ᠬᠤᠶᠠᠷ᠂ 2023 ᠣᠨ ᠤ ᠠᠵᠢᠯ ᠤᠨ ᠭᠤᠣᠯᠳᠠᠯᠭ᠎ᠠ | ᠦᠨᠦ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠬᠤ ᠠᠩᠬᠠᠨ ᠤ ᠵᠢᠯ ᠮᠥᠨ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠶᠢᠨ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠵᠢᠯ ᠮᠥᠨ᠂ ᠪᠠᠰᠠ ᠴᠤ ᠲᠣᠰ | ᠬᠤᠭᠤᠴᠠᠭᠠᠨ ᠤ ᠵᠠᠰᠠᠭ ᠤᠨ ᠣᠷᠳᠣᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠵᠠᠩᠭᠢᠯᠠᠭ᠎ᠠ ᠶᠢᠨ ᠵᠢᠯ ᠮᠥᠨ᠂ | ᠡᠯ᠎ᠡ ᠲᠠᠯ᠎ᠠ ᠶᠢᠨ ᠠᠵᠢᠯ ᠢᠶᠠᠨ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠡᠨᠡ | ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ | ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ᠂ ᠲᠥᠪ ᠤᠨ | ᠠᠵᠤ ᠠᠬᠤᠢ ᠶᠢᠨ ᠠᠵᠢᠯ ᠤᠨ ᠬᠤᠷᠠᠯᠳᠤᠭᠠᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ | ᠨᠢᠭᠡᠳᠦᠭᠡᠷ ᠬᠤᠭᠤᠴᠠᠭᠠᠨ ᠤ ᠳᠥᠷᠪᠡᠳᠦᠭᠡᠷ᠂ ᠲᠠᠪᠤᠳᠤᠭᠠᠷ ᠪᠥᠬᠦᠳᠡ ᠬᠤᠷᠠᠯ ᠪᠠ ᠬᠤᠲᠠ ᠶᠢᠨ ᠨᠠᠮ ᠤᠨ | ᠬᠤᠷᠢᠶᠠᠨ ᠤ ᠨᠠᠢᠮᠠᠳᠤᠭᠠᠷ ᠬᠤᠭᠤᠴᠠᠭᠠᠨ ᠤ ᠳᠥᠷᠪᠡᠳᠦᠭᠡᠷ ᠪᠥᠬᠦᠳᠡ ᠬᠤᠷᠠᠯ ᠵᠢᠴᠢ ᠬᠤᠰᠢᠭᠤᠨ ᠤ ᠨᠠᠮ ᠤᠨ | ᠬᠤᠷᠢᠶ᠎ᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠲᠠᠪᠤᠳᠤᠭᠠᠷ ᠪᠥᠬᠦᠳᠡ ᠬᠤᠷᠠᠯ ᠤᠨ ᠪᠠᠶᠢᠷᠢᠯᠠᠭᠤᠯᠤᠯᠲᠠ ᠶᠢᠨ | ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠵᠤ᠂ ᠲᠣᠭᠲᠠᠭᠤᠨ ᠤ ᠳᠤᠮᠳᠠ ᠠᠬᠢᠭᠤᠯᠬᠤ ᠠᠵᠢᠯ ᠤᠨ | ᠶᠡᠷᠦᠩᠬᠡᠢ ᠬᠦᠭ ᠠᠶᠠᠰ ᠢ ᠪᠠᠷᠢᠮᠲᠠᠯᠠᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ | ᠣᠨᠣᠪᠴᠢᠲᠠᠶ ᠪᠦᠬᠦ ᠲᠠᠯ᠎ᠠ ᠪᠠᠷ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠢᠳᠡᠪᠬᠢᠲᠡᠶ | ᠦᠢᠯᠡᠴᠢᠯᠡᠨ ᠠᠭᠤᠰᠤᠯᠴᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ | ᠬᠥᠭᠵᠢᠯᠲᠡ ᠶᠢ ᠨᠡᠩ ᠰᠠᠶᠢᠲᠤᠷ ᠨᠢᠭᠡᠳᠦᠯᠲᠡᠢ ᠲᠦᠯᠦᠪᠵᠢᠭᠦᠯᠦᠨ᠂ ᠦᠷᠭᠦᠯᠵᠢᠯᠡᠨ ᠣᠷᠴᠢᠨ ᠲᠣᠭᠤᠷᠢᠨ ᠢ | ᠰᠢᠯᠢᠳᠡᠭᠵᠢᠭᠦᠯᠵᠦ᠂ ᠬᠤᠳᠠᠯᠳᠤᠭᠠᠴᠢᠨ ᠤᠷᠢᠬᠤ ᠶᠢ ᠴᠢᠩᠭᠠᠳᠬᠠᠵᠤ᠂ ᠲᠦᠷᠦᠯ ᠵᠦᠢᠯ ᠣᠷᠤᠭᠤᠯᠤᠨ᠂ ᠵᠠᠬ᠎ᠠ | ᠳᠡᠯᠭᠡᠭᠦᠷ ᠤᠨ ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠢ ᠬᠦᠭᠵᠢᠭᠡᠵᠦ᠂ ᠠᠵᠤ ᠦᠢᠯᠡᠰ ᠤᠨ ᠪᠦᠲᠦᠴᠡ ᠤᠨ | ᠳᠣᠬᠢᠷᠠᠭᠤᠯᠤᠯᠲᠠ ᠶᠢ ᠰᠢᠯᠢᠳᠡᠭᠵᠢᠭᠦᠯᠦᠨ᠂ ᠬᠤᠲᠠ ᠬᠥᠳᠡᠭᠡ ᠶᠢᠨ ᠵᠣᠬᠢᠴᠠᠩᠭᠤᠶ ᠬᠥᠭᠵᠢᠯᠲᠡ ᠶᠢ ᠨᠢᠭᠡᠳᠦᠯᠲᠡᠶ | ᠲᠦᠯᠦᠪᠯᠡᠵᠦ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠬᠢᠷᠢ ᠲᠦᠪᠰᠢᠨ ᠢ ᠲᠠᠰᠤᠷᠠᠯᠲᠠ ᠥᠬᠡᠶ | ᠳᠡᠭᠡᠭᠰᠢᠯᠡᠭᠦᠯᠦᠨ᠎ᠡ᠂ ᠨᠡᠶᠢᠭᠡᠮ ᠤᠨ ᠡᠶ᠎ᠡ ᠵᠣᠬᠢᠴᠠᠯ ᠲᠣᠭᠲᠠᠭᠤᠨ ᠢ ᠬᠠᠮᠠᠭᠠᠯᠠᠵᠤ᠂ ᠠᠵᠤ ᠠᠬᠤᠢ ᠶᠢᠨ ᠠᠵᠢᠯᠯᠠᠭᠠᠨ ᠢ | ᠪᠦᠬᠦᠯᠢ ᠴᠣᠭᠴᠠ ᠪᠠᠷ ᠰᠠᠶᠢᠵᠢᠷᠠᠭᠤᠯᠤᠨ᠂ ᠶᠠᠰᠤ ᠴᠢᠨᠠᠷ ᠢ ᠪᠦᠲᠦᠮᠵᠢᠲᠡᠶ ᠳᠡᠭᠡᠭᠰᠢᠯᠡᠭᠦᠯᠬᠦ ᠪᠠ ᠲᠤᠭ᠎ᠠ ᠬᠡᠮᠵᠢᠶ᠎ᠡ ᠶᠢ | ᠵᠦᠶ ᠵᠣᠬᠢᠰᠲᠠᠶ ᠨᠡᠮᠡᠭᠳᠡᠭᠦᠯᠵᠦ᠂ ᠰᠢᠨ᠎ᠡ ᠴᠠᠭ ᠦᠶ᠎ᠡ ᠶᠢᠨ ᠪᠠᠭᠠᠷᠢᠨ ᠵᠡᠭᠦᠨ ᠬᠤᠰᠢᠭᠤᠨ ᠤ ᠣᠳᠣᠬᠢᠴᠢᠯᠠᠭᠰᠠᠨ | ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠦᠶ᠎ᠡ᠃ | ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ | ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ ᠠᠳᠠᠯᠢ ᠬᠤᠭᠤᠴᠠᠭᠠᠨ ᠤ ᠬᠢ ᠠᠴᠠ 6 % ᠠᠴᠠ | ᠳᠡᠭᠡᠭᠰᠢ ᠨᠡᠮᠡᠭᠳᠡᠭᠦᠯᠦᠨ᠎ᠡ︔ ᠬᠡᠪᠴᠢᠶᠡᠵᠢᠯ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ | ᠶᠢ ᠠᠳᠠᠯᠢ ᠬᠤᠭᠤᠴᠠᠭᠠᠨ ᠤ ᠬᠢ ᠠᠴᠠ 15% ᠣᠷᠴᠢᠮ ᠨᠡᠮᠡᠭᠳᠡᠭᠦᠯᠦᠨ᠎ᠡ︔ ᠨᠡᠶᠢᠭᠡᠮ ᠤᠨ ᠬᠡᠷᠡᠭᠯᠡᠭᠡᠨ ᠤ | ᠪᠣᠳᠠᠰ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠬᠡᠮᠵᠢᠶ᠎ᠡ ᠶᠢ ᠠᠳᠠᠯᠢ ᠬᠤᠭᠤᠴᠠᠭᠠᠨ ᠤ ᠬᠢ ᠠᠴᠠ 7 % | ᠣᠷᠴᠢᠮ ᠨᠡᠮᠡᠭᠳᠡᠭᠦᠯᠦᠨ᠎ᠡ︔ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ ᠠᠳᠠᠯᠢ | ᠬᠤᠭᠤᠴᠠᠭᠠᠨ ᠤ ᠬᠢ ᠠᠴᠠ 7 % ᠣᠷᠴᠢᠮ ᠨᠡᠮᠡᠭᠳᠡᠭᠦᠯᠦᠨ᠎ᠡ︔ ᠬᠤᠲᠠ ᠬᠥᠳᠡᠭᠡ ᠶᠢᠨ ᠪᠠᠶᠢᠩᠭᠤ ᠰᠠᠭᠤᠭᠠᠯᠢ | ᠠᠷᠠᠳ ᠤᠨ ᠬᠥᠮᠦᠨ ᠪᠦᠷᠢ ᠳᠤ ᠲᠡᠭᠰᠢᠳᠬᠡᠭᠰᠡᠨ ᠬᠤᠪᠢᠶᠠᠷᠢᠯᠠᠵᠤ ᠪᠣᠯᠬᠤ ᠣᠷᠣᠯᠭ᠎ᠠ ᠶᠢ ᠠᠳᠠᠯᠢ | ᠬᠤᠭᠤᠴᠠᠭᠠᠨ ᠤ ᠬᠢ ᠠᠴᠠ ᠲᠣᠰ ᠲᠣᠰ 7 % ᠪᠠ 8.5 % ᠣᠷᠴᠢᠮ ᠨᠡᠮᠡᠭᠳᠡᠭᠦᠯᠦᠨ᠎ᠡ᠃ | ᠦᠨᠦ ᠵᠢᠯ ᠤᠨ ᠡᠭᠦᠷᠭᠡ ᠬᠠᠷᠠᠯᠲᠠ ᠨᠤᠭᠤᠳ ᠢ ᠪᠡᠶᠡᠯᠡᠭᠦᠯᠬᠦ ᠶᠢᠨ ᠲᠣᠭᠤᠷᠢᠨ ᠳᠤ᠂ ᠳᠣᠯᠤᠭᠠᠨ ᠲᠠᠯ᠎ᠠ ᠶᠢᠨ | ᠠᠵᠢᠯ ᠢ ᠲᠣᠪᠣᠶᠢᠮ᠎ᠠ ᠠᠳᠬᠤᠨ᠎ᠠ᠃ | ︵ᠨᠢᠭᠡ︶ ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠵᠤ᠂ ᠲᠣᠭᠲᠠᠭᠤᠨ ᠤ ᠳᠤᠮᠳᠠ ᠠᠬᠢᠭᠤᠯᠬᠤ | ᠶᠢ ᠪᠠᠷᠢᠮᠲᠠᠯᠠᠨ᠂ ᠠᠵᠤ ᠠᠬᠤᠶ ᠶᠢᠨ ᠲᠣᠭᠲᠠᠭᠤᠨ ᠢᠶᠠᠷ ᠰᠠᠶᠢᠵᠢᠷᠠᠬᠤ ᠶᠢ ᠠᠬᠢᠭᠤᠯᠤᠨ᠎ᠠ᠃ | ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠤᠵᠠᠭᠠᠶᠢᠷᠠᠭᠤᠯᠤᠨ᠎ᠠ᠃ ᠤᠯᠤᠰ ᠤᠨ ᠠᠵᠤ ᠠᠬᠤᠢ ᠶᠢ ᠲᠣᠭᠲᠠᠭᠤᠨ | ᠪᠠᠶᠢᠯᠭᠠᠬᠤ ᠶᠡᠭᠡ ᠲᠠᠯ᠎ᠠ ᠶᠢᠨ ᠬᠠᠮ ᠲᠥᠷᠥ ᠶᠢᠨ ᠪᠣᠳᠣᠯᠭ᠎ᠠ ᠪᠠ ᠦᠷᠭᠦᠯᠵᠢᠯᠡᠬᠦ ᠠᠷᠭ᠎ᠠ ᠬᠡᠮᠵᠢᠶ᠎ᠡ ᠶᠢ ᠪᠦᠬᠦ | ᠲᠠᠯ᠎ᠠ ᠪᠠᠷ ᠨᠠᠶᠢᠳᠠᠪᠦᠷᠢᠵᠢᠭᠤᠯᠵᠤ᠂ ᠠᠵᠤ ᠠᠬᠤᠶᠢᠯᠠᠯ ᠢ ᠳᠡᠮᠵᠢᠨ ᠬᠦᠴᠢᠷᠳᠡᠯ ᠢ ᠨᠢ ᠰᠢᠢᠳᠪᠦᠷᠢᠯᠡᠬᠦ ᠲᠥᠷᠥ ᠶᠢᠨ | ᠪᠣᠳᠣᠯᠭ᠎ᠠ ᠨᠤᠭᠤᠳ ᠢ ᠲᠡᠭᠦᠯᠳᠡᠷᠵᠢᠭᠦᠯᠦᠨ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠪᠠ ᠠᠷᠠᠳ ᠠᠴᠠ | ᠡᠵᠡᠩᠨᠡᠭᠰᠡᠨ ᠠᠵᠤ ᠠᠬᠤᠶᠢᠯᠠᠯ ᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠵᠢᠯ ᠤᠨ ᠳᠣᠲᠣᠷ᠎ᠠ ᠭᠠᠶᠢᠯᠢ | ᠰᠦᠢᠳᠬᠡᠯ ᠢ 3 ᠳ᠋ᠦᠩᠰᠢᠭᠤᠷ ᠲᠥᠭᠦᠷᠢᠭ ᠠᠴᠠ ᠳᠡᠭᠡᠭᠰᠢ ᠬᠠᠰᠤᠵᠤ ᠬᠡᠯᠲᠦᠷᠢᠭᠦᠯᠦᠨ᠎ᠡ᠃ ᠱᠠᠨᠳᠦ᠋ᠩ ᠤᠨ ᠠᠯᠲᠠᠨ | ᠤ ᠠᠭᠤᠷᠬᠠᠢ᠂ ᠳᠤᠮᠳᠠᠳᠤ ᠶᠢᠨ ᠥᠩᠭᠡᠲᠦ ᠲᠡᠮᠦᠷᠯᠢᠭ ᠤᠨ ᠪᠠᠶᠠᠨᠨᠢᠷᠤᠭᠤ ᠠᠭᠤᠷᠬᠠᠢ᠂ ᠱᠠᠨ ᠶᠢᠨ ᠬᠤᠩ ᠯᠢᠩ | ᠵᠡᠷᠭᠡ ᠭᠤᠣᠯᠳᠠᠯᠭ᠎ᠠ ᠲᠠᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠪᠦᠷᠢᠯᠡᠯ ᠢ ᠠᠬᠢᠭᠤᠯᠵᠤ᠂ ᠠᠵᠢᠯ | ᠲᠥᠷᠥᠯ ᠤᠨ ᠨᠡᠮᠡᠭᠳᠡᠯ ᠥᠷᠲᠡᠭ ᠤᠨ ᠨᠣᠷᠮ᠎ᠠ ᠥᠨᠳᠥᠷ ᠦᠢᠯᠡᠳᠬᠦᠨ ᠤ ᠭᠠᠷᠤᠯᠲᠠ ᠶᠢ ᠦᠷᠭᠦᠯᠵᠢᠯᠡᠨ | ᠨᠡᠮᠡᠭᠳᠡᠭᠦᠯᠦᠨ᠎ᠡ᠃ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ ᠣᠯᠠᠨ ᠡᠰᠢᠴᠢᠯᠡᠨ ᠦᠷᠨᠢᠭᠦᠯᠵᠦ᠂ ᠠᠷᠠᠯᠵᠢᠶ᠎ᠠ | ᠬᠤᠳᠠᠯᠳᠤᠭᠠᠨ ᠤ ᠠᠵᠤ ᠠᠬᠤᠶᠢᠯᠠᠯ ᠤᠨ ᠪᠣᠷᠣᠯᠠᠭᠤᠯᠭ᠎ᠠ ᠶᠢ ᠥᠷᠭᠡᠳᠬᠡᠨ᠂ ᠵᠢᠯ ᠤᠨ ᠳᠣᠲᠣᠷ᠎ᠠ ᠵᠠᠬ᠎ᠠ ᠳᠡᠯᠭᠡᠭᠦᠷ ᠤᠨ | ᠭᠤᠣᠯ ᠴᠣᠭᠴᠠ ᠶᠢ 3000 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ᠂ ᠬᠡᠪᠴᠢᠶᠡᠵᠢᠭᠰᠡᠨ ᠠᠵᠤ ᠠᠬᠤᠶᠢᠯᠠᠯ ᠢ | 4 ᠠᠴᠠ ᠳᠡᠭᠡᠭᠰᠢ ᠪᠠ ᠬᠢᠵᠠᠭᠠᠷᠯᠠᠯ ᠠᠴᠠ ᠳᠡᠭᠡᠭᠰᠢᠬᠢ ᠠᠵᠤ ᠠᠬᠤᠶᠢᠯᠠᠯ ᠢ 4 ᠠᠴᠠ ᠳᠡᠭᠡᠭᠰᠢ ᠪᠠᠶᠢᠭᠤᠯᠤᠨ᠎ᠠ᠃ | ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠣᠷᠢᠭᠵᠢᠭᠤᠯᠤᠨ ᠵᠢᠯᠣᠭᠤᠳᠴᠤ ᠪᠠᠶᠢᠭᠠᠳ ᠵᠠᠬ᠎ᠠ ᠳᠡᠯᠭᠡᠭᠦᠷ ᠤᠨ | ᠭᠤᠤᠯ ᠴᠣᠭᠴᠠ ᠳᠤ ᠮᠥᠩᠭᠦᠨ ᠭᠦᠢᠯᠭᠡᠭᠡᠨ ᠤ ᠳᠡᠮᠵᠢᠯᠭᠡ ᠦᠵᠡᠭᠦᠯᠬᠦ ᠶᠢ ᠴᠢᠩᠭᠠᠷᠠᠭᠤᠯᠵᠤ᠂ ᠲᠦᠭᠡᠮᠡᠯ | ᠬᠠᠷᠠᠭᠠᠯᠵᠠᠯᠲᠤ ᠪᠠᠭ᠎ᠠ ᠲᠣᠭᠠᠨ ᠤ ᠵᠢᠭᠡᠯᠡᠯᠭᠡ ᠶᠢ 40 ᠳ᠋ᠦᠩᠰᠢᠭᠤᠷ ᠲᠥᠭᠦᠷᠢᠭ ᠠᠴᠠ ᠳᠡᠭᠡᠭᠰᠢ ᠲᠠᠯᠪᠢᠨ᠎ᠠ᠃ ᠡᠨᠡ | ᠵᠢᠯ ᠠᠴᠠ ᠡᠬᠢᠯᠡᠨ ᠭᠤᠷᠪᠠᠨ ᠵᠢᠯ ᠳᠠᠷᠠᠭᠠᠯᠠᠨ ᠵᠢᠯ ᠪᠦᠷᠢ ᠳ᠋ᠦᠩ ᠰᠢᠩ ᠪᠠᠯᠠ ᠲᠣᠬᠢᠷᠠᠭᠤᠯᠭ᠎ᠠ ᠶᠢᠨ ᠪᠠᠲᠤᠯᠠᠭᠠᠨ ᠤ | ᠺᠣᠮᠫᠠᠨᠢ ᠳᠤ 1000 ᠲᠦᠮᠡᠨ ᠲᠥᠭᠦᠷᠢᠭ ᠤᠨ ᠳᠠᠩᠰᠠᠯᠠᠭᠤᠯᠤᠭᠰᠠᠨ ᠬᠥᠷᠥᠩᠭᠡ ᠮᠥᠩᠭᠦ ᠨᠡᠮᠡᠭᠳᠡᠭᠦᠯᠵᠦ᠂ ᠪᠠᠭ᠎ᠠ | ᠵᠢᠵᠢᠭ ᠠᠵᠤ ᠠᠬᠤᠶᠢᠯᠠᠯ ᠤᠨ ᠪᠠᠯᠠ ᠲᠣᠬᠢᠷᠠᠭᠤᠯᠭ᠎ᠠ ᠶᠢᠨ ᠪᠠᠲᠤᠯᠠᠭᠠᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ | ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢ ᠨᠠᠷᠢᠨ ᠨᠢᠮᠪᠠᠶ | ᠥᠷᠨᠢᠭᠦᠯᠵᠦ᠂ ᠬᠤᠷᠸ᠎ᠠ ᠠᠵᠤ ᠠᠬᠤᠶ ᠶᠢᠨ ᠵᠠᠰᠠᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠳᠤ ᠰᠢᠨᠵᠢᠯᠡᠬᠦ | ᠤᠬᠠᠭᠠᠨᠴᠢ ᠪᠥᠭᠡᠳ ᠣᠨᠣᠪᠴᠢᠲᠠᠶ ᠲᠤᠭ᠎ᠠ ᠪᠦᠷᠢᠳᠬᠡᠯ ᠤᠨ ᠮᠡᠳᠡᠭᠡ ᠵᠠᠩᠭᠢ ᠬᠠᠩᠭᠠᠨ᠎ᠠ᠃ | ᠪᠦᠲᠦᠮᠵᠢᠲᠡᠶ ᠪᠡᠯᠡ ᠣᠷᠣᠭᠤᠯᠤᠯᠲᠠ ᠶᠢᠨ ᠲᠤᠯᠭᠠᠭᠤᠷᠢᠯᠠᠯ ᠢ ᠴᠢᠩᠭᠠᠷᠠᠭᠤᠯᠤᠨ᠎ᠠ᠃ ᠭᠤᠣᠯᠳᠠᠯᠭ᠎ᠠ ᠲᠠᠢ | ᠲᠥᠷᠦᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠭᠦᠢᠴᠡᠳᠬᠡᠬᠦ ᠠᠵᠢᠯ ᠢ ᠠᠬᠢᠭᠤᠯᠵᠤ᠂ ᠬᠤᠲᠠ ᠶᠢᠨ | ᠲᠡᠰ ᠤᠨ 56 ᠭᠤᠣᠯᠳᠠᠯᠭ᠎ᠠ ᠲᠠᠢ ᠲᠥᠷᠦᠯ ᠵᠦᠢᠯ ᠢ ᠠᠵᠢᠯ ᠢᠶᠠᠨ ᠰᠡᠷᠭᠦᠭᠡᠵᠦ᠂ 36 ᠭᠤᠣᠯᠳᠠᠯᠭ᠎ᠠ ᠲᠠᠢ | ᠨᠥᠭᠡᠴᠡᠯᠡᠬᠦ ᠲᠥᠷᠦᠯ ᠵᠦᠢᠯ ᠢ ᠱᠠᠯᠠᠪᠳᠠᠨ ᠬᠡᠷᠡᠭᠵᠢᠭᠦᠯᠵᠦ᠂ ᠪᠦᠬᠦ ᠵᠢᠯ ᠳᠤ 45 ᠳ᠋ᠦᠩᠰᠢᠭᠤᠷ ᠲᠥᠭᠦᠷᠢᠭ ᠠᠴᠠ | ᠳᠡᠭᠡᠭᠰᠢᠬᠢ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠭᠤᠣᠯᠳᠠᠯᠭ᠎ᠠ ᠲᠠᠢ ᠲᠥᠷᠦᠯ ᠵᠦᠢᠯ ᠤᠨ ᠲᠣᠭᠲᠠᠮᠠᠯ | ᠬᠥᠷᠥᠩᠭᠡ ᠶᠢᠨ ᠪᠡᠯᠡ ᠣᠷᠣᠭᠤᠯᠤᠯᠲᠠ ᠳᠤ ᠦᠵᠡᠭᠦᠯᠬᠦ ᠬᠤᠪᠢ ᠨᠡᠮᠡᠷᠢ ᠶᠢ 88% ᠠᠴᠠ ᠳᠡᠭᠡᠭᠰᠢ ᠳᠤ ᠬᠦᠷᠭᠡᠨ᠎ᠡ᠃ | ᠵᠢᠭᠡᠯᠡᠯᠭᠡ ᠶᠢᠨ ᠲᠡᠮᠳᠡᠭᠲᠦ ᠶᠢᠨ ᠪᠠᠯᠠ ᠮᠥᠩᠭᠦ ᠶᠢ ᠴᠢᠷᠮᠠᠶᠢᠨ ᠣᠯᠵᠤ᠂ ᠪᠥᠬᠦ ᠵᠢᠯ ᠤᠨ ᠬᠥᠮᠥᠷᠭᠡ ᠳᠤ ᠣᠷᠣᠭᠤᠯᠬᠤ | ᠡᠩ ᠤᠨ ᠵᠢᠭᠡᠯᠡᠯᠭᠡ ᠶᠢᠨ ᠲᠡᠮᠳᠡᠭᠲᠦ ᠶᠢᠨ ᠲᠥᠷᠥᠯ ᠵᠦᠢᠯ ᠢ 15 ᠠᠴᠠ ᠳᠡᠭᠡᠭᠰᠢ ᠪᠠ ᠲᠤᠰᠬᠠᠶ ᠵᠢᠭᠡᠯᠡᠯᠭᠡ ᠶᠢᠨ | ᠲᠡᠮᠳᠡᠭᠲᠦ ᠶᠢᠨ ᠲᠥᠷᠥᠯ ᠵᠦᠢᠯ ᠢ 11 ᠠᠴᠠ ᠳᠡᠭᠡᠭᠰᠢ ᠪᠣᠯᠭᠠᠵᠤ᠂ ᠵᠢᠯ ᠤᠨ ᠳᠣᠲᠣᠷ᠎ᠠ 5 ᠳ᠋ᠦᠩᠰᠢᠭᠤᠷ ᠲᠦᠭᠦᠷᠢᠭ | ᠤᠨ ᠪᠡᠯᠡ ᠮᠦᠩᠭᠦ ᠶᠢ ᠴᠢᠷᠮᠠᠶᠢᠨ ᠨᠠᠶᠢᠳᠠᠪᠦᠷᠢᠵᠢᠭᠤᠯᠤᠨ᠎ᠠ᠃ ᠳᠡᠭᠡᠳᠦ ᠱᠠᠲᠤᠨ ᠤ ᠠᠵᠤ ᠦᠢᠯᠡᠰ ᠤᠨ ᠲᠥᠷᠥ ᠶᠢᠨ | ᠪᠣᠳᠣᠯᠭ᠎ᠠ ᠶᠢᠨ ᠳᠡᠮᠵᠢᠯᠭᠡ ᠶᠢᠨ ᠬᠠᠨᠳᠤᠰᠢ ᠪᠠ ᠮᠥᠩᠭᠦᠨ ᠭᠦᠢᠯᠭᠡᠭᠡᠨ ᠤ ᠲᠥᠷᠥ ᠶᠢᠨ ᠪᠣᠳᠣᠯᠭ᠎ᠠ ᠶᠢᠨ | ᠣᠷᠣᠭᠤᠯᠤᠯᠲᠠ ᠶᠢᠨ ᠴᠢᠭᠯᠡᠯ ᠢ ᠬᠢᠨᠠᠮᠠᠭᠠᠶ ᠰᠤᠳᠤᠯᠵᠤ᠂ ᠰᠠᠭᠤᠷᠢ ᠴᠢᠨᠠᠷ᠂ ᠲᠤᠯᠭᠠᠭᠤᠷᠢᠯᠠᠬᠤ ᠴᠢᠨᠠᠷ ᠵᠢᠴᠢ | ᠬᠥᠲᠥᠯᠦᠨ ᠳᠠᠭᠠᠭᠤᠯᠬᠤ ᠴᠢᠨᠠᠷ ᠢᠶᠠᠷ ᠨᠡᠯᠢᠶᠡᠳ ᠴᠢᠩᠭ᠎ᠠ ᠨᠢᠭᠡ ᠪᠦᠯᠦᠭ ᠲᠣᠮᠣ ᠲᠥᠷᠥᠯ ᠵᠦᠢᠯ ᠪᠠ ᠰᠠᠶᠢᠨ | ᠲᠥᠷᠥᠯ ᠵᠦᠢᠯ ᠢ ᠨᠠᠷᠢᠯᠢᠭ ᠣᠨᠣᠪᠴᠢᠲᠠᠶ ᠪᠠᠷ ᠲᠥᠰᠦᠪᠯᠡᠨ᠂ 19 ᠰᠠᠯᠠᠭ᠎ᠠ ᠮᠥᠴᠢᠷ ᠤᠨ ᠬᠦᠷᠢᠶᠡᠨ ᠳᠠᠬᠢ ᠪᠠᠯᠠ | ᠮᠥᠩᠭᠦ ᠭᠤᠶᠤᠴᠢᠯᠠᠬᠤ ᠪᠠ ᠲᠥᠷᠥᠯ ᠵᠦᠢᠯ ᠲᠥᠰᠦᠪᠯᠡᠬᠦ ᠵᠦᠭᠯᠡᠭᠦᠷ ᠤᠨ ᠲᠣᠭᠤᠷᠢᠨ ᠳᠤ᠂ ᠳᠡᠭᠡᠳᠦ ᠱᠠᠲᠤᠨ ᠤ | ᠲᠤᠰᠬᠠᠶ ᠪᠠᠯᠠ ᠮᠥᠩᠭᠦ ᠪᠠ ᠲᠥᠷᠥ ᠶᠢᠨ ᠪᠣᠳᠣᠯᠭ᠎ᠠ ᠶᠢᠨ ᠴᠢᠨᠠᠷᠲᠠᠶ᠂ ᠨᠡᠭᠡᠭᠡᠨ ᠬᠥᠭᠵᠢᠭᠦᠯᠬᠦ ᠴᠢᠨᠠᠷᠲᠠᠶ ᠮᠥᠩᠭᠦᠨ | ᠭᠦᠢᠯᠭᠡᠭᠡᠨ ᠤ ᠪᠠᠭᠠᠵᠢ ᠶᠢᠨ ᠪᠠᠯᠠ ᠮᠥᠩᠭᠦ ᠶᠢᠨ ᠳᠡᠮᠵᠢᠯᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠴᠢᠷᠮᠠᠶᠢᠨ ᠣᠯᠵᠤ᠂ | ᠪᠣᠳᠠᠲᠠᠶ ᠨᠠᠶᠢᠳᠠᠪᠤᠷᠢᠵᠢᠭᠤᠯᠬᠤ ᠪᠠᠯᠠ ᠮᠥᠩᠭᠦ ᠶᠢ ᠲᠣᠰ ᠲᠣᠰ 20 ᠳ᠋ᠦᠩᠰᠢᠭᠤᠷ ᠲᠥᠭᠦᠷᠢᠭ ᠪᠠ 8 ᠳ᠋ᠦᠩᠰᠢᠭᠤᠷ | ᠲᠥᠭᠦᠷᠢᠭ ᠠᠴᠠ ᠳᠡᠭᠡᠭᠰᠢ ᠪᠣᠯᠭᠠᠬᠤ ᠪᠠᠷ ᠴᠢᠷᠮᠠᠶᠢᠨ᠎ᠠ᠃ ᠰᠤᠯᠠ ᠲᠠᠯᠪᠢᠭᠳᠠᠵᠤ ᠪᠠᠶᠢᠭ᠎ᠠ ᠡᠳ᠋ ᠬᠥᠷᠥᠩᠭᠡ ᠶᠢ | ᠴᠢᠯᠦᠭᠡᠲᠡᠢ ᠪᠣᠯᠭᠠᠬᠤ᠂ ᠰᠲ᠋ᠣᠺ ᠤᠨ ᠡᠷᠬᠡ ᠪᠠᠷ ᠪᠠᠯᠠ ᠣᠷᠣᠭᠤᠯᠬᠤ ᠵᠢᠴᠢ ᠠᠰᠢᠭ ᠣᠷᠣᠯᠭ᠎ᠠ ᠶᠢ ᠬᠤᠪᠢᠶᠠᠷᠢᠯᠠᠬᠤ | ᠵᠡᠷᠭᠡ ᠠᠷᠭ᠎ᠠ ᠪᠠᠷ ᠳᠠᠮᠵᠢᠭᠤᠯᠤᠨ᠂ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠣᠷᠣᠯᠭ᠎ᠠ ᠶᠢ ᠬᠠᠮᠤᠭ ᠤᠨ ᠶᠡᠭᠡ | ᠬᠡᠮᠵᠢᠶ᠎ᠡ ᠪᠠᠷ ᠨᠡᠮᠡᠭᠳᠡᠭᠦᠯᠵᠦ᠂ ᠶᠡᠷᠦᠩᠬᠡᠶ ᠳᠡᠭᠡᠨ 4 ᠳ᠋ᠦᠩᠰᠢᠭᠤᠷ ᠲᠥᠭᠦᠷᠢᠭ ᠠᠴᠠ ᠳᠡᠭᠡᠭᠰᠢ ᠪᠠᠶᠢᠯᠭᠠᠨ᠎ᠠ᠃ | ᠨᠡᠭᠡᠭᠡᠯᠲᠡ ᠬᠢᠵᠦ ᠬᠠᠮᠲᠤᠷᠠᠯᠴᠠᠬᠤ ᠶᠢ ᠦᠷᠭᠦᠯᠵᠢᠯᠡᠨ ᠥᠷᠭᠡᠳᠬᠡᠨ᠎ᠡ᠃ ᠬᠤᠳᠠᠯᠳᠤᠭᠠᠴᠢᠨ ᠤᠷᠢᠵᠤ ᠪᠡᠯᠡ | ᠳᠠᠳᠠᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠰᠢᠨᠵᠢᠯᠡᠬᠦ ᠤᠬᠠᠭᠠᠨᠴᠢ ᠪᠠᠷ ᠳᠡᠭᠦᠯᠳᠡᠷᠵᠢᠭᠦᠯᠵᠤ᠂ | ᠬᠤᠳᠠᠯᠳᠤᠭᠠᠴᠢᠨ ᠤᠷᠢᠵᠤ ᠪᠡᠯᠡ ᠳᠠᠳᠠᠬᠤ ᠠᠵᠤ ᠦᠢᠯᠡᠰ ᠤᠨ ᠬᠡᠯᠬᠢᠶ᠎ᠡ ᠪᠠ ᠲᠤᠰᠬᠠᠶ ᠠᠩᠬᠢ ᠶᠢ | ᠰᠢᠯᠢᠳᠡᠭᠵᠢᠭᠦᠯᠦᠨ᠎ᠡ᠂᠂ ᠤᠯᠠᠷᠢᠯ ᠪᠦᠷᠢ ᠬᠤᠳᠠᠯᠳᠤᠭᠠᠴᠢᠨ ᠤᠷᠢᠵᠤ ᠪᠡᠯᠡ ᠳᠠᠳᠠᠬᠤ ᠲᠤᠰᠬᠠᠶ ᠲᠠᠨᠢᠯᠴᠠᠭᠤᠯᠭ᠎ᠠ ᠶᠢᠨ | ᠠᠵᠢᠯᠯᠠᠭ᠎ᠠ ᠦᠷᠨᠢᠭᠦᠯᠵᠤ᠂ ᠬᠤᠳᠠᠯᠳᠤᠭᠠᠴᠢᠨ ᠤᠷᠢᠵᠤ ᠪᠡᠯᠡ ᠳᠠᠳᠠᠬᠤ ᠠᠵᠢᠯᠯᠠᠭ᠎ᠠ ᠶᠢ ᠬᠥᠬᠢᠭᠦᠯᠦᠨ ᠱᠠᠩᠨᠠᠬᠤ | ᠶᠡᠭᠡ ᠬᠤᠷᠠᠯ ᠪᠠ ︽ᠵᠡᠭᠦᠨ ᠬᠤᠰᠢᠭᠤᠨ ᠳᠤ ᠪᠡᠯᠡ ᠣᠷᠣᠭᠤᠯᠵᠣ᠂ ᠳᠡᠭᠡᠳᠦ ᠨᠡᠶᠢᠰᠯᠡᠯ ᠳᠤ ᠬᠦᠰᠡᠯ ᠢᠶᠠᠨ | ᠲᠡᠷᠭᠡᠯᠰᠢᠭᠦᠯᠬᠦ︾ ᠨᠤᠲᠤᠭ ᠤᠨ ᠨᠥᠬᠦᠷᠯᠡᠯ ᠤᠨ ᠴᠤᠭᠯᠠᠭᠠᠨ ᠢ ᠰᠠᠶᠢᠲᠤᠷ ᠦᠷᠨᠢᠭᠦᠯᠵᠤ᠂ ᠲᠥᠪᠯᠡᠷᠡᠭᠦᠯᠦᠨ | ᠬᠤᠳᠠᠯᠳᠤᠭᠠᠴᠢᠨ ᠤᠷᠢᠬᠤ᠂ ᠠᠵᠤ ᠦᠢᠯᠡᠰ ᠤᠨ ᠬᠡᠯᠬᠢᠶ᠎ᠡ ᠪᠠᠷ ᠬᠤᠳᠠᠯᠳᠤᠭᠠᠴᠢᠨ ᠤᠷᠢᠬᠤ᠂ ᠡᠷᠳᠡᠮ ᠰᠢᠨᠵᠢᠯᠡᠭᠡᠨ ᠤ | ᠬᠦᠷᠢᠶᠡᠯᠡᠩ ᠠᠴᠠ ᠬᠤᠳᠠᠯᠳᠤᠭᠠᠴᠢᠨ ᠤᠷᠢᠬᠤ ᠵᠢᠴᠢ ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ ᠵᠡᠷᠭᠡ | ᠠᠵᠢᠯ ᠤᠨ ᠵᠠᠭᠪᠤᠷ ᠤᠨ ᠰᠠᠭᠤᠷᠢᠨ ᠳᠡᠭᠡᠷ᠎ᠡ᠂ ᠲᠣᠭᠤᠷᠢᠭ ᠲᠤ ᠬᠤᠳᠠᠯᠳᠤᠭᠠᠴᠢᠨ ᠤᠷᠢᠬᠤ ᠪᠠ ᠲᠦᠷᠦ ᠶᠢᠨ | ᠪᠤᠳᠤᠯᠭ᠎ᠠ ᠪᠠᠷ ᠬᠤᠳᠠᠯᠳᠤᠭᠠᠴᠢᠨ ᠤᠷᠢᠬᠤ ᠵᠡᠷᠭᠡ ᠶᠢ ᠯᠠᠪᠳᠠᠭᠤᠨ ᠠᠬᠢᠭᠤᠯᠵᠤ᠂ ᠠᠵᠤ ᠦᠢᠯᠡᠳᠪᠦᠷᠢ ᠶᠢᠨ | ᠬᠦᠷᠢᠶᠡᠨ ᠳᠠᠬᠢ ᠲᠥᠷᠥᠯ ᠵᠦᠢᠯ ᠢ ᠤᠷᠢᠨ ᠠᠪᠴᠢᠷᠠᠬᠤ ᠬᠦᠴᠦᠯᠡᠴᠡ ᠪᠠᠨ ᠲᠠᠰᠤᠷᠠᠯᠲᠠ ᠦᠭᠡᠢ ᠨᠡᠮᠡᠭᠳᠡᠭᠦᠯᠦᠨ᠎ᠡ᠃ | ᠪᠦᠬᠦ ᠬᠤᠰᠢᠭᠤᠨ ᠤ ᠥᠩᠭᠡᠲᠦ ᠲᠡᠮᠦᠷᠯᠢᠭ᠂ ᠲᠡᠮᠦᠷᠯᠢᠭ ᠪᠤᠰᠤ ᠪᠠ ᠴᠡᠪᠡᠷ ᠡᠨᠧᠷᠭᠢ ᠶᠢᠨ ᠰᠤᠷᠪᠤᠯᠵᠢ ᠶᠢᠨ ᠡᠬᠢ | ᠪᠠᠶᠠᠯᠢᠭ ᠤᠨ ᠳᠠᠪᠠᠭᠤᠯᠢᠭ ᠲᠠᠢ ᠤᠶᠠᠯᠳᠤᠭᠤᠯᠤᠨ᠂ ᠨᠢᠭᠡ ᠪᠦᠯᠦᠭ ᠡᠨᠧᠷᠭᠢ ᠶᠡᠭᠡ ᠵᠠᠷᠤᠴᠠᠭᠤᠯᠬᠤ ᠦᠢᠯᠡᠳᠬᠦ | ᠦᠢᠯᠡᠰ ᠪᠠ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠴᠢᠨᠠᠷ ᠰᠠᠶᠢᠲᠠᠶ ᠳᠦᠷᠦᠯ ᠵᠦᠢᠯ ᠢ ᠭᠤᠣᠯᠳᠠᠯᠭ᠎ᠠ ᠲᠠᠢ | ᠣᠷᠣᠭᠤᠯᠵᠤ ᠂ ᠰᠢᠨ᠎ᠡ ᠬᠠᠭᠤᠴᠢᠨ ᠬᠥᠳᠡᠯᠭᠡᠭᠴᠢ ᠡᠨᠧᠷᠭᠢ ᠶᠢᠨ ᠰᠣᠯᠢᠭᠳᠠᠯ ᠪᠠ ᠪᠣᠬᠢᠷᠲᠤᠯ ᠦᠭᠡᠢ ᠠᠵᠤ | ᠦᠢᠯᠡᠰ ᠤᠨ ᠲᠡᠰ ᠳᠡᠪᠰᠢᠬᠦ ᠶᠢ ᠪᠡᠶᠡᠯᠡᠭᠦᠯᠦᠨ᠎ᠡ᠃ ᠪᠥᠬᠦ ᠵᠢᠯ ᠳᠤ 70 ᠠᠴᠠ ᠳᠡᠭᠡᠭᠰᠢ ᠲᠥᠷᠥᠯ ᠵᠦᠢᠯ ᠢ | ᠣᠷᠣᠭᠤᠯᠤᠨ ᠠᠪᠴᠢᠷᠠᠵᠤ ᠠᠵᠢᠯ ᠡᠬᠢᠯᠡᠭᠦᠯᠦᠨ᠂ ᠪᠠᠯᠠ ᠮᠥᠩᠭᠦ ᠶᠢ 20 ᠳ᠋ᠦᠩᠰᠢᠭᠤᠷ ᠲᠥᠭᠦᠷᠢᠭ ᠠᠴᠠ ᠳᠡᠭᠡᠭᠰᠢ | ᠣᠷᠣᠭᠤᠯᠤᠨ ᠠᠪᠴᠢᠷᠠᠬᠤ ᠪᠠᠷ ᠴᠢᠷᠮᠠᠶᠢᠨ᠎ᠠ᠃ | ︵ᠬᠤᠶᠠᠷ︶ ᠳᠠᠪᠠᠭᠤᠯᠢᠭ ᠢᠶᠠᠨ ᠪᠠᠳᠠᠷᠠᠭᠤᠯᠤᠨ ᠳᠤᠲᠠᠭᠤᠳᠠᠯ ᠢᠶᠠᠨ ᠨᠦᠬᠦᠵᠦ᠂ ᠰᠢᠯᠢᠳᠡᠭ ᠢ | ᠬᠥᠮᠦᠵᠢᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠪᠠᠷᠢᠮᠲᠠᠯᠠᠵᠤ᠂ ᠤᠳᠤ ᠦᠶ᠎ᠡ ᠶᠢᠨ ᠠᠵᠤ ᠦᠢᠯᠡᠰ ᠤᠨ | ᠲᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ | ᠲᠠᠷᠢᠶᠠᠯᠠᠩ ᠮᠠᠯ ᠠᠵᠤ ᠠᠬᠤᠢ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠦᠨ᠎ᠡ᠃ | ︽ᠡᠬᠢ ᠪᠠᠶᠠᠯᠢᠭ ᠤᠨ ᠡᠯᠧᠮᠧᠨ᠋ᠲ ᠢ ᠨᠢᠭᠡᠳᠬᠡᠵᠤ᠂ ᠨᠢᠭᠡᠳᠦᠭᠡᠷ ᠠᠵᠤ ᠦᠢᠯᠡᠰ ᠢ ᠬᠤᠶᠠᠷ ᠭᠤᠷᠪᠠᠳᠤᠭᠠᠷ ᠠᠵᠤ | ᠦᠢᠯᠡᠰ ᠲᠠᠢ ᠬᠤᠯᠪᠣᠬᠤ︾ ᠬᠥᠭᠵᠢᠯᠲᠡ ᠶᠢᠨ ᠰᠡᠳᠬᠢᠴᠡ ᠪᠠᠷ ᠭᠤᠣᠯ ᠪᠣᠯᠭᠠᠵᠤ᠂ ᠠᠯᠠᠰᠢᠨ ᠦᠬᠡᠷ᠂ ᠠᠯᠠᠰᠢᠨ | ᠡᠯᠵᠢᠭᠡ᠂ ᠱᠦᠭᠦᠷ ᠡᠪᠡᠰᠦ᠂ ᠬᠢᠲᠠᠳ ᠡᠮ ᠤᠨ ᠮᠠᠲ᠋ᠧᠷᠢᠶᠠᠯ ᠵᠢᠴᠢ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠵᠡᠷᠭᠡ ᠬᠤᠰᠢᠭᠤ ᠲᠡᠰ ᠤᠨ 5 ᠵᠦᠢᠯ ᠤᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠵᠢᠱᠢᠶ᠎ᠡ ᠦᠵᠡᠭᠦᠯᠬᠦ ᠲᠣᠭᠤᠷᠢᠭ ᠤᠨ ᠲᠠᠯᠠᠪᠠᠢ ᠶᠢ 6100 ᠮᠦ ᠳᠤ ᠬᠦᠷᠭᠡᠵᠦ᠂ 10 ᠳ᠋ᠦᠩᠰᠢᠭᠤᠷ | ᠲᠥᠭᠦᠷᠢᠭ ᠠᠴᠠ ᠳᠡᠭᠡᠭᠰᠢ ᠪᠡᠯᠡ ᠣᠷᠤᠭᠤᠯᠤᠨ᠂ ᠲᠣᠭᠤᠷᠢᠭ ᠤᠨ ︽1 + 3 + 3︾ ᠴᠢᠳᠠᠮᠵᠢ ᠶᠢ ᠭᠦᠢᠴᠡᠳ | ᠪᠠᠳᠠᠷᠠᠭᠤᠯᠵᠤ᠂ ᠡᠳ᠋ ᠬᠥᠷᠥᠩᠭᠡ᠂ ᠰᠢᠨᠵᠢᠯᠡᠬᠦ ᠤᠬᠠᠭᠠᠨ ᠮᠡᠷᠭᠡᠵᠢᠯ ᠵᠢᠴᠢ ᠴᠢᠳᠠᠪᠤᠷᠢᠲᠠᠨ ᠵᠡᠷᠭᠡ ᠶᠢ ᠲᠣᠭᠤᠷᠢᠭ ᠲᠤ | ᠲᠦᠪᠯᠡᠷᠡᠭᠦᠯᠦᠨ᠂ ᠪᠦᠬᠦ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠡᠪᠴᠢᠶ᠎ᠡ ᠶᠢ | ᠥᠷᠭᠡᠳᠬᠡᠨ ᠦᠷ᠎ᠡ ᠠᠰᠢᠭ ᠢ ᠨᠡᠮᠡᠭᠳᠡᠭᠦᠯᠦᠨ᠎ᠡ᠃ ᠦᠬᠡᠷ ᠤᠨ ᠠᠵᠤ ᠦᠢᠯᠡᠰ ᠢ ᠬᠦᠴᠦᠷᠬᠡᠭᠵᠢᠭᠦᠯᠦᠨ᠂ ᠶᠤᠸᠠᠨ | ᠮᠧᠢ ᠮᠠᠯ ᠠᠵᠤ ᠠᠬᠤᠢ᠂ ᠫᠢᠩ ᠶᠤᠸᠠᠨ ᠮᠠᠯ ᠠᠵᠤ ᠠᠬᠤᠢ ᠵᠢᠴᠢ ᠱᠧᠩ ᠾᠦᠢ ᠮᠠᠯ ᠠᠵᠤ ᠠᠬᠤᠢ ᠵᠡᠷᠭᠡ | ᠪᠠᠷᠢᠮᠵᠢᠶᠠᠵᠢᠭᠰᠠᠨ ᠠᠯᠠᠰᠢᠨ ᠦᠬᠡᠷ ᠪᠠ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠢ 5 ᠶᠢ ᠰᠢᠨ᠎ᠡ ᠪᠠᠷ | ᠪᠠᠶᠢᠭᠤᠯᠵᠤ᠂ ᠥᠪᠥᠷ ᠮᠣᠩᠭᠤᠯ ᠤᠨ ᠼᠤᠤ ᠳ᠋ᠦ᠋ ᠠᠯᠠᠰᠢᠨ ᠦᠬᠡᠷ ᠤᠨ ᠠᠷᠠᠯᠵᠢᠶᠠᠨ ᠤ ᠵᠠᠬ᠎ᠠ ᠳᠡᠯᠭᠡᠭᠦᠷ᠂ | ᠪᠦᠸᠧᠬᠠᠢ ᠶᠢᠨ ᠸᠠᠩ ᠳ᠋ᠠ ᠠᠯᠠᠰᠢᠨ ᠦᠬᠡᠷ ᠨᠢᠲᠤᠯᠵᠤ ᠡᠳ᠋ᠰᠢᠭᠦᠯᠬᠦ ᠵᠢᠴᠢ ᠲᠣᠭᠤᠷᠢᠭ ᠤᠨ ᠰᠠᠭᠤᠷᠢ ᠲᠥᠬᠦᠭᠡᠷᠦᠮᠵᠢ | ᠵᠡᠷᠭᠡ ᠲᠥᠷᠥᠯ ᠵᠦᠢᠯ ᠢ ᠪᠣᠳᠠᠲᠠᠢ ᠳᠤ ᠨᠠᠶᠢᠳᠠᠪᠤᠷᠢᠵᠢᠭᠤᠯᠤᠨ᠂ ᠪᠦᠬᠦ ᠬᠤᠰᠢᠭᠤᠨ ᠤ ᠰᠠᠭᠠᠯᠢ ᠶᠢᠨ ᠦᠨᠢᠶ᠎ᠡ ᠶᠢ 2 | ᠲᠦᠮᠡᠨ ᠲᠣᠯᠣᠭᠠᠢ ᠳᠤ ᠬᠦᠷᠭᠡᠵᠦ᠂ ᠠᠯᠠᠰᠢᠨ ᠦᠬᠡᠷ ᠲᠡᠵᠢᠭᠡᠨ ᠦᠷᠡᠵᠢᠭᠦᠯᠬᠦ ᠶᠡᠷᠦᠩᠬᠡᠢ ᠬᠡᠮᠵᠢᠶ᠎ᠡ ᠶᠢ 40 ᠲᠦᠮᠡᠨ | ᠲᠣᠯᠣᠭᠠᠢ ᠠᠴᠠ ᠳᠠᠪᠠᠭᠤᠯᠤᠨ᠎ᠠ᠃ ᠠᠯᠠᠰᠢᠨ ᠡᠯᠵᠢᠭᠡ ᠶᠢᠨ ᠠᠵᠤ ᠦᠢᠯᠡᠰ ᠢ ᠰᠢᠯᠢᠳᠡᠭᠵᠢᠭᠦᠯᠵᠦ᠂ ᠬᠤᠩ ᠵᠦᠩ | ᠢᠳᠡᠭᠡᠨ ᠪᠠ ᠲᠢᠶᠠᠨ ᠯᠦᠩ ᠨᠢᠲᠤᠯᠵᠤ ᠡᠳ᠋ᠰᠢᠭᠦᠯᠬᠦ ᠦᠢᠯᠡᠳᠪᠦᠷᠢᠯᠡᠯ ᠤᠨ ᠱᠤᠭᠤᠮ ᠢ ᠳᠠᠬᠢᠨ ᠪᠠᠶᠢᠭᠤᠯᠤᠨ᠂ | ᠡᠯᠵᠢᠭᠡᠨ ᠤ ᠰᠢᠯᠢᠳᠡᠭ ᠡᠭᠦᠯᠳᠡᠷ ᠢ ᠰᠣᠩᠭᠤᠨ ᠦᠷᠡᠵᠢᠭᠦᠯᠵᠦ᠂ ᠠᠯᠠᠰᠢᠨ ᠡᠯᠵᠢᠭᠡ ᠶᠢᠨ ᠡᠭᠦᠯᠳᠡᠷ | ᠰᠠᠶᠢᠵᠢᠷᠠᠭᠤᠯᠤᠯᠲᠠ ᠶᠢ 1 ᠲᠦᠮᠡ ᠠᠴᠠ ᠳᠡᠭᠡᠭᠰᠢ ᠪᠡᠶᠡᠯᠡᠭᠦᠯᠵᠤ᠂ ᠮᠠᠨ ᠤ ᠬᠤᠰᠢᠭᠤ ᠪᠠᠨ ᠪᠦᠬᠦ ᠤᠯᠤᠰ ᠤᠨ | ᠬᠠᠮᠤᠭ ᠤᠨ ᠲᠣᠮᠤ ᠡᠯᠵᠢᠭᠡᠨ ᠤ ᠰᠠᠶᠢᠨ ᠡᠭᠦᠯᠳᠡᠷ ᠤᠨ ᠰᠠᠭᠤᠷᠢᠨ ᠭᠠᠵᠠᠷ ᠪᠣᠯᠭᠠᠨ ᠪᠠᠶᠢᠭᠤᠯᠤᠨ᠎ᠠ᠃ ᠱᠦᠭᠦᠷ | ᠡᠪᠡᠰᠦ ᠶᠢᠨ ᠠᠵᠤ ᠦᠢᠯᠡᠰ ᠢ ᠬᠦᠴᠦᠷᠬᠡᠭᠵᠢᠭᠦᠯᠦᠨ᠂ ᠱᠦᠭᠦᠷ ᠡᠪᠡᠰᠦ ᠶᠢᠨ ᠠᠵᠤ ᠦᠢᠯᠡᠰ ᠤᠨ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠦᠢᠯᠡᠴᠢᠯᠡᠭᠡᠨ ᠤ ᠲᠥᠪ ᠢ ᠲᠦᠷᠭᠡᠨ ᠪᠠᠶᠢᠭᠤᠯᠵᠤ᠂ | ᠱᠦᠭᠦᠷ ᠡᠪᠡᠰᠦ ᠶᠢᠨ ᠰᠢᠨ᠎ᠡ ᠪᠦᠲᠦᠭᠡᠭᠳᠡᠬᠦᠨ ᠢ 10 ᠵᠦᠢᠯ ᠠᠴᠠ ᠳᠡᠭᠡᠭᠰᠢ ᠨᠡᠭᠡᠭᠡᠨ ᠬᠥᠭᠵᠢᠭᠦᠯᠵᠦ᠂ | ᠶᠡᠷᠦᠩᠬᠡᠶᠢᠯᠡᠭᠰᠡᠨ ᠪᠣᠷᠤᠯᠠᠭᠤᠯᠭ᠎ᠠ ᠶᠢᠨ ᠣᠷᠣᠯᠭ᠎ᠠ ᠶᠢ 5 ᠳ᠋ᠦᠩᠰᠢᠭᠤᠷ ᠲᠥᠭᠦᠷᠢᠭ ᠠᠴᠠ ᠳᠡᠭᠡᠭᠰᠢ ᠪᠣᠯᠭᠠᠨ᠎ᠠ᠃ | ᠣᠨᠴᠠᠯᠢᠭᠲᠤ ᠠᠵᠤ ᠦᠢᠯᠡᠰ ᠢ ᠨᠠᠷᠢᠯᠢᠭᠵᠢᠭᠤᠯᠵᠤ᠂ ᠣᠳᠣ ᠦᠶ᠎ᠡ ᠶᠢᠨ ᠬᠢᠲᠠᠳ ᠮᠣᠩᠭᠤᠯ ᠡᠮ ᠤᠨ | ᠮᠠᠲ᠋ᠧᠷᠢᠶᠠᠯ ᠤᠨ ᠠᠵᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠲᠣᠭᠤᠷᠢᠭ ᠤᠨ | ᠨᠢᠭᠡᠳᠦᠭᠡᠷ ᠬᠤᠭᠤᠴᠠᠭᠠᠨ ᠤ ᠢᠨᠵᠧᠨᠧᠷᠢᠩ ᠢ ᠪᠡᠶᠡᠯᠡᠭᠦᠯᠦᠨ᠂ 500 ᠲᠦᠮᠡᠨ ᠰᠠᠭᠤᠷᠢ ᠠᠴᠠ ᠳᠡᠭᠡᠭᠰᠢᠬᠢ ᠴᠢᠬᠢ | ᠪᠣᠶᠢᠵᠢᠭᠤᠯᠵᠤ᠂ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ ᠡᠬᠢᠯᠡᠭᠦᠯᠦᠨ᠂ ᠵᠢᠯ ᠤᠨ ᠳᠣᠲᠣᠷ᠎ᠠ 2 | ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠡᠯᠡ ᠣᠷᠤᠭᠤᠯᠵᠤ᠂ ᠡᠮ ᠤᠨ ᠮᠠᠲ᠋ᠧᠷᠢᠶᠠᠯ ᠪᠣᠯᠪᠠᠰᠤᠷᠠᠭᠤᠯᠬᠤ ᠠᠵᠤ | ᠠᠬᠤᠶᠢᠯᠠᠯ 1 ᠶᠢ ᠣᠷᠣᠭᠤᠯᠤᠨ ᠠᠪᠴᠢᠷᠠᠵᠤ᠂ ᠬᠢᠲᠠᠳ ᠡᠮ ᠤᠨ ᠮᠠᠲ᠋ᠧᠷᠢᠶᠠᠯ ᠲᠠᠷᠢᠬᠤ ᠲᠠᠯᠠᠪᠠᠢ ᠶᠢ ᠰᠢᠨ᠎ᠡ ᠪᠠᠷ | 4000 ᠮᠤ᠋ ᠠᠴᠠ ᠳᠡᠭᠡᠭᠰᠢ ᠪᠤᠯᠭᠠᠨ ᠨᠡᠮᠡᠭᠳᠡᠭᠦᠯᠦᠨ᠎ᠡ᠃ ᠪᠦᠳᠦᠭᠦᠯᠢᠭ ᠠᠮᠤ ᠪᠤᠷᠴᠠᠭ ᠲᠠᠷᠢᠬᠤ ᠲᠠᠯᠠᠪᠠᠶ ᠶᠢ 50 | ᠲᠦᠮᠡᠨ ᠮᠦ ᠠᠴᠠ ᠳᠡᠭᠡᠭᠰᠢ ᠪᠣᠯᠭᠠᠵᠤ᠂ ᠲᠦᠬᠦᠭᠡᠷᠦᠮᠵᠢᠲᠦ ᠲᠠᠷᠢᠶᠠᠯᠠᠩ ᠢ 2000 ᠮᠦ ᠠᠴᠠ ᠳᠡᠭᠡᠭᠰᠢ ᠰᠢᠨ᠎ᠡ ᠪᠠᠷ | ᠨᠡᠮᠡᠭᠳᠡᠭᠦᠯᠦᠨ᠂ ᠰᠢᠨ᠎ᠡ ᠰᠣᠷᠭᠤᠭ ᠢᠳᠡᠭᠡᠨ ᠤ ᠡᠷᠳᠡᠨᠢ ᠰᠢᠰᠢ ᠶᠢᠨ ᠰᠠᠭᠤᠷᠢᠨ ᠭᠠᠵᠠᠷ ᠢ 1 ᠲᠦᠮᠡᠨ ᠮᠦ ᠠᠴᠠ | ᠳᠡᠭᠡᠭᠰᠢ ᠬᠥᠭᠵᠢᠭᠦᠯᠵᠦ᠂ ᠵᠢᠯ ᠳᠤ 2000 ᠲᠦᠮᠡᠨ ᠲᠦᠷᠦᠭᠦᠦ ᠠᠴᠠ ᠳᠡᠭᠡᠭᠰᠢ ᠦᠢᠯᠡᠳᠪᠦᠷᠢᠯᠡᠬᠦ ᠶᠢ ᠪᠠᠳᠣᠯᠠᠨ᠎ᠠ᠃ | ᠬᠤᠲᠠ ᠶᠢᠨ ᠲᠠᠰ ᠤᠨ ᠦᠬᠡᠷ ᠤᠨ ᠠᠵᠤ ᠦᠢᠯᠡᠰ ᠪᠠ ᠬᠢᠲᠠᠳ ᠮᠣᠩᠭᠤᠯ ᠡᠮ ᠤᠨ ᠮᠠᠲ᠋ᠧᠷᠢᠶᠠᠯ ᠤᠨ ᠠᠵᠤ | ᠦᠢᠯᠡᠰ ᠤᠨ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠵᠢᠱᠢᠶ᠎ᠡ ᠦᠵᠡᠭᠦᠯᠬᠦ ᠲᠣᠭᠤᠷᠢᠭ ᠢ ᠪᠠᠶᠢᠭᠤᠯᠵᠤ | ᠂ ᠥᠪᠡᠷᠲᠡᠭᠡᠨ ᠵᠠᠰᠠᠬᠤ ᠣᠷᠣᠨ ᠤ ᠠᠵᠤ ᠦᠶᠢᠯᠡᠰᠵᠢᠭᠰᠡᠨ ᠬᠤᠯᠪᠣᠭᠠᠲᠤ ᠴᠣᠭᠴᠠ ᠶᠢ 2 ᠪᠠ ᠬᠤᠲᠠ ᠶᠢᠨ | ᠲᠠᠰ ᠠᠴᠠ ᠳᠡᠭᠡᠭᠰᠢᠬᠢ ᠵᠢᠱᠢᠶ᠎ᠡ ᠦᠵᠡᠭᠦᠯᠬᠦ ᠬᠤᠷᠰᠢᠶᠠᠵᠢᠯ ᠶᠢ 10 ᠶᠢ ᠰᠢᠨ᠎ᠡ ᠪᠠᠷ ᠨᠡᠮᠡᠭᠳᠡᠭᠦᠯᠵᠦ᠂ ᠪᠥᠬᠦ | ᠬᠤᠰᠢᠭᠤᠨ ᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠦᠨ ᠪᠤᠯᠪᠠᠰᠤᠷᠠᠭᠤᠯᠬᠤ | ᠨᠣᠷᠮ᠎ᠠ ᠶᠢ 72% ᠠᠴᠠ ᠳᠡᠭᠡᠭᠰᠢ ᠪᠣᠯᠭᠠᠨ᠎ᠠ᠃ 15 ᠲᠦᠮᠡᠨ ᠮᠤ᠋ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ | ᠰᠢᠨ᠎ᠡ ᠪᠠᠷ ᠪᠠᠶᠢᠭᠤᠯᠬᠤ ᠪᠤᠶᠤ ᠥᠭᠡᠷᠡᠴᠢᠯᠡᠨ ᠪᠠᠶᠢᠭᠤᠯᠵᠤ᠂ ᠠᠮᠤ ᠪᠤᠳᠠᠭᠠᠨ ᠤ ᠶᠡᠷᠦᠩᠬᠡᠢ ᠤᠨᠠᠯᠲᠠ ᠶᠢ | ᠦᠷᠭᠦᠯᠵᠢᠯᠡᠨ 12 ᠳ᠋ᠦᠩᠰᠢᠭᠤᠷ ᠵᠢᠩ ᠠᠴᠠ ᠳᠡᠭᠡᠭᠰᠢ ᠪᠠᠶᠢᠯᠭᠠᠨ᠎ᠠ᠃ ᠲᠠᠷᠢᠶᠠᠯᠠᠩ ᠦᠢᠯᠡᠳᠪᠦᠷᠢᠯᠡᠯ ᠤᠨ ︽ | ᠬᠤᠶᠠᠷ ᠪᠦᠲᠦᠭᠡᠭᠳᠡᠬᠦᠨ ᠨᠢᠭᠡ ᠲᠡᠮᠳᠡᠭ︾ ᠢ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠵᠦ᠂ ᠪᠣᠬᠢᠷᠲᠤᠯ ᠥᠬᠡᠶ | ᠢᠳᠡᠭᠡᠨ ᠢ 3 ᠠᠴᠠ ᠳᠡᠭᠡᠭᠰᠢ ᠰᠢᠨ᠎ᠡ ᠪᠠᠷ ᠭᠡᠷᠡᠴᠢᠯᠡᠭᠦᠯᠵᠦ᠂ ︽ᠨᠠᠷᠠᠲᠤ ᠣᠨᠴᠠ ᠰᠢᠯᠢᠳᠡᠭ ᠰᠢᠨ᠎ᠡ︾ ᠪᠠ ︽ | ᠣᠨᠴᠠ ᠴᠢᠨᠠᠷ ᠪᠥᠬᠦᠶ ᠲᠠᠷᠢᠶᠠᠯᠠᠩ ᠤᠨ ᠪᠦᠲᠦᠭᠡᠭᠳᠡᠬᠦᠨ︾ ᠢ 2 ᠠᠴᠠ ᠳᠡᠭᠡᠭᠰᠢ ᠰᠢᠨ᠎ᠡ ᠪᠠᠷ ᠰᠣᠩᠭᠤᠨ | ᠣᠷᠣᠭᠤᠯᠣᠨ᠎ᠠ᠃ | ᠠᠵᠤ ᠦᠢᠯᠡᠳᠪᠦᠷᠢ ᠶᠢᠨ ᠠᠵᠤ ᠦᠢᠯᠡᠰᠵᠢᠭᠦᠯᠦᠯᠳᠡ ᠶᠢ ᠠᠬᠢᠭᠤᠯᠤᠨ᠎ᠠ᠃ ︽ᠶᠠᠭᠤ ᠳᠤᠳᠠᠪᠠᠯ ᠶᠠᠭᠤ ᠶᠢ | ᠨᠥᠬᠦᠪᠥᠷᠢᠯᠡᠬᠦ᠂ ᠶᠠᠭᠤ ᠪᠠᠭᠤᠷᠠᠶ ᠪᠣᠯ ᠶᠠᠭᠤ ᠶᠢ ᠬᠦᠴᠦᠷᠬᠡᠭᠵᠢᠭᠦᠯᠬᠦ︾ ᠵᠠᠷᠴᠢᠮ ᠢ ᠪᠠᠷᠢᠮᠲᠠᠯᠠᠵᠤ᠂ ᠯᠢᠨᠳᠦ᠋ᠩ ᠤᠨ | ᠠᠵᠤ ᠦᠢᠯᠡᠰ ᠤᠨ ᠲᠣᠭᠤᠷᠢᠭ ᠢᠶᠠᠷ ᠭᠤᠤᠯ ᠲᠠᠯᠠᠪᠤᠷ ᠪᠣᠯᠭᠠᠵᠤ᠂ ᠬᠡᠯᠬᠢᠶ᠎ᠡ ᠶᠢ ᠤᠷᠲᠤᠳᠬᠠᠨ᠂ ᠬᠡᠯᠬᠢᠶ᠎ᠡ ᠶᠢ | ᠨᠦᠬᠦᠪᠦᠷᠢᠯᠡᠬᠦ ᠵᠢᠴᠢ ᠬᠡᠯᠬᠢᠶ᠎ᠡ ᠶᠢ ᠬᠦᠴᠦᠷᠬᠡᠭᠵᠢᠭᠦᠯᠬᠦ ᠢᠨᠵᠧᠨᠧᠷᠢᠩ ᠢ ᠬᠡᠷᠡᠭᠵᠢᠭᠦᠯᠵᠦ᠂ ︽ᠨᠢᠭᠡ ᠲᠥᠪ ᠲᠠᠪᠤᠨ | ᠬᠡᠯᠬᠢᠶ᠎ᠡ︾ ᠶᠢᠨ ᠴᠢᠨᠠᠷ ᠰᠠᠶᠢᠲᠠᠶ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠤᠨ᠎ᠠ᠃ ᠥᠩᠭᠡᠲᠦ ᠲᠡᠮᠦᠷᠯᠢᠭ ᠢ | ᠬᠠᠶᠢᠬᠤ ᠮᠠᠯᠲᠠᠬᠤ ᠰᠢᠯᠢᠬᠦ ᠬᠠᠶᠢᠯᠤᠭᠤᠯᠬᠤ ᠡᠳ᠋ᠰᠢᠭᠦᠯᠬᠦ ᠶᠢ ᠨᠢᠭᠡ ᠴᠣᠭᠴᠠᠵᠢᠭᠤᠯᠤᠭᠰᠠᠨ ᠪᠦᠲᠦᠭᠡᠨ | ᠪᠠᠶᠢᠭᠤᠯᠤᠯᠲᠠ ᠶᠢ ᠠᠬᠢᠭᠤᠯᠵᠤ᠂ ᠢᠦᠶ ᠪᠠᠩ᠂ ᠺᠠᠶ ᠶᠤᠸᠠᠨ᠂ ᠱᠠᠨ ᠶᠢᠨ ᠬᠤᠩ ᠯᠢᠩ ᠵᠢᠴᠢ ᠳ᠋ᠦᠩ ᠱᠠᠨ ᠵᠡᠷᠭᠡ | 4 ᠠᠭᠤᠷᠬᠠᠶ ᠶᠢᠨ ᠦᠢᠯᠡᠰ ᠤᠨ ᠬᠦᠳᠡᠷ ᠮᠠᠯᠲᠠᠵᠤ ᠥᠷᠭᠡᠳᠬᠡᠨ ᠪᠠᠶᠢᠭᠤᠯᠬᠤ ᠲᠥᠷᠥᠯ ᠵᠦᠢᠯ ᠢ ᠠᠵᠢᠯ | ᠡᠬᠢᠯᠡᠭᠦᠯᠦᠨ᠂ ᠳᠤᠮᠳᠠᠳᠤ ᠶᠢᠨ ᠥᠩᠭᠡᠲᠦ ᠲᠡᠮᠦᠷᠯᠢᠭ ᠤᠨ ᠴᠠᠶᠢᠷ ᠤᠨ ᠦᠢᠯᠡᠰ ᠤᠨ ᠵᠢᠯ ᠳᠤ 20 ᠲᠦᠮᠡᠨ ᠲᠣᠨ | ᠬᠠᠶᠢᠯᠤᠭᠤᠯᠬᠤ ᠪᠠ ᠶᠢᠨ ᠹᠠᠨ ᠳᠠᠬᠢᠯᠲᠠ ᠡᠬᠢ ᠪᠠᠶᠠᠯᠢᠭ ᠤᠨ ᠲᠤᠭᠤᠯᠭ᠎ᠠ ᠶᠢᠨ ᠬᠤᠶᠠᠳᠤᠭᠠᠷ ᠬᠤᠭᠤᠴᠠᠭ᠎ᠠ ᠵᠡᠷᠭᠡ | ᠭᠤᠤᠯᠳᠠᠯᠭ᠎ᠠ ᠲᠠᠢ ᠲᠥᠷᠥᠯ ᠵᠦᠢᠯ ᠢ ᠠᠬᠢᠭᠤᠯᠵᠤ᠂ ᠥᠩᠭᠡᠲᠦ ᠲᠡᠮᠦᠷᠯᠢᠭ ᠤᠨ ᠠᠵᠤ ᠦᠢᠯᠡᠰ ᠤᠨ ᠦᠢᠯᠡᠳᠬᠦᠨ ᠤ | ᠥᠷᠲᠡᠭ ᠢ 45 ᠳ᠋ᠦᠩᠰᠢᠭᠤᠷ ᠲᠥᠭᠦᠷᠢᠭ ᠢ ᠳᠠᠪᠠᠭᠤᠯᠬᠤ ᠪᠠᠷ ᠴᠢᠷᠮᠠᠶᠢᠨ᠎ᠠ᠃ ᠬᠢᠮᠢ ᠶᠢᠨ ᠠᠵᠤ ᠦᠢᠯᠡᠳᠪᠦᠷᠢ | ᠲᠥᠪᠯᠡᠷᠡᠭᠰᠡᠨ ᠣᠷᠣᠨ ᠢ ᠮᠡᠳᠡᠭᠦᠯᠦᠨ ᠵᠦᠪᠰᠢᠶᠡᠷᠡᠭᠦᠯᠬᠦ ᠠᠬᠢᠴᠠ ᠪᠠᠨ ᠠᠬᠢᠭᠤᠯᠵᠤ᠂ ᠭᠠᠯ ᠤᠨᠲᠠᠷᠠᠭᠠᠬᠤ ᠣᠨᠴᠠ | ᠦᠢᠯᠡᠴᠢᠯᠡᠬᠡᠨ ᠤ ᠥᠷᠲᠡᠭᠡ ᠪᠠ ᠬᠢᠮᠢ ᠶᠢᠨ ᠠᠵᠤ ᠦᠢᠯᠡᠳᠪᠦᠷᠢ ᠶᠢᠨ ᠪᠣᠬᠢᠷ ᠤᠰᠤ ᠰᠢᠢᠳᠪᠦᠷᠢᠯᠡᠬᠦ ᠭᠠᠵᠠᠷ ᠵᠡᠷᠭᠡ | ᠰᠠᠭᠤᠷᠢ ᠳᠦᠬᠦᠭᠡᠷᠦᠮᠵᠢ ᠶᠢ ᠲᠦᠬᠦᠷᠵᠢᠭᠦᠯᠬᠦ ᠢᠨᠵᠧᠨᠧᠷᠢᠩ ᠢ ᠪᠠᠶᠢᠭᠤᠯᠤᠨ ᠠᠰᠢᠭᠯᠠᠯᠲᠠ ᠳᠤ ᠣᠷᠤᠭᠤᠯᠵᠤ᠂ | ᠬᠤᠸᠠ ᠹᠦ᠋ ᠰᠢᠨᠵᠢᠯᠡᠬᠦ ᠤᠬᠠᠭᠠᠨ ᠮᠡᠷᠭᠡᠵᠢᠯ ᠤᠨ ᠹᠯᠣᠷ ᠤᠨ ᠰᠢᠷᠢᠰ ᠦᠢᠯᠡᠳᠬᠦᠨ ᠪᠠ ᠫᠧᠩ ᠹᠧᠩ ᠬᠢᠮᠢ ᠶᠢᠨ ᠠᠵᠤ | ᠦᠢᠯᠡᠳᠪᠦᠷᠢ ᠶᠢᠨ ᠹᠯᠣᠷᠲᠤ ᠤᠰᠤᠲᠥ᠋ᠷᠥᠭᠴᠢ ᠶᠢᠨ ᠭᠤᠷᠪᠠᠳᠤᠭᠠᠷ ᠬᠤᠭᠤᠴᠠᠭ᠎ᠠ ᠵᠡᠷᠭᠡ ᠭᠤᠤᠯᠳᠠᠯᠭ᠎ᠠ ᠲᠠᠢ | ᠲᠥᠷᠥᠯ ᠵᠦᠢᠯ ᠢ ᠡᠬᠢᠯᠡᠨ ᠪᠠᠶᠢᠭᠤᠯᠵᠤ᠂ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠦᠢᠯᠡᠳᠬᠦᠨ ᠤ | ᠥᠷᠲᠡᠭ ᠢ 5 ᠳ᠋ᠦᠩᠰᠢᠭᠤᠷ ᠲᠥᠭᠦᠷᠢᠭ ᠢ ᠳᠠᠪᠠᠭᠤᠯᠬᠤ ᠪᠠᠷ ᠴᠢᠷᠮᠠᠶᠢᠨ᠎ᠠ᠃ ᠯᠦ ᠮᠧᠩ ᠪᠠ ᠮᠧᠩ ᠰᠢᠨ ᠱᠦᠢᠨᠢ | ᠦᠢᠯᠡᠳᠪᠦᠷᠢᠯᠡᠬᠦ ᠤᠷ᠎ᠠ ᠮᠡᠷᠭᠡᠰᠢᠯ ᠢ ᠥᠭᠡᠷᠡᠴᠢᠯᠡᠨ ᠳᠡᠰ ᠳᠡᠪᠰᠢᠭᠦᠯᠵᠦ᠂ ᠵᠧᠨ ᠰᠢᠨ᠂ ᠯᠧᠢ ᠰᠢᠨ ᠵᠢᠴᠢ ᠵᠢᠶᠧ | ᠴᠧᠩ ᠵᠡᠷᠭᠡ 3 ᠴᠢᠯᠠᠭᠤᠨ ᠮᠠᠲ᠋ᠧᠷᠢᠶᠠᠯ ᠪᠣᠯᠪᠠᠰᠤᠷᠠᠭᠤᠯᠬᠤ ᠲᠥᠷᠥᠯ ᠵᠦᠢᠯ ᠢ ᠠᠰᠢᠭᠯᠠᠯᠲᠠ ᠳᠤ ᠣᠷᠣᠭᠤᠯᠤᠨ᠎ᠠ᠃ | ᠬᠡᠷᠡᠭᠯᠡᠭᠡᠨ ᠠᠴᠠ ᠭᠠᠷᠤᠬᠰᠠᠨ ᠮᠠᠰᠢᠨ ᠲᠡᠷᠭᠡ ᠶᠢ ᠵᠠᠳᠠᠯᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ | ᠡᠬᠢᠯᠡᠭᠦᠯᠦᠨ᠎ᠡ᠃ ᠰᠢᠨ᠎ᠡ ᠪᠠᠷ ᠬᠦᠭᠵᠢᠭᠰᠡᠨ ᠠᠵᠤ ᠦᠢᠯᠡᠰ ᠢ ᠲᠦᠷᠭᠡᠳᠬᠡᠨ᠂ ᠰᠢᠨ᠎ᠡ ᠮᠠᠲ᠋ᠧᠷᠢᠶᠠᠯ᠂ ᠲᠣᠨᠤᠭ | ᠲᠥᠬᠦᠭᠡᠷᠦᠮᠵᠢ ᠦᠢᠯᠡᠳᠬᠦ ᠵᠢᠴᠢ ᠴᠡᠪᠡᠷ ᠡᠨᠧᠷᠭᠢ ᠵᠡᠷᠭᠡ ᠠᠵᠤ ᠦᠢᠯᠡᠰ ᠢ ᠰᠢᠪᠲᠤᠯᠤᠯᠲᠠ ᠲᠠᠢ ᠪᠣᠯᠭᠠᠨ᠎ᠠ᠃ | ᠴᠤᠬᠤᠢ ᠶᠢᠨ ᠴᠢᠯᠠᠭᠤ᠂ ᠯᠠ ᠶᠢᠨ ᠴᠢᠯᠠᠭᠤ ᠵᠢᠴᠢ ᠪᠣᠷᠵᠢᠨ ᠴᠢᠯᠠᠭᠤᠯᠢᠭ ᠵᠡᠷᠭᠡ ᠡᠬᠢ ᠪᠠᠶᠠᠯᠢᠭ ᠤᠨ ᠲᠣᠭᠤᠷᠢᠨ ᠳᠤ | ᠰᠢᠨ᠎ᠡ ᠮᠠᠲ᠋ᠧᠷᠢᠶᠠᠯ ᠤᠨ ᠲᠣᠭᠤᠷᠢᠭ ᠢ ᠪᠠᠶᠢᠭᠤᠯᠵᠤ᠂ ᠴᠤᠬᠤᠢ ᠶᠢᠨ ᠴᠢᠯᠠᠭᠤ ᠶᠢ ᠢᠳᠡᠭᠡᠨ ᠤ ᠲᠡᠰ ᠤᠨ | ᠨᠡᠭᠦᠷᠡᠰᠦᠬᠦ᠋ᠴᠢᠯ ᠤᠨ ᠺᠠᠯᠼ᠂ ᠥᠨᠳᠥᠷ ᠢᠳᠡᠪᠬᠢᠲᠦ ᠺᠠᠯᠼ ᠵᠡᠷᠭᠡ ᠥᠨᠳᠥᠷ ᠨᠡᠮᠡᠯᠲᠡ ᠥᠷᠲᠡᠭ ᠲᠠᠢ ᠠᠵᠤ | ᠦᠢᠯᠡᠰ ᠲᠡᠰᠢ ᠬᠦᠭᠵᠢᠭᠦᠯᠵᠦ᠂ ᠯᠠ ᠶᠢᠨ ᠴᠢᠯᠠᠭᠤ ᠶᠢ ᠰᠢᠯ ᠰᠢᠷᠬᠡᠭ᠂ ᠸᠠᠭᠠᠷ ᠱᠠᠭᠠᠵᠠᠩ᠂ ᠪᠠᠷᠢᠯᠭ᠎ᠠ ᠵᠢᠴᠢ ᠭᠠᠯ | ᠳᠤ ᠳᠠᠭᠠᠭᠠᠮᠠᠭᠠᠢ ᠮᠠᠲ᠋ᠧᠷᠢᠶᠠᠯ ᠵᠡᠷᠭᠡ ᠠᠵᠤ ᠦᠢᠯᠡᠰ ᠲᠡᠰᠢ ᠬᠦᠭᠵᠢᠭᠦᠯᠦᠨ᠎ᠡ᠃ ᠥᠩᠭᠡᠲᠦ ᠲᠡᠮᠦᠷᠯᠢᠭ ᠤᠨ ᠡᠬᠢ | ᠪᠠᠶᠠᠯᠢᠭ ᠪᠣᠯᠤᠨ ᠴᠡᠪᠡᠷ ᠡᠨᠧᠷᠭᠢ ᠶᠢᠨ ᠡᠬᠢ ᠪᠠᠶᠠᠯᠢᠭ ᠤᠨ ᠲᠣᠭᠤᠷᠢᠨ ᠳᠤ ᠴᠢᠳᠬᠤᠨ ᠦᠢᠯᠡᠳᠬᠦ ᠲᠣᠭᠤᠷᠢᠭ ᠢ | ᠪᠠᠶᠢᠭᠤᠯᠵᠤ᠂ ᠮᠠᠰᠢᠨ ᠲᠡᠷᠭᠡᠨ ᠤ ᠰᠡᠯᠪᠢᠭ ᠲᠣᠨᠤᠭ᠂ ᠢᠨᠵᠧᠨᠧᠷᠢᠩ ᠵᠢᠴᠢ ᠠᠭᠤᠷᠬᠠᠶ ᠶᠢᠨ ᠮᠠᠰᠢᠨ ᠤ ᠰᠡᠯᠪᠢᠭ | ᠲᠣᠨᠤᠭ᠂ ᠬᠥᠭᠡᠷᠭᠡ ᠨᠡᠭᠡᠯᠡᠬᠡᠶ ᠬᠤᠭᠤᠯᠠᠶ ᠶᠢᠨ ᠲᠣᠨᠤᠭ ᠵᠡᠷᠭᠡ ᠦᠢᠯᠡᠳᠬᠦ ᠦᠢᠯᠡᠰ ᠤᠨ ᠡᠨᠧᠷᠭᠢ ᠶᠡᠭᠡ | ᠵᠠᠷᠤᠴᠠᠭᠤᠯᠬᠤ ᠲᠥᠷᠥᠯ ᠵᠦᠢᠯ ᠢ ᠢᠳᠡᠪᠬᠢᠲᠡᠶ ᠣᠷᠣᠭᠤᠯᠵᠤ ᠠᠪᠴᠢᠷᠠᠨ᠎ᠠ᠃ ᠵᠢᠯ ᠤᠨ ᠳᠣᠲᠣᠷ᠎ᠠ 11 ᠲᠦᠮᠡᠨ | ᠲᠡᠭᠰᠢ ᠳᠥᠷᠪᠡᠯᠵᠢᠨ ᠮᠧᠲᠷ ᠦᠢᠯᠡᠳᠪᠦᠷᠢ ᠶᠢᠨ ᠭᠡᠷ ᠢ ᠰᠢᠨ᠎ᠡ ᠪᠠᠷ ᠪᠠᠶᠢᠭᠤᠯᠵᠤ᠂ ᠰᠢᠨ᠎ᠡ ᠮᠠᠲ᠋ᠧᠷᠢᠶᠠᠯ ᠤᠨ | ᠲᠣᠭᠤᠷᠢᠭ ᠪᠠ ᠴᠢᠳᠬᠤᠵᠤ ᠦᠢᠯᠡᠳᠬᠦ ᠲᠣᠭᠤᠷᠢᠭ ᠤᠨ ᠲᠥᠷᠦᠯ ᠵᠦᠢᠯ ᠢ ᠰᠠᠭᠤᠷᠢᠰᠢᠭᠤᠯᠬᠤ ᠳᠤ ᠬᠡᠷᠡᠭᠯᠡᠵᠦ᠂ | ᠲᠣᠭᠤᠷᠢᠭ ᠲᠤ ᠪᠣᠬᠢᠷᠲᠤᠯ ᠦᠭᠡᠢ ᠴᠠᠬᠢᠯᠭᠠᠨ ᠬᠠᠩᠭᠠᠬᠤ ᠪᠠᠷ ᠳᠠᠮᠵᠢᠨ᠂ ᠠᠵᠤ ᠠᠬᠤᠶᠢᠯᠠᠯ ᠤᠨ ᠴᠠᠬᠢᠯᠭᠠᠨ | ᠬᠡᠷᠡᠭᠯᠡᠬᠦ ᠥᠪᠡᠷ ᠤᠨ ᠥᠷᠲᠡᠭ ᠢ ᠶᠡᠬᠡᠪᠡᠷ ᠪᠠᠭᠤᠷᠠᠭᠤᠯᠵᠤ᠂ ᠲᠣᠭᠤᠷᠢᠭ ᠤᠨ ᠳᠣᠣᠷ᠎ᠠ ᠨᠡᠭᠦᠷᠡᠰᠦᠲᠥ᠋ᠷᠥᠭᠴᠢᠲᠦ | ᠬᠥᠭᠵᠢᠯᠲᠡ ᠶᠢᠨ ᠬᠢᠷᠢ ᠲᠦᠪᠰᠢᠨ ᠢ ᠪᠦᠲᠦᠮᠵᠢᠲᠡᠢ ᠳᠡᠭᠡᠭᠰᠢᠯᠡᠭᠦᠯᠦᠨ᠎ᠡ᠃ ᠬᠥᠪ ᠤᠨ ᠭᠤᠤ ᠪᠠ ᠯᠢᠨᠳᠦ᠋ᠩ ︵ | ᠤᠯᠠᠭᠠᠨᠬᠠᠳᠠⅡ︶ ᠤᠨ ᠤᠰᠤ ᠲᠠᠲᠠᠵᠤ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ ᠶᠢ ᠥᠪᠡᠷᠲᠡᠭᠡᠨ ᠵᠠᠰᠠᠬᠤ | ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠳᠤᠮᠳᠠ ᠣᠷᠳᠣ ᠬᠤᠭᠤᠴᠠᠭᠠᠨ ᠤ ᠲᠥᠯᠥᠪᠵᠢᠭᠦᠯᠭᠡ ᠳᠤ | ᠣᠷᠣᠭᠤᠯᠬᠤ ᠶᠢ ᠠᠬᠢᠭᠤᠯᠵᠤ᠂ 20 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠲᠠᠢ 30 ᠲᠦᠮᠡᠨ | ᠬᠢᠯᠦᠸᠠᠲ ᠲᠣᠭᠤᠷᠢᠭ ᠤᠨ ᠪᠣᠬᠢᠷᠲᠤᠯ ᠥᠬᠡᠶ ᠴᠠᠬᠢᠯᠭᠠᠨ ᠬᠠᠩᠭᠠᠬᠤ ᠪᠠ 70 ᠳ᠋ᠦᠩᠰᠢᠭᠤᠷ ᠲᠥᠭᠦᠷᠢᠭ ᠤᠨ ᠪᠠᠯᠠ | ᠣᠷᠣᠭᠤᠯᠤᠯᠲᠠ ᠲᠠᠢ ᠥᠪᠥᠷ ᠮᠣᠩᠭᠤᠯ ᠤᠨ ᠡᠨᠧᠷᠭᠢ ᠶᠢᠨ 100 ᠲᠦᠮᠡᠨ ᠬᠢᠯᠦᠸᠠᠲ ᠤᠨ ᠰᠠᠯᠬᠢ ᠬᠡᠷᠡᠯ ᠢᠶᠠᠷ | ᠬᠠᠳᠠᠭᠠᠯᠠᠬᠤ ᠰᠠᠭᠤᠷᠢᠨ ᠭᠠᠵᠠᠷ ᠵᠡᠷᠭᠡ ᠰᠢᠨ᠎ᠡ ᠡᠨᠧᠷᠭᠢ ᠶᠢᠨ ᠲᠥᠷᠥᠯ ᠵᠦᠢᠯ ᠢ ᠨᠠᠶᠢᠳᠠᠪᠤᠷᠢᠵᠢᠭᠤᠯᠤᠨ ᠠᠵᠢᠯ | ᠡᠬᠢᠯᠡᠭᠦᠯᠦᠨ᠎ᠡ᠃ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠨᠠᠷᠢᠯᠢᠭ | ᠪᠣᠯᠪᠠᠰᠤᠷᠠᠭᠤᠯᠤᠨ ᠡᠳ᠋ᠰᠢᠭᠦᠯᠬᠦ ᠠᠵᠤ ᠦᠢᠯᠡᠰ ᠢ ᠳᠡᠮᠵᠢᠵᠦ᠂ ᠱᠠᠩ ᠵᠢᠩ ᠠᠵᠤ ᠦᠢᠯᠡᠳᠪᠦᠷᠢ ᠲᠦᠪᠯᠡᠷᠡᠭᠰᠡᠨ | ᠣᠷᠣᠨ ᠳᠤ ᠲᠢᠶᠠᠨ ᠯᠦᠩ ᠠᠯᠠᠰᠢᠨ ᠡᠯᠵᠢᠭᠡ ᠪᠠ ᠳ᠋ᠧ ᠷᠦᠨ ᠠᠯᠠᠰᠢᠨ ᠦᠬᠡᠷ ᠵᠡᠷᠭᠡ ᠲᠥᠷᠥᠯ ᠵᠦᠢᠯ ᠢ | ᠬᠦᠭᠵᠢᠶᠡᠨ ᠲᠠᠢ ᠪᠤᠯᠭᠠᠵᠤ᠂ ᠢᠳᠡᠰᠢᠨ ᠨᠣᠭᠤᠭ᠎ᠠ᠂ ᠰᠠᠭᠠᠯᠢ ᠶᠢᠨ ᠠᠷᠢᠬᠢ ᠵᠢᠶᠠᠩᠨᠠᠭᠰᠠᠨ ᠨᠣᠭᠤᠭ᠎ᠠ᠂ | ᠴᠡᠪᠡᠷᠰᠢᠭᠦᠯᠦᠭᠰᠡᠨ ᠤᠰᠤ᠂ ᠦᠬᠡᠷ ᠬᠤᠨᠢᠨ ᠮᠢᠬ᠎ᠠ ᠶᠢ ᠬᠤᠪᠢᠶᠠᠨ ᠬᠡᠰᠡᠭᠯᠡᠬᠦ ᠵᠢᠴᠢ ᠡᠯᠳᠡᠪ ᠠᠮᠤ ᠵᠡᠷᠭᠡ ᠢᠳᠡᠭᠡᠨ ᠢ | ᠡᠳ᠋ᠰᠢᠭᠦᠯᠬᠦ ᠦᠢᠯᠡᠳᠪᠦᠷᠢᠯᠡᠯ ᠤᠨ ᠱᠤᠭᠤᠮ ᠢ ᠰᠢᠨ᠎ᠡ ᠪᠠᠷ ᠪᠠᠶᠢᠭᠤᠯᠵᠤ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ | ᠠᠰᠢᠭ ᠰᠢᠮ᠎ᠡ ᠶᠢ ᠪᠣᠯᠪᠠᠰᠤᠷᠠᠭᠤᠯᠤᠨ ᠡᠳ᠋ᠰᠢᠭᠦᠯᠬᠦ ᠠᠵᠤ ᠦᠢᠯᠡᠰ ᠤᠨ ᠬᠡᠯᠬᠢᠶ᠎ᠡ ᠶᠢ ᠳᠠᠬᠢᠨ ᠴᠣᠭᠴᠠᠯᠠᠨ᠎ᠠ᠃ | ᠦᠢᠯᠡᠴᠢᠯᠡᠭᠡᠨ ᠤ ᠦᠢᠯᠡᠰ ᠢ ᠳᠡᠰ ᠳᠡᠪᠰᠢᠭᠦᠯᠦᠨ᠎ᠡ᠃ ︽ᠦᠷᠨᠢᠯᠲᠡ ᠶᠢᠨ ᠴᠡᠭ ᠤᠨ ᠦᠵᠡᠮᠵᠢ ᠶᠢᠨ | ᠣᠷᠣᠨ ᠢ ᠪᠠᠶᠢᠭᠤᠯᠬᠤ᠂ ᠰᠣᠳᠣᠨ ᠵᠢᠭᠤᠯᠴᠢᠯᠠᠯ ᠤᠨ ᠱᠤᠭᠤᠮ ᠢ ᠪᠠᠶᠢᠭᠤᠯᠬᠤ᠂ ᠰᠣᠶᠣᠯ ᠵᠢᠭᠤᠯᠴᠢᠯᠠᠯ ᠤᠨ ᠨᠡᠷᠡᠲᠦ | ᠲᠡᠮᠳᠡᠭᠲᠦ ᠶᠢ ᠡᠭᠦᠳᠬᠦ︾ ᠰᠡᠳᠬᠢᠮᠵᠢ ᠶᠣᠰᠣᠭᠠᠷ᠂ ︽ᠨᠢᠭᠡ ᠠᠭᠤᠯᠠ ᠨᠢᠭᠡ ᠰᠦᠮ᠎ᠡ ᠨᠢᠭᠡ ᠬᠤᠲᠠ ᠨᠢᠭᠡ | ᠣᠩᠭᠤᠨ︾ ᠤ ᠲᠣᠭᠤᠷᠢᠨ ᠳᠤ᠂ ᠪᠥᠬᠦ ᠣᠷᠳᠣ ᠨᠢ 45 ᠺᠢᠯᠣᠮᠧᠲᠷ ᠤᠨ ᠡᠮᠦᠨᠡᠲᠦ ᠬᠡᠰᠡᠭ ᠤᠨ ᠬᠢᠳᠠᠨ ᠯᠢᠶᠣᠤ | ᠶᠢᠨ ᠰᠣᠶᠣᠯ ᠢ ᠪᠡᠶᠡᠴᠢᠯᠡᠨ ᠣᠶᠢᠯᠠᠭᠠᠬᠤ ᠵᠢᠭᠤᠯᠴᠢᠯᠠᠯ ᠤᠨ ᠰᠣᠳᠣᠨ ᠵᠠᠮ ᠱᠤᠭᠤᠮ ᠤᠨ ᠠᠩᠬ᠎ᠠ ᠠᠯᠬᠤᠮ ᠤᠨ | ᠦᠷ᠎ᠡ ᠪᠦᠲᠦᠮᠵᠢ ᠤᠯᠬᠤ ᠶᠢ ᠠᠬᠢᠭᠤᠯᠤᠨ᠎ᠠ᠃ ᠬᠠᠯᠴᠠᠮ ᠤᠨ ᠠᠭᠤᠯᠠ ᠪᠠ ᠮᠣᠯᠭᠤᠷ ᠤᠨ ᠠᠭᠤᠯᠠᠨ ᠤ | ᠦᠵᠡᠮᠵᠢ ᠶᠢᠨ ᠣᠷᠣᠨ ᠢ 7 ᠰᠠᠷ᠎ᠠ ᠳᠤ ᠠᠰᠢᠭᠯᠠᠯᠲᠠ ᠳᠤ ᠤᠷᠤᠭᠤᠯᠵᠤ᠂ 3.6 ᠳ᠋ᠦᠩᠰᠢᠭᠤᠷ ᠲᠥᠭᠦᠷᠢᠭ ᠤᠨ | ᠪᠡᠯᠡ ᠣᠷᠤᠭᠤᠯᠤᠯᠲᠠ ᠲᠠᠢ ᠭᠢᠯᠦᠪᠡᠷ ᠵᠤᠤ ᠰᠦᠮ᠎ᠡ ᠶᠢᠨ ᠭᠤᠣᠯ ᠦᠵᠡᠮᠵᠢ ᠶᠢᠨ ᠣᠷᠣᠨ ᠤ ᠳᠦᠷᠪᠡᠨ ᠤᠯᠠᠷᠢᠯ ᠤᠨ | ᠵᠢᠭᠤᠯᠴᠢᠯᠠᠯ ᠤᠨ ᠴᠡᠴᠡᠷᠯᠢᠭ ᠢ ᠡᠬᠢᠯᠡᠨ ᠪᠠᠶᠢᠭᠤᠯᠵᠤ᠂ ᠠᠷᠤ ᠵᠣᠣ ᠭᠠᠴᠠᠭ᠎ᠠ ᠶᠢᠨ ᠵᠠᠩ ᠦᠢᠯᠡ ᠶᠢᠨ ᠲᠣᠰᠬᠤᠨ ᠢ | ᠪᠠᠶᠢᠭᠤᠯᠤᠨ᠎ᠠ︔ ᠳᠣᠯᠤᠭᠠᠨ ᠲᠣᠭᠤᠭ᠎ᠠ ᠠᠭᠤᠯᠠᠨ ᠤ ᠤᠯᠤᠰ ᠤᠨ ᠭᠠᠵᠠᠷ ᠰᠢᠨᠵᠢᠯᠡᠭᠡᠨ ᠤ ᠴᠡᠴᠡᠷᠯᠢᠭ ᠤᠨ 5A | ᠲᠠᠰ ᠤᠨ ᠦᠵᠡᠮᠵᠢ ᠶᠢᠨ ᠣᠷᠣᠨ ᠢ ᠪᠠᠶᠢᠭᠤᠯᠵᠤ᠂ ᠳᠣᠯᠤᠭᠠᠨ ᠲᠣᠭᠤᠭ᠎ᠠ ᠠᠭᠤᠯᠠᠨ ᠤ ᠭᠠᠵᠠᠷ ᠰᠢᠨᠵᠢᠯᠡᠭᠡᠨ ᠤ | ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠦᠵᠡᠰᠬᠦᠯᠡᠩ ᠤᠨ ᠣᠷᠳᠣᠨ᠂ ᠳᠡᠭᠦᠵᠢᠩ ᠵᠠᠮ ᠵᠢᠴᠢ ᠰᠢᠯ ᠳᠡᠭᠦᠵᠢᠩ | ᠬᠥᠭᠦᠷᠭᠡ ᠵᠡᠷᠭᠡ ᠭᠤᠤᠯᠳᠠᠯᠭ᠎ᠠ ᠲᠠᠢ ᠲᠥᠷᠥᠯ ᠵᠦᠢᠯ ᠢ ᠠᠰᠢᠭᠯᠠᠯᠲᠠ ᠳᠤ ᠣᠷᠣᠭᠤᠯᠤᠨ ᠡᠵᠡᠩᠨᠡᠵᠦ᠂ 1900 | ᠲᠦᠮᠡᠨ ᠲᠥᠭᠦᠷᠢᠭ ᠪᠠᠯᠠ ᠣᠷᠣᠭᠤᠯᠤᠨ᠂ ᠭᠢᠯᠦᠪᠡᠷ ᠵᠤᠤ ᠰᠦᠮ᠎ᠡ ᠶᠢᠨ ᠦᠵᠡᠮᠵᠢ ᠶᠢᠨ ᠣᠷᠣᠨ ᠢ ᠰᠡᠯᠪᠢᠨ | ᠵᠠᠰᠠᠬᠤ ᠶᠢᠨ ᠬᠠᠮᠲᠤ ᠡᠵᠡᠩᠨᠡᠭᠦᠯᠦᠨ᠎ᠡ︔ ᠯᠢᠶᠣᠤ ᠶᠢᠨ ᠳᠡᠭᠡᠳᠦ ᠨᠡᠶᠢᠰᠯᠡᠯ ᠤᠨ ᠤᠯᠤᠰ ᠤᠨ ᠳᠡᠰ ᠤᠨ ᠬᠠᠭᠤᠴᠢ | ᠰᠤᠳᠤᠯᠤᠯ ᠤᠨ ᠦᠯᠡᠳᠡᠭᠳᠡᠯ ᠪᠠᠭᠤᠷᠢ ᠶᠢᠨ ᠴᠡᠴᠡᠷᠯᠢᠭ ᠤᠨ ᠣᠷᠳᠤᠨ ᠤ ᠬᠤᠲᠠ ᠶᠢᠨ ᠵᠡᠭᠦᠨ ᠡᠭᠦᠳᠡ ᠪᠠ ᠡᠮᠦᠨ᠎ᠡ | ᠡᠭᠦᠳᠡ ᠶᠢ ᠡᠬᠢᠯᠡᠨ ᠪᠠᠶᠢᠭᠤᠯᠵᠤ᠂ ᠯᠢᠶᠣᠤ ᠶᠢᠨ ᠳᠡᠭᠡᠳᠦ ᠨᠡᠶᠢᠰᠯᠡᠯ ᠤᠨ ᠤᠯᠤᠰ ᠤᠨ ᠳᠡᠰ ᠤᠨ ᠬᠠᠭᠤᠴᠢ | ᠰᠤᠳᠤᠯᠤᠯ ᠤᠨ ᠦᠯᠡᠳᠡᠭᠳᠡᠯ ᠪᠠᠭᠤᠷᠢ ᠶᠢᠨ ᠴᠡᠴᠡᠷᠯᠢᠭ ᠢ ᠠᠰᠢᠭᠯᠠᠯᠲᠠ ᠳᠤ ᠣᠷᠣᠭᠤᠯᠤᠨ᠂ ᠳᠡᠭᠡᠳᠦ ᠨᠡᠶᠢᠰᠯᠡᠯ ᠤᠨ | ᠡᠷᠲᠡᠨ ᠤ ᠪᠠᠯᠭᠠᠰᠤ ᠶᠢᠨ ᠰᠣᠶᠣᠯ ᠤᠨ ᠬᠤᠳᠠᠯᠳᠤᠭᠠᠨ ᠤ ᠵᠡᠭᠡᠯᠢ ᠶᠢᠨ ᠲᠥᠷᠥᠯ ᠵᠦᠢᠯ ᠢ ᠡᠬᠢᠯᠡᠨ ᠪᠠᠶᠢᠭᠤᠯᠤᠨ᠎ᠠ︔ | ᠯᠢᠶᠣᠤ ᠶᠢᠨ ᠳᠡᠭᠡᠳᠦᠰ ᠤᠨ ᠣᠩᠭᠤᠨ ᠤ ᠵᠢᠭᠤᠯᠴᠢᠯᠠᠭᠰᠠᠳ ᠤᠨ ᠲᠥᠪ ᠢ ᠳᠡᠰ ᠳᠡᠪᠰᠢᠭᠦᠯᠬᠦ ᠢᠨᠵᠧᠨᠧᠷᠢᠩ ᠢ | ᠡᠬᠢᠯᠡᠭᠦᠯᠵᠦ᠂ ᠤᠯᠤᠰ ᠤᠨ 2A ᠲᠡᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢ ᠭᠤᠶᠤᠴᠢᠯᠠᠨ | ᠮᠡᠳᠡᠭᠦᠯᠦᠨ᠎ᠡ︔ ᠳᠤᠮᠳᠠ ᠬᠡᠰᠡᠭ ᠤᠨ ᠬᠥᠳᠡᠭᠡ ᠲᠣᠰᠬᠤᠨ ᠤ ᠵᠢᠭᠤᠯᠴᠢᠯᠠᠯ ᠪᠠ ᠤᠮᠠᠷᠠᠲᠤ ᠬᠡᠰᠡᠭ ᠤᠨ | ᠪᠠᠶᠢᠭᠠᠯᠢ ᠶᠢᠨ ᠦᠵᠡᠮᠵᠢ ᠶᠢᠨ ᠵᠢᠭᠤᠯᠴᠢᠯᠠᠯ ᠤᠨ ᠨᠡᠭᠡᠭᠡᠨ ᠬᠥᠭᠵᠢᠭᠦᠯᠦᠯᠲᠡ ᠶᠢ ᠦᠷᠭᠦᠯᠵᠢᠯᠡᠨ ᠰᠠᠶᠢᠲᠤᠷ ᠠᠳᠬᠤᠵᠤ | ᠂ ᠪᠥᠬᠦ ᠣᠷᠳᠣ ᠨᠢ 17 ᠺᠢᠯᠣᠮᠧᠲᠷ ᠤᠨ ᠳ᠋ᠦᠩᠱᠠᠨ ᠠᠭᠤᠯᠠ — ᠳᠠᠯᠠᠩ ᠤᠨ ᠭᠤᠤ ᠬᠦᠷᠬᠦ ᠠᠮᠢ ᠠᠬᠤᠶ ᠶᠢᠨ | ᠵᠢᠭᠤᠯᠴᠢᠯᠠᠯ ᠤᠨ ᠣᠷᠣᠨ ᠤ ᠲᠥᠷᠥᠯ ᠵᠦᠢᠯ ᠢ ᠡᠬᠢᠯᠡᠭᠦᠯᠦᠨ᠂ ᠱᠢᠨᠠ ᠤᠰᠤᠨ ᠴᠥᠭᠦᠷᠥᠮ ᠤᠨ ᠤᠰᠤᠨ ᠵᠠᠮ | ᠱᠤᠭᠤᠮ ᠢ ᠪᠠᠶᠢᠭᠤᠯᠵᠤ᠂ ᠵᠢᠭᠤᠯᠴᠢᠯᠠᠯ ᠤᠨ 4 ᠵᠢᠱᠢᠶ᠎ᠡ ᠦᠵᠡᠭᠦᠯᠬᠦ ᠲᠣᠰᠬᠤᠨ ᠢ ᠪᠦᠬᠦᠨ ᠢ ᠡᠵᠡᠩᠨᠡᠨ᠎ᠡ᠃ ᠨᠡᠶᠢᠷ | ᠨᠠᠭᠠᠳᠤᠮ ᠤᠨ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠪᠠᠭᠠᠷᠢᠨ ᠵᠡᠭᠦᠨ ᠬᠤᠰᠢᠭᠤ ᠶᠢ ᠥᠪᠡᠷᠲᠡᠭᠡᠨ | ᠵᠢᠭᠤᠯᠴᠢᠯᠠᠬᠤ ᠲᠡᠷᠢᠭᠦᠨ ᠰᠣᠩᠭᠤᠯᠲᠠ ᠶᠢᠨ ᠭᠠᠵᠠᠷ᠂ ᠬᠡᠭᠡᠷ᠎ᠡ ᠪᠠᠭᠤᠳᠠᠯᠯᠠᠵᠤ ᠵᠤᠭᠠᠴᠠᠬᠤ ᠰᠠᠶᠢᠨ ᠰᠣᠩᠭᠤᠯᠲᠠ ᠶᠢᠨ | ᠭᠠᠵᠠᠷ᠂ ᠠᠮᠠᠷᠠᠨ ᠵᠤᠭᠠᠴᠠᠬᠤ ᠵᠠᠪᠠᠯ ᠰᠣᠩᠭᠤᠬᠤ ᠭᠠᠵᠠᠷ᠂ ᠡᠷᠡᠭᠦᠯᠵᠢᠨ ᠰᠣᠪᠢᠯᠠᠬᠤ ᠰᠢᠯᠢᠳᠡᠭ ᠰᠣᠩᠭᠤᠯᠲᠠ ᠶᠢᠨ | ᠭᠠᠵᠠᠷ ᠪᠣᠯᠭᠠᠨ᠎ᠠ᠃ 2023 ᠣᠨ ᠳᠤ ᠵᠢᠭᠤᠯᠴᠢᠯᠠᠭᠰᠠᠳ ᠢ 185 ᠲᠦᠮᠡᠨ ᠬᠥᠮᠦᠨ ᠤᠳᠠᠭ᠎ᠠ ᠭᠥᠯᠢᠶᠡᠨ ᠠᠪᠴᠤ | ᠂ ᠵᠢᠭᠤᠯᠴᠢᠯᠠᠯ ᠤᠨ ᠶᠡᠷᠦᠩᠬᠡᠶᠢᠯᠡᠭᠰᠡᠨ ᠣᠷᠣᠯᠭ᠎ᠠ ᠶᠢ 30 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠶᠡᠯᠡᠭᠦᠯᠦᠨ᠎ᠡ᠃ | ᠤᠯᠠᠭᠠᠨᠬᠠᠳᠠ ᠶᠢᠨ ᠤᠮᠠᠷᠠᠲᠤ ᠬᠡᠰᠡᠭ ᠤᠨ ᠬᠠᠮᠤᠭ ᠤᠨ ᠶᠡᠭᠡ ᠠᠷᠠᠯᠵᠢᠶ᠎ᠠ ᠬᠤᠳᠠᠯᠳᠤᠭ᠎ᠠ ᠪᠠᠷᠠᠭᠠᠨ ᠤ | ᠭᠦᠢᠯᠭᠡᠭᠡ ᠶᠢᠨ ᠴᠡᠭ ᠢ ᠪᠠᠶᠢᠭᠤᠯᠵᠤ᠂ 8.9 ᠳ᠋ᠦᠩᠰᠢᠭᠤᠷ ᠲᠥᠭᠦᠷᠢᠭ ᠤᠨ ᠪᠡᠯᠡ ᠣᠷᠤᠭᠤᠯᠤᠨ᠂ ᠵᠢᠶᠠ ᠶᠤᠸᠠᠨ | ᠲᠠᠷᠢᠶᠠᠯᠠᠩ ᠠᠷᠠᠯᠵᠢᠶᠠᠨ ᠤ ᠶᠡᠷᠦᠩᠬᠡᠶᠢᠯᠡᠭᠰᠡᠨ ᠵᠠᠬ᠎ᠠ ᠳᠡᠯᠭᠡᠭᠦᠷ ᠢ ᠪᠠᠶᠢᠭᠤᠯᠵᠤ᠂ ᠲᠠᠷᠢᠶᠠᠯᠠᠩ ᠤᠨ ᠲᠤᠰᠠᠯᠠᠬᠤ ᠠᠵᠤ | ᠠᠬᠤᠢ ᠶᠢᠨ ᠪᠦᠲᠦᠭᠡᠭᠳᠡᠬᠦᠨ ᠪᠠ ᠭᠡᠷ ᠤᠨ ᠡᠳ᠋ᠯᠡᠯ ᠲᠡᠮᠦᠷᠯᠢᠭ ᠵᠡᠷᠭᠡ ᠬᠤᠶᠠᠷ ᠶᠡᠭᠡ ᠬᠡᠰᠡᠭ ᠢ ᠲᠤᠬᠠᠢ ᠶᠢᠨ ᠵᠢᠯ ᠳᠤᠨᠢ | ᠠᠵᠢᠯ ᠡᠬᠢᠯᠡᠭᠦᠯᠵᠦ ᠡᠵᠡᠩᠨᠡᠭᠦᠯᠦᠨ᠎ᠡ᠃ ᠭᠤᠷᠪᠠᠨ ᠬᠠᠪᠴᠢᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠠᠵᠤ ᠦᠢᠯᠡᠰ ᠤᠨ ᠲᠣᠭᠤᠷᠢᠭ ᠲᠤ ᠲᠦᠰᠢᠭᠯᠡᠨ᠂ ᠰᠢᠭᠤᠳ ᠨᠡᠪᠲᠡᠷᠡᠭᠦᠯᠬᠦ ᠡᠯᠧᠺᠲᠷᠣᠨ ᠬᠤᠳᠠᠯᠳᠤᠭ᠎ᠠ ᠪᠠ | ᠬᠥᠮᠥᠷᠭᠡᠯᠡᠨ ᠬᠠᠳᠠᠭᠠᠯᠠᠬᠤ ᠪᠠᠷᠠᠭᠠᠨ ᠤ ᠭᠦᠢᠯᠭᠡᠭᠡᠨ ᠤ ᠠᠵᠤ ᠦᠢᠯᠡᠰ ᠢ ᠬᠥᠭᠵᠢᠭᠦᠯᠵᠦ᠂ ᠰᠦᠯᠵᠢᠶᠡᠨ ᠣᠳᠣ ᠲᠠᠢ | ᠬᠠᠮᠲᠤᠷᠠᠨ᠂ ᠳ᠋ᠸᠦ ᠶᠢᠨ ᠪᠠ ᠺᠤᠸᠠᠢ ᠱᠸᠦ ᠵᠡᠷᠭᠡ ᠲᠠᠪᠴᠠᠩ ᠢ ᠠᠰᠢᠭᠯᠠᠵᠤ᠂ ᠰᠦᠯᠵᠢᠶᠡᠨ ᠳᠡᠭᠡᠷ᠎ᠡ ᠪᠠᠷᠠᠭ᠎ᠠ | ᠣᠷᠤᠭᠤᠯᠬᠤ + ᠡᠭᠦᠯᠡᠨ ᠬᠥᠮᠥᠷᠭᠡ ᠪᠠᠷ ᠳᠣᠭᠢᠷᠠᠭᠤᠯᠤᠨ ᠬᠦᠷᠭᠡᠬᠦ + ᠡᠭᠦᠳᠡᠨ ᠳᠡᠯᠭᠡᠭᠦᠷ ᠲᠤ ᠪᠣᠷᠣᠯᠠᠭᠤᠯᠬᠤ | ᠵᠠᠭᠪᠤᠷ ᠢᠶᠠᠷ ᠳᠠᠮᠵᠢᠭᠤᠯᠤᠨ᠂ ᠬᠢᠳᠠᠨ ᠰᠢᠮᠡᠲᠦ ᠪᠦᠲᠦᠭᠡᠭᠳᠡᠬᠦᠨ ᠤ ᠨᠠᠷᠠᠲᠤ ᠲᠡᠮᠳᠡᠭᠲᠦ ᠶᠢ ᠪᠣᠶ ᠪᠣᠯᠭᠠᠵᠤ᠂ ᠵᠡᠭᠦᠨ | ᠬᠤᠰᠢᠭᠤᠨ ᠤ ᠪᠠᠨ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠪᠣᠷᠣᠯᠠᠭᠤᠯᠵᠤ᠂ | ᠪᠥᠬᠦ ᠵᠢᠯ ᠤᠨ ᠡᠯᠧᠺᠲᠷᠣᠨ ᠬᠤᠳᠠᠯᠳᠤᠭᠠᠨ ᠤ ᠠᠷᠠᠯᠵᠢᠶᠠᠨ ᠤ ᠦᠷᠳᠡᠭ ᠢ 3 ᠳ᠋ᠦᠩᠰᠢᠭᠤᠷ ᠲᠥᠭᠦᠷᠢᠭ ᠠᠴᠠ | ᠳᠡᠭᠡᠭᠰᠢ ᠪᠣᠯᠭᠠᠬᠤ ᠪᠠᠷ ᠴᠢᠷᠮᠠᠶᠢᠨ᠎ᠠ᠃ | ︵ᠭᠤᠷᠪᠠ︶ ᠨᠢᠭᠡᠳᠦᠯᠲᠡᠢ ᠲᠥᠯᠥᠪᠵᠢᠭᠦᠯᠦᠨ᠂ ᠬᠠᠮᠵᠢᠯᠴᠠᠨ ᠬᠦᠳᠡᠯᠦᠯᠴᠡᠵᠦ᠂ ᠬᠤᠲᠠ ᠬᠥᠳᠡᠭᠡ ᠣᠷᠣᠨ | ᠪᠦᠰᠡ ᠶᠢᠨ ᠵᠣᠬᠢᠴᠠᠩᠭᠤᠢ ᠬᠥᠭᠵᠢᠯᠲᠡ ᠶᠢ ᠲᠦᠷᠭᠡᠳᠬᠡᠨ᠎ᠡ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠤᠨ᠎ᠠ᠃ ︽ᠳᠥᠷᠪᠡ ᠶᠢ | ᠰᠤᠯᠠᠷᠠᠭᠤᠯᠬᠤ ᠦᠭᠡᠢ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ | ᠬᠥᠳᠡᠯᠦᠩᠭᠦᠶ ᠬᠢᠨᠠᠨ ᠪᠠᠶᠢᠴᠠᠭᠠᠵᠤ ᠬᠠᠪᠰᠤᠷᠤᠨ ᠲᠡᠳᠬᠦᠵᠦ᠂ ᠬᠡᠪᠴᠢᠶᠡᠲᠦ ᠴᠢᠨᠠᠷᠲᠠᠶ ᠳᠠᠬᠢᠨ ᠶᠠᠳᠠᠭᠤᠷᠠᠬᠤ | ᠪᠠᠶᠢᠳᠠᠯ ᠡᠭᠦᠰᠬᠦ ᠥᠬᠡᠶ ᠪᠠᠶᠢᠬᠤ ᠶᠢ ᠦᠨᠡᠨ ᠬᠦ ᠪᠠᠲᠤᠯᠠᠨ᠎ᠠ᠃ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠵᠣᠯᠭᠠᠭᠤᠯᠬᠤ ᠪᠡᠯᠡ ᠮᠥᠩᠭᠦ ᠪᠠ ᠲᠠᠷᠢᠶᠠᠯᠠᠩ ᠳᠤ ᠬᠤᠯᠪᠣᠭᠳᠠᠬᠤ ᠪᠡᠯᠡ ᠮᠥᠩᠭᠦ ᠶᠢ ᠨᠢᠭᠡᠳᠬᠡᠨ | ᠬᠡᠷᠡᠭᠯᠡᠬᠦ ᠶᠠᠰᠤ ᠴᠢᠨᠠᠷ ᠢ ᠳᠡᠭᠡᠭᠰᠢᠯᠡᠭᠦᠯᠵᠦ᠂ ᠵᠡᠭᠦᠨ ᠪᠠᠷᠠᠭᠤᠨ ᠣᠷᠣᠨ ᠤ ᠬᠠᠮᠵᠢᠯᠴᠠᠭᠠᠨ ᠤ ᠪᠡᠯᠡ ᠮᠥᠩᠭᠦ ᠪᠣᠯᠤᠨ | ᠲᠥᠪ ᠤᠨ ᠬᠠᠮᠢᠶ᠎ᠠ ᠪᠦᠬᠦᠢ ᠪᠠᠶᠢᠭᠤᠯᠭ᠎ᠠ ᠨᠢᠭᠡᠴᠠ ᠶᠢᠨ ᠴᠡᠭ ᠲᠣᠭᠲᠠᠭᠠᠨ ᠬᠠᠪᠰᠤᠷᠤᠨ ᠲᠡᠳᠬᠦᠬᠦ ᠪᠡᠯᠡ | ᠮᠥᠩᠭᠦ ᠶᠢᠨ ᠬᠡᠷᠡᠭᠯᠡᠯᠲᠡ ᠬᠠᠮᠢᠶᠠᠷᠤᠯᠲᠠ ᠶᠢ ᠴᠢᠩᠭᠠᠳᠬᠠᠵᠤ᠂ ᠡᠯ᠎ᠡ ᠲᠦᠷᠦᠯ ᠤᠨ ᠪᠡᠯᠡ ᠮᠥᠩᠭᠦ ᠶᠢ 6 | ᠳ᠋ᠦᠩᠰᠢᠭᠤᠷ ᠲᠥᠭᠦᠷᠢᠭ ᠠᠴᠠ ᠳᠡᠭᠡᠭᠰᠢ ᠨᠢᠭᠡᠲᠦᠯᠲᠡᠢ ᠳᠦᠯᠦᠪᠯᠡᠨ ᠨᠢᠭᠡᠲᠦᠭᠦᠯᠵᠦ᠂ 70 % ᠠᠴᠠ ᠳᠡᠭᠡᠭᠰᠢᠬᠢ | ᠪᠡᠯᠡ ᠮᠦᠩᠬᠦ ᠶᠢ ᠠᠵᠤ ᠦᠢᠯᠡᠰ ᠤᠨ ᠲᠦᠷᠦᠯ ᠵᠦᠢᠯ ᠳᠤ ᠣᠷᠤᠭᠤᠯᠤᠨ᠎ᠠ᠃ ᠡᠵᠡᠩᠨᠡᠯᠲᠡ ᠶᠢᠨ ᠴᠢᠨᠠᠷᠲᠠᠶ | ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠪᠠ ᠬᠢᠨᠠᠯᠲᠠ ᠶᠢ ᠴᠢᠩᠭᠠᠳᠬᠠᠵᠤ᠂ | ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ ᠥᠷᠲᠡᠭ ᠢ ᠨᠡᠮᠡᠭᠳᠡᠭᠦᠯᠬᠦ ᠶᠢ ᠦᠨᠡᠨ ᠬᠦ ᠪᠠᠲᠤᠯᠠᠵᠤ᠂ ᠦᠷ᠎ᠡ ᠠᠰᠢᠭ ᠢ | ᠪᠠᠳᠠᠷᠠᠭᠤᠯᠤᠨ᠎ᠠ᠃ ᠦᠯᠵᠡᠶᠢᠮᠦ᠋ᠷᠡᠨ ᠭᠤᠤᠯ ᠤᠨ ᠰᠠᠪᠠ ᠭᠠᠵᠠᠷ ᠤᠨ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠪᠣᠬᠢᠷᠲᠤᠯ ᠥᠬᠡᠶ ᠵᠢᠱᠢᠶ᠎ᠡ ᠦᠵᠡᠭᠦᠯᠬᠦ ᠪᠦᠰᠡ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠂ 7 | ᠠᠵᠤ ᠦᠢᠯᠡᠰ ᠤᠨ ᠵᠢᠱᠢᠶ᠎ᠡ ᠦᠵᠡᠭᠦᠯᠬᠦ ᠲᠣᠰᠬᠤᠨ ᠤ ᠬᠠᠮᠢᠶ᠎ᠠ ᠪᠥᠬᠦᠶ ᠲᠥᠬᠦᠷᠵᠢᠭᠦᠯᠦᠯᠲᠡ ᠶᠢ ᠦᠷᠭᠦᠯᠵᠢᠯᠡᠨ | ᠲᠡᠭᠦᠯᠳᠡᠷᠵᠢᠭᠦᠯᠵᠦ᠂ ᠵᠢᠯ ᠤᠨ ᠳᠣᠲᠣᠷ᠎ᠠ ᠡᠵᠡᠩᠨᠡᠭᠦᠯᠦᠨ ᠠᠰᠢᠭ ᠬᠦᠷᠲᠡᠨ᠎ᠡ᠃ ᠹᠦ᠋ ᠾᠧ ᠪᠠᠯᠭᠠᠰᠤ ᠶᠢᠨ | ᠣᠯᠠᠭᠠᠨᠳᠠᠪᠠᠭ᠎ᠠ ᠲᠣᠰᠬᠤᠨ ᠤ 2300 ᠮᠦ ᠬᠤᠶᠠᠳᠤᠭᠠᠷ ᠬᠤᠭᠤᠴᠠᠭᠠᠨ ᠤ ᠲᠦᠷᠦᠯ ᠵᠦᠢᠯ ᠤᠨ ᠭᠤᠣᠯ | ᠴᠣᠭᠴᠠ ᠶᠢᠨ ᠪᠠᠷᠢᠯᠭ᠎ᠠ ᠶᠢ ᠳᠠᠭᠤᠰᠬᠠᠵᠤ᠂ ᠵᠢᠯ ᠤᠨ ᠡᠴᠦᠰ ᠲᠤ ᠣᠷᠣᠵᠤ ᠰᠠᠭᠤᠯᠭᠠᠨ᠂ ᠵᠢᠯ ᠤᠨ ᠳᠣᠲᠣᠷ᠎ᠠ 8 | ᠰᠢᠶᠠᠩ ᠪᠠᠯᠭᠠᠰᠤᠨ ᠤ 2100 ᠮᠦ ᠠᠴᠠ ᠳᠡᠭᠡᠭᠰᠢᠬᠢ ᠭᠠᠵᠠᠷ ᠰᠢᠷᠣᠢ ᠶᠢᠨ ᠦᠯᠡᠳᠡᠪᠦᠷᠢ ᠭᠦᠢᠴᠡᠳᠬᠡᠯ ᠲᠤᠭ᠎ᠠ ᠶᠢ | ᠮᠤᠵᠢ ᠠᠯᠤᠰᠯᠠᠨ ᠠᠷᠠᠯᠵᠢᠶᠠᠯᠠᠬᠤ ᠶᠢ ᠪᠡᠶᠡᠯᠡᠭᠦᠯᠦᠨ᠎ᠡ᠃ ᠣᠷᠣᠰᠢᠨ ᠠᠮᠢᠳᠤᠷᠠᠬᠤ ᠣᠷᠴᠢᠨ ᠲᠣᠭᠤᠷᠢᠨ ᠢ ᠴᠡᠭᠴᠡᠯᠡᠨ | ᠵᠠᠰᠠᠬᠤ ᠶᠢ ᠦᠷᠭᠦᠯᠵᠢᠯᠡᠨ ᠰᠠᠶᠢᠲᠤᠷ ᠠᠳᠬᠤᠵᠤ᠂ ᠮᠠᠯᠵᠢᠬᠤ ᠲᠠᠷᠢᠶᠠᠯᠠᠬᠤ ᠣᠷᠣᠨ ᠤ ᠬᠤᠭ ᠨᠣᠪᠰᠢ ᠶᠢ ᠲᠥᠷᠥᠯ | ᠬᠤᠪᠢᠶᠠᠨ ᠰᠢᠢᠳᠪᠦᠷᠢᠯᠡᠬᠦ ᠬᠠᠮᠢᠶᠠᠷᠤᠯᠲᠠ ᠶᠢᠨ ᠠᠷᠭ᠎ᠠ ᠶᠢ ᠭᠠᠷᠭᠠᠵᠤ᠂ ᠳᠡᠭᠡᠳᠦ ᠱᠠᠲᠤᠨ ᠤ ᠲᠤᠰᠬᠠᠶ ᠲᠥᠷᠥᠯ | ᠵᠦᠢᠯ ᠢ ᠬᠠᠷᠢᠴᠠᠨ ᠣᠯᠬᠤ᠂ ᠡᠳ᠋ ᠤᠨ ᠵᠠᠰᠠᠭ ᠤᠨ ᠨᠥᠬᠦᠪᠥᠷᠢ ᠣᠯᠬᠤ ᠵᠢᠴᠢ ᠣᠯᠠᠨ ᠲᠦᠮᠡᠨ ᠥᠪᠡᠰᠦᠪᠡᠨ ᠪᠡᠯᠡ | ᠴᠤᠭᠯᠠᠭᠤᠯᠬᠤ ᠵᠡᠷᠭᠡ ᠠᠷᠭ᠎ᠠ ᠪᠠᠷ ᠳᠠᠮᠵᠢᠭᠤᠯᠤᠨ᠂ 4000 ᠲᠦᠮᠡᠨ ᠲᠥᠭᠦᠷᠢᠭ ᠤᠨ ᠪᠠᠯᠠ ᠮᠥᠩᠭᠦ ᠴᠤᠭᠯᠠᠭᠤᠯᠵᠤ | ᠂ ᠬᠤᠭ ᠨᠣᠪᠰᠢ ᠶᠢ ᠬᠠᠯᠠᠭᠠᠨ ᠵᠠᠳᠠᠷᠠᠭᠤᠯᠬᠤ ᠥᠷᠲᠡᠭᠡ᠂ ᠬᠤᠭ ᠨᠣᠪᠰᠢ ᠪᠤᠯᠠᠬᠤ ᠭᠠᠵᠠᠷ ᠵᠢᠴᠢ ᠪᠣᠷᠲᠣᠭᠤᠷ | ᠣᠪᠣᠭᠠᠯᠠᠬᠤ ᠲᠥᠪ ᠵᠡᠷᠭᠡ ᠰᠠᠭᠤᠷᠢ ᠲᠦᠬᠦᠭᠡᠷᠦᠮᠵᠢ ᠪᠣᠯᠤᠨ ᠬᠤᠷᠢᠶᠠᠨ ᠴᠤᠭᠯᠠᠭᠤᠯᠵᠤ ᠰᠢᠯᠵᠢᠭᠦᠯᠦᠨ | ᠲᠡᠭᠡᠭᠡᠪᠦᠷᠢᠯᠡᠬᠦ ᠲᠡᠷᠭᠡ ᠪᠠ ᠬᠤᠭ ᠨᠣᠪᠰᠢ ᠶᠢᠨ ᠰᠠᠪᠠ ᠵᠡᠷᠭᠡ ᠣᠷᠴᠢᠨ ᠲᠣᠭᠤᠷᠢᠨ ᠤ ᠠᠷᠢᠭᠤᠨ ᠴᠡᠪᠡᠷ ᠢ | ᠪᠠᠳᠣᠯᠠᠬᠤ ᠲᠥᠬᠦᠭᠡᠷᠦᠮᠵᠢ ᠶᠢ ᠭᠦᠢᠴᠡᠳ ᠳᠣᠭᠢᠷᠠᠭᠤᠯᠵᠤ᠂ ︽ᠡᠷᠦᠬᠡ ᠪᠠᠷ ᠲᠥᠷᠥᠯ ᠬᠤᠪᠢᠶᠠᠬᠤ᠂ ᠲᠣᠰᠬᠤᠨ ᠳᠤ | ᠬᠤᠷᠢᠶᠠᠨ ᠴᠤᠭᠯᠠᠭᠤᠯᠬᠤ᠂ ᠪᠠᠯᠭᠠᠰᠤᠨ ᠳᠤ ᠰᠢᠯᠵᠢᠭᠦᠯᠦᠨ ᠲᠡᠭᠡᠭᠡᠪᠦᠷᠢᠯᠡᠬᠦ᠂ ᠣᠯᠠᠨ ᠲᠣᠰᠬᠤᠨ ᠬᠠᠮᠲᠤᠷᠠᠨ | ᠪᠠᠶᠢᠭᠤᠯᠵᠤ ᠲᠥᠪᠯᠡᠷᠡᠭᠦᠯᠦᠨ ᠰᠢᠢᠳᠪᠦᠷᠢᠯᠡᠬᠦ︾ ᠬᠤᠭ ᠨᠣᠪᠰᠢ ᠶᠢ ᠲᠥᠷᠥᠯ ᠬᠤᠪᠢᠶᠠᠨ ᠰᠢᠢᠳᠪᠦᠷᠢᠯᠡᠬᠦ | ᠲᠣᠭᠲᠠᠴᠠ ᠶᠢ 50 ᠭᠠᠴᠠᠭ᠎ᠠ ᠲᠣᠰᠬᠤᠨ ᠳᠤ ᠬᠡᠷᠡᠭᠵᠢᠭᠦᠯᠦᠨ᠎ᠡ᠃ ᠵᠣᠷᠯᠣᠩ ᠤᠨ ᠦᠭᠡᠷᠡᠴᠢᠯᠡᠯᠲᠡ ᠶᠢ 5000 | ᠡᠷᠦᠬᠡ ᠳᠤ ᠬᠡᠷᠡᠭᠵᠢᠭᠦᠯᠦᠨ᠎ᠡ᠃ | ᠬᠤᠲᠠ ᠲᠣᠭᠤᠷᠢᠭ ᠤᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠲᠤᠭᠤᠷ ᠤᠨ ᠴᠡᠴᠡᠭᠲᠦ ᠠᠷᠠᠯ ᠢ ᠨᠡᠭᠡᠭᠡᠨ | ᠬᠥᠭᠵᠢᠭᠦᠯᠬᠦ ᠠᠬᠢᠴᠠ ᠶᠢ ᠲᠦᠷᠭᠡᠳᠬᠡᠵᠦ᠂ ᠲᠣᠭᠤᠷᠢᠭ ᠲᠠᠬᠢ 8 ᠵᠤᠷᠪᠤᠰ ᠬᠤᠲᠠ ᠶᠢᠨ ᠵᠠᠮ ᠱᠣᠭᠤᠮ ᠢ | ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠨᠡᠭᠦᠯᠭᠡᠬᠦ ᠭᠡᠷ ᠪᠠᠶᠢᠰᠢᠩ ᠤᠨ ᠭᠤᠣᠯ ᠴᠣᠭᠴᠠ ᠶᠢᠨ ᠪᠠᠷᠢᠯᠭ᠎ᠠ ᠶᠢ | ᠳᠠᠭᠤᠰᠬᠠᠨ᠂ ᠰᠠᠭᠤᠷᠢᠰᠢᠭᠰᠠᠨ ᠨᠣᠷᠮ᠎ᠠ ᠶᠢ 80 % ᠠᠴᠠ ᠳᠡᠭᠡᠭᠰᠢ ᠪᠣᠯᠭᠠᠨ᠎ᠠ᠃ ᠪᠧᠢ ᠲᠠ ᠠᠷᠠᠯᠵᠢᠶ᠎ᠠ | ᠬᠤᠳᠠᠯᠳᠤᠭᠠᠨ ᠤ ᠶᠡᠷᠦᠩᠬᠡᠢ ᠴᠣᠭᠴᠠ ᠶᠢᠨ ᠪᠠᠶᠢᠭᠤᠯᠤᠯᠲᠠ ᠪᠠ ᠵᠢᠩ ᠽᠢ ᠭᠧᠦ ᠨᠢᠭᠡᠳᠦᠭᠡᠷ ᠳᠤᠭᠤᠶᠢᠯᠠᠩ᠂ | ᠬᠤᠲᠠ ᠶᠢᠨ ᠡᠮᠦᠨᠡᠬᠢ ᠳᠥᠭᠦᠮ ᠪᠦᠲᠦᠴᠡᠲᠦ ᠣᠷᠣᠨ ᠰᠠᠭᠤᠴᠠ ᠶᠢᠨ ᠥᠭᠡᠷᠡᠴᠢᠯᠡᠯᠲᠡ ᠶᠢᠨ ᠦᠯᠡᠳᠡᠭᠳᠡᠯ ᠭᠡᠷ | ᠪᠠᠶᠢᠰᠢᠩ ᠢ ᠲᠠᠲᠠᠪᠤᠷᠢᠯᠠᠨ ᠨᠤᠷᠠᠭᠠᠬᠤ ᠠᠵᠢᠯ ᠢ ᠡᠬᠢᠯᠡᠭᠦᠯᠵᠦ᠂ ᠶᠡᠷᠦᠩᠬᠡᠢ ᠤᠷᠲᠤ ᠨᠢ 9 ᠺᠢᠯᠤᠮᠧᠲᠷ ᠤᠷᠲᠤ ᠴᠢᠦ | ᠱᠠᠨ ᠶᠡᠭᠡ ᠵᠡᠭᠡᠯᠢ ᠶᠢᠨ ᠪᠠᠷᠠᠭᠤᠨ ᠬᠡᠰᠡᠭ᠂ ᠹᠦ᠋ ᠾᠧ ᠵᠠᠮ ᠤᠨ ᠬᠤᠶᠢᠲᠤ ᠬᠡᠰᠡᠭ᠂ ᠴᠢᠩ ᠾᠧ ᠵᠡᠭᠡᠯᠢ᠂ ᠴᠢᠶᠠᠨ | ᠳ᠋ᠧ ᠵᠠᠮ᠂ ᠪᠧᠢ ᠲᠠ ᠵᠠᠮ ᠵᠢᠴᠢ ᠵᠧᠨ ᠰᠢᠩ ᠶᠡᠭᠡ ᠵᠡᠭᠡᠯᠢ ᠵᠡᠷᠭᠡ ᠬᠤᠲᠠ ᠲᠣᠭᠤᠷᠢᠭ ᠤᠨ ᠵᠠᠮ ᠱᠤᠭᠤᠮ ᠵᠢᠴᠢ | ᠬᠤᠭᠤᠯᠠᠢ ᠲᠣᠣᠷ ᠢ ᠰᠢᠨᠡᠳᠬᠡᠨ ᠦᠭᠡᠷᠡᠴᠢᠯᠡᠨ᠎ᠡ᠃ 61 ᠬᠠᠭᠤᠴᠢᠨ ᠰᠠᠭᠤᠭᠠᠯᠢ ᠲᠣᠭᠤᠷᠢᠭ ᠤᠨ 35.9 ᠲᠦᠮᠡᠨ | ᠲᠡᠭᠰᠢ ᠳᠥᠷᠪᠡᠯᠵᠢᠨ ᠮᠧᠲᠷ ᠤᠨ ᠥᠭᠡᠷᠡᠴᠢᠯᠡᠯᠲᠡ ᠶᠢᠨ ᠡᠭᠦᠷᠭᠡ ᠶᠢ ᠪᠡᠶᠡᠯᠡᠭᠦᠯᠵᠦ᠂ ᠯᠢ ᠮᠢᠨ ᠬᠤᠭ ᠨᠣᠪᠰᠢ | ᠰᠢᠢᠳᠪᠦᠷᠢᠯᠡᠬᠦ ᠭᠠᠵᠠᠷ ᠤᠨ ᠬᠤᠶᠠᠳᠤᠭᠠᠷ ᠬᠤᠭᠤᠴᠠᠭ᠎ᠠ᠂ ᠬᠤᠭᠤᠯᠠᠨ ᠭᠡᠷ ᠲᠣᠭᠤᠭᠠᠨ ᠭᠡᠷ ᠤᠨ ᠬᠤᠭ ᠨᠣᠪᠰᠢ ᠶᠢ | ᠰᠢᠢᠳᠪᠦᠷᠢᠯᠡᠬᠦ ᠵᠡᠷᠭᠡ ᠢᠵᠢ ᠪᠦᠷᠢᠳᠦᠭᠰᠡᠨ ᠰᠠᠭᠤᠷᠢ ᠲᠥᠬᠦᠭᠡᠷᠦᠮᠵᠢ ᠶᠢᠨ ᠲᠥᠷᠥᠯ ᠵᠦᠢᠯ ᠤᠨ ᠪᠠᠷᠢᠯᠭ᠎ᠠ ᠶᠢ | ᠳᠠᠭᠤᠰᠬᠠᠵᠤ ᠠᠰᠢᠭᠯᠠᠯᠲᠠ ᠳᠤ ᠣᠷᠤᠭᠤᠯᠤᠨ᠂ 1.75 ᠲᠦᠮᠡᠨ ᠤᠷᠲᠤᠳᠬᠠᠯ ᠮᠧᠲᠷ ᠪᠣᠷᠣᠭᠠᠨ ᠤ ᠤᠰᠤ ᠪᠠ | ᠪᠣᠬᠢᠷ ᠤᠰᠤ ᠶᠢ ᠰᠠᠯᠭᠠᠬᠤ ᠬᠤᠭᠤᠯᠠᠢ ᠶᠢ ᠳᠡᠪᠢᠰᠴᠦ᠂ ᠨᠣᠭᠤᠭᠠᠷᠠᠭᠤᠯᠤᠯᠲᠠ ᠶᠢᠨ ᠲᠠᠯᠠᠪᠠᠢ ᠶᠢ 25 ᠲᠦᠮᠡᠨ | ᠲᠡᠭᠰᠢ ᠳᠥᠷᠪᠡᠯᠵᠢᠨ ᠮᠧᠲᠷ ᠰᠢᠨ᠎ᠡ ᠪᠠᠷ ᠨᠡᠮᠡᠭᠳᠡᠭᠦᠯᠦᠨ᠎ᠡ᠃ ᠲᠣᠭᠤᠷᠢᠭ ᠤᠨ ᠲᠦᠭᠡᠭᠡᠯ ᠤᠰᠤ ᠬᠠᠩᠭᠠᠬᠤ | ᠢᠨᠵᠧᠨᠧᠷᠢᠩ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠳᠤᠮᠳᠠᠬᠢ ᠤᠰᠤ᠂ ᠭᠠᠵᠠᠷ ᠳᠡᠭᠡᠷᠡᠬᠢ ᠤᠰᠤ ᠵᠢᠴᠢ | ᠲᠦᠭᠡᠭᠡᠯ ᠤᠰᠤ ︽ᠭᠤᠷᠪᠠᠨ ᠤᠰᠤ︾ ᠶᠢ ᠵᠡᠷᠭᠡᠪᠡᠷ ᠬᠠᠩᠭᠠᠨ᠎ᠠ᠃ ᠬᠤᠲᠠ ᠶᠢᠨ ᠬᠠᠮᠢᠶᠠᠷᠤᠯᠲᠠ᠂ ᠡᠮᠴᠢᠯᠡᠭᠡ᠂ | ᠰᠤᠷᠭᠠᠨ ᠬᠥᠮᠦᠵᠢᠯ᠂ ᠵᠢᠭᠤᠯᠴᠢᠯᠠᠯ ᠵᠡᠷᠭᠡ 13 ᠬᠦᠷᠢᠶ᠎ᠡ ᠴᠠᠷᠠᠭ᠎ᠠ ᠶᠢ ᠬᠠᠮᠤᠷᠤᠭᠰᠠᠨ ᠤᠶᠤᠨᠲᠤ ᠬᠤᠲᠠ ᠶᠢᠨ | ᠡᠵᠡᠩᠨᠡᠯᠲᠡ ᠶᠢᠨ ᠲᠥᠪ ᠢ ᠪᠠᠶᠢᠭᠤᠯᠵᠤ᠂ ᠬᠤᠲᠠ ᠶᠢᠨ ᠶᠡᠷᠦᠩᠬᠡᠶᠢᠯᠡᠭᠰᠡᠨ ᠬᠢᠨᠠᠨ ᠬᠡᠮᠵᠢᠬᠦ᠂ ᠤᠷᠢᠳᠴᠢᠯᠠᠨ | ᠰᠡᠷᠡᠮᠵᠢᠯᠡᠭᠦᠯᠬᠦ᠂ ᠪᠠᠴᠢᠮ ᠪᠠᠶᠢᠳᠠᠯ ᠢ ᠠᠷᠭᠠᠴᠠᠭᠠᠬᠤ ᠵᠢᠴᠢ ᠰᠢᠢᠳᠪᠦᠷᠢᠳᠦ ᠪᠣᠳᠣᠯᠭ᠎ᠠ ᠲᠣᠭᠲᠠᠭᠠᠬᠤ ᠴᠢᠳᠠᠪᠤᠷᠢ ᠶᠢ | ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠬᠤᠲᠠ ᠶᠢᠨ ᠭᠤᠶᠤᠵᠢᠭᠤᠯᠤᠯᠳᠠ ᠨᠣᠭᠤᠭᠠᠷᠠᠭᠤᠯᠤᠯᠲᠠ ᠭᠡᠷᠡᠯᠲᠦᠭᠦᠯᠭᠡ ᠶᠢᠨ | ᠠᠵᠢᠯᠯᠠᠭ᠎ᠠ ᠶᠢ ᠯᠠᠪᠳᠠᠭᠤᠨ ᠥᠷᠨᠢᠭᠦᠯᠵᠦ᠂ ᠬᠤᠲᠠ ᠶᠢᠨ ᠳᠦᠷᠢ ᠲᠥᠷᠬᠦ ᠪᠠ ᠣᠷᠴᠢᠨ ᠲᠣᠭᠤᠷᠢᠨ ᠤ ᠡᠷᠡᠭᠦᠯ | ᠬᠠᠮᠠᠭᠠᠯᠠᠯ ᠢ ᠰᠠᠶᠢᠲᠤᠷ ᠬᠢᠵᠦ᠂ ᠬᠤᠲᠠ ᠶᠢᠨ ᠬᠠᠮᠢᠶᠠᠷᠤᠯᠲᠠ ᠶᠢᠨ ᠦᠷ᠎ᠡ ᠠᠰᠢᠭ ᠢ ᠳᠡᠭᠡᠭᠰᠢᠯᠡᠭᠦᠯᠦᠨ᠎ᠡ᠃ | ᠬᠤᠲᠠ ᠬᠥᠳᠡᠭᠡ ᠶᠢᠨ ᠰᠠᠭᠤᠷᠢ ᠪᠦᠳᠦᠬᠡᠨ ᠪᠠᠶᠢᠭᠤᠯᠤᠯᠳᠠ ᠶᠢ ᠪᠠᠬᠢᠵᠢᠭᠦᠯᠦᠨ᠎ᠡ᠃ ︽ᠳᠥᠷᠪᠡᠨ | ᠬᠥᠨᠳᠡᠯᠡᠨ ᠭᠤᠷᠪᠠᠨ ᠭᠤᠯᠳᠤ ᠬᠤᠶᠠᠷ ᠲᠣᠭᠤᠷᠢᠯ ᠶᠢᠰᠦᠨ ᠭᠠᠷᠴᠠ︾ ᠶᠢᠨ ᠵᠠᠮ ᠬᠠᠷᠢᠯᠴᠠᠭᠠᠨ ᠤ ᠲᠣᠣᠷ ᠤᠨ | ᠲᠣᠭᠲᠠᠯᠴᠠᠭ᠎ᠠ ᠶᠢ ᠰᠢᠯᠢᠳᠡᠭᠵᠢᠭᠦᠯᠦᠨ ᠳᠡᠰ ᠳᠡᠪᠰᠢᠭᠦᠯᠵᠦ᠂ ᠬᠤᠸᠠᠵᠢᠯᠠᠭ᠎ᠠ ᠰᠢᠶᠠᠩ ᠠᠴᠠ ᠠᠷᠪᠠᠨ ᠭᠤᠷᠪᠠᠨ | ᠣᠪᠣᠭ᠎ᠠ ᠪᠠᠯᠭᠠᠰᠤ ᠬᠦᠷᠬᠦ 29 ᠺᠢᠯᠤᠮᠧᠲᠷ ᠤᠨ ᠵᠠᠮ ᠤᠨ ᠬᠡᠰᠡᠭ ᠢ ᠵᠠᠰᠠᠨ ᠦᠭᠡᠷᠡᠴᠢᠯᠡᠵᠦ᠂ ᠰᠢᠶᠠ ᠾᠦᠸᠧ | ᠹᠠᠩ ᠠᠴᠠ ᠪᠠᠶ᠋ᠬᠠᠭᠤᠯᠠ ᠪᠠᠯᠭᠠᠰᠤ ᠬᠦᠷᠬᠦ 28.7 ᠺᠢᠯᠤᠮᠧᠲᠷ ᠤᠨ ᠵᠠᠮ ᠤᠨ ᠭᠠᠳᠠᠷᠭᠤ ᠢ ᠠᠷᠠᠴᠢᠯᠠᠬᠤ | ᠢᠨᠵᠧᠨᠧᠷᠢᠩ ᠢ ᠪᠡᠶᠡᠯᠡᠭᠦᠯᠵᠦ᠂ 6 ᠲᠥᠷᠥᠯ ᠤᠨ 102.5 ᠺᠢᠯᠤᠮᠧᠲᠷ ᠤᠨ ᠭᠠᠳᠠᠷ ᠲᠣᠭᠤᠷᠢᠯ ᠵᠠᠮ ᠤᠨ ᠲᠥᠷᠥᠯ | ᠵᠦᠢᠯ ᠢ ᠪᠡᠶᠡᠯᠡᠭᠦᠯᠦᠨ᠎ᠡ᠃ 305 ᠤᠯᠤᠰ ᠤᠨ ᠵᠠᠮ ᠤᠨ ᠯᠢᠨᠳᠦ᠋ᠩ ᠠᠴᠠ ᠪᠣᠷᠤᠤ᠋ᠰᠤ ᠬᠦᠷᠬᠦ ᠨᠢᠭᠡᠳᠦᠭᠡᠷ | ᠳᠡᠰ ᠤᠨ ᠵᠠᠮ ᠤᠨ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠨ᠂ 305 | ᠤᠯᠤᠰ ᠤᠨ ᠵᠠᠮ ᠤᠨ ᠰᠢᠶᠠ ᠾᠦᠸᠧ ᠹᠠᠩ ᠠᠴᠠ ᠬᠥᠨᠳᠡᠯᠡᠨ ᠬᠦᠷᠬᠦ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ | ᠢᠨᠵᠧᠨᠧᠷᠢᠩ ᠢ ᠬᠡᠷᠡᠭᠵᠢᠭᠦᠯᠵᠦ᠂ 305 ᠤᠯᠤᠰ ᠤᠨ ᠵᠠᠮ ᠤᠨ ᠯᠢᠨᠳᠦ᠋ᠩ ᠠᠴᠠ ᠰᠢᠶᠠ ᠾᠦᠸᠧ ᠹᠠᠩ ᠬᠦᠷᠬᠦ | ᠵᠠᠰᠠᠮᠠᠯ ᠵᠠᠮ ᠢ ᠪᠠᠶᠢᠭᠤᠯᠤᠨ ᠠᠰᠢᠭᠯᠠᠯᠲᠠ ᠳᠤ ᠣᠷᠤᠭᠤᠯᠤᠨ᠎ᠠ᠃ ᠯᠢᠨ ᠪᠠᠢ ᠲᠡᠮᠦᠷ ᠵᠠᠮ ᠤᠨ ᠶᠠᠮᠤᠨᠰᠦ᠋ᠮᠡ ᠠᠴᠠ | ᠹᠧᠩ ᠬᠤᠸᠠᠩ ᠱᠠᠨ ᠠᠵᠤ ᠦᠢᠯᠡᠳᠪᠦᠷᠢ ᠶᠢᠨ ᠲᠣᠭᠤᠷᠢᠭ ᠬᠦᠷᠬᠦ ᠬᠡᠰᠡᠭ ᠢ ᠪᠦᠲᠦᠭᠡᠨ ᠪᠠᠶᠢᠭᠤᠯᠵᠤ᠂ ᠵᠢᠢ ᠲᠦᠩ | ᠲᠡᠮᠦᠷ ᠵᠠᠮ ᠤᠨ ᠵᠡᠭᠦᠨ ᠬᠤᠰᠢᠭᠤᠨ ᠤ ᠬᠡᠰᠡᠭ ᠪᠠ ᠯᠢᠨᠳᠦ᠋ᠩ ᠤᠨ ᠭᠠᠯᠲᠤ ᠲᠡᠷᠭᠡᠨ ᠥᠷᠲᠡᠭᠡᠨ ᠤ ᠰᠠᠭᠤᠷᠢ | ᠲᠥᠬᠦᠭᠡᠷᠦᠮᠵᠢ ᠶᠢ ᠥᠭᠡᠷᠡᠴᠢᠯᠡᠨ ᠪᠠᠶᠢᠭᠤᠯᠬᠤ ᠶᠢᠨ ᠬᠠᠮᠲᠤ ᠠᠰᠢᠭᠯᠠᠯᠲᠠ ᠳᠤ ᠣᠷᠣᠭᠤᠯᠵᠤ᠂ ᠨᠡᠶᠢᠲᠡ ᠪᠠᠷ | ᠬᠡᠷᠡᠭᠯᠡᠬᠦ ᠨᠢᠰᠬᠡᠯ ᠤᠨ ᠪᠠᠭᠤᠳᠠᠯ ᠢ ᠪᠠᠶᠢᠭᠤᠯᠤᠨ ᠠᠰᠢᠭᠯᠠᠯᠲᠠ ᠳᠤ ᠣᠷᠣᠭᠤᠯᠤᠨ᠎ᠠ᠃ ᠬᠥᠪ ᠤᠨ ᠭᠤᠤ ᠤᠰᠤᠨ | ᠠᠰᠢᠭᠯᠠᠯᠲᠠ ᠶᠢᠨ ᠭᠤᠣᠯ ᠢᠨᠵᠧᠨᠧᠷᠢᠩ ᠢ ᠪᠠᠶᠢᠭᠤᠯᠵᠤ᠂ ᠹᠧᠩ ᠬᠤᠸᠠᠩ ᠱᠠᠨ ᠲᠣᠭᠤᠷᠢᠭ ᠤᠨ 220 | ᠬᠢᠯᠦᠸᠠᠲ ᠤᠨ ᠥᠷᠲᠡᠭᠡ ᠵᠡᠷᠭᠡ ᠭᠤᠣᠯᠳᠠᠯᠭ᠎ᠠ ᠲᠠᠢ ᠲᠥᠷᠥᠯ ᠵᠦᠢᠯ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ | ᠂ ᠬᠤᠲᠠ ᠬᠥᠳᠡᠭᠡ ᠶᠢᠨ ᠠᠭᠤᠰᠤᠯᠴᠠᠨ ᠬᠥᠭᠵᠢᠬᠦ ᠳᠤ ᠠᠰᠢᠭᠲᠠᠢ ᠪᠠᠲᠤᠯᠠᠭ᠎ᠠ ᠬᠠᠩᠭᠠᠨ᠎ᠠ᠃ |