠯᠵᠤ᠂ ᠳᠤᠮᠳᠠ ᠵᠢᠵᠢᠭ ᠠᠵᠤ ᠠᠬᠤᠶᠢᠯᠠᠯ ᠤᠨ ᠲᠣᠭᠤᠷᠢᠭ ᠤᠨ 3 ᠰᠠᠶ᠎ᠠ | ᠸᠠᠲ ᠤᠨ ᠬᠡᠷ ᠤᠨ ᠣᠷᠣᠶ ᠶᠢᠨ ᠲᠠᠷᠬᠠᠯᠲᠠ ᠶᠢᠨ ᠬᠡᠯᠪᠡᠷᠢ ᠶᠢᠨ ᠬᠡᠷᠡᠯ ᠤᠨ ᠡᠨᠧᠷᠭᠢ ᠶᠢᠨ ᠲᠦᠷᠦᠯ ᠵᠦᠢᠯ ᠢ | ᠨᠠᠶᠢᠳᠠᠪᠦᠷᠢᠵᠢᠭᠤᠯᠤᠨ ᠴᠠᠬᠢᠯᠭᠠᠨ ᠭᠠᠷᠭᠠᠪᠠ᠃ 3.3 ᠳ᠋ᠦᠩᠰᠢᠭᠤᠷ ᠲᠥᠭᠦᠷᠢᠭ ᠤᠨ ᠪᠠᠯᠠ ᠣᠷᠤᠭᠤᠯᠤᠨ᠂ | ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠥᠭᠡᠷᠡᠴᠢᠯᠡᠨ ᠰᠠᠶᠢᠵᠢᠷᠠᠭᠤᠯᠵᠤ᠂ | ᠤᠶᠤᠨᠲᠤ ᠲᠣᠭᠤᠷᠢᠭ ᠢ ᠠᠰᠢᠭᠯᠠᠯᠲᠠ ᠳᠤ ᠣᠷᠣᠭᠤᠯᠤᠨ᠂ 4 ᠲᠦᠮᠡᠨ ᠲᠡᠭᠰᠢ ᠳᠥᠷᠪᠡᠯᠵᠢᠨ ᠮᠧᠲᠷ ᠤᠨ | ᠪᠠᠷᠢᠮᠵᠢᠶᠠᠵᠢᠭᠰᠠᠨ ᠦᠢᠯᠡᠳᠪᠦᠷᠢ ᠶᠢᠨ ᠬᠡᠷ ᠪᠠᠶᠢᠰᠢᠩ ᠨᠡᠮᠡᠵᠦ᠂ ᠪᠥᠬᠦ ᠬᠤᠰᠢᠭᠤᠨ ᠤ ᠪᠠᠷᠢᠮᠵᠢᠶᠠᠵᠢᠭᠰᠠᠨ | ᠦᠢᠯᠡᠳᠪᠦᠷᠢ ᠶᠢᠨ ᠬᠡᠷ ᠪᠠᠶᠢᠰᠢᠩ ᠤᠨ ᠲᠠᠯᠠᠪᠠᠶ 9.3 ᠲᠦᠮᠡᠨ ᠲᠡᠭᠰᠢ ᠳᠥᠷᠪᠡᠯᠵᠢᠨ ᠮᠧᠲᠷ ᠬᠥᠷᠪᠡ᠃ | ᠬᠡᠪᠴᠢᠶᠡᠵᠢᠭᠰᠡᠨ ᠠᠵᠤ ᠦᠢᠯᠡᠳᠪᠦᠷᠢ ᠶᠢᠨ ᠦᠢᠯᠡᠳᠬᠦᠨ ᠤ ᠦᠷᠳᠡᠭ 83.6 ᠳ᠋ᠦᠩᠰᠢᠭᠤᠷ ᠲᠥᠭᠦᠷᠢᠭ ᠲᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 7.9% ᠨᠡᠮᠡᠭᠳᠡᠨ᠂ ᠬᠡᠪᠴᠢᠶᠡᠵᠢᠭᠰᠡᠨ ᠠᠵᠤ ᠦᠢᠯᠡᠳᠪᠦᠷᠢ ᠶᠢᠨ | ᠨᠡᠮᠡᠭᠳᠡᠯ ᠦᠷᠳᠡᠭ ᠨᠢ ᠠᠳᠠᠯᠢ ᠬᠤᠭᠤᠴᠠᠭᠠᠨ ᠤ ᠬᠢ ᠠᠴᠠ 11.2% ᠨᠡᠮᠡᠭᠳᠡᠵᠦ᠂ ᠪᠦᠬᠦ ᠬᠤᠳᠠ ᠶᠢᠨ ᠡᠮᠦᠨ᠎ᠡ | ᠡᠩᠨᠡᠭᠡᠨ ᠳᠤ ᠣᠷᠣᠪᠠ᠃ ᠦᠢᠯᠡᠴᠢᠯᠡᠭᠡᠨ ᠤ ᠦᠢᠯᠡᠰ ᠲᠦᠷᠭᠡᠨ ᠢᠶᠠᠷ ᠬᠥᠭᠵᠢᠪᠡ᠃ ᠪᠣᠷᠣᠯᠠᠭᠤᠯᠭ᠎ᠠ ᠶᠢ | ᠠᠬᠢᠭᠤᠯᠬᠤ ᠠᠵᠢᠯᠯᠠᠭ᠎ᠠ ᠶᠢ 26 ᠤᠳᠠᠭ᠎ᠠ ᠥᠷᠨᠢᠭᠦᠯᠵᠦ᠂ ᠬᠤᠳᠠᠯᠳᠤᠭᠠᠨ ᠤ ᠵᠡᠭᠡᠯᠢ ᠶᠢᠨ ︽ᠰᠥᠨᠢ ᠶᠢᠨ ᠠᠵᠤ | ᠠᠬᠤᠶ︾ ᠶᠢ ᠬᠦᠭᠵᠢᠭᠡᠨ᠂ 390 ᠭᠠᠷᠤᠶ ᠬᠤᠳᠠᠯᠳᠤᠭᠠᠨ ᠤ ᠡᠷᠦᠬᠡ ᠭᠠᠷᠭᠠᠵᠤ᠂ 6500 ᠭᠠᠷᠤᠶ ᠲᠦᠮᠡᠨ | ᠲᠥᠭᠦᠷᠢᠭ ᠤᠨ ᠬᠡᠷᠡᠭᠯᠡᠭᠡ ᠶᠢ ᠳᠠᠶᠢᠴᠢᠯᠠᠪᠠ᠃ ᠡᠯᠧᠺᠲᠷᠣᠨ ᠬᠡᠷᠡᠭᠯᠡᠭᠡᠨ ᠤ ᠲᠡᠮᠳᠡᠭᠲᠦ ᠶᠢ ᠨᠡᠶᠢᠲᠡ 500 ᠲᠦᠮᠡᠨ | ᠲᠥᠭᠦᠷᠢᠭ ᠲᠠᠷᠬᠠᠭᠠᠵᠤ᠂ 2736 ᠲᠦᠮᠡᠨ ᠲᠥᠭᠦᠷᠢᠭ ᠤᠨ ᠠᠷᠠᠯᠵᠢᠶ᠎ᠠ ᠶᠢ ᠪᠡᠶᠡᠯᠡᠭᠦᠯᠦᠨ᠂ ᠬᠡᠷᠡᠭᠯᠡᠭᠡᠨ ᠤ | ᠬᠥᠰᠢᠯᠲᠡ ᠶᠢᠨ ᠬᠠᠷᠢᠴᠠᠯ 555% ᠳᠤ ᠬᠥᠷᠪᠡ᠃ ᠪᠥᠬᠦ ᠵᠢᠯ ᠳᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ | ᠠᠷᠠᠯᠵᠢᠶ᠎ᠠ ᠨᠡᠶᠢᠲᠡ 6.15 ᠳ᠋ᠦᠩᠰᠢᠭᠤᠷ ᠲᠥᠭᠦᠷᠢᠭ ᠲᠤ ᠬᠦᠷᠴᠦ᠂ ᠪᠥᠬᠦ ᠬᠤᠰᠢᠭᠤᠨ ᠤ ᠡᠯᠧᠺᠲᠷᠣᠨ | ᠬᠤᠳᠠᠯᠳᠤᠭᠠᠨ ᠤ ᠶᠠᠪᠤᠳᠠᠯ ᠤᠨ ᠠᠵᠢᠯᠲᠠᠨ 3700 ᠭᠠᠷᠤᠶ ᠬᠥᠮᠦᠨ ᠪᠠ ᠳᠠᠮ ᠠᠵᠢᠯᠲᠠᠨ 2.6 ᠲᠦᠮᠡ ᠳᠤ | ᠬᠦᠷᠴᠡᠶ᠃ ᠳᠣᠯᠤᠭᠠᠨ ᠲᠣᠭᠤᠭ᠎ᠠ ᠠᠭᠤᠯᠠ ᠶᠢᠨ ᠤᠯᠤᠰ ᠤᠨ ᠭᠠᠵᠠᠷ ᠰᠢᠨᠵᠢᠯᠡᠭᠡᠨ ᠤ ᠴᠡᠴᠡᠷᠯᠢᠭ ᠤᠨ 5A | ᠲᠠᠰ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ ᠢ ᠵᠢᠩᠬᠢᠨᠢ ᠪᠠᠷ ᠡᠬᠢᠯᠡᠭᠦᠯᠵᠦ᠂ ᠯᠢᠶᠣᠤ | ᠶᠢᠨ ᠳᠡᠭᠡᠳᠦ ᠨᠡᠶᠢᠰᠯᠡᠯ ᠤᠨ ᠪᠠᠷᠠᠭᠤᠨ ᠳᠣᠪᠤ ᠳᠠᠬᠢ ᠪᠤᠷᠬᠠᠨ ᠤ ᠰᠦᠮ᠎ᠡ ᠶᠢᠨ ᠪᠠᠭᠤᠷᠢ ᠶᠢ ᠬᠠᠮᠠᠭᠠᠯᠠᠨ ᠳᠡᠯᠭᠡᠨ | ᠦᠵᠡᠭᠦᠯᠬᠦ ᠢᠨᠵᠧᠨᠧᠷᠢᠩ ᠢ ᠪᠠᠷᠢᠯᠭ᠎ᠠ ᠳᠠᠭᠤᠰᠬᠠᠵᠤ᠂ ᠭᠢᠯᠦᠪᠡᠷ ᠵᠤᠤ ᠰᠦᠮ᠎ᠡ ᠶᠢᠨ ᠦᠵᠡᠮᠵᠢ ᠶᠢᠨ ᠣᠷᠣᠨ ᠤ | ᠬᠠᠮᠢᠶᠠᠷᠤᠯᠲᠠ ᠡᠵᠡᠩᠨᠡᠯᠲᠡ ᠶᠢᠨ ᠡᠷᠬᠡ ᠶᠢ ᠡᠭᠡᠭᠦᠯᠦᠨ ᠠᠪᠴᠦ᠂ ᠳᠠᠯᠠᠩ ᠤᠨ ᠭᠤᠤ ᠲᠣᠰᠬᠤᠨ ᠨᠢ ︽ᠥᠪᠡᠷᠲᠡᠭᠡᠨ | ᠵᠠᠰᠠᠬᠤ ᠣᠷᠣᠨ ᠤ ᠲᠠᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠭᠤᠤᠯᠳᠠᠯᠭ᠎ᠠ ᠲᠠᠢ ᠲᠣᠰᠬᠤᠨ︾ ᠢᠶᠠᠷ | ᠰᠣᠩᠭᠤᠭᠳᠠᠪᠠ᠃ ᠪᠥᠬᠦ ᠬᠤᠰᠢᠭᠤᠨ ᠤ ᠵᠢᠭᠤᠯᠴᠢᠯᠠᠯ ᠨᠡᠶᠢᠲᠡ 161.7 ᠲᠦᠮᠡᠨ ᠬᠥᠮᠦᠨ ᠤᠳᠠᠭ᠎ᠠ ᠶᠢ ᠭᠥᠯᠢᠶᠡᠨ | ᠠᠪᠴᠤ᠂ ᠵᠢᠭᠤᠯᠴᠢᠯᠠᠯ ᠤᠨ ᠶᠡᠷᠦᠩᠬᠡᠶ ᠣᠷᠣᠯᠭ᠎ᠠ ᠶᠢ 28.4 ᠳ᠋ᠦᠩᠰᠢᠭᠤᠷ ᠲᠥᠭᠦᠷᠢᠭ ᠪᠡᠶᠡᠯᠡᠭᠦᠯᠪᠡ᠃ | ᠨᠢᠭᠡ ᠵᠢᠯ ᠤᠨ ᠲᠤᠷᠰᠢ᠂ ᠪᠢᠳᠡ ᠭᠠᠵᠠᠷ ᠣᠷᠣᠨ ᠤ ᠪᠠᠶᠢᠳᠠᠯ ᠳᠠᠭᠠᠨ ᠳᠣᠭᠢᠷᠠᠭᠤᠯᠤᠨ᠂ ᠪᠥᠲᠥᠭᠡᠨ | ᠪᠠᠶᠢᠭᠤᠯᠬᠤ ᠪᠠ ᠬᠠᠮᠢᠶᠠᠷᠬᠤ ᠶᠢ ᠵᠡᠷᠭᠡ ᠪᠠᠷ ᠴᠢᠬᠤᠯᠠᠴᠢᠯᠠᠵᠤ᠂ ᠰᠠᠭᠤᠷᠢ ᠪᠠᠨ ᠴᠢᠩᠭᠠᠳᠬᠠᠨ ᠳᠤᠲᠠᠭᠤᠳᠠᠯ ᠢᠶᠠᠨ | ᠨᠥᠬᠦᠪᠥᠷᠢᠯᠡᠵᠦ᠂ ᠬᠤᠲᠠ ᠬᠥᠳᠡᠭᠡ ᠶᠢ ᠨᠢᠭᠡ ᠴᠤᠭᠴᠠᠵᠢᠭᠤᠯᠬᠤ ᠠᠯᠤᠰ ᠤᠨ ᠲᠥᠯᠥᠪ ᠢ ᠠᠯᠬᠤᠮ ᠠᠯᠬᠤᠮ ᠢᠶᠠᠷ | ᠪᠡᠶᠡᠯᠡᠭᠦᠯᠪᠡ᠃ ᠶᠡᠷᠦᠩᠬᠡᠶ ᠪᠡᠯᠡ ᠣᠷᠤᠭᠤᠯᠤᠯᠲᠠ ᠨᠢ 5.59 ᠳ᠋ᠦᠩᠰᠢᠭᠤᠷ ᠲᠥᠭᠦᠷᠢᠭ ᠤᠨ ᠲᠣᠭᠤᠷ ᠤᠨ | ᠴᠡᠴᠡᠭᠲᠦ ᠠᠷᠠᠯ ᠢ ᠨᠡᠭᠡᠭᠡᠨ ᠬᠥᠭᠵᠢᠭᠦᠯᠬᠦ ᠲᠦᠷᠦᠯ ᠵᠦᠢᠯ ᠢ ᠬᠡᠷᠡᠭᠵᠢᠭᠦᠯᠵᠦ᠂ ᠲᠣᠭᠤᠷ ᠤᠨ ᠬᠦᠷᠢᠶᠡᠯᠡᠩ ᠪᠠ | ᠲᠤᠭᠤᠷ ᠤᠨ ᠴᠡᠴᠡᠭ ᠬᠤᠷᠢᠶᠠᠯᠠᠯ ᠤᠨ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠢ ᠡᠬᠢᠯᠡᠨ ᠪᠠᠶᠢᠭᠤᠯᠵᠤ᠂ 6. | 33 ᠺᠢᠯᠣᠮᠧᠲᠷ ᠤᠨ ᠬᠤᠳᠠ ᠶᠢᠨ ᠵᠠᠮ ᠵᠢᠴᠢ ᠪᠣᠷᠣᠭᠠᠨ ᠪᠠ ᠪᠣᠬᠢᠷᠲᠤᠯ ᠢ ᠰᠠᠯᠭᠠᠬᠤ ᠬᠤᠭᠤᠯᠠᠶ ᠰᠤᠪᠠᠭ ᠤᠨ | ᠢᠨᠵᠧᠨᠧᠷᠢᠩ ᠢ ᠪᠠᠷᠢᠯᠭ᠎ᠠ ᠡᠬᠢᠯᠡᠭᠦᠯᠪᠡ᠃ ᠴᠢᠶᠠᠨ ᠳ᠋ᠧ ᠵᠠᠮ ᠪᠠ ᠴᠢᠩ ᠾᠧ ᠵᠡᠭᠡᠯᠢ ᠵᠡᠷᠭᠡ 5 ᠬᠡᠰᠡᠭ ᠤᠨ 283 | ᠡᠷᠤᠭᠡ ᠶᠢᠨ ᠲᠦᠬᠦᠮ ᠪᠦᠳᠦᠴᠡᠳᠦ ᠣᠷᠣᠨ ᠰᠠᠭᠤᠴᠠ ᠶᠢ ᠥᠭᠡᠷᠡᠴᠢᠯᠡᠨ ᠰᠠᠶᠢᠵᠢᠷᠠᠭᠤᠯᠤᠭᠠᠳ ᠦᠯᠡᠳᠡᠭᠡᠭᠰᠡᠨ | ᠡᠷᠤᠭᠡ ᠶᠢᠨ ᠭᠡᠷ ᠪᠠᠶᠢᠰᠢᠩ ᠢ ᠲᠠᠲᠠᠪᠤᠷᠢᠯᠠᠬᠤ ᠠᠵᠢᠯ ᠢ ᠪᠡᠶᠡᠯᠡᠭᠦᠯᠵᠦ᠂ 3.4 ᠲᠦᠮᠡᠨ ᠮᠧᠲᠷ ᠤᠨ 7 ᠬᠠᠭᠤᠴᠢᠨ | ᠬᠤᠷᠢᠶᠠᠯᠠᠯ ᠢ ᠥᠭᠡᠷᠡᠴᠢᠯᠡᠨ᠂ 3011 ᠢᠵᠢ ᠲᠠᠸᠠᠷ ᠤᠨ ᠭᠡᠷ ᠪᠠᠶᠢᠰᠢᠩ ᠤᠨ ᠬᠥᠮᠥᠷᠭᠡ ᠶᠢᠨ ᠬᠠᠳᠠᠭᠠᠯᠠᠮᠵᠢ ᠶᠢ | ᠬᠠᠰᠤᠪᠠ᠃ ᠬᠤᠲᠠ ᠲᠣᠭᠤᠷᠢᠭ ᠤᠨ ᠬᠥᠮᠦᠨ ᠳᠤᠮᠳᠠᠴᠢ ᠶᠢᠨ ᠴᠡᠴᠡᠷᠯᠢᠭ ᠤᠨ ᠨᠣᠭᠤᠭᠠᠷᠠᠭᠤᠯᠤᠭᠰᠠᠨ ᠲᠠᠯᠠᠪᠠᠶ 17. | 3 ᠲᠡᠭᠰᠢ ᠳᠥᠷᠪᠡᠯᠵᠢᠨ ᠮᠧᠲᠷ ᠲᠤ ᠬᠦᠷᠴᠦ᠂ ᠹᠦᠱᠠᠨ ᠴᠡᠴᠡᠷᠯᠢᠭ ᠨᠢ ︽ᠥᠪᠥᠷ ᠮᠣᠩᠭᠤᠯ ᠤᠨ ᠬᠠᠮᠤᠭ ᠤᠨ | ᠭᠤᠶᠣ ᠴᠡᠴᠡᠷᠯᠢᠭ︾ ᠤᠨ ᠴᠣᠯᠠ ᠭᠥᠷᠳᠡᠪᠡ᠃ 8.08 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ | ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ 15 ᠭᠤᠣᠯᠳᠠᠯᠭ᠎ᠠ ᠲᠠᠢ ᠲᠥᠷᠥᠯ ᠵᠦᠢᠯ ᠢ ᠨᠠᠶᠢᠳᠠᠪᠦᠷᠢᠵᠢᠭᠤᠯᠤᠨ᠂ | 324.7 ᠺᠢᠯᠣᠮᠧᠲᠷ ᠪᠦᠷᠬᠦᠭᠦᠯᠪᠡ᠃ ᠳ᠋ᠠᠪᠠᠨ ᠠᠴᠠ ᠴᠠᠪᠠ ᠶᠢᠨ ᠲᠠᠯ᠎ᠠ ︵ᠵᠡᠭᠦᠨ ᠬᠤᠰᠢᠭᠤ︶ ᠬᠦᠷᠬᠦ ᠬᠡᠰᠡᠭ ᠤᠨ | ᠲᠦᠷᠭᠡᠨ ᠳᠠᠪᠬᠢᠬᠤ ᠵᠠᠰᠠᠮᠠᠯ ᠵᠠᠮ ᠤᠨ ᠭᠤᠣᠯ ᠴᠣᠭᠴᠠ ᠦᠨᠳᠦᠰᠦᠨ ᠳᠡᠭᠡᠨ ᠪᠠᠷᠢᠯᠭ᠎ᠠ ᠳᠠᠭᠤᠰᠴᠤ᠂ ᠤᠯᠤᠰ ᠤᠨ | ᠵᠠᠰᠠᠮᠠᠯ ᠵᠠᠮ 305 ᠱᠤᠭᠤᠮ ᠤᠨ ᠯᠢᠨᠳᠦ᠋ᠩ ᠠᠴᠠ ᠰᠢᠶᠠ ᠾᠦᠸᠧ ᠹᠠᠩ ᠬᠦᠷᠬᠦ ᠬᠡᠰᠡᠭ ᠤᠨ ᠵᠠᠰᠠᠮᠠᠯ ᠵᠠᠮ ᠤᠨ | 65% ᠶᠢᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠦᠨ᠂ 11.5 ᠺᠢᠯᠣᠮᠧᠲᠷ ᠤᠨ ᠪᠠᠷᠠᠭᠤᠨ ᠭᠠᠳᠠᠷ ᠲᠣᠭᠤᠷᠢᠯ | ᠵᠠᠮ ᠪᠥᠬᠦ ᠱᠤᠭᠤᠮ ᠢᠶᠠᠷ ᠲᠡᠷᠭᠡ ᠨᠡᠪᠲᠡᠷᠡᠪᠡ᠃ ᠠᠷᠪᠠᠨ ᠵᠢᠯ ᠪᠠᠷᠢᠯᠭ᠎ᠠ ᠵᠣᠭᠰᠣᠵᠤ᠂ ᠨᠡᠶᠢᠲᠡ 42 ᠳ᠋ᠦᠩᠰᠢᠭᠤᠷ | ᠲᠥᠭᠦᠷᠢᠭ ᠤᠨ ᠪᠠᠯᠠ ᠣᠷᠣᠭᠤᠯᠤᠭᠰᠠᠨ ᠯᠢᠨ ᠪᠠᠶ ᠲᠡᠮᠦᠷ ᠵᠠᠮ ᠤᠨ ᠵᠡᠭᠦᠨ ᠬᠤᠰᠢᠭᠤᠨ ᠤ ᠬᠡᠰᠡᠭ ᠤᠨ ᠲᠥᠷᠥᠯ | ᠵᠦᠢᠯ ᠢ ᠰᠡᠷᠭᠦᠭᠡᠨ ᠪᠠᠶᠢᠭᠤᠯᠵᠤ᠂ ᠵᠢᠶ ᠲᠦᠩ ᠲᠡᠮᠦᠷ ᠵᠠᠮ ᠤᠨ ᠵᠡᠭᠦᠨ ᠬᠤᠰᠢᠭᠤᠨ ᠤ ᠬᠢᠯᠢ ᠳᠣᠲᠣᠷᠠᠬᠢ | ᠴᠠᠬᠢᠯᠭᠠᠨᠵᠢᠭᠤᠯᠤᠯᠲᠠ ᠶᠢᠨ ᠢᠨᠵᠧᠨᠧᠷᠢᠩ ᠢ ᠪᠥᠬᠦ ᠲᠠᠯ᠎ᠠ ᠪᠠᠷ ᠡᠬᠢᠯᠡᠭᠦᠯᠵᠦ᠂ ᠨᠡᠶᠢᠲᠡ ᠪᠠᠷ ᠬᠡᠷᠡᠭᠯᠡᠬᠦ ᠨᠢᠰᠬᠡᠯ ᠤᠨ | ᠪᠠᠭᠤᠳᠠᠯ ᠤᠨ ᠪᠠᠷᠢᠯᠭ᠎ᠠ ᠶᠢᠨ ᠠᠵᠢᠯ ᠳᠠᠭᠤᠰᠤᠭᠰᠠᠨ ᠤ ᠬᠠᠮᠲᠤ ᠠᠷᠠᠳ ᠤᠨ ᠠᠭᠠᠷ ᠤᠨ ᠲᠡᠭᠡᠭᠡᠪᠦᠷᠢ ᠶᠢᠨ | ᠲᠣᠪᠴᠢᠶ᠎ᠠ ᠶᠢᠨ ᠭᠤᠷᠪᠠᠳᠠᠬᠢ ᠡᠲᠡᠭᠡᠳ ᠤᠨ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠵᠦ᠂ ᠮᠠᠨ ᠤ ᠬᠤᠰᠢᠭᠤ ᠨᠢ | ︽ᠳᠥᠷᠪᠡᠨ ᠰᠠᠶᠢᠨᠲᠠᠶ ᠬᠥᠳᠡᠭᠡ ᠲᠣᠰᠬᠤᠨ ᠤ ᠵᠠᠮ︾ ᠤᠨ ᠪᠥᠬᠦ ᠤᠯᠤᠰ ᠤᠨ ᠵᠢᠱᠢᠶ᠎ᠡ ᠦᠵᠡᠭᠦᠯᠬᠦ ᠬᠤᠰᠢᠭᠤ ᠪᠠᠷ | ᠦᠨᠡᠯᠡᠭᠳᠡᠪᠡ᠃ ᠱᠢᠨᠠ ᠤᠰᠤᠨ ᠴᠥᠭᠦᠷᠥᠮ ᠠᠴᠠ ᠠᠵᠤ ᠦᠢᠯᠡᠳᠪᠦᠷᠢ ᠶᠢᠨ ᠲᠣᠭᠤᠷᠢᠭ ᠲᠤ ᠤᠰᠤ ᠬᠠᠩᠭᠠᠬᠤ ᠶᠢ | ᠪᠡᠶᠡᠯᠡᠭᠦᠯᠵᠦ᠂ ᠠᠵᠤ ᠦᠢᠯᠡᠳᠪᠦᠷᠢ ᠶᠢᠨ ᠲᠣᠭᠤᠷᠢᠭ ᠪᠠ ᠬᠤᠲᠠ ᠲᠣᠭᠤᠷᠢᠭ ᠤᠨ ᠳᠤᠮᠳᠠᠬᠢ ᠤᠰᠤ᠂ ᠭᠠᠵᠠᠷ | ᠳᠡᠭᠡᠷᠡᠬᠢ ᠤᠰᠤᠨ ᠤ ᠬᠠᠩᠭᠠᠯᠭ᠎ᠠ ᠶᠢᠨ ᠬᠡᠮᠵᠢᠶ᠎ᠡ ︽ᠬᠤᠤᠰ ᠮᠢᠩᠭᠠᠨ ᠲᠦᠮᠡ︾ ᠶᠢᠨ ᠬᠠᠷᠠᠯᠲᠠ ᠶᠢ ᠪᠡᠶᠡᠯᠡᠭᠦᠯᠵᠦ᠂ | ᠬᠦᠪ ᠤᠨ ᠭᠤᠤ ᠤᠰᠤᠨ ᠠᠰᠢᠭᠯᠠᠯᠲᠠ ᠶᠢᠨ ᠵᠠᠩᠭᠢᠯᠠᠭ᠎ᠠ ᠶᠢᠨ ᠢᠨᠵᠧᠨᠧᠷᠢᠩ ᠢ ᠠᠬᠢᠭᠤᠯᠪᠠ᠃ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠬᠤ ᠪᠠᠯᠠ ᠮᠥᠩᠭᠦ᠂ ᠵᠡᠭᠦᠨ ᠪᠠᠷᠠᠭᠤᠨ ᠣᠷᠣᠨ | ᠬᠠᠮᠵᠢᠯᠴᠠᠨ ᠬᠠᠪᠰᠤᠷᠤᠨ ᠲᠡᠳᠬᠦᠬᠦ ᠵᠢᠴᠢ ᠲᠥᠪ ᠤᠨ ᠪᠠᠶᠢᠭᠤᠯᠭ᠎ᠠ ᠨᠢᠭᠡᠴᠡ ᠶᠢᠨ ᠴᠢᠭ ᠲᠣᠭᠲᠠᠭᠠᠨ ᠬᠠᠪᠰᠤᠷᠤᠨ | ᠲᠡᠳᠬᠦᠬᠦ ᠵᠡᠷᠭᠡ ᠡᠯ᠎ᠡ ᠲᠥᠷᠥᠯ ᠤᠨ ᠪᠠᠯᠠ ᠮᠥᠩᠭᠦ ᠶᠢ 6.6 ᠳ᠋ᠦᠩᠰᠢᠭᠤᠷ ᠲᠥᠭᠦᠷᠢᠭ ᠨᠢᠭᠡᠳᠦᠯᠲᠡᠶ ᠲᠥᠯᠥᠪᠯᠡᠨ | ᠬᠡᠷᠡᠭᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠥᠷᠥᠯ ᠵᠦᠢᠯ ᠢ 348 ᠨᠠᠶᠢᠳᠠᠪᠦᠷᠢᠵᠢᠭᠤᠯᠤᠨ᠂ | ︽ᠭᠤᠷᠪᠠᠨ ᠬᠠᠪᠴᠢᠯ ᠤᠨ e ᠬᠤᠳᠠᠯᠳᠤᠭ᠎ᠠ︾᠂ ᠵᠢᠩ ᠮᠧᠩ ᠬᠡᠷᠡᠭᠯᠡᠭᠡᠨ ᠤ ᠲᠠᠪᠴᠠᠩ ᠤᠨ ᠲᠠᠷᠢᠶᠠᠯᠠᠩ ᠤᠨ | ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠪᠣᠷᠤᠯᠠᠭᠤᠯᠭ᠎ᠠ ᠶᠢᠨ ᠶᠡᠷᠦᠩᠬᠡᠶ ᠬᠡᠮᠵᠢᠶ᠎ᠡ 1.6 ᠳ᠋ᠦᠩᠰᠢᠭᠤᠷ | ᠲᠥᠭᠦᠷᠢᠭ ᠢ ᠳᠠᠪᠠᠪᠠ᠃ 33 ᠵᠠᠰᠠᠭ ᠵᠠᠬᠢᠷᠭᠠᠨ ᠤ ᠲᠣᠰᠬᠤᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ | 4 ᠵᠢᠭᠤᠯᠴᠢᠯᠠᠯ ᠤᠨ ᠵᠢᠱᠢᠶ᠎ᠡ ᠦᠵᠡᠭᠦᠯᠬᠦ ᠲᠣᠰᠬᠤᠨ ᠪᠠ 7 ᠠᠵᠤ ᠦᠢᠯᠡᠰ ᠤᠨ ᠵᠢᠱᠢᠶ᠎ᠡ ᠦᠵᠡᠭᠦᠯᠬᠦ ᠲᠣᠰᠬᠤᠨ ᠤ | ᠬᠥᠭᠵᠢᠯᠲᠡ ᠶᠢᠨ ᠬᠥᠳᠡᠯᠭᠡᠭᠴᠢ ᠬᠦᠴᠦᠨ ᠢ ᠨᠡᠮᠡᠭᠳᠡᠭᠦᠯᠪᠡ᠃ ᠤᠤᠭᠤᠬᠤ ᠤᠰᠤᠨ ᠤ ᠠᠮᠤᠷ ᠲᠦᠪᠰᠢᠨ ᠢ | ᠪᠠᠬᠢᠵᠢᠭᠦᠯᠦᠨ ᠳᠡᠭᠡᠭᠰᠢᠯᠡᠭᠦᠯᠬᠦ ᠢᠨᠵᠧᠨᠧᠷᠢᠩ 32 ᠢ ᠬᠡᠷᠡᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ 144 | ᠡᠷᠦᠬᠡ ᠶᠢᠨ ᠨᠤᠷᠠᠬᠤ ᠠᠶᠤᠯᠲᠠᠶ ᠬᠡᠷ ᠪᠠᠶᠢᠰᠢᠩ ᠢ ᠰᠢᠨᠡᠳᠬᠡᠨ᠂ 22 ᠪᠣᠷᠲᠣᠭᠤᠷ ᠣᠪᠣᠭᠠᠯᠠᠬᠤ ᠭᠠᠵᠠᠷ ᠪᠠ 28 | ᠬᠤᠭ ᠨᠣᠪᠰᠢ ᠪᠤᠯᠠᠬᠤ ᠭᠠᠵᠠᠷ ᠢ ᠪᠠᠶᠢᠭᠤᠯᠪᠠ᠃ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ | ᠭᠠᠵᠠᠷ ᠰᠢᠷᠣᠶ ᠲᠠᠢ ᠬᠤᠯᠪᠣᠭᠳᠠᠭᠤᠯᠬᠤ ᠪᠠ ᠲᠠᠷᠢᠶᠠᠨ ᠭᠠᠵᠠᠷ ᠢ ᠡᠵᠡᠯᠡᠬᠦ ᠪᠠ ᠨᠥᠬᠦᠪᠥᠷᠢᠯᠡᠬᠦ ᠶᠢ ᠲᠡᠩᠴᠡᠭᠦᠷᠢᠲᠡᠶ | ᠪᠠᠶᠢᠯᠭᠠᠬᠤ ᠲᠥᠷᠥᠯ ᠵᠦᠢᠯ ᠢ ᠠᠬᠢᠭᠤᠯᠵᠤ᠂ ᠮᠤᠵᠢ ᠠᠯᠤᠰᠯᠠᠨ 631.16 ᠮᠥ ᠠᠷᠠᠯᠵᠢᠶᠠᠯᠠᠨ᠂ 1.89 | ᠳ᠋ᠦᠩᠰᠢᠭᠤᠷ ᠲᠥᠭᠦᠷᠢᠭ ᠲᠤ ᠬᠥᠷᠪᠡ᠃ ᠥᠪᠡᠷᠲᠡᠭᠡᠨ ᠵᠠᠰᠠᠬᠤ ᠣᠷᠣᠨ ᠢ ᠲᠥᠯᠥᠭᠡᠯᠡᠨ ᠶᠠᠳᠠᠭᠤ ᠠᠴᠠ | ᠠᠩᠭᠢᠵᠢᠷᠠᠭᠰᠠᠨ ᠦᠷ᠎ᠡ ᠪᠦᠲᠦᠮᠵᠢ ᠶᠢ ᠪᠠᠬᠢᠵᠢᠭᠦᠯᠬᠦ ᠤᠯᠤᠰ ᠤᠨ ᠭᠤᠷᠪᠠᠳᠠᠬᠢ ᠡᠲᠡᠭᠡᠳ ᠤᠨ ᠬᠢᠨᠠᠨ ᠦᠨᠡᠯᠡᠨ | ᠠᠵᠢᠯ ᠢ ᠤᠭᠲᠤᠵᠤ᠂ ᠣᠯᠠᠨ ᠲᠦᠮᠡᠨ 99% ᠪᠠᠷ ᠬᠦᠯᠢᠶᠡᠨ ᠵᠦᠪᠰᠢᠶᠡᠷᠡᠪᠡ᠃ | ᠨᠢᠭᠡ ᠵᠢᠯ ᠤᠨ ᠲᠤᠷᠰᠢ᠂ ᠪᠢᠳᠡ ᠨᠢᠭᠡᠳᠦᠯᠲᠡᠶ ᠲᠥᠯᠥᠪᠵᠢᠭᠦᠯᠦᠨ ᠨᠡᠶᠢᠲᠡ ᠳᠤᠨᠢ ᠬᠠᠷᠠᠭᠠᠯᠵᠠᠵᠤ᠂ ᠪᠦᠬᠦᠯᠢ | ᠴᠣᠭᠴᠠ ᠪᠠᠷ ᠨᠢ ᠠᠷᠭ᠎ᠠ ᠪᠣᠳᠣᠯᠭ᠎ᠠ ᠬᠡᠷᠡᠭᠵᠢᠭᠦᠯᠵᠦ᠂ ᠰᠡᠷᠭᠡᠶᠢᠯᠡᠯᠲᠡ ᠶᠢᠨ ᠱᠤᠭᠤᠮ ᠪᠠᠶᠢᠭᠤᠯᠤᠨ᠂ ᠣᠷᠴᠢᠨ | ᠲᠣᠭᠤᠷᠢᠨ ᠢ ᠰᠢᠯᠢᠳᠡᠭᠵᠢᠭᠦᠯᠵᠦ᠂ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠨᠠᠩ ᠪᠠᠬᠢᠵᠢᠭᠦᠯᠪᠡ᠃ ︽ | ᠭᠤᠷᠪᠠᠨ ᠣᠷᠤᠨ ᠵᠠᠢ ᠭᠤᠷᠪᠠᠨ ᠱᠤᠭᠤᠮ︾ ᠢ ᠰᠢᠨᠵᠢᠯᠡᠬᠦ ᠤᠬᠠᠭᠠᠨᠴᠢ ᠪᠠᠷ ᠬᠤᠪᠢᠶᠠᠷᠢᠯᠠᠨ ᠲᠣᠭᠲᠠᠭᠠᠵᠤ᠂ | ᠬᠤᠰᠢᠭᠤᠨ ᠲᠡᠰ ᠤᠨ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠥᠪᠵᠢᠭᠦᠯᠭᠡ ᠶᠢ ᠨᠠᠶᠢᠷᠠᠭᠤᠯᠪᠠ᠃ | ᠠᠭᠠᠷ ᠮᠠᠨᠳᠠᠯ᠂ ᠤᠰᠤ ᠵᠢᠴᠢ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ | ᠳᠠᠶᠢᠯᠠᠯᠳᠤᠭᠠᠨ ᠢ ᠬᠡᠷᠡᠭᠵᠢᠭᠦᠯᠵᠦ᠂ ᠠᠭᠠᠷ ᠤᠨ ᠶᠠᠰᠤ ᠴᠢᠨᠠᠷ ᠰᠢᠯᠢᠳᠡᠭ ᠰᠠᠶᠢᠨ ᠪᠣᠯᠤᠭᠰᠠᠨ ᠡᠳᠦᠷ ᠤᠨ ᠲᠤᠭ᠎ᠠ ᠶᠢᠨ | ᠬᠠᠷᠢᠴᠠᠯ ᠢ 99.7 % ᠳᠤ ᠬᠦᠷᠦᠭᠦᠯᠦᠨ᠂ ᠬᠤᠲᠠ ᠶᠢᠨ ᠲᠥᠪᠯᠡᠷᠡᠩᠭᠦᠶ ᠤᠤᠭᠤᠬᠤ ᠤᠰᠤᠨ ᠤ ᠡᠬᠢ | ᠰᠤᠷᠪᠤᠯᠵᠢ ᠶᠢᠨ ᠴᠢᠨᠠᠷ ᠤᠨ ᠪᠠᠷᠢᠮᠵᠢᠶ᠎ᠠ ᠳᠤ ᠭᠦᠷᠦᠭᠰᠡᠨ ᠨᠣᠷᠮ᠎ᠠ ᠶᠢ ᠴᠥᠮ 100 % ᠳᠤ ᠬᠦᠷᠦᠭᠦᠯᠵᠦ᠂ | ᠬᠥᠷᠥᠰᠥ ᠰᠢᠷᠣᠶ ᠶᠢᠨ ᠣᠷᠴᠢᠨ ᠲᠣᠭᠤᠷᠢᠨ ᠤ ᠲᠦᠭᠰᠢᠭᠦᠷᠢ ᠶᠢ ᠪᠥᠬᠦ ᠲᠠᠯ᠎ᠠ ᠪᠠᠷ ᠡᠵᠡᠮᠳᠡᠪᠡ᠃ ᠠᠭᠤᠷᠬᠠᠶ | ᠮᠠᠯᠲᠠᠬᠤ ᠡᠷᠬᠡ ᠶᠢ ᠶᠡᠷᠦᠩᠬᠡᠶᠢᠯᠡᠨ ᠵᠠᠰᠠᠬᠤ ᠠᠵᠢᠯ 57 ᠶᠢ ᠪᠡᠶᠡᠯᠡᠭᠦᠯᠵᠦ᠂ ᠲᠡᠦᠬᠡᠨ ᠦᠯᠡᠳᠡᠭᠳᠡᠯ ᠪᠠ ᠡᠵᠡᠨ ᠥᠬᠡᠶ | 39 ᠠᠭᠤᠷᠬᠠᠶ ᠶᠢ ᠰᠡᠷᠭᠦᠭᠡᠨ ᠵᠠᠰᠠᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠬᠢᠷᠲᠤᠯ ᠥᠬᠡᠶ | ᠠᠭᠤᠷᠬᠠᠶ ᠶᠢ 2 ᠪᠠᠶᠢᠭᠤᠯᠤᠨ᠂ ᠳᠤᠮᠳᠠᠳᠤ ᠶᠢᠨ ᠦᠩᠭᠡᠲᠦ ᠲᠡᠮᠦᠷᠯᠢᠭ ᠤᠨ ᠴᠠᠶᠢᠷ ᠤᠨ ᠦᠢᠯᠡᠰ ᠤᠨ | ᠯᠢᠨᠳᠦ᠋ᠩ ᠳᠠᠬᠢ ᠬᠤᠪᠢᠶᠠᠷᠢ ᠦᠢᠯᠡᠳᠪᠦᠷᠢ ᠪᠣᠯᠤᠨ ᠱᠠᠨᠳᠦ᠋ᠩ ᠤᠨ ᠠᠯᠲᠠᠨ ᠤ ᠠᠭᠤᠷᠬᠠᠢ ᠶᠢᠨ ᠠᠶᠤᠯᠲᠠᠶ | ᠬᠠᠶᠠᠭᠳᠠᠮᠠᠯ ᠪᠣᠳᠠᠰ ᠢ ᠪᠦᠬᠦᠨ ᠢ ᠵᠢᠷᠤᠮᠵᠢᠭᠤᠯᠤᠨ ᠰᠢᠯᠵᠢᠭᠦᠯᠦᠨ ᠲᠡᠭᠡᠭᠡᠪᠦᠷᠢᠯᠡᠬᠦ ᠪᠠ ᠰᠢᠢᠳᠪᠦᠷᠢᠯᠡᠵᠦ᠂ ᠲᠥᠪ ᠤᠨ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢᠨ ᠵᠠᠬᠢᠳᠠᠯ ᠰᠤᠷᠪᠤᠯᠵᠢᠯᠠᠯ ᠢᠶᠠᠷ | ᠢᠯᠡᠴᠢᠯᠡᠨ ᠮᠡᠳᠡᠭᠦᠯᠦᠭᠰᠡᠨ 24 ᠵᠦᠢᠯ ᠤᠨ ᠠᠰᠠᠭᠤᠳᠠᠯ ᠢ ᠪᠦᠬᠦᠨ ᠢ ᠴᠡᠭᠴᠡᠯᠡᠨ ᠳᠠᠭᠤᠰᠬᠠᠪᠠ᠃ ᠠᠮᠢ ᠠᠬᠤᠶ ᠶᠢᠨ | ᠪᠡᠯᠴᠢᠭᠡᠷᠯᠡᠭᠦᠯᠬᠦ ᠶᠢ ᠵᠣᠭᠰᠤᠭᠠᠬᠤ ᠠᠷᠪᠠᠨ ᠵᠤᠷᠪᠤᠰ ᠠᠷᠭ᠎ᠠ ᠬᠡᠮᠵᠢᠶ᠎ᠡ ᠪᠠ ᠲᠠᠷᠢᠶᠠᠨ ᠭᠠᠵᠠᠷ ᠤᠨ ᠬᠠᠮᠠᠭᠠᠯᠠᠯᠲᠠ ᠶᠢ | ᠴᠢᠩᠭᠠᠳᠬᠠᠬᠤ ᠶᠢᠰᠦᠨ ᠵᠦᠢᠯ ᠤᠨ ᠱᠠᠭᠠᠷᠳᠠᠯᠭ᠎ᠠ ᠶᠢ ᠲᠣᠭᠲᠠᠭᠠᠨ ᠨᠡᠶᠢᠲᠡᠯᠡᠵᠦ᠂ 1.25 ᠲᠦᠮᠡᠨ ᠮᠥ ᠣᠶ | ᠰᠢᠭᠤᠶ ᠶᠢ ᠰᠢᠨ᠎ᠡ ᠪᠠᠷ ᠨᠡᠮᠡᠨ᠂ 2.1 ᠲᠦᠮᠡᠨ ᠮᠥ ᠣᠶ ᠶᠢ ᠵᠠᠰᠠᠨ ᠰᠡᠷᠭᠦᠭᠡᠵᠦ᠂ 2 ᠲᠦᠮᠡᠨ ᠮᠥ ᠬᠠᠪᠲᠠᠭᠠᠶ | ᠭᠦᠢᠯᠡᠰᠦ ᠶᠢ ᠵᠠᠯᠭᠠᠨ ᠳᠠᠷᠢᠵᠤ᠂ ᠪᠥᠬᠦ ᠬᠤᠰᠢᠭᠤᠨ ᠤ ᠣᠶ ᠰᠢᠭᠤᠶ ᠶᠢᠨ ᠪᠦᠷᠬᠦᠴᠡ ᠶᠢᠨ ᠨᠣᠷᠮ᠎ᠠ 38.3 % ᠳᠤ | ᠬᠥᠷᠪᠡ᠃ ᠲᠠᠴᠢᠷᠳᠠᠭᠰᠠᠨ ᠨᠤᠲᠤᠭ ᠪᠡᠯᠴᠢᠭᠡᠷ ᠢ 0.5 ᠲᠦᠮᠡᠨ ᠮᠥ ᠰᠡᠷᠭᠦᠭᠡᠵᠦ᠂ ᠬᠥᠮᠦᠨ ᠤ ᠬᠦᠴᠦ ᠪᠠᠷ 8 | ᠲᠦᠮᠡᠨ ᠮᠥ ᠡᠪᠡᠰᠦ ᠲᠠᠷᠢᠨ᠂ ᠦᠨᠳᠦᠰᠦᠨ ᠨᠤᠲᠤᠭ ᠪᠡᠯᠴᠢᠭᠡᠷ ᠢ 228.8 ᠲᠦᠮᠡᠨ ᠮᠥ ᠲᠣᠭᠲᠠᠭᠠᠵᠤ᠂ ᠨᠤᠲᠤᠭ | ᠪᠡᠯᠴᠢᠭᠡᠷ ᠤᠨ ᠶᠡᠷᠦᠩᠬᠡᠶᠢᠯᠡᠭᠰᠡᠨ ᠤᠷᠭᠤᠮᠠᠯ ᠤᠨ ᠬᠤᠴᠢᠯᠭ᠎ᠠ 66.04 % ᠳᠤ ᠬᠥᠷᠪᠡ᠃ ᠱᠢᠷᠭ᠎ᠠ ᠶᠢᠨ ᠭᠤᠣᠯ ᠢ | ᠵᠠᠰᠠᠵᠤ᠂ ᠭᠤᠣᠯ ᠤᠨ ᠬᠦᠪᠡᠭᠡ ᠠᠴᠠ ᠬᠠᠶᠢᠷ ᠮᠠᠯᠲᠠᠬᠤ ᠳᠤ ᠤᠯᠤᠰ ᠤᠨ ᠦᠮᠴᠢᠯᠡᠯᠲᠦ ᠡᠵᠡᠩᠨᠡᠯᠲᠡ ᠪᠠ | ᠡᠷᠴᠢᠮᠵᠢᠭᠦᠯᠦᠭᠰᠡᠨ ᠨᠡᠭᠡᠭᠡᠨ ᠠᠰᠢᠭᠯᠠᠯᠲᠠ ᠶᠢ ᠬᠡᠷᠡᠭᠵᠢᠭᠦᠯᠦᠨ᠂ ᠦᠯᠵᠡᠶᠢᠮᠦ᠋ᠷᠡᠨ ᠭᠤᠣᠯ ᠤᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠪᠣᠬᠢᠷᠲᠤᠯ ᠦᠭᠡᠢ ᠵᠢᠱᠢᠶ᠎ᠡ ᠦᠵᠡᠭᠦᠯᠬᠦ ᠪᠦᠰᠡ ᠶᠢ ᠪᠠᠶᠢᠭᠤᠯᠵᠤ᠂ ᠦᠯᠵᠡᠶᠢᠮᠦ᠋ᠷᠡᠨ | ᠭᠤᠣᠯ ᠤᠨ ᠤᠯᠤᠰ ᠤᠨ ᠨᠠᠮᠤᠭᠲᠤ ᠭᠠᠵᠠᠷ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢ ᠦᠨᠳᠦᠰᠦᠨ ᠳᠡᠭᠡᠨ | ᠳᠠᠭᠤᠰᠬᠠᠵᠤ᠂ 26 ᠲᠡᠭᠰᠢ ᠳᠥᠷᠪᠡᠯᠵᠢᠨ ᠺᠢᠯᠣᠮᠧᠲᠷ ᠵᠢᠵᠢᠭ ᠤᠷᠤᠰᠬᠠᠯ ᠢ ᠵᠠᠰᠠᠪᠠ᠃ ᠲᠠᠷᠢᠶᠠᠨ ᠡᠮ ᠪᠠ | ᠬᠢᠮᠢ ᠶᠢᠨ ᠪᠣᠷᠳᠣᠭᠤᠷ ᠬᠡᠷᠡᠭᠯᠡᠬᠦ ᠬᠡᠮᠵᠢᠶ᠎ᠡ ᠶᠢ 3 % ᠪᠠᠷ ᠪᠠᠭᠠᠰᠬᠠᠵᠤ᠂ ᠬᠠᠶᠠᠭᠳᠠᠮᠠᠯ ᠬᠠᠭᠤᠴᠢᠨ ᠰᠦᠯᠢᠶᠣᠣ | ᠪᠦᠷᠬᠦᠪᠴᠢ ᠶᠢ 35 ᠲᠦᠮᠡᠨ ᠮᠤ᠋ ᠬᠤᠷᠢᠶᠠᠨ ᠠᠪᠴᠤ᠂ ᠮᠠᠯ ᠵᠢᠭᠦᠷᠲᠡᠨ ᠤ ᠪᠠᠭᠠᠰᠤᠨ ᠤ ᠪᠣᠬᠢᠷᠲᠤᠯ ᠢ ᠶᠡᠷᠦᠩᠬᠡᠶᠢᠯᠡᠨ | ᠠᠰᠢᠭᠯᠠᠬᠤ ᠨᠣᠷᠮ᠎ᠠ ᠶᠢ 80 % ᠠᠴᠠ ᠳᠡᠭᠡᠭᠰᠢ ᠪᠣᠯᠭᠠᠪᠠ᠃ | ᠨᠢᠭᠡ ᠵᠢᠯ ᠤᠨ ᠲᠤᠷᠰᠢ᠂ ᠪᠢᠳᠡ ᠦᠵᠡᠯ ᠰᠠᠨᠠᠭ᠎ᠠ ᠪᠠᠨ ᠴᠢᠯᠥᠭᠡᠯᠡᠨ᠂ ᠪᠣᠭᠤᠮᠢ ᠶᠢ ᠰᠢᠪᠲᠤᠯᠵᠤ᠂ | ᠥᠭᠡᠷᠡᠴᠢᠯᠡᠯᠲᠡ ᠶᠢ ᠠᠳᠬᠤᠨ ᠨᠡᠭᠡᠭᠡᠯᠲᠡ ᠶᠢ ᠠᠬᠢᠭᠤᠯᠵᠤ᠂ ᠰᠢᠨ᠎ᠡ ᠶᠢ ᠡᠭᠦᠳᠬᠦ ᠬᠥᠭᠵᠢᠯᠲᠡ ᠶᠢᠨ ᠠᠮᠢᠵᠢᠷᠠᠯ ᠤᠨ | ᠬᠦᠴᠦᠨ ᠢ ᠪᠠᠳᠠᠷᠠᠭᠤᠯᠪᠠ᠃ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠬᠠᠮᠢᠶᠠᠷᠤᠯᠲᠠ ᠶᠢᠨ ᠪᠠᠶᠢᠭᠤᠯᠤᠯ ᠤᠨ | ᠥᠭᠡᠷᠡᠴᠢᠯᠡᠯᠲᠡ ᠤᠷᠤᠭᠰᠢᠲᠠᠢ ᠠᠬᠢᠵᠤ᠂ ᠱᠠᠩ ᠵᠢᠩ ᠤᠯᠤᠰ ᠤᠨ ᠦᠮᠴᠢᠯᠡᠯᠲᠦ ᠪᠡᠯᠡ ᠬᠦᠷᠦᠩᠭᠡ ᠶᠢᠨ ᠡᠵᠡᠩᠨᠡᠯᠲᠡ | ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠶᠢ ᠪᠠᠶᠢᠭᠤᠯᠤᠨ᠂ ᠶᠡᠷᠦᠩᠬᠡᠢ ᠪᠡᠯᠡ ᠣᠷᠣᠭᠤᠯᠤᠯᠲᠠ ᠨᠢ 8.14 | ᠳ᠋ᠦᠩᠰᠢᠭᠤᠷ ᠲᠥᠭᠦᠷᠢᠭ ᠤᠨ 9 ᠲᠦᠷᠦᠯ ᠵᠦᠢᠯ ᠢ ᠨᠠᠶᠢᠳᠠᠪᠦᠷᠢᠵᠢᠭᠤᠯᠪᠠ᠃ ᠬᠤᠸᠠᠵᠢᠯᠠᠭ᠎ᠠ ᠰᠢᠶᠠᠩ ᠪᠠ ᠰᠠᠨ ᠱᠠᠨ | ᠰᠢᠶᠠᠩ ᠤᠨ ︽ᠭᠤᠷᠪᠠ ᠶᠢ ᠨᠢᠭᠡ ᠴᠤᠭᠴᠠᠵᠢᠭᠤᠯᠬᠤ︾ ᠶᠡᠷᠦᠩᠬᠡᠶᠢᠯᠡᠭᠰᠡᠨ ᠬᠠᠮᠲᠤᠷᠠᠯᠴᠠᠭᠠᠨ ᠤ ᠲᠤᠷᠰᠢᠯᠲᠠ ᠶᠢᠨ | ᠴᠡᠭ ᠤᠨ ᠠᠵᠢᠯ ᠢ ᠡᠮᠬᠢ ᠵᠢᠷᠤᠮ ᠲᠠᠢ ᠠᠬᠢᠭᠤᠯᠵᠤ᠂ ᠬᠤᠲᠠ ᠶᠢᠨ ᠳᠡᠰ ᠤᠨ ᠲᠤᠷᠰᠢᠯᠲᠠ ᠶᠢᠨ ᠴᠡᠭ ᠤᠨ 6 | ᠭᠠᠴᠠᠭ᠎ᠠ ᠲᠣᠰᠬᠤᠨ ᠤ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠶᠢᠨ ᠠᠵᠢᠯ ᠢ ᠡᠬᠢᠯᠡᠭᠦᠯᠦᠨ | ᠬᠡᠷᠡᠭᠵᠢᠭᠦᠯᠪᠡ᠃ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ | ᠠᠬᠢᠭᠤᠯᠵᠤ᠂ ᠥᠭᠡᠷᠡᠴᠢᠯᠡᠯᠲᠡ ᠶᠢᠨ ᠲᠠᠯᠠᠪᠠᠶ 5 ᠲᠦᠮᠡᠨ ᠮᠦ ᠬᠦᠷᠪᠡ᠃ ᠬᠤᠳᠠᠯᠳᠤᠭ᠎ᠠ ᠡᠵᠡᠩᠨᠡᠯᠲᠡ ᠶᠢᠨ | ᠣᠷᠴᠢᠨ ᠢ ᠦᠷᠭᠦᠯᠵᠢᠯᠡᠨ ᠰᠢᠯᠢᠳᠡᠭᠵᠢᠭᠦᠯᠵᠦ᠂ 1513 ᠵᠦᠢᠯ ᠢ ᠡᠮᠬᠢᠯᠡᠨ ᠲᠢᠩᠬᠢᠮ ᠳᠤ ᠣᠷᠤᠭᠤᠯᠵᠤ᠂ | ᠰᠦᠯᠵᠢᠶᠡᠨ ᠳᠡᠭᠡᠷ᠎ᠡ ᠨᠢᠭᠡ ᠯᠡ ᠤᠳᠠᠭ᠎ᠠ ᠳᠤ ᠭᠦᠢᠴᠡᠳᠬᠡᠬᠦ 577 ᠵᠦᠢᠯ ᠪᠠ ᠰᠦᠯᠵᠢᠶᠡᠨ ᠭᠠᠳᠠᠨ᠎ᠠ ᠨᠢᠭᠡ ᠯᠡ | ᠤᠳᠠᠭ᠎ᠠ ᠳᠤ ᠭᠦᠢᠴᠡᠳᠬᠡᠬᠦ 419 ᠵᠦᠢᠯ ᠢ ᠪᠡᠶᠡᠯᠡᠭᠦᠯᠦᠨ᠂ ᠴᠡᠷᠢᠭ ᠤᠨ ᠠᠯᠪᠠ ᠠᠴᠠ ᠬᠠᠯᠠᠭᠳᠠᠭᠰᠠᠳ᠂ ᠰᠠᠶ᠋ᠢ | ᠲᠥᠷᠥᠭᠰᠡᠨ ᠬᠡᠦᠬᠡᠳ ᠵᠢᠴᠢ ᠰᠣᠷᠣᠭᠴᠢ ᠶᠢᠨ ᠰᠤᠷᠭᠠᠭᠤᠯᠢ ᠳᠤ ᠣᠷᠣᠬᠤ ᠵᠡᠷᠭᠡ 16 ᠵᠦᠢᠯ ᠤᠨ ︽ᠨᠢᠭᠡ ᠯᠡ | ᠤᠳᠠᠭ᠎ᠠ ᠳᠤ ᠭᠦᠢᠴᠡᠳᠬᠡᠬᠦ︾ ᠵᠦᠢᠯᠡᠰ ᠢ ᠰᠦᠯᠵᠢᠶᠡᠨ ᠭᠠᠳᠠᠨ᠎ᠠ ᠭᠦᠢᠴᠡᠳᠬᠡᠬᠦ ᠶᠢ ᠪᠡᠶᠡᠯᠡᠭᠦᠯᠪᠡ᠃ ︽12345 | ︾ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠬᠠᠯᠠᠮᠰᠢᠯ ᠤᠲᠠᠰᠤ ᠶᠢ ᠨᠡᠪᠲᠡᠷᠡᠭᠦᠯᠵᠦ᠂ ᠭᠥᠯᠢᠶᠡᠨ | ᠠᠪᠴᠤ ᠭᠦᠢᠴᠡᠳᠬᠡᠬᠦ ᠨᠣᠷᠮ᠎ᠠ 100 % ᠳᠤ ᠬᠦᠷᠴᠦ᠂ ᠬᠠᠨᠣᠮᠵᠢ ᠶᠢᠨ ᠬᠡᠮᠵᠢᠶ᠎ᠡ ᠨᠢ 97.46 % ᠳᠤ | ᠬᠥᠷᠪᠡ᠃ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ 3᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ | ᠳᠤᠮᠳᠠ ᠪᠠᠭ᠎ᠠ ᠠᠵᠤ ᠠᠬᠤᠶᠢᠯᠠᠯ 9 ᠵᠢᠴᠢ ᠰᠢᠨ᠎ᠡ ᠶᠢ ᠡᠭᠦᠳᠬᠦ ᠬᠤᠯᠪᠣᠭᠠᠲᠤ ᠴᠣᠭᠴᠠ 8 ᠶᠢ ᠰᠢᠨ᠎ᠡ ᠪᠠᠷ | ᠨᠡᠮᠡᠭᠳᠡᠭᠦᠯᠪᠡ᠃ ᠬᠤᠳᠠᠯᠳᠤᠭᠠᠴᠢᠨ ᠤᠷᠢᠵᠤ ᠪᠠᠯᠠ ᠲᠠᠲᠠᠬᠤ ᠠᠮᠠᠯᠠᠯᠲᠠ ᠶᠢᠨ ᠲᠥᠷᠥ ᠶᠢᠨ ᠪᠣᠳᠣᠯᠭ᠎ᠠ ᠶᠢᠨ ᠪᠠᠯᠠ | ᠮᠥᠩᠭᠦ ᠶᠢ 1500 ᠭᠠᠷᠤᠶ ᠲᠦᠮᠡᠨ ᠲᠥᠭᠦᠷᠢᠭ ᠪᠡᠶᠡᠯᠡᠭᠦᠯᠵᠦ᠂ ︽ᠵᠡᠭᠦᠨ ᠬᠤᠰᠢᠭᠤᠨ ᠳᠤ ᠪᠡᠯᠡ ᠣᠷᠤᠭᠤᠯᠵᠤ᠂ | ᠳᠡᠭᠡᠳᠦ ᠨᠡᠶᠢᠰᠯᠡᠯ ᠳᠤ ᠬᠦᠰᠡᠯ ᠢᠶᠠᠨ ᠲᠡᠷᠭᠡᠯᠰᠢᠭᠦᠯᠬᠦ︾ ᠭᠤᠤᠯ ᠰᠡᠳᠦᠪᠲᠦ ᠬᠤᠳᠠᠯᠳᠤᠭᠠᠴᠢᠨ ᠤᠷᠢᠬᠤ ᠬᠤᠷᠠᠯ ᠢ | ᠠᠮᠵᠢᠯᠲᠠ ᠲᠠᠢ ᠡᠷᠭᠢᠯᠡᠵᠦ᠂ ᠪᠥᠬᠦ ᠵᠢᠯ ᠳᠤ 60 ᠲᠥᠷᠥᠯ ᠵᠦᠢᠯ ᠢ ᠨᠠᠶᠢᠳᠠᠪᠤᠷᠢᠵᠢᠭᠤᠯᠵᠤ᠂ ᠠᠳᠠᠯᠢ | ᠬᠤᠭᠤᠴᠠᠭᠠᠨ ᠤ ᠬᠢ ᠠᠴᠠ ᠳᠠᠬᠢᠨ ᠢᠶᠠᠷ ᠨᠡᠮᠡᠭᠳᠡᠪᠡ᠃ | ᠨᠢᠭᠡ ᠵᠢᠯ ᠤᠨ ᠲᠤᠷᠰᠢ᠂ ᠪᠢᠳᠡ ᠪᠥᠬᠦ ᠬᠦᠴᠦᠨ ᠢᠶᠠᠷ ᠢᠶᠠᠨ ᠴᠢᠷᠮᠠᠶᠢᠵᠤ᠂ ᠬᠠᠮᠲᠤ ᠪᠠᠷ ᠪᠠᠶᠢᠭᠤᠯᠵᠤ | ᠬᠠᠮᠲᠤ ᠪᠠᠷ ᠡᠳ᠋ᠯᠡᠨ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ᠂ ᠠᠷᠠᠳ ᠲᠦᠮᠡᠨ ᠤ ᠵᠣᠯ ᠵᠢᠷᠭᠠᠯ ᠤᠨ | ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠪᠡ᠃ ᠪᠦᠬᠦ ᠬᠤᠰᠢᠭᠤᠨ ᠤ ︽ᠭᠤᠷᠪᠠ ᠶᠢ ᠪᠠᠲᠤᠯᠠᠬᠤ︾ ᠵᠠᠷᠤᠯᠭ᠎ᠠ 31. | 3 ᠳ᠋ᠦᠩᠰᠢᠭᠤᠷ ᠲᠥᠭᠦᠷᠢᠭ ᠬᠦᠷᠴᠦ᠂ ᠡᠳ᠋ ᠤᠨ ᠵᠠᠰᠠᠭ ᠤᠨ ᠵᠠᠷᠤᠯᠭ᠎ᠠ ᠶᠢᠨ 83% ᠶᠢ ᠡᠵᠡᠯᠡᠪᠡ᠃ ᠠᠵᠢᠯ | ᠣᠯᠭᠤᠯᠲᠠ ᠶᠢ ᠲᠡᠷᠢᠭᠦᠨ ᠳᠤ ᠲᠠᠯᠪᠢᠬᠤ ᠪᠠᠶᠢᠯᠳᠤᠬᠤ ᠪᠤᠳᠤᠯᠭ᠎ᠠ ᠶᠢ ᠭᠦᠨᠵᠡᠭᠡᠢ ᠬᠡᠷᠡᠭᠵᠢᠭᠦᠯᠵᠦ᠂ ᠬᠤᠳᠠ | ᠪᠠᠯᠭᠠᠰᠤᠨ ᠤ 800 ᠬᠥᠮᠦᠨ ᠳᠤ ᠰᠢᠨ᠎ᠡ ᠪᠠᠷ ᠠᠵᠢᠯ ᠣᠯᠭᠤᠨ᠂ 5.9 ᠲᠦᠮᠡ ᠭᠠᠷᠤᠢ ᠬᠥᠳᠡᠯᠮᠦᠷᠢ ᠬᠦᠴᠦᠨ ᠢ | ᠰᠢᠯᠵᠢᠭᠦᠯᠦᠨ ᠠᠵᠢᠯ ᠣᠯᠭᠤᠵᠤ᠂ ᠬᠤᠳᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ | 2.4 % ᠪᠣᠯᠲᠠᠯ᠎ᠠ ᠪᠠᠭᠤᠷᠠᠭᠤᠯᠵᠤ᠂ ᠥᠩᠭᠡᠷᠡᠭᠰᠡᠨ ᠵᠢᠯ ᠤᠳ ᠤᠨ ᠬᠠᠮᠤᠭ ᠤᠨ ᠳᠣᠣᠷ᠎ᠠ ᠬᠡᠮᠵᠢᠶᠡᠨ ᠳᠤ ᠬᠦᠷᠭᠡᠪᠡ᠃ | ︽ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ︾ ᠲᠥᠯᠥᠪᠯᠡᠭᠡ ᠶᠢ ᠯᠠᠪᠳᠠᠭᠤᠨ ᠠᠬᠢᠭᠤᠯᠵᠤ᠂ | ᠦᠨᠳᠦᠰᠦᠨ ᠨᠠᠰᠤᠵᠢᠯ ᠤᠨ ᠳᠠᠭᠠᠳᠬᠠᠯ ᠪᠠ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ | ᠨᠣᠷᠮ᠎ᠠ ᠶᠢ 95 % ᠠᠴᠠ ᠳᠡᠭᠡᠭᠰᠢ ᠲᠣᠭᠲᠠᠪᠦᠷᠢᠵᠢᠭᠤᠯᠪᠠ᠃ ᠦᠨᠳᠦᠰᠦᠨ ᠱᠠᠲᠤᠨ ᠤ ᠴᠡᠷᠢᠭ ᠤᠨ ᠠᠯᠪᠠ ᠠᠴᠠ | ᠬᠠᠯᠠᠭᠳᠠᠭᠰᠠᠳ ᠤᠨ ᠦᠢᠯᠡᠴᠢᠯᠡᠭᠡᠨ ᠤ ᠲᠣᠭᠲᠠᠯᠴᠠᠭ᠎ᠠ ᠶᠢ ᠪᠦᠷᠢᠨᠰᠢᠭᠦᠯᠵᠦ᠂ ᠪᠥᠬᠦ ᠤᠯᠤᠰ ᠤᠨ ᠬᠡᠪ ᠳᠠᠭᠤᠷᠢᠶᠠᠯᠲᠤ | ᠦᠢᠯᠡᠴᠢᠯᠡᠭᠡᠨ ᠤ ᠲᠥᠪ 1 ᠪᠠ ᠵᠢᠱᠢᠶ᠎ᠡ ᠦᠵᠡᠭᠦᠯᠬᠦ ᠬᠡᠯᠪᠡᠷᠢ ᠶᠢᠨ ᠦᠢᠯᠡᠴᠢᠯᠡᠭᠡᠨ ᠤ ᠥᠷᠲᠡᠭᠡ ᠶᠢ 197 | ᠪᠠᠶᠢᠭᠤᠯᠪᠠ᠃ ᠨᠡᠶᠢᠭᠡᠮ ᠤᠨ ᠠᠪᠤᠷᠠᠨ ᠲᠤᠰᠠᠯᠠᠯᠲᠠ ᠶᠢ ᠱᠠᠲᠤ ᠲᠥᠷᠥᠯ ᠬᠤᠪᠢᠶᠠᠨ ᠥᠷᠨᠢᠭᠦᠯᠵᠦ᠂ ᠳᠣᠣᠷ᠎ᠠ | ᠣᠷᠣᠯᠭ᠎ᠠ ᠲᠠᠢ 3.77 ᠲᠦᠮᠡᠨ ᠬᠥᠮᠦᠨ ᠠᠮᠠ ᠶᠢ ᠮᠠᠭᠠᠳᠯᠠᠨ ᠲᠣᠭᠲᠠᠭᠠᠵᠤ᠂ ᠮᠠᠨ ᠤ ᠬᠤᠰᠢᠭᠤ ᠨᠢ ᠥᠪᠡᠷᠲᠡᠭᠡᠨ | ᠵᠠᠰᠠᠬᠤ ᠣᠷᠣᠨ ᠤ ᠲᠠᠰ ᠤᠨ ᠳᠣᠣᠷ᠎ᠠ ᠣᠷᠤᠯᠭᠠᠲᠤ ᠬᠥᠮᠦᠨ ᠠᠮᠠ ᠶᠢᠨ ᠬᠥᠳᠡᠯᠦᠩᠭᠦᠶ ᠬᠢᠨᠠᠨ ᠪᠠᠶᠢᠴᠠᠭᠠᠬᠤ ᠪᠠ | ᠪᠠᠶᠢᠩᠭᠤ ᠠᠪᠤᠷᠠᠨ ᠲᠡᠳᠬᠦᠬᠦ ᠲᠤᠷᠰᠢᠯᠲᠠ ᠶᠢᠨ ᠴᠢᠭ ᠢᠶᠠᠷ ᠰᠣᠩᠭᠤᠭᠳᠠᠪᠠ᠃ ᠥᠨᠳᠥᠷ ᠳᠤᠮᠳᠠᠳᠤ ᠪᠠ ᠳᠡᠭᠡᠳᠦ | ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠥᠭᠡᠷᠡᠴᠢᠯᠡᠯᠲᠡ ᠪᠠ ︽ᠬᠤᠶᠠᠷ ᠢ ᠪᠠᠭᠠᠰᠬᠠᠬᠤ︾ | ᠲᠥᠷᠥ ᠶᠢᠨ ᠪᠣᠳᠣᠯᠭ᠎ᠠ ᠶᠢ ᠪᠦᠲᠦᠮᠵᠢᠲᠡᠶ ᠨᠠᠶᠢᠳᠠᠪᠤᠷᠢᠵᠢᠭᠤᠯᠵᠤ᠂ 1.2 ᠳ᠋ᠦᠩᠰᠢᠭᠤᠷ ᠲᠥᠭᠦᠷᠢᠭ ᠤᠨ ᠪᠠᠯᠠ | ᠣᠷᠤᠭᠤᠯᠤᠨ᠂ ᠳᠤᠮᠳᠠᠳᠤ ᠪᠠᠭ᠎ᠠ ᠰᠤᠷᠭᠠᠭᠤᠯᠢ ᠪᠠ ᠬᠡᠦᠬᠡᠳ ᠤᠨ ᠴᠡᠴᠡᠷᠯᠢᠭ 11 ᠶᠢ ᠰᠢᠨ᠎ᠡ ᠪᠠᠷ ᠪᠠᠶᠢᠭᠤᠯᠵᠤ᠂ | ᠠᠯᠪᠠᠨ ᠵᠢᠷᠤᠮ ᠤᠨ ᠰᠤᠷᠭᠠᠨ ᠬᠥᠮᠦᠵᠢᠯ ᠢ ᠪᠠᠬᠢᠵᠢᠭᠦᠯᠦᠭᠰᠡᠨ ᠨᠣᠷᠮ᠎ᠠ ᠶᠢ 100 % ᠳᠤ ᠬᠦᠷᠭᠡᠪᠡ᠃ 35 | ᠰᠤᠷᠭᠠᠭᠤᠯᠢ ᠪᠠ ᠱᠦᠨ ᠢ ᠲᠣᠭᠤᠷᠢᠭ ᠤᠨ 19 ᠰᠤᠷᠭᠠᠭᠤᠯᠢ ᠲᠠᠢ ᠠᠵᠢᠯ ᠲᠦᠷᠦᠯ ᠤᠨ ᠰᠢᠰᠲ᠋ᠧᠮ ᠢᠶᠠᠷ | ᠬᠤᠯᠪᠤᠭᠠᠯᠠᠨ ᠪᠠᠶᠢᠭᠤᠯᠵᠤ᠂ ᠲᠥᠪ ᠤᠨ ᠵᠣᠬᠢᠶᠠᠨ ᠪᠠᠶᠢᠭᠤᠯᠬᠤ ᠬᠡᠯᠲᠡᠰ ᠪᠦᠯᠬᠦᠮ ᠪᠠᠶᠢᠭᠤᠯᠤᠨ 20 ᠰᠢᠯᠢᠳᠡᠭ | ᠪᠠᠭᠰᠢ ᠶᠢ ᠬᠠᠪᠰᠤᠷᠤᠨ ᠲᠡᠳᠬᠦᠵᠦ᠂ ᠱᠦᠨ ᠢ ᠲᠣᠭᠤᠷᠢᠭ 17 ᠰᠢᠯᠢᠳᠡᠭ ᠪᠠᠭᠰᠢ ᠢ ᠳᠡᠮᠵᠢᠨ᠂ ᠪᠥᠬᠦ | ᠬᠤᠰᠢᠭᠤᠨ ᠤ 84 ᠪᠠᠭᠰᠢ ᠪᠡᠭᠡᠵᠢᠩ ᠳᠤ ᠣᠷᠣᠵᠤ ᠪᠣᠯᠪᠠᠰᠤᠷᠠᠯ ᠬᠦᠷᠲᠡᠨ᠂ ᠪᠠᠭᠰᠢ ᠶᠢᠨ ᠡᠩᠨᠡᠭᠡᠨ ᠤ | ᠪᠠᠶᠢᠭᠤᠯᠤᠯᠲᠠ ᠶᠢᠨ ᠬᠢᠷᠢ ᠲᠦᠪᠰᠢᠨ ᠢᠯᠡᠳᠲᠡ ᠳᠡᠭᠡᠭᠰᠢᠯᠡᠪᠡ᠃ ᠬᠤᠰᠢᠭᠤᠨ ᠤ ᠡᠮᠨᠡᠯᠭᠡ ᠶᠢᠨ ᠬᠤᠷᠢᠶᠠᠨ ᠤ | ᠬᠠᠯᠳᠠᠪᠤᠷᠢᠲᠤ ᠡᠪᠡᠳᠴᠢᠨ ᠤ ᠲᠣᠭᠤᠷᠢᠭ ᠵᠢᠴᠢ ᠹᠠᠩ ᠼᠠᠩ ᠡᠮᠨᠡᠯᠭᠡ ᠶᠢᠨ ᠬᠤᠷᠢᠶ᠎ᠠ ᠵᠢᠴᠢ ᠹᠠᠩ ᠼᠠᠩ | ᠲᠤᠷᠰᠢᠯᠲᠠ ᠶᠢᠨ ᠲᠠᠰᠤᠭ ᠢ ᠵᠡᠷᠭᠡᠪᠡᠷ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠰᠢᠯᠭᠠᠨ ᠪᠠᠶᠢᠴᠠᠭᠠᠬᠤ ᠪᠠ | ᠠᠪᠤᠷᠠᠨ ᠵᠠᠰᠠᠬᠤ ᠴᠢᠳᠠᠪᠤᠷᠢ ᠶᠡᠬᠡᠪᠡᠷ ᠳᠡᠭᠡᠭᠰᠢᠯᠡᠨ᠂ ᠨᠢᠩ ᠰᠢᠨ ᠡᠮᠨᠡᠯᠭᠡ ᠶᠢᠨ ᠬᠤᠷᠢᠶ᠎ᠠ ᠶᠢ ᠠᠰᠢᠭᠯᠠᠯᠲᠠ ᠳᠤ | ᠣᠷᠤᠭᠤᠯᠵᠤ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠤᠨ ᠰᠤᠮᠤ ᠰᠢᠶᠠᠩ ᠪᠠᠯᠭᠠᠰᠤ 4 ᠪᠠ ᠭᠠᠴᠠᠭ᠎ᠠ | ᠲᠣᠰᠬᠤᠨ 8 ᠶᠢ ᠪᠠᠶᠢᠭᠤᠯᠪᠠ᠃ ᠯᠢᠶᠣᠤ ᠶᠢᠨ ᠳᠡᠭᠡᠳᠦ ᠨᠡᠶᠢᠰᠯᠡᠯ ᠤᠨ ᠤᠯᠤᠰ ᠤᠨ ᠬᠠᠭᠤᠴᠢ ᠰᠤᠳᠤᠯᠤᠯ ᠤᠨ | ᠪᠠᠭᠤᠷᠢ ᠶᠢᠨ ᠴᠡᠴᠡᠷᠯᠢᠭ ᠨᠢ ᠪᠥᠬᠦ ᠣᠷᠣᠨ ᠳᠤ ᠠᠩᠬᠠᠳᠠᠭᠴᠢ ᠫᠠᠶᠢᠰᠠ ᠡᠯᠭᠦᠨ᠂ ᠯᠢᠶᠣᠤ ᠶᠢᠨ ᠳᠡᠭᠡᠳᠦ | ᠨᠡᠶᠢᠰᠯᠡᠯ ᠤᠨ ᠪᠠᠭᠤᠷᠢ ᠨᠢ ︽ᠰᠢᠨ᠎ᠡ ᠴᠠᠭ ᠦᠶ᠎ᠡ ᠶᠢᠨ ᠵᠠᠭᠤᠨ ᠵᠦᠢᠯ ᠤᠨ ᠬᠠᠭᠤᠴᠢ ᠰᠤᠳᠤᠯᠤᠯ ᠤᠨ ᠰᠢᠨ᠎ᠡ | ᠢᠯᠡᠷᠡᠭᠦᠯᠦᠯᠲᠡ︾ ᠶᠢᠨ ᠨᠡᠷᠡᠰ ᠲᠤ ᠰᠤᠩᠭᠤᠭᠳᠠᠪᠠ᠃ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ ᠢ | ᠪᠠᠶᠢᠭᠤᠯᠤᠨ ᠠᠰᠢᠭᠯᠠᠯᠲᠠ ᠳᠤ ᠣᠷᠣᠭᠤᠯᠪᠠ᠃ | ᠨᠢᠭᠡ ᠵᠢᠯ ᠤᠨ ᠲᠤᠷᠰᠢ᠂ ᠪᠢᠳᠠ ᠤᠯᠠᠭᠠᠨ ᠱᠤᠭᠤᠮ ᠢ ᠴᠢᠩᠭ᠎ᠠ ᠰᠠᠬᠢᠵᠤ᠂ ᠬᠤᠷᠢᠭ᠎ᠠ ᠱᠤᠭᠤᠮ ᠢ ᠪᠠᠲᠤ | ᠴᠣᠭᠴᠠᠯᠠᠨ᠂ ᠠᠮᠤᠷ ᠲᠦᠪᠰᠢᠨ ᠢ ᠪᠠᠲᠤᠯᠠᠨ ᠲᠣᠭᠲᠠᠭᠤᠨ ᠢ ᠬᠠᠮᠠᠭᠠᠯᠠᠵᠤ᠂ ᠡᠶ᠎ᠡ ᠵᠣᠬᠢᠴᠠᠩᠭᠤᠢ ᠨᠡᠶᠢᠭᠡᠮ ᠤᠨ ᠶᠡᠭᠡ | ᠲᠠᠯ᠎ᠠ ᠶᠠᠪᠤᠬᠤ ᠲᠤᠳᠤᠮ ᠪᠠᠬᠢᠵᠢᠪᠡ᠃ ᠠᠶᠤᠯ ᠦᠭᠡᠢ ᠦᠢᠯᠡᠳᠪᠦᠷᠢᠯᠡᠯ ᠤᠨ ᠲᠤᠰᠬᠠᠶ ᠴᠡᠭᠴᠡᠯᠡᠨ ᠵᠠᠰᠠᠬᠤ ᠭᠤᠷᠪᠠᠨ | ᠵᠢᠯ ᠤᠨ ᠠᠵᠢᠯᠯᠠᠭ᠎ᠠ ᠠᠮᠵᠢᠯᠲᠠ ᠲᠠᠢ ᠳᠠᠭᠤᠰᠴᠤ᠂ ᠨᠡᠭᠦᠷᠡᠰᠦᠨ ᠤ ᠪᠤᠰᠤ ᠠᠭᠤᠷᠬᠠᠶ᠂ ᠠᠶᠤᠯᠲᠠᠶ ᠬᠢᠮᠢ ᠶᠢᠨ ᠪᠣᠳᠠᠰ | ᠵᠢᠴᠢ ᠬᠤᠲᠠ ᠪᠠᠯᠭᠠᠰᠤᠨ ᠤ ᠰᠢᠲᠠᠮᠠᠬᠠᠶ ᠬᠡᠶ ᠵᠡᠷᠭᠡ 8 ᠭᠤᠤᠯᠳᠠᠯᠭ᠎ᠠ ᠲᠠᠢ ᠬᠦᠷᠢᠶᠡᠨ ᠤ ᠠᠮᠤᠷ ᠲᠦᠪᠰᠢᠨ ᠤ | ᠴᠡᠭᠴᠡᠯᠡᠨ ᠵᠠᠰᠠᠯᠲᠠ ᠶᠢ ᠰᠠᠶᠢᠲᠤᠷ ᠠᠬᠢᠭᠤᠯᠵᠤ᠂ 7810 ᠵᠦᠢᠯ ᠤᠨ ᠠᠰᠠᠭᠤᠳᠠᠯ ᠬᠡᠮ ᠰᠣᠭᠤᠭ ᠢ ᠪᠦᠬᠦᠨ ᠢ | ᠬᠦᠴᠦᠨ ᠥᠬᠡᠶ ᠪᠣᠯᠭᠠᠵᠤ᠂ ᠠᠳᠡᠯ ᠭᠠᠷᠤᠭᠰᠠᠨ ᠲᠤᠭ᠎ᠠ ᠪᠣᠯᠤᠨ ᠠᠳᠡᠭᠰᠡᠨ ᠬᠥᠮᠦᠨ ᠤ ᠲᠤᠭ᠎ᠠ ᠲᠣᠰ ᠲᠣᠰ | ᠠᠳᠠᠯᠢ ᠬᠤᠭᠤᠴᠠᠭᠠᠨ ᠤ ᠬᠢ ᠠᠴᠠ 33.3 % ᠪᠠᠷ ᠪᠠᠭᠤᠷᠠᠪᠠ᠃ ᠢᠳᠡᠭᠡᠨ ᠪᠠ ᠡᠮ ᠤᠨ ᠵᠦᠢᠯᠡᠰ ᠤᠨ ᠠᠮᠤᠷ | ᠲᠦᠪᠰᠢᠨ ᠤ ᠣᠶᠤᠨᠴᠢᠯᠠᠭᠰᠠᠨ ᠪᠠ ᠢᠯᠡ ᠪᠣᠯᠭᠠᠭᠰᠠᠨ ᠬᠢᠨᠠᠯᠲᠠ ᠬᠠᠮᠢᠶᠠᠷᠤᠯᠲᠠ ᠶᠢ ᠪᠦᠬᠦ ᠲᠠᠯ᠎ᠠ ᠪᠠᠷ ᠠᠬᠢᠭᠤᠯᠵᠤ᠂ | ᠢᠳᠡᠭᠡᠨ ᠤ ᠠᠮᠤᠷ ᠲᠦᠪᠰᠢᠨ ᠤ ︽ᠬᠤᠶᠠᠷ ᠬᠠᠷᠢᠭᠤᠴᠠᠯᠭ᠎ᠠ︾ ᠶᠢ ᠪᠦᠲᠦᠮᠵᠢᠲᠡᠢ ᠨᠠᠶᠢᠳᠠᠪᠦᠷᠢᠵᠢᠭᠤᠯᠤᠨ᠂ | ᠰᠤᠷᠭᠠᠭᠤᠯᠢ ᠶᠢᠨ ᠢᠳᠡᠭᠡᠨ ᠤᠮᠳᠠᠭᠠᠨ ᠤ ︽ᠢᠨ᠋ᠲ᠋ᠧᠷ ᠰᠦᠯᠵᠢᠶ᠎ᠡ + ᠠᠷᠢᠭᠤᠨ ᠴᠡᠪᠡᠷ ᠲᠣᠭᠤᠭᠠᠨ ᠭᠡᠷ︾ ᠤᠨ | ᠨᠣᠷᠮ᠎ᠠ ᠶᠢ 100 % ᠳᠤ ᠬᠦᠷᠦᠭᠦᠯᠪᠡ᠃ ᠳᠠᠪᠬᠤᠷᠳᠠᠭᠰᠠᠨ ᠵᠠᠬᠢᠳᠠᠯ ᠰᠣᠷᠪᠤᠯᠵᠢᠯᠠᠯ ᠢ ᠴᠡᠭᠴᠡᠯᠡᠨ ᠵᠠᠰᠠᠬᠤ ᠪᠠ | ᠵᠠᠬᠢᠳᠠᠯ ᠰᠣᠷᠪᠤᠯᠵᠢᠯᠠᠯ ᠤᠨ ᠳᠠᠷᠤᠭᠳᠠᠮᠠᠯ ᠬᠡᠷᠡᠭ ᠢ ᠰᠢᠢᠳᠪᠦᠷᠢᠯᠡᠬᠦ ᠲᠤᠰᠬᠠᠢ ᠠᠵᠢᠯ ᠢ ᠠᠬᠢᠭᠤᠯᠵᠤ᠂ ᠲᠦᠪ ᠤᠨ | ᠬᠠᠮᠲᠤᠷᠠᠭᠰᠠᠨ ᠠᠯᠪᠠᠨ ᠭᠡᠷ ᠠᠴᠠ ᠲᠤᠰᠢᠶᠠᠨ ᠰᠢᠢᠳᠪᠦᠷᠢᠯᠡᠭᠦᠯᠦᠭᠰᠡᠨ 29 ᠵᠠᠬᠢᠳᠠᠯ ᠰᠣᠷᠪᠤᠯᠵᠢᠯᠠᠯ ᠤᠨ ᠵᠦᠢᠯᠡᠰ ᠢ | ᠪᠦᠬᠦᠨ ᠢ ᠰᠢᠢᠳᠪᠦᠷᠢᠯᠡᠵᠦ᠂ 8 ᠰᠠᠭᠤᠭᠠᠯᠢ ᠠᠷᠠᠳ ᠤᠨ ᠲᠣᠭᠤᠷᠢᠭ ᠲᠤ ᠬᠤᠯᠪᠣᠭᠳᠠᠭᠰᠠᠨ 1728 ᠢᠵᠢ ᠭᠡᠷ | ᠪᠠᠶᠢᠰᠢᠩ ᠤᠨ ᠦᠨᠡᠮᠯᠡᠯ ᠠᠪᠬᠤ ᠳᠤ ᠬᠦᠴᠢᠷᠲᠡᠢ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠲᠡᠦᠬᠡᠨ | ᠦᠯᠡᠳᠡᠭᠳᠡᠯ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠪᠡ᠃ ᠬᠠᠤᠯᠢ ᠠᠴᠠ ᠵᠥᠷᠢᠴᠡᠭᠰᠡᠨ ᠡᠯ᠎ᠡ ᠲᠥᠷᠥᠯ ᠤᠨ | ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ 15 ᠵᠢᠯ ᠳᠠᠷᠠᠭᠠᠯᠠᠨ ᠠᠮᠢᠨ ᠬᠡᠷᠡᠭ ᠢ ᠪᠦᠬᠦᠨ ᠢ | ᠪᠠᠶᠢᠴᠠᠭᠠᠨ ᠢᠯᠡᠷᠡᠭᠦᠯᠪᠡ᠃ ︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠠᠵᠢᠯ ᠢ ᠭᠦᠨᠵᠡᠭᠡᠢ | ᠥᠷᠨᠢᠭᠦᠯᠵᠦ᠂ ᠵᠠᠷᠭᠤ ᠠᠴᠠ ᠡᠮᠦᠨ᠎ᠡ ᠡᠶᠡᠳᠡᠭᠦᠯᠦᠭᠡᠳ ᠠᠮᠵᠢᠯᠲᠠ ᠣᠯᠤᠭᠰᠠᠨ ᠨᠣᠷᠮ᠎ᠠ ᠪᠦᠬᠦ ᠬᠤᠲᠠ ᠳᠤ | ᠲᠡᠷᠢᠭᠦᠯᠡᠵᠦ᠂ ᠵᠠᠰᠠᠭ ᠵᠠᠬᠢᠷᠭᠠᠨ ᠤ ᠪᠠᠶᠢᠭᠤᠯᠭ᠎ᠠ ᠰᠢᠭᠦᠯᠲᠡ ᠳᠤ ᠣᠷᠣᠯᠴᠠᠵᠤ ᠵᠠᠷᠭᠤ ᠬᠦᠯᠢᠶᠡᠭᠰᠡᠨ ᠨᠣᠷᠮ᠎ᠠ 100 | % ᠳᠤ ᠬᠦᠷᠪᠡ᠃ ᠲᠣᠰ ᠭᠠᠵᠠᠷ ᠤᠨ ᠣᠯᠠᠨ ᠡᠭᠡᠯᠵᠢ ᠶᠢᠨ ᠬᠢᠵᠢᠭ ᠤᠨ ᠪᠠᠶᠢᠳᠠᠯ ᠢ ᠰᠢᠨᠵᠢᠯᠡᠬᠦ ᠤᠬᠠᠭᠠᠨᠴᠢ | ᠥᠨᠳᠥᠷ ᠪᠦᠲᠦᠮᠵᠢᠲᠡᠶ ᠪᠠᠷ ᠠᠷᠭᠠᠴᠠᠭᠠᠨ ᠰᠢᠢᠳᠪᠦᠷᠢᠯᠡᠵᠦ᠂ ᠪᠣᠶ ᠪᠥᠬᠦᠶ ᠬᠢᠵᠢᠭ ᠤᠨ ᠪᠠᠶᠢᠳᠠᠯ ᠢ ᠴᠥᠮ ᠨᠢᠭᠡ | ᠨᠢᠭᠤᠭᠳᠠᠮᠠᠯ ᠬᠤᠭᠤᠴᠠᠭᠠᠨ ᠳᠤ ᠪᠦᠬᠦᠨ ᠢ ᠠᠷᠢᠯᠭᠠᠨ᠂ ᠰᠢᠨ᠎ᠡ ᠶᠢ ᠡᠭᠦᠳᠴᠦ ᠰᠤᠳᠤᠯᠤᠨ ᠨᠡᠭᠡᠭᠡᠭᠰᠡᠨ ︽ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠤᠯᠳᠠᠯᠭ᠎ᠠ ᠲᠠᠢ ᠬᠥᠮᠦᠰ ᠤᠨ ᠪᠡᠶ᠎ᠡ ᠪᠠᠨ ᠳᠠᠭᠠᠭᠠᠵᠤ ᠮᠡᠳᠡᠭᠦᠯᠦᠨ | ᠳᠠᠩᠰᠠᠯᠠᠭᠤᠯᠬᠤ ᠲᠠᠪᠴᠠᠩ︾ ᠢ ᠪᠥᠬᠦ ᠬᠤᠲᠠ ᠳᠤ ᠳᠡᠯᠭᠡᠷᠡᠭᠦᠯᠪᠡ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ | ᠡᠭᠦᠳᠦᠨ ᠪᠠᠶᠢᠭᠤᠯᠬᠤ ᠠᠵᠢᠯ ᠴᠢᠬᠤᠯᠠ ᠠᠬᠢᠴᠠ ᠲᠠᠢ ᠪᠣᠯᠪᠠ᠃ | ᠨᠢᠭᠡ ᠵᠢᠯ ᠤᠨ ᠲᠤᠷᠰᠢ᠂ ᠪᠢᠳᠡ ᠥᠪᠡᠷ ᠤᠨ ᠪᠡᠶ᠎ᠡ ᠳᠡᠭᠡᠨ ᠳᠠᠷᠤᠯᠲᠠ ᠥᠭᠴᠦ᠂ ᠳᠤᠲᠤᠭᠠᠳᠤ ᠳᠤ ᠪᠠᠨ | ᠴᠡᠭᠴᠡᠯᠡᠯᠲᠡ ᠬᠢᠵᠦ᠂ ᠰᠤᠷᠲᠠᠯ ᠢᠶᠠᠨ ᠬᠤᠪᠢᠷᠠᠭᠤᠯᠤᠨ ᠦᠢᠯᠡᠴᠢᠯᠡᠭᠡ ᠪᠠᠨ ᠰᠢᠯᠢᠳᠡᠭᠵᠢᠭᠦᠯᠵᠦ᠂ ᠵᠠᠰᠠᠭ ᠤᠨ | ᠣᠷᠳᠣᠨ ᠤ ᠵᠠᠰᠠᠭ ᠵᠠᠬᠢᠷᠭᠠᠨ ᠤ ᠦᠷ᠎ᠡ ᠪᠦᠲᠦᠮᠵᠢ ᠢᠯᠡᠳᠲᠡ ᠳᠡᠭᠡᠭᠰᠢᠯᠡᠪᠡ᠃ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠭᠤᠷᠪᠠᠨ ᠴᠢᠬᠤᠯᠠ ᠨᠢᠭᠡ | ᠶᠡᠭᠡ︾ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠢ ᠴᠢᠩᠭ᠎ᠠ ᠭᠦᠢᠴᠡᠳᠬᠡᠵᠦ᠂ | ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ 12 ᠤᠳᠠᠭ᠎ᠠ ᠬᠤᠷᠠᠯᠳᠤᠭᠤᠯᠤᠨ᠂ ᠴᠢᠬᠤᠯᠠ ᠶᠡᠭᠡ ᠲᠥᠷᠥᠯ | ᠵᠦᠢᠯ᠂ ᠭᠤᠤᠯᠳᠠᠯᠭ᠎ᠠ ᠲᠠᠢ ᠥᠭᠡᠷᠡᠴᠢᠯᠡᠯᠲᠡ ᠵᠢᠴᠢ ᠠᠷᠠᠳ ᠤᠨ ᠠᠮᠢᠳᠤᠷᠠᠯ ᠵᠡᠷᠭᠡ ᠵᠦᠪᠯᠡᠬᠦ ᠰᠡᠳᠦᠪ 94 ᠵᠦᠢᠯ ᠢ | ᠬᠠᠮᠲᠤ ᠪᠠᠷ ᠰᠤᠳᠤᠯᠪᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ | ᠪᠠ ᠠᠵᠢᠯ ᠤᠨ ᠬᠢᠨᠠᠯᠲᠠ᠂ ᠤᠯᠤᠰ ᠲᠥᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠪᠠ ᠨᠡᠶᠢᠭᠡᠮ ᠤᠨ | ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠦᠯᠦᠭᠡᠯᠡᠭᠴᠢ ᠶᠢᠨ 54 ᠬᠤᠪᠢ ᠰᠠᠨᠠᠭᠤᠯᠭ᠎ᠠ ᠪᠠ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ | ᠤᠨ 48 ᠬᠤᠪᠢ ᠳᠤᠷᠠᠳᠤᠯᠭ᠎ᠠ ᠶᠢ ᠪᠦᠬᠦᠨ ᠢ ᠰᠢᠢᠳᠪᠦᠷᠢᠯᠡᠵᠦ ᠬᠠᠷᠢᠭᠤᠯᠲᠠ ᠥᠭᠪᠡ᠃ ᠪᠦᠬᠦ ᠲᠠᠯ᠎ᠠ ᠪᠠᠷ ᠨᠠᠮ ᠢ | ᠴᠢᠩᠭ᠎ᠠ ᠵᠠᠰᠠᠬᠤ ᠱᠠᠭᠠᠷᠳᠠᠯᠭ᠎ᠠ ᠶᠢ ᠡᠷᠡᠰ ᠨᠠᠶᠢᠳᠠᠪᠦᠷᠢᠵᠢᠭᠤᠯᠵᠤ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ | ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠠ ᠢᠯᠵᠠᠷᠠᠯ ᠢ ᠡᠰᠡᠷᠭᠦᠴᠡᠬᠦ ᠲᠡᠮᠡᠴᠡᠯ ᠢ ᠯᠠᠪᠳᠠᠭᠤᠨ ᠠᠬᠢᠭᠤᠯᠵᠤ᠂ | ᠲᠣᠭᠤᠷᠢᠨ ᠪᠠᠶᠢᠴᠠᠭᠠᠬᠤ᠂ ᠲᠤᠰᠬᠠᠢ ᠲᠥᠷᠥᠯ ᠢᠶᠠᠷ ᠬᠢᠨᠠᠨ ᠪᠠᠶᠢᠴᠠᠭᠠᠬᠤ ᠵᠢᠴᠢ ᠬᠡᠷᠡᠭ ᠢᠶᠠᠷ ᠥᠭᠡᠷᠡᠴᠢᠯᠡᠯᠲᠡ ᠶᠢ | ᠠᠬᠢᠭᠤᠯᠬᠤ ᠠᠵᠢᠯ ᠢ ᠠᠬᠢᠭᠤᠯᠤᠨ᠂ ᠬᠤᠰᠢᠭᠤ ᠲᠣᠰ ᠱᠠᠲᠤᠨ ᠤ ᠲᠥᠰᠦᠪ ᠢ ᠭᠦᠢᠴᠡᠳᠬᠡᠬᠦ᠂ ᠵᠠᠰᠠᠭ ᠤᠨ | ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ᠂ ᠠᠷᠠᠳ ᠤᠨ ᠠᠮᠢᠳᠤᠷᠠᠯ ᠤᠨ ᠪᠠᠲᠤᠯᠠᠭ᠎ᠠ ᠵᠢᠴᠢ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠭᠤᠣᠯᠳᠠᠯᠭ᠎ᠠ ᠲᠠᠢ ᠬᠦᠷᠢᠶ᠎ᠡ ᠬᠡᠪᠴᠢᠶᠡᠨ ᠳᠠᠬᠢ ᠬᠢᠨᠠᠨ ᠪᠣᠳᠣᠯᠲᠠ | ᠪᠠ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢᠯᠡᠳᠲᠡ ᠦᠷ᠎ᠡ ᠪᠦᠲᠦᠮᠵᠢ ᠣᠯᠪᠠ᠃ | ᠲᠥᠪ ᠤᠨ ᠨᠠᠢᠮᠠᠨ ᠵᠣᠷᠪᠤᠰ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ | ᠴᠢᠩᠭ᠎ᠠ ᠨᠠᠶᠢᠳᠠᠪᠤᠷᠢᠵᠢᠭᠤᠯᠵᠤ᠂ ︽ᠠᠷᠪᠢᠴᠢ ᠭᠠᠮᠲᠠᠢ ᠠᠮᠢᠳᠤᠷᠠᠬᠤ︾ ᠦᠵᠡᠯ ᠰᠠᠨᠠᠭ᠎ᠠ ᠶᠢ ᠪᠤᠢ ᠪᠣᠯᠭᠠᠨ᠂ ︽ | ᠭᠤᠷᠪᠠᠨ ᠵᠦᠢᠯ ᠤᠨ ᠠᠯᠪᠠᠨ ᠤ ᠵᠠᠷᠤᠳᠠᠯ︾ ᠠᠳᠠᠯᠢ ᠬᠤᠭᠤᠴᠠᠭᠠᠨ ᠤ ᠬᠢ ᠠᠴᠠ 2.6 % ᠪᠠᠭᠠᠰᠪᠠ᠃ | ᠵᠠᠰᠠᠭ ᠤᠨ ᠶᠠᠪᠤᠳᠠᠯ ᠢ ᠢᠯᠡ ᠪᠣᠯᠭᠠᠬᠤ᠂ ᠰᠢᠮᠳᠠᠭᠤᠯᠤᠨ ᠪᠠᠶᠢᠴᠠᠭᠠᠵᠤ ᠱᠠᠯᠠᠪᠳᠠᠭᠤᠯᠤᠨ ᠭᠦᠢᠴᠡᠳᠬᠡᠬᠦ ᠵᠢᠴᠢ ᠬᠢᠨᠠᠨ | ᠪᠤᠳᠤᠵᠤ ᠬᠢᠨᠠᠯᠲᠠ ᠲᠠᠯᠪᠢᠬᠤ ᠵᠡᠷᠭᠡ ᠠᠵᠢᠯ ᠤᠨ ᠡᠷᠴᠢᠮ ᠢ ᠴᠢᠩᠭᠠᠷᠠᠭᠤᠯᠵᠤ᠂ ᠵᠠᠰᠠᠭ ᠵᠠᠬᠢᠷᠭᠠᠨ ᠤ ᠰᠢᠢᠳᠪᠦᠷᠢᠲᠦ | ᠪᠣᠳᠣᠯᠭ᠎ᠠ ᠶᠢ ᠠᠷᠠᠳᠴᠢᠯᠠᠬᠤ᠂ ᠰᠢᠨᠵᠢᠯᠡᠬᠦ ᠤᠬᠠᠭᠠᠨᠴᠢᠯᠠᠬᠤ᠂ ᠬᠠᠤᠯᠢ ᠪᠠᠷ ᠵᠠᠰᠠᠬᠤ ᠴᠢᠳᠠᠪᠤᠷᠢ ᠶᠢ ᠦᠷᠭᠦᠯᠵᠢᠯᠡᠨ | ᠨᠡᠮᠡᠭᠳᠡᠭᠦᠯᠪᠡ᠃ ᠦᠵᠡᠯ ᠤᠬᠠᠮᠰᠠᠷ ᠤᠨ ᠬᠡᠯᠪᠡᠷᠢ᠂ ᠭᠠᠳᠠᠭᠠᠳᠤ ᠶᠠᠪᠤᠳᠠᠯ ᠤᠨ ᠨᠢᠭᠤᠴᠠ ᠶᠢ ᠬᠠᠮᠠᠭᠠᠯᠠᠬᠤ᠂ ᠣᠯᠠᠨ | ᠲᠦᠮᠡᠨᠴᠢ ᠪᠦᠯᠬᠦᠮ ᠵᠣᠬᠢᠶᠠᠨ ᠪᠠᠶᠢᠭᠤᠯᠤᠯᠲᠠ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠵᠢᠴᠢ ᠭᠠᠵᠠᠷ | ᠬᠥᠳᠡᠯᠦᠯᠲᠡ ᠴᠠᠭ ᠠᠭᠤᠷ ᠵᠡᠷᠭᠡ ᠠᠵᠢᠯ ᠴᠥᠮ ᠰᠢᠨ᠎ᠡ ᠠᠮᠵᠢᠯᠲᠠ ᠣᠯᠪᠠ᠃ | ᠲᠥᠯᠥᠭᠡᠯᠡᠭᠴᠢᠳ ᠡ︕ ᠥᠩᠭᠡᠷᠡᠭᠰᠡᠨ ᠨᠢᠭᠡ ᠵᠢᠯ ᠢᠶᠠᠨ ᠡᠷᠭᠢᠴᠡᠭᠦᠯᠬᠦᠶ᠎ᠡ᠂ ᠠᠮᠵᠢᠯᠲᠠ ᠪᠦᠲᠦᠮᠵᠢ | ᠬᠢᠯᠪᠠᠷᠬᠠᠨ ᠢᠷᠡᠭᠰᠡᠨ ᠪᠢᠰᠢ ᠶᠤᠮ᠃ ᠡᠳᠡᠭᠡᠷ ᠠᠮᠵᠢᠯᠲᠠ ᠶᠢ ᠣᠯᠤᠭᠰᠠᠨ ᠨᠢ ᠳᠡᠭᠡᠳᠦ ᠱᠠᠲᠤᠨ ᠤ ᠨᠠᠮ ᠤᠨ ᠬᠤᠷᠢᠶ᠎ᠠ | ᠵᠠᠰᠠᠭ ᠤᠨ ᠣᠷᠳᠣᠨ ᠵᠢᠴᠢ ᠬᠤᠰᠢᠭᠤᠨ ᠤ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠪᠠ | ᠰᠢᠨᠵᠢᠯᠡᠬᠦ ᠤᠬᠠᠭᠠᠨᠴᠢ ᠰᠢᠢᠳᠪᠦᠷᠢᠲᠦ ᠪᠣᠳᠣᠯᠭ᠎ᠠ ᠠᠴᠠ ᠰᠠᠯᠵᠤ ᠴᠢᠳᠠᠬᠤ ᠦᠭᠡᠢ ᠶᠤᠮ︕ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠪᠠ ᠤᠯᠤᠰ ᠲᠦᠷᠦ ᠶᠢᠨ ᠵᠥᠪᠯᠡᠯᠭᠡᠨ ᠤ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠬᠦ ᠳᠤ ᠬᠢᠨᠠᠯᠲᠠ ᠲᠠᠯᠪᠢᠬᠤ᠂ ᠬᠦᠴᠦᠯᠡᠨ ᠬᠠᠪᠰᠤᠷᠬᠤ ᠠᠴᠠ ᠰᠠᠯᠵᠤ ᠴᠢᠳᠠᠬᠤ ᠦᠭᠡᠢ ᠶᠤᠮ︕ ᠪᠦᠬᠦ | ᠬᠤᠰᠢᠭᠤᠨ ᠤ ᠥᠷᠭᠡᠨ ᠣᠯᠠᠨ ᠺᠠᠳ᠋ᠷ ᠣᠯᠠᠨ ᠲᠦᠮᠡᠨ ᠤ ᠰᠢᠷᠭᠠᠭᠤ ᠬᠠᠲᠠᠭᠤᠵᠢᠯᠲᠠᠶ ᠲᠡᠮᠡᠴᠡᠯ ᠠᠴᠠ ᠰᠠᠯᠵᠤ | ᠴᠢᠳᠠᠬᠤ ᠦᠭᠡᠢ ᠶᠤᠮ︕ ᠠᠳᠡ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠬᠢᠵᠢᠭ ᠢ | ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠬᠤ ᠳᠤ | ᠴᠢᠬᠤᠯᠠ ᠬᠤᠪᠢ ᠨᠡᠮᠡᠷᠢ ᠦᠵᠡᠭᠦᠯᠦᠭᠰᠡᠨ ᠥᠷᠭᠡᠨ ᠣᠯᠠᠨ ᠡᠮᠨᠡᠯᠭᠡ ᠶᠢᠨ ᠠᠵᠢᠯᠲᠠᠨ᠂ ᠳᠣᠲᠣᠭᠠᠳᠤ ᠶᠢ ᠬᠠᠮᠠᠭᠠᠯᠠᠬᠤ | ᠺᠠᠳ᠋ᠷ ᠴᠠᠭᠳᠠᠭ᠎ᠠ᠂ ᠨᠡᠶᠢᠭᠡᠮ ᠲᠣᠭᠤᠷᠢᠭ ᠤᠨ ᠠᠵᠢᠯᠲᠠᠨ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ | ᠠᠵᠢᠯᠲᠠᠨ᠂ ᠰᠣᠨᠢᠨ ᠮᠡᠳᠡᠭᠡᠨ ᠤ ᠠᠵᠢᠯᠲᠠᠨ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠠᠵᠢᠯᠲᠠᠨ | ᠠᠵᠢᠯᠴᠢᠨ᠂ ᠪᠠᠷᠢᠯᠭ᠎ᠠ ᠶᠢᠨ ᠪᠥᠲᠥᠭᠡᠨ ᠪᠠᠶᠢᠭᠤᠯᠤᠭᠴᠢ᠂ ᠰᠠᠶᠢᠨ ᠳᠤᠷ᠎ᠠ ᠶᠢᠨ ᠠᠵᠢᠯᠯᠠᠭᠴᠢ᠂ ᠦᠨᠳᠦᠰᠦᠨ | ᠱᠠᠲᠤᠨ ᠤ ᠨᠠᠮ ᠤᠨ ᠭᠡᠰᠢᠭᠦᠨ ᠺᠠᠳ᠋ᠷ ᠵᠢᠴᠢ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠳᠤ | ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ᠂ ᠠᠵᠢᠯ ᠠᠴᠠ ᠪᠠᠨ ᠳᠠᠷᠬᠠᠯᠠᠭᠳᠠᠭᠰᠠᠨ | ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷ ᠪᠣᠯᠤᠨ ᠪᠠᠭᠠᠷᠢᠨ ᠵᠡᠭᠦᠨ ᠬᠤᠰᠢᠭᠤᠨ ᠤ ᠠᠵᠤ ᠠᠬᠤᠢ ᠶᠢᠨ | ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠨᠡᠶᠢᠭᠡᠮ ᠤᠨ ᠡᠯ᠎ᠡ ᠡᠲᠡᠭᠡᠳ ᠤᠨ ᠬᠥᠮᠦᠰ ᠲᠤ ᠴᠢᠩ ᠰᠡᠳᠬᠢᠯ ᠤᠨ | ᠲᠠᠯᠠᠷᠬᠠᠯ ᠢᠶᠠᠨ ᠳᠡᠪᠰᠢᠭᠦᠯᠵᠦ ᠪᠠᠶᠢᠨ᠎ᠠ︕ | ᠠᠮᠵᠢᠯᠲᠠ ᠪᠠᠨ ᠨᠤᠲᠠᠯᠠᠬᠤ ᠶᠢᠨ ᠬᠠᠮᠲᠤ᠂ ᠵᠠᠰᠠᠭ ᠤᠨ ᠣᠷᠳᠣᠨ ᠤ ᠠᠵᠢᠯ ᠨᠢ ᠪᠦᠬᠦ ᠬᠤᠰᠢᠭᠤᠨ ᠤ ᠠᠷᠠᠳ | ᠲᠦᠮᠡᠨ ᠤ ᠬᠦᠰᠡᠯ ᠡᠷᠡᠮᠡᠯᠵᠡᠯ ᠲᠠᠢ ᠵᠦᠷᠢᠶ᠎ᠡ ᠲᠠᠢ ᠪᠠᠶᠢᠵᠤ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ | ᠬᠥᠭᠵᠢᠯᠲᠡ ᠳᠤ ᠪᠠᠰᠠ ᠮᠠᠰᠢ ᠣᠯᠠᠨ ᠬᠦᠴᠢᠷᠳᠡᠯ ᠪᠠ ᠥᠷᠢᠰᠥᠯᠳᠦᠭᠡᠨ ᠲᠤᠯᠭᠠᠷᠠᠵᠤ ᠪᠠᠶᠢᠬᠤ ᠶᠢ ᠪᠢᠳᠡ | ᠰᠡᠷᠭᠡᠭ ᠢᠶᠠᠷ ᠲᠠᠨᠢᠵᠤ ᠣᠯᠪᠠ᠂ ᠭᠤᠣᠯ ᠢᠯᠡᠷᠡᠯ ᠨᠢ᠄ ᠠᠵᠤ ᠠᠬᠤᠢ ᠶᠢᠨ ᠶᠡᠷᠦᠩᠬᠡᠢ ᠬᠡᠮᠵᠢᠶ᠎ᠡ ᠪᠠᠭ᠎ᠠ᠂ ᠪᠣᠳᠠᠲᠤ | ᠬᠦᠴᠦᠨ ᠪᠠᠭᠤᠷᠠᠢ ᠵᠢᠴᠢ ᠬᠥᠭᠵᠢᠯᠲᠡ ᠶᠢᠨ ᠬᠥᠳᠡᠯᠭᠡᠭᠴᠢ ᠬᠦᠴᠦᠨ ᠬᠦᠷᠦᠯᠴᠡᠬᠦ ᠦᠭᠡᠢ ᠪᠠᠶᠢᠭ᠎ᠠ ᠪᠠᠶᠢᠳᠠᠯ | ᠦᠨᠳᠦᠰᠦᠨ ᠠᠴᠠ ᠪᠠᠨ ᠬᠤᠪᠢᠷᠠᠭᠠᠳᠤᠢ︔ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ | ᠳᠡᠪᠰᠢᠭᠦᠯᠬᠦ ᠨᠢ ᠬᠠᠷᠢᠴᠠᠩᠭᠤᠶ ᠤᠳᠠᠭᠠᠨ᠂ ᠪᠠᠭᠲᠠᠭᠠᠮᠵᠢ ᠶᠡᠭᠡ᠂ ᠳᠠᠶᠢᠴᠢᠯᠠᠬᠤ ᠬᠦᠴᠦᠨ ᠢᠶᠠᠷ ᠴᠢᠩᠭ᠎ᠠ ᠲᠣᠮᠣ | ᠲᠥᠷᠥᠯ ᠵᠦᠢᠯ᠂ ᠰᠠᠶᠢᠨ ᠲᠥᠷᠥᠯ ᠵᠦᠢᠯ ᠴᠥᠭᠡᠨ ᠪᠠᠶᠢᠨ᠎ᠠ︔ ᠲᠠᠷᠢᠶᠠᠯᠠᠩ ᠮᠠᠯ ᠠᠵᠤ ᠠᠬᠤᠶ ᠶᠢᠨ | ᠬᠡᠪᠴᠢᠶᠡᠵᠢᠯᠲᠡ᠂ ᠪᠠᠷᠢᠮᠵᠢᠶᠠᠵᠢᠭᠤᠯᠤᠯᠲᠠ ᠶᠢᠨ ᠬᠡᠮᠵᠢᠶ᠎ᠡ ᠳᠣᠣᠷ᠎ᠠ ᠪᠠᠶᠢᠭᠰᠠᠭᠠᠷ︔ ᠠᠵᠤ ᠦᠢᠯᠡᠳᠪᠦᠷᠢ ᠶᠢᠨ ᠠᠵᠤ | ᠦᠢᠯᠡᠰ ᠤᠨ ᠬᠡᠯᠬᠢᠶ᠎ᠡ ᠪᠦᠷᠢᠨ ᠪᠤᠰᠤ᠂ ᠬᠥᠭᠵᠢᠯᠲᠡ ᠶᠢᠨ ᠶᠠᠰᠤ ᠴᠢᠨᠠᠷ ᠳᠣᠣᠷ᠎ᠠ ᠪᠠᠶᠢᠭᠰᠠᠭᠠᠷ︔ ᠰᠣᠶᠣᠯ | ᠵᠢᠭᠤᠯᠴᠢᠯᠠᠯ ᠤᠨ ᠠᠵᠤ ᠦᠢᠯᠡᠰ ᠲᠤ ᠦᠷᠨᠢᠯᠲᠡ ᠶᠢᠨ ᠴᠡᠭ ᠳᠤᠲᠠᠭᠳᠠᠵᠤ᠂ ᠲᠠᠲᠠᠬᠤ ᠬᠦᠴᠦᠨ ᠬᠦᠷᠦᠯᠴᠡᠬᠦ | ᠦᠭᠡᠢ ᠪᠠᠶᠢᠨ᠎ᠠ︔ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠴᠢᠩᠭ᠎ᠠ ᠪᠢᠰᠢ᠂ ᠲᠤᠰᠬᠠᠶ | ᠮᠡᠷᠭᠡᠵᠢᠯ ᠤᠨ ᠴᠢᠳᠠᠪᠤᠷᠢᠲᠠᠨ ᠳᠤᠲᠠᠭᠳᠠᠵᠤ ᠪᠠᠶᠢᠨ᠎ᠠ︔ ᠵᠠᠷᠢᠮ ᠺᠠᠳ᠋ᠷ ᠤᠨ ᠴᠢᠳᠠᠪᠤᠷᠢ ᠰᠤᠷᠲᠠᠯ ᠨᠢ ᠰᠢᠨ᠎ᠡ ᠱᠠᠳᠤ | ᠦᠶ᠎ᠡ ᠶᠢᠨ ᠰᠢᠨ᠎ᠡ ᠱᠠᠭᠠᠷᠳᠠᠯᠭ᠎ᠠ ᠲᠠᠢ ᠪᠠᠰᠠ ᠵᠣᠬᠢᠴᠠᠬᠤ ᠦᠭᠡᠢ ᠪᠠᠶᠢᠨ᠎ᠠ᠃ ᠡᠳᠡᠭᠡᠷ ᠠᠰᠠᠭᠤᠳᠠᠯ ᠢ ᠪᠢᠳᠡ ᠵᠠᠪᠠᠯ | ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠪᠦᠲᠦᠮᠵᠢᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠦᠨᠡᠨ ᠬᠦ | ᠰᠢᠢᠳᠪᠦᠷᠢᠯᠡᠬᠦ ᠬᠡᠷᠡᠭᠲᠡᠢ᠃ |