︵ᠳᠦᠷᠪᠡ︶ ᠠᠮᠢ ᠠᠬᠤᠶ ᠶᠢ ᠲᠡᠷᠢᠭᠦᠨ ᠳᠤ ᠲᠠᠯᠪᠢᠬᠤ ᠪᠠ ᠪᠣᠬᠢᠷᠲᠤᠯ ᠥᠬᠡᠶ ᠭᠦᠭᠵᠢᠯᠳᠡ ᠶᠢ ᠪᠠᠷᠢᠮᠲᠠᠯᠠᠵᠤ᠂ | ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠬᠢᠷᠢ ᠳᠦᠪᠰᠢᠨ ᠢ ᠳᠡᠭᠡᠭᠰᠢᠯᠡᠭᠦᠯᠦᠨ᠎ᠡ | ᠠᠮᠢ ᠠᠬᠤᠢ ᠶᠢᠨ ᠬᠠᠮᠠᠭᠠᠯᠠᠯᠲᠠ ᠶᠢᠨ ᠡᠷᠴᠢᠮ ᠢ ᠴᠢᠩᠭᠠᠷᠠᠭᠤᠯᠤᠨ᠎ᠠ᠃ ᠭᠤᠤᠯ ᠨᠠᠭᠤᠷ ᠤᠨ ᠳᠠᠷᠤᠭ᠎ᠠ ᠶᠢᠨ | ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠦᠨ᠂ ᠭᠤᠤᠯ ᠮᠥᠷᠡᠨ ᠳᠤ ᠬᠤᠯᠪᠣᠭᠳᠠᠬᠤ ᠬᠠᠮᠲᠤᠷᠠᠨ ᠬᠠᠤᠯᠢ | ᠬᠡᠷᠡᠭᠵᠢᠭᠦᠯᠬᠦ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠭᠤᠤᠯ ᠨᠠᠭᠤᠷ ᠤᠨ ︽ᠳᠥᠷᠪᠡᠨ ᠲᠤᠷ᠎ᠠ ᠪᠠᠷ ᠢᠶᠠᠨ | ᠪᠠᠶᠢᠬᠤ ᠶᠢ ᠠᠷᠢᠯᠭᠠᠬᠤ︾ ᠠᠵᠢᠯᠯᠠᠭ᠎ᠠ ᠶᠢ ᠦᠷᠭᠦᠯᠵᠢ ᠥᠷᠨᠢᠭᠦᠯᠵᠦ᠂ ᠠᠮᠢ ᠠᠬᠤᠶ ᠶᠢᠨ ᠬᠤᠩᠭᠢᠯ᠂ ᠬᠥᠷᠥᠰᠥ | ᠰᠢᠷᠣᠶ ᠶᠢ ᠬᠠᠮᠠᠭᠠᠯᠠᠬᠤ᠂ ᠭᠤᠤ ᠰᠤᠪᠠᠭ ᠤᠨ ᠬᠠᠰᠢᠯᠭ᠎ᠠ ᠵᠡᠷᠭᠡ ᠤᠰᠤᠨ ᠤ ᠠᠮᠢ ᠠᠬᠤᠶ ᠶᠢ ᠰᠡᠷᠭᠦᠭᠡᠨ ᠵᠠᠰᠠᠬᠤ 7 | ᠲᠥᠷᠥᠯ ᠵᠦᠢᠯ ᠢ ᠭᠤᠤᠯᠳᠠᠯᠭ᠎ᠠ ᠲᠠᠢ ᠨᠠᠶᠢᠳᠠᠪᠦᠷᠢᠵᠢᠭᠤᠯᠤᠨ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ | ᠪᠦᠬᠦᠨ ᠢ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠢ ᠥᠭᠡᠷᠡᠴᠢᠯᠡᠯᠲᠡ ᠶᠢᠨ ᠬᠡᠪᠴᠢᠶᠡᠨ ᠳᠤ | ᠣᠷᠣᠭᠤᠯᠤᠨ᠎ᠠ᠃ ︽ᠤᠶᠤᠨᠲᠤ ᠣᠶ ᠰᠢᠭᠤᠶ ᠨᠤᠲᠤᠭ ᠪᠡᠯᠴᠢᠭᠡᠷ ᠤᠨ ᠳᠠᠷᠤᠭ᠎ᠠ︾ ᠶᠢᠨ ᠮᠡᠳᠡᠭᠡ ᠵᠠᠩᠭᠢᠵᠢᠯᠲᠠ ᠶᠢᠨ | ᠲᠠᠪᠴᠠᠩ ᠢ ᠪᠠᠶᠢᠭᠤᠯᠵᠤ᠂ 665 ᠲᠦᠮᠡᠨ ᠮᠥ ᠣᠶ ᠰᠢᠭᠤᠶ ᠨᠣᠲᠤᠭ ᠪᠡᠯᠴᠢᠭᠡᠷ ᠤᠨ ᠬᠢᠨᠠᠯᠲᠠ ᠬᠠᠮᠢᠶᠠᠷᠤᠯᠲᠠ ᠶᠢ | ᠨᠡᠶᠢᠳᠡᠮ ᠪᠦᠷᠬᠦᠬᠦᠯᠦᠨ᠎ᠡ᠃ ᠠᠮᠢ ᠠᠬᠤᠶ ᠶᠢᠨ ᠪᠡᠯᠴᠢᠭᠡᠷᠯᠡᠭᠦᠯᠬᠦ ᠶᠢ ᠬᠤᠷᠢᠬᠯᠠᠬᠤ ᠲᠥᠷᠥ ᠶᠢᠨ ᠪᠣᠳᠣᠯᠭ᠎ᠠ ᠶᠢ | ᠴᠢᠩᠭ᠎ᠠ ᠬᠡᠷᠡᠭᠵᠢᠭᠦᠯᠵᠦ᠂ ᠬᠠᠤᠯᠢ ᠠᠴᠠ ᠵᠥᠷᠢᠴᠡᠨ ᠪᠡᠯᠴᠢᠭᠡᠷᠯᠡᠭᠦᠯᠦᠨ ᠮᠠᠯᠵᠢᠬᠤ ᠵᠡᠷᠭᠡ ᠣᠶ ᠰᠢᠭᠤᠶ ᠨᠤᠲᠤᠭ | ᠪᠡᠯᠴᠢᠭᠡᠷ ᠢ ᠡᠪᠳᠡᠭᠰᠡᠨ ᠠᠵᠢᠯᠯᠠᠭ᠎ᠠ ᠳᠤ ᠡᠷᠡᠰ ᠴᠣᠬᠢᠯᠲᠠ ᠥᠭᠴᠦ᠂ 3ᠮᠠᠯᠵᠢᠬᠤ ᠣᠷᠣᠨ ᠤ ᠫᠧᠩ ᠰᠠᠷᠠᠪᠴᠢ ᠶᠢᠨ | ᠨᠥᠬᠦᠪᠥᠷᠢ ᠶᠢᠨ ᠲᠥᠷᠥ ᠶᠢᠨ ᠪᠣᠳᠣᠯᠭ᠎ᠠ ᠪᠣᠯᠤᠨ ᠰᠠᠭᠤᠷᠢ ᠲᠦᠬᠦᠭᠡᠷᠦᠮᠵᠢ ᠶᠢᠨ ᠢᠵᠢ ᠪᠦᠷᠢᠳᠦᠭᠦᠯᠬᠦ ᠪᠦᠲᠦᠭᠡᠨ | ᠪᠠᠶᠢᠭᠤᠯᠤᠯᠲᠠ ᠶᠢ ᠨᠠᠶᠢᠳᠠᠪᠤᠷᠢᠵᠢᠭᠤᠯᠵᠤ᠂ ᠮᠠᠯᠵᠢᠬᠤ ᠣᠷᠣᠨ ᠳᠤ ᠪᠦᠬᠦ ᠵᠢᠯ ᠢᠶᠠᠷ ᠪᠡᠯᠴᠢᠭᠡᠷᠯᠡᠭᠦᠯᠬᠦ ᠶᠢ | ᠬᠤᠷᠢᠭᠯᠠᠨ᠎ᠠ᠃ ᠨᠠᠮᠤᠭ ᠭᠠᠵᠠᠷ ᠪᠠ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ | ᠦᠯᠵᠡᠶᠢᠮᠦ᠋ᠷᠡᠨ ᠭᠤᠤᠯ ᠤᠨ ᠤᠯᠤᠰ ᠤᠨ ᠨᠠᠮᠤᠭᠲᠤ ᠴᠡᠴᠡᠷᠯᠢᠭ ᠤᠨ ᠫᠠᠶᠢᠰᠠ ᠡᠯᠭᠦᠨ᠎ᠡ᠃ | ᠠᠮᠢ ᠠᠬᠤᠢ ᠣᠷᠴᠢᠨ ᠲᠣᠭᠤᠷᠢᠨ ᠤ ᠵᠠᠰᠠᠯᠲᠠ ᠶᠢ ᠴᠢᠩᠭᠠᠳᠬᠠᠨ᠎ᠠ᠃ ᠠᠭᠤᠯᠠ ᠤᠰᠤ ᠣᠶ ᠰᠢᠭᠤᠢ ᠭᠠᠵᠠᠷ | ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠤᠭᠴᠠᠵᠢᠭᠤᠯᠤᠨ ᠵᠠᠰᠠᠵᠤ᠂ ᠥᠪᠥᠷ | ᠮᠣᠩᠭᠤᠯ ᠤᠨ ᠵᠡᠭᠦᠨ ᠬᠡᠰᠡᠭ ᠤᠨ ᠨᠤᠲᠤᠭ ᠪᠡᠯᠴᠢᠭᠡᠷ ᠬᠢᠭᠡᠳ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠪᠠ | ᠲᠠᠴᠢᠷᠳᠠᠭᠰᠠᠨ ᠣᠶ ᠰᠢᠭᠤᠶ ᠶᠢ ᠥᠭᠡᠷᠡᠴᠢᠯᠡᠬᠦ ᠵᠡᠷᠭᠡ ᠭᠤᠤᠯᠳᠠᠯᠭ᠎ᠠ ᠲᠠᠢ ᠠᠮᠢ ᠠᠬᠤᠶ ᠶᠢᠨ ᠢᠨᠵᠧᠨᠧᠷᠢᠩ ᠢ | ᠠᠬᠢᠭᠤᠯᠵᠤ᠂ 2 ᠲᠦᠮᠡᠨ ᠮᠥ ᠭᠠᠵᠠᠷ ᠢ ᠣᠶᠢᠵᠢᠭᠤᠯᠤᠨ᠂ 7 ᠲᠦᠮᠡᠨ ᠮᠥ ᠲᠠᠴᠢᠷᠳᠠᠭᠰᠠᠨ ᠣᠶ ᠰᠢᠭᠤᠶ ᠶᠢ | ᠵᠠᠰᠠᠨ ᠰᠡᠷᠭᠦᠭᠡᠵᠦ᠂ 3 ᠲᠦᠮᠡᠨ ᠮᠥ ᠣᠶ ᠶᠢᠨ ᠬᠤᠷᠮᠣᠶ ᠶᠢᠨ ᠠᠵᠤ ᠠᠬᠤᠶ ᠶᠢ ᠬᠦᠭᠵᠢᠭᠦᠯᠦᠨ᠂ 1.9 ᠲᠦᠮᠡᠨ | ᠮᠥ ᠲᠠᠴᠢᠷᠳᠠᠭᠰᠠᠨ ᠨᠤᠲᠤᠭ ᠪᠡᠯᠴᠢᠭᠡᠷ ᠢ ᠰᠡᠷᠭᠦᠬᠡᠨ ᠵᠠᠰᠠᠵᠤ᠂ ᠬᠥᠮᠦᠨ ᠤ ᠬᠦᠴᠦ ᠪᠠᠷ 10 ᠲᠦᠮᠡᠨ ᠮᠥ ᠡᠪᠡᠰᠦ | ᠳᠠᠷᠢᠵᠤ᠂ 1 ᠲᠦᠮᠡᠨ ᠮᠥ ᠬᠤᠤᠷᠲᠤ ᠡᠪᠡᠰᠦ ᠶᠢ ᠵᠠᠰᠠᠨ ᠰᠠᠶᠢᠵᠢᠷᠠᠭᠤᠯᠤᠨ᠎ᠠ᠃ ᠰᠢᠲᠠᠭᠠᠬᠤ ᠶᠢ ᠴᠠᠭᠠᠵᠠᠯᠠᠬᠤ᠂ | ᠭᠠᠳᠠᠭᠰᠢᠯᠠᠭᠤᠯᠬᠤ ᠶᠢ ᠪᠠᠭᠠᠰᠬᠠᠬᠤ᠂ ᠣᠲᠤᠭ᠎ᠠ ᠶᠢ ᠬᠢᠵᠠᠭᠠᠷᠯᠠᠬᠤ ᠵᠢᠴᠢ ᠲᠣᠭᠤᠰᠣ ᠶᠢ ᠪᠠᠭᠠᠰᠬᠠᠬᠤ ᠬᠠᠮᠢᠶᠠᠷᠤᠨ | ᠡᠵᠡᠮᠳᠡᠬᠦ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠭᠠᠷ ᠤᠨ ᠴᠢᠨᠠᠷ ᠴᠢᠨᠰᠠᠭ᠎ᠠ ᠰᠠᠶᠢᠨ | ᠪᠠᠶᠢᠬᠤ ᠨᠣᠷᠮ᠎ᠠ ᠶᠢ 96.5% ᠠᠴᠠ ᠳᠡᠭᠡᠭᠰᠢ ᠳᠤ ᠳᠣᠬᠳᠠᠪᠤᠷᠢᠵᠢᠭᠤᠯᠤᠨᠠ᠃ ᠲᠠᠷᠢᠶᠠᠯᠠᠩ ᠮᠠᠯ ᠠᠵᠤ ᠠᠬᠤᠶ ᠶᠢᠨ | ᠣᠯᠠᠨ ᠡᠬᠢᠲᠦ ᠪᠣᠬᠢᠷᠲᠤᠯ ᠢ ᠰᠡᠷᠭᠡᠶᠢᠯᠡᠨ ᠡᠵᠡᠮᠳᠡᠵᠦ᠂ ᠮᠠᠯ ᠵᠢᠭᠦᠷᠲᠡᠨ ᠤ ᠢᠯᠭᠠᠳᠠᠰᠤ ᠶᠢ ᠡᠬᠢ ᠪᠠᠶᠠᠯᠢᠭᠵᠢᠭᠤᠯᠤᠨ | ᠠᠰᠢᠭᠯᠠᠬᠤ ᠪᠠ ᠲᠠᠷᠢᠶᠠᠯᠠᠩ ᠤᠨ ᠰᠦᠯᠢᠶᠣᠣ ᠪᠦᠷᠬᠦᠪᠴᠢ ᠶᠢ ᠬᠤᠷᠢᠶᠠᠬᠤ ᠨᠣᠷᠮ᠎ᠠ ᠶᠢ 82% ᠠᠴᠠ ᠳᠡᠭᠡᠭᠰᠢ ᠳᠤ | ᠬᠦᠷᠦᠭᠦᠯᠵᠦ᠂ ᠬᠢᠮᠢ ᠶᠢᠨ ᠪᠣᠷᠳᠣᠭᠤᠷ ᠪᠠ ᠲᠠᠷᠢᠶᠠᠨ ᠡᠮ ᠬᠡᠷᠡᠭᠯᠡᠬᠦ ᠬᠡᠮᠵᠢᠶ᠎ᠡ ᠶᠢ ᠲᠤᠰ ᠲᠤᠰ 3 % ᠪᠠ 5 % | ᠪᠠᠭᠠᠰᠬᠠᠨ᠎ᠠ᠃ 64 ᠲᠡᠦᠬᠡ ᠶᠢᠨ ᠦᠯᠡᠳᠡᠭᠳᠡᠯ ᠪᠠ ᠡᠵᠡᠨ ᠥᠬᠡᠶ ᠠᠭᠤᠷᠬᠠᠶ ᠶᠢᠨ ᠣᠷᠣᠨ ᠢ ᠵᠠᠰᠠᠨ ᠰᠡᠷᠭᠦᠭᠡᠨ | ᠨᠣᠭᠤᠭᠠᠷᠠᠭᠤᠯᠬᠤ ᠠᠵᠢᠯ ᠢ ᠠᠬᠢᠭᠤᠯᠵᠤ᠂ ᠰᠢᠨ ᠯᠦᠩ ᠲᠤᠭᠤᠯᠭ᠎ᠠ ᠴᠠᠶᠢᠷ ᠤᠨ ᠠᠭᠤᠷᠬᠠᠶ ᠪᠠ ᠪᠠᠶᠠᠨᠨᠢᠷᠤᠭᠤ ᠨᠠᠷᠢᠨ | ᠳᠠᠪᠠᠭ᠎ᠠ ᠶᠢᠨ ᠴᠣᠬᠤᠶ ᠶᠢᠨ ᠴᠢᠯᠠᠭᠤ ᠶᠢᠨ ᠨᠢᠭᠡᠳᠦᠭᠡᠷ ᠠᠭᠤᠷᠬᠠᠶ ᠶᠢ ᠪᠣᠬᠢᠷᠲᠤᠯ ᠥᠬᠡᠶ ᠠᠭᠤᠷᠬᠠᠶ ᠶᠢᠨ | ᠪᠠᠷᠢᠮᠵᠢᠶ᠎ᠠ ᠳᠤ ᠬᠦᠷᠬᠡᠨ᠎ᠠ᠃ ᠯᠦ ᠮᠧᠩ ᠱᠦᠢᠨᠢ ᠶᠢᠨ ᠠᠭᠤᠷᠬᠠᠶ ᠲᠠᠢ ᠬᠠᠮᠵᠢᠯᠴᠠᠨ ᠠᠶᠤᠯᠲᠠᠶ ᠬᠠᠶᠠᠭᠳᠠᠮᠠᠯ ᠪᠣᠳᠠᠰ ᠢ | ᠰᠢᠢᠳᠪᠦᠷᠢᠯᠡᠬᠦ ᠲᠥᠷᠥᠯ ᠵᠦᠢᠯ ᠢ ᠬᠢᠨᠠᠨ ᠵᠥᠪᠰᠢᠶᠡᠷᠡᠭᠦᠯᠬᠦ ᠶᠢᠨ ᠬᠠᠮᠲᠤ ᠠᠰᠢᠭᠯᠠᠯᠲᠠ ᠳᠤ ᠣᠷᠣᠭᠤᠯᠵᠣ᠂ ᠬᠤᠩ | ᠱᠢ ᠯᠠ ᠡᠩ ᠤᠨ ᠬᠠᠲᠠᠭᠤ ᠬᠠᠶᠠᠭᠳᠠᠮᠠᠯ ᠪᠣᠳᠠᠰ ᠤᠨ ᠲᠠᠯᠠᠪᠠᠶ ᠶᠢᠨ ᠲᠥᠷᠥᠯ ᠵᠦᠢᠯ ᠢ ᠪᠠᠶᠢᠭᠤᠯᠤᠨ | ᠠᠰᠢᠭᠯᠠᠯᠲᠠ ᠳᠤ ᠣᠷᠣᠭᠤᠯᠤᠨ᠂ ᠠᠵᠤ ᠦᠢᠯᠡᠳᠪᠦᠷᠢ ᠶᠢᠨ ᠠᠶᠤᠯᠲᠠᠶ ᠬᠠᠶᠠᠭᠳᠠᠮᠠᠯ ᠪᠣᠳᠠᠰ ᠪᠠ ᠬᠠᠲᠠᠭᠤ | ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠪᠠ ᠰᠢᠢᠳᠪᠦᠷᠢᠯᠡᠬᠦ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢᠨ ᠵᠠᠬᠢᠳᠠᠯ ᠰᠣᠷᠪᠤᠯᠵᠢᠯᠠᠯ | ᠢᠶᠠᠷ ᠢᠯᠡᠴᠢᠯᠡᠨ ᠮᠡᠳᠡᠭᠦᠯᠦᠭᠰᠡᠨ ᠠᠰᠠᠭᠤᠳᠠᠯ ᠢ ︽ᠡᠷᠭᠢᠴᠡᠭᠦᠯᠬᠦ︾ ᠪᠠ ᠬᠠᠷᠢᠭᠤ ᠲᠤᠰᠬᠠᠭᠰᠠᠨ ᠠᠰᠠᠭᠤᠳᠠᠯ ᠠᠴᠠ | ᠨᠢᠭᠡ ᠠᠴᠠ ᠵᠦᠢᠴᠢᠯᠡᠵᠤ ᠨᠥᠭᠦᠭᠡ ᠶᠢ ᠮᠡᠳᠡᠵᠦ᠂ ᠴᠡᠭᠴᠡᠯᠡᠨ ᠰᠠᠶᠢᠵᠢᠷᠠᠭᠤᠯᠵᠤ ᠵᠠᠰᠠᠭᠰᠠᠨ ᠦᠷ᠎ᠡ ᠪᠦᠲᠦᠮᠵᠢ | ᠪᠠᠨ ᠦᠷᠭᠦᠯᠵᠢᠯᠡᠨ ᠪᠠᠬᠢᠵᠢᠭᠦᠯᠦᠨ᠎ᠡ᠃ | ᠪᠣᠬᠢᠷᠲᠤᠯ ᠥᠬᠡᠶ ᠳᠤᠤᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠠᠬᠢᠭᠤᠯᠤᠨ᠎ᠠ᠃ ᠡᠨᠧᠷᠭᠢ ᠶᠢᠨ ᠬᠤᠷᠤᠭᠳᠠᠯ | ᠤᠨ ︽ᠬᠤᠶᠠᠷ ᠢ ᠬᠢᠵᠠᠭᠠᠷᠯᠠᠬᠤ︾ ᠲᠥᠰᠦᠪ ᠤᠨ ᠬᠠᠮᠢᠶᠠᠷᠤᠯᠲᠠ ᠶᠢ ᠴᠢᠩᠭ᠎ᠠ ᠬᠡᠷᠡᠭᠵᠢᠭᠦᠯᠵᠦ᠂ ᠡᠨᠧᠷᠭᠢ ᠠᠷᠪᠢᠯᠠᠬᠤ | ᠲᠥᠷᠥᠯ ᠵᠦᠢᠯ ᠤᠨ ᠬᠢᠨᠠᠨ ᠪᠠᠶᠢᠴᠠᠭᠠᠯᠲᠠ ᠶᠢ ᠴᠢᠩᠭᠠᠳᠬᠠᠨ᠂ ︽ᠬᠤᠶᠠᠷ ᠶᠡᠭᠡ︾ ᠲᠥᠷᠥᠯ ᠵᠦᠢᠯ ᠤᠨ ᠰᠣᠬᠤᠷ | ᠪᠠᠯᠠᠶ ᠪᠠᠷ ᠬᠥᠭᠵᠢᠬᠦ ᠶᠢ ᠡᠷᠡᠰ ᠬᠤᠷᠢᠭᠯᠠᠨ᠎ᠠ᠃ ᠠᠵᠤ ᠠᠬᠤᠶᠢᠯᠠᠯ ᠢ ᠪᠣᠬᠢᠷᠲᠤᠯ ᠥᠬᠡᠶ ᠪᠣᠯᠭᠠᠬᠤ ᠪᠠ ᠳᠤᠤᠷ᠎ᠠ | ᠨᠡᠭᠦᠷᠡᠰᠦᠲᠥ᠋ᠷᠥᠭᠴᠢᠲᠦ ᠲᠡᠰᠢ ᠬᠤᠪᠢᠷᠠᠭᠤᠯᠤᠨ᠂ ᠭᠤᠤᠯᠳᠠᠯᠭ᠎ᠠ ᠲᠠᠢ ᠡᠨᠧᠷᠭᠢ ᠬᠡᠷᠡᠭᠯᠡᠬᠦ ᠨᠢᠭᠡᠴᠡ ᠳᠤ ᠨᠢᠭᠡ ᠠᠵᠤ | ᠠᠬᠤᠶᠢᠯᠠᠯ ᠳᠤ ᠨᠢᠭᠡ ᠲᠥᠷᠥ ᠶᠢᠨ ᠪᠣᠳᠣᠯᠭ᠎ᠠ ᠲᠣᠭᠲᠠᠭᠠᠬᠤ ᠲᠥᠰᠦᠯ ᠢ ᠪᠡᠶᠡᠯᠡᠭᠦᠯᠵᠦ᠂ ᠠᠵᠤ ᠦᠢᠯᠡᠳᠪᠦᠷᠢ ᠶᠢᠨ | ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ 7 ᠶᠢ ᠬᠡᠷᠡᠭᠵᠢᠭᠦᠯᠦᠨ᠎ᠡ᠃ ᠡᠨᠧᠷᠭᠢ ᠶᠢ | ᠣᠷᠣᠯᠠᠭᠤᠯᠬᠤ ᠡᠷᠴᠢᠮ ᠢᠶᠠᠨ ᠴᠢᠩᠭᠠᠷᠠᠭᠤᠯᠤᠨ᠂ ︽ᠰᠠᠯᠬᠢ ᠪᠠ ᠬᠡᠷᠡᠯ ᠤᠨ ᠡᠨᠧᠷᠭᠢ︾ ᠶᠢᠨ ᠡᠬᠢ ᠪᠠᠶᠠᠯᠢᠭ ᠢ | ᠨᠡᠭᠡᠭᠡᠨ ᠬᠥᠭᠵᠢᠭᠦᠯᠵᠦ᠂ ᠭᠤᠷᠪᠠᠨ ᠬᠠᠪᠴᠢᠯ ᠪᠦᠯᠦᠭᠯᠡᠯ᠂ ᠮᠧᠩ ᠨᠡᠩ ᠪᠦᠯᠦᠭᠯᠡᠯ ᠵᠡᠷᠭᠡ ᠲᠥᠪ ᠤᠨ ᠠᠵᠤ | ᠠᠬᠤᠶᠢᠯᠠᠯ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠪᠣᠯᠤᠨ ᠣᠷᠣᠨ ᠤ ᠳᠣᠲᠣᠷᠠᠬᠢ ᠭᠤᠤᠯᠳᠠᠯᠭ᠎ᠠ ᠲᠠᠢ | ᠡᠨᠧᠷᠭᠢ ᠶᠢᠨ ᠠᠵᠤ ᠠᠬᠤᠶᠢᠯᠠᠯ ᠲᠠᠢ ᠬᠠᠮᠲᠤᠷᠠᠯᠴᠠᠭ᠎ᠠ ᠪᠠᠨ ᠴᠢᠩᠭᠠᠳᠬᠠᠵᠤ᠂ ᠤᠯᠤᠰ ᠤᠨ ᠥᠮᠴᠢᠯᠡᠯᠲᠦ ᠠᠵᠤ | ᠠᠬᠤᠶᠢᠯᠠᠯ ᠢ ᠰᠢᠨ᠎ᠡ ᠡᠨᠧᠷᠭᠢ ᠶᠢ ᠨᠡᠭᠡᠭᠡᠨ ᠬᠥᠭᠵᠢᠭᠦᠯᠬᠦ ᠳᠤ ᠣᠷᠤᠯᠴᠠᠭᠤᠯᠤᠨ᠂ ᠥᠨᠳᠥᠷ ᠪᠦᠲᠦᠮᠵᠢᠲᠡᠶ᠂ ᠴᠡᠪᠡᠷ᠂ | ᠳᠤᠤᠷ᠎ᠠ ᠨᠡᠭᠦᠷᠡᠰᠦᠲᠥ᠋ᠷᠥᠭᠴᠢᠲᠦ᠂ ᠡᠷᠬᠢᠯᠳᠡᠳᠦ ᠪᠣᠬᠢᠷᠲᠤᠯ ᠥᠬᠡᠶ ᠠᠵᠤ ᠦᠢᠯᠡᠰ ᠤᠨ ᠲᠣᠭᠲᠠᠯᠴᠠᠭ᠎ᠠ ᠶᠢ | ᠪᠠᠶᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ 10 ᠰᠤᠷᠭᠠᠭᠤᠯᠢ ᠶᠢᠨ ᠴᠡᠪᠡᠷ ᠡᠨᠧᠷᠭᠢ ᠶᠢᠨ ᠢᠨᠵᠧᠨᠧᠷᠢᠩ ᠢ | ᠪᠡᠶᠡᠯᠡᠭᠦᠯᠵᠦ᠂ 1800 ᠲᠦᠮᠡᠨ ᠲᠥᠭᠦᠷᠢᠭ ᠤᠨ ᠪᠠᠯᠠ ᠣᠷᠤᠭᠤᠯᠤᠯᠲᠠ ᠲᠠᠢ ᠭᠤᠷᠪᠠᠨ ᠬᠠᠪᠴᠢᠯ ᠪᠣᠬᠢᠷᠲᠤᠯ | ᠥᠬᠡᠶ ᠡᠨᠧᠷᠭᠢ ᠶᠢᠨ ᠵᠢᠵᠢᠭ ᠪᠠᠯᠭᠠᠰᠤ ᠶᠢ ᠪᠠᠶᠢᠭᠤᠯᠤᠨ᠎ᠠ᠃ ᠪᠦᠬᠦ ᠬᠤᠰᠢᠭᠤᠨ ᠤ ᠡᠨᠧᠷᠭᠢ ᠶᠢᠨ ᠬᠤᠷᠣᠭᠳᠠᠯ ᠤᠨ | ᠶᠡᠷᠦᠩᠬᠡᠶ ᠬᠡᠮᠵᠢᠶ᠎ᠡ ᠪᠠ ᠬᠦᠴᠦᠯᠡᠴᠡ ᠶᠢᠨ ᠭᠦᠢᠴᠡᠳᠬᠡᠯ ᠲᠤᠭ᠎ᠠ ᠶᠢ 3 % ᠠᠴᠠ ᠳᠡᠭᠡᠭᠰᠢ ᠪᠠᠭᠤᠷᠠᠭᠤᠯᠤᠨ᠎ᠠ᠃ | ︵ᠲᠠᠪᠤ︶ ᠥᠭᠡᠷᠡᠴᠢᠯᠡᠯᠲᠡ ᠬᠢᠵᠦ ᠰᠢᠨ᠎ᠡ ᠶᠢ ᠡᠭᠦᠳᠦᠨ᠂ ᠦᠭᠡᠷᠡᠴᠢᠯᠡᠯᠳᠡ ᠨᠡᠭᠡᠭᠡᠯᠲᠡ ᠶᠢ ᠥᠷᠭᠡᠳᠬᠡᠵᠦ᠂ | ᠬᠥᠭᠵᠢᠯᠲᠡ ᠶᠢᠨ ᠬᠥᠳᠡᠯᠭᠡᠭᠴᠢ ᠬᠦᠴᠦᠨ ᠢ ᠬᠥᠭᠵᠢᠭᠡᠨ᠎ᠡ | ᠭᠤᠣᠯᠳᠠᠯᠭ᠎ᠠ ᠲᠠᠢ ᠬᠦᠷᠢᠶᠡᠨ ᠳᠠᠬᠢ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠤᠯᠤᠰ ᠤᠨ | ᠥᠮᠴᠢᠯᠡᠯᠲᠦ ᠠᠵᠤ ᠠᠬᠤᠶᠢᠯᠠᠯ ᠤᠨ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠦᠷ᠎ᠡ ᠪᠦᠲᠦᠮᠵᠢ ᠶᠢ ᠬᠢᠨᠠᠨ ᠰᠢᠯᠭᠠᠬᠤ ᠬᠠᠮᠢᠶᠠᠷᠤᠯᠲᠠ ᠶᠢᠨ | ᠠᠷᠭ᠎ᠠ ᠶᠢ ᠲᠣᠭᠲᠠᠭᠠᠨ ᠨᠡᠶᠢᠲᠡᠯᠡᠵᠦ᠂ ᠪᠡᠯᠡ ᠣᠷᠣᠭᠤᠯᠤᠯᠲᠠ ᠶᠢᠨ ᠲᠤᠭ᠎ᠠ ᠬᠡᠮᠵᠢᠶ᠎ᠡ᠂ ᠡᠵᠡᠩᠨᠡᠯᠲᠡ ᠶᠢᠨ ᠣᠷᠣᠯᠭ᠎ᠠ | ᠵᠢᠴᠢ ᠠᠰᠢᠭ ᠬᠤᠨᠵᠢᠪᠣᠷᠢ ᠶᠢᠨ ᠨᠣᠷᠮ᠎ᠠ ᠵᠡᠷᠭᠡ 6 ᠵᠦᠢᠯ ᠤᠨ ᠬᠢᠨᠠᠨ ᠰᠢᠯᠭᠠᠬᠤ ᠭᠦᠢᠴᠡᠳᠬᠡᠬᠦ ᠲᠤᠭ᠎ᠠ ᠶᠢ | ᠨᠠᠷᠢᠯᠢᠭᠵᠢᠭᠤᠯᠵᠤ᠂ ᠪᠦᠯᠦᠭᠯᠡᠯᠲᠦ ᠺᠣᠮᠫᠠᠨᠢ ᠪᠣᠯᠤᠨ 5 ᠬᠤᠪᠢᠶᠠᠷᠢ ᠺᠣᠮᠫᠠᠨᠢ ᠵᠢᠴᠢ ᠳ᠋ᠦᠩ ᠰᠢᠩ ᠪᠡᠯᠡ | ᠲᠣᠬᠢᠷᠠᠭᠤᠯᠭ᠎ᠠ ᠶᠢᠨ ᠪᠠᠳᠣᠯᠠᠭ᠎ᠠ ᠶᠢᠨ ᠺᠣᠮᠫᠠᠨᠢ ᠶᠢᠨ ᠦᠷ᠎ᠡ ᠪᠦᠲᠦᠮᠵᠢ ᠶᠢ ᠬᠢᠨᠠᠨ ᠰᠢᠯᠭᠠᠬᠤ ᠲᠣᠭᠲᠠᠯᠴᠠᠭ᠎ᠠ ᠶᠢ | ᠪᠦᠷᠢᠨᠰᠢᠭᠦᠯᠦᠨ᠎ᠡ᠃ ᠪᠣᠬᠢᠷ ᠤᠰᠤ ᠰᠢᠢᠳᠪᠦᠷᠢᠯᠡᠬᠦ ᠭᠠᠵᠠᠷ ᠪᠠ ᠲᠦᠭᠡᠭᠡᠯ ᠤᠰᠤᠨ ᠤ ᠺᠣᠮᠫᠠᠨᠢ ᠶᠢᠨ 2 ᠠᠵᠤ | ᠠᠬᠤᠶᠢᠯᠠᠯ ᠤᠨ ᠰᠲ᠋ᠣᠺ ᠤᠨ ᠡᠷᠬᠡ ᠪᠠᠷ ᠪᠠᠯᠠ ᠣᠷᠣᠭᠤᠯᠬᠤ ᠠᠷᠭ᠎ᠠ ᠪᠠᠷ ᠳᠠᠮᠵᠢᠭᠤᠯᠤᠨ ᠡᠳ᠋ ᠬᠥᠷᠥᠩᠭᠡ ᠪᠠᠨ ᠳᠠᠬᠢᠨ | ᠵᠣᠬᠢᠶᠠᠨ ᠪᠠᠶᠢᠭᠤᠯᠬᠤ ᠶᠢ ᠠᠬᠢᠭᠤᠯᠵᠤ᠂ ᠤᠯᠤᠰ ᠤᠨ ᠡᠳ᠋ ᠬᠥᠷᠥᠩᠭᠡ ᠪᠦᠯᠦᠭᠯᠡᠯ ᠨᠢ ᠲᠤᠭᠤᠷ ᠤᠨ ᠬᠦᠷᠢᠶᠡᠯᠡᠩ ᠪᠠ | ᠲᠤᠭᠤᠷ ᠤᠨ ᠴᠡᠴᠡᠭ ᠬᠤᠷᠢᠶᠠᠯᠠᠯ᠂ ᠨᠤᠬᠤᠵᠤ ᠬᠤᠳᠬᠤᠬᠤ ᠦᠢᠯᠡᠳᠪᠦᠷᠢᠯᠡᠯ ᠤᠨ ᠥᠷᠲᠡᠭᠡ᠂ ᠡᠷᠡᠭᠦᠯᠵᠢᠯ | ᠭᠤᠶᠣᠵᠢᠯ ᠤᠨ ᠲᠥᠪ ᠵᠡᠷᠭᠡ 17 ᠭᠤᠤᠯᠳᠠᠯᠭ᠎ᠠ ᠲᠠᠢ ᠲᠥᠷᠥᠯ ᠵᠦᠢᠯ ᠢ ᠰᠠᠶᠢᠲᠤᠷ ᠨᠠᠶᠢᠳᠠᠪᠦᠷᠢᠵᠢᠭᠤᠯᠤᠨ᠂ ᠺᠠᠶ | ᠷᠦᠨ ᠹᠦ᠋ ᠰᠧ ᠤᠮᠳᠠᠭᠠᠨ ᠤ ᠬᠢᠵᠠᠭᠠᠷᠲᠤ ᠺᠣᠮᠫᠠᠨᠢ ᠶᠢᠨ ᠵᠢᠯ ᠤᠨ ᠪᠣᠷᠣᠯᠠᠭᠤᠯᠭ᠎ᠠ ᠶᠢᠨ ᠲᠤᠭ᠎ᠠ ᠶᠢ ᠳᠠᠬᠢᠨ ᠢᠶᠠᠷ | ᠨᠡᠮᠡᠭᠳᠡᠭᠦᠯᠵᠦ᠂ ᠵᠢᠯ ᠤᠨ ᠳᠣᠲᠣᠷ᠎ᠠ 2 ᠠᠴᠠ ᠳᠡᠭᠡᠭᠰᠢ ᠬᠡᠪᠴᠢᠶᠡᠵᠢᠭᠰᠡᠨ ᠪᠠ ᠬᠢᠵᠠᠭᠠᠷᠯᠠᠭᠰᠠᠨ ᠠᠵᠤ ᠠᠬᠤᠶᠢᠯᠠᠯ ᠢ | ᠪᠠᠶᠢᠭᠤᠯᠵᠤ᠂ ᠵᠢᠯ ᠳᠤ 10 ᠳ᠋ᠦᠩᠰᠢᠭᠤᠷ ᠲᠥᠭᠦᠷᠢᠭ ᠠᠴᠠ ᠳᠡᠭᠡᠭᠰᠢ ᠪᠠᠯᠠ ᠣᠷᠣᠭᠤᠯᠤᠯᠲᠠ ᠶᠢ ᠪᠡᠶᠡᠯᠡᠭᠦᠯᠦᠨ᠂ | ᠪᠥᠬᠦ ᠵᠢᠯ ᠤᠨ ᠶᠡᠷᠦᠩᠬᠡᠶᠢᠯᠡᠭᠰᠡᠨ ᠡᠵᠡᠩᠨᠡᠯᠲᠡ ᠶᠢᠨ ᠣᠷᠣᠯᠭ᠎ᠠ ᠶᠢ 10 ᠳ᠋ᠦᠩᠰᠢᠭᠤᠷ ᠲᠥᠭᠦᠷᠢᠭ ᠠᠴᠠ ᠳᠡᠭᠡᠭᠰᠢ | ᠪᠣᠯᠭᠠᠵᠤ᠂ 2 ᠳ᠋ᠦᠩᠰᠢᠭᠤᠷ ᠲᠥᠭᠦᠷᠢᠭ ᠠᠴᠠ ᠳᠡᠭᠡᠭᠰᠢ ᠠᠰᠢᠭ ᠬᠤᠨᠵᠢᠪᠣᠷᠢ ᠶᠢ ᠪᠡᠶᠡᠯᠡᠭᠦᠯᠦᠨ᠎ᠡ᠃ ᠬᠤᠲᠠ ᠶᠢᠨ | ᠳᠡᠰ ᠤᠨ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠶᠢᠨ 6 ᠲᠤᠷᠰᠢᠯᠲᠠ ᠶᠢᠨ ᠴᠢᠭ ᠤᠨ ᠲᠣᠰᠬᠤᠨ ᠤ | ᠡᠳ᠋ ᠬᠥᠷᠥᠩᠭᠡ ᠪᠠᠨ ᠪᠠᠶᠢᠴᠠᠭᠠᠨ ᠬᠠᠷᠭᠤᠭᠤᠯᠬᠤ᠂ ᠰᠲ᠋ᠣᠺ ᠤᠨ ᠡᠷᠬᠡ ᠶᠢ ᠬᠡᠮᠵᠢᠶᠡᠯᠡᠬᠦ ᠵᠢᠴᠢ ᠬᠤᠷᠰᠢᠶᠠᠵᠢᠯ | ᠪᠠᠶᠢᠭᠤᠯᠬᠤ ᠵᠡᠷᠭᠡ ᠠᠵᠢᠯ ᠢ ᠪᠡᠶᠡᠯᠡᠭᠦᠯᠵᠦ᠂ ᠵᠢᠯ ᠤᠨ ᠳᠣᠲᠣᠷ᠎ᠠ ᠠᠰᠢᠭ ᠬᠤᠪᠢᠶᠠᠷᠢᠯᠠᠨ᠎ᠠ᠃ ︽ᠭᠤᠷᠪᠠ ᠶᠢ ᠨᠢᠭᠡ | ᠴᠤᠭᠴᠠᠵᠢᠭᠤᠯᠬᠤ︾ 5 ᠶᠡᠷᠦᠩᠬᠡᠶᠢᠯᠡᠭᠰᠡᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢ ᠪᠦᠲᠦᠮᠵᠢᠲᠡᠶ | ᠡᠵᠡᠩᠨᠡᠭᠦᠯᠵᠦ᠂ ᠭᠠᠵᠠᠷ ᠰᠢᠷᠣᠶ ᠶᠢ ᠨᠠᠶᠢᠳᠠᠨ ᠬᠠᠮᠢᠶᠠᠷᠤᠭᠤᠯᠬᠤ ᠲᠠᠯᠠᠪᠠᠶ ᠶᠢ 2 ᠲᠦᠮᠡᠨ ᠮᠥ ᠠᠴᠠ ᠳᠡᠭᠡᠭᠰᠢ | ᠪᠣᠯᠭᠠᠨ᠎ᠠ᠃ ᠡᠳ᠋ ᠤᠨ ᠵᠠᠰᠠᠭ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠳᠤ ᠦᠶ᠎ᠡ ᠶᠢᠨ ᠲᠥᠰᠦᠪ ᠤᠨ | ᠲᠦᠷᠢᠮ ᠢ ᠲᠡᠭᠦᠯᠳᠡᠷᠵᠢᠭᠦᠯᠦᠨ᠂ ᠲᠥᠰᠦᠪ ᠢ ᠪᠦᠷᠢᠨ ᠪᠦᠲᠦᠨ ᠪᠥᠭᠡᠳ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ | ᠵᠣᠬᠢᠶᠠᠵᠤ᠂ ᠲᠦᠰᠦᠪ ᠤᠨ ᠭᠦᠢᠴᠡᠳᠬᠡᠯ ᠢ ᠵᠢᠷᠤᠮᠵᠢᠭᠤᠨ ᠪᠥᠭᠡᠳ ᠥᠨᠳᠥᠷ ᠪᠦᠲᠦᠮᠵᠢᠲᠡᠢ ᠶᠠᠪᠤᠭᠳᠠᠭᠤᠯᠵᠤ᠂ | ᠲᠥᠰᠦᠪ ᠤᠨ ᠬᠢᠨᠠᠯᠲᠠ ᠶᠢ ᠴᠢᠩᠭ᠎ᠠ ᠬᠦᠴᠦᠲᠡᠢ ᠪᠠᠶᠢᠯᠭᠠᠨ᠎ᠠ᠃ | ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠴᠢᠳᠠᠪᠤᠷᠢ ᠶᠢ ᠨᠡᠮᠡᠭᠳᠡᠭᠦᠯᠦᠨ᠎ᠡ᠃ ︽ᠰᠢᠨ᠎ᠡ ᠶᠢ ᠡᠭᠦᠳᠬᠦ | ᠪᠠᠭᠠᠷᠢᠨ ᠵᠡᠭᠦᠨ ᠬᠤᠰᠢᠭᠤ︾ ᠶᠢ ᠪᠦᠲᠦᠭᠡᠨ ᠪᠠᠶᠢᠭᠤᠯᠵᠤ᠂ ᠤᠯᠤᠰ ᠤᠨ ᠲᠡᠰ ᠤᠨ ᠰᠢᠨ᠎ᠡ ᠶᠢ ᠡᠭᠦᠳᠬᠦ | ᠬᠡᠯᠪᠡᠷᠢ ᠶᠢᠨ ᠰᠢᠶᠠᠨ ︵ᠬᠤᠲᠠ︶ ᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠵᠦ᠂ ᠰᠢᠨᠵᠢᠯᠡᠬᠦ ᠤᠬᠠᠭᠠᠨ | ᠮᠡᠷᠭᠡᠵᠢᠯ ᠤᠨ ᠰᠤᠳᠤᠯᠤᠨ ᠨᠡᠭᠡᠭᠡᠬᠦ ᠣᠷᠣᠭᠤᠯᠤᠯᠲᠠ ᠶᠢᠨ ᠪᠣᠭᠤᠮᠲᠠ ᠰᠢᠪᠲᠤᠯᠬᠤ ᠪᠠ ︽ᠬᠤᠣᠰ ᠳᠠᠬᠢᠨ ᠢᠶᠠᠷ | ᠨᠡᠮᠡᠭᠳᠡᠭᠦᠯᠬᠦ︾ ᠠᠵᠢᠯᠯᠠᠭ᠎ᠠ ᠶᠢ ᠭᠦᠨᠵᠡᠭᠡᠢ ᠦᠷᠨᠢᠭᠦᠯᠵᠦ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠵᠢᠴᠢ | ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ ᠲᠣᠰᠪᠣᠷᠢ 2 ᠢ | ᠪᠠᠶᠢᠭᠤᠯᠤᠨ᠎ᠠ᠃ ᠰᠢᠨ᠎ᠡ ᠶᠢ ᠡᠭᠦᠳᠬᠦ ᠲᠠᠪᠴᠠᠩ ᠤᠨ ᠠᠴᠢᠶᠠᠯᠠᠪᠤᠷᠢ ᠶᠢ ᠪᠠᠶᠢᠭᠤᠯᠵᠤ᠂ ᠥᠪᠡᠷᠲᠡᠭᠡᠨ ᠵᠠᠰᠠᠬᠤ | ᠣᠷᠣᠨ ᠤ ᠲᠡᠰ ᠤᠨ ᠰᠢᠨ᠎ᠡ ᠶᠢ ᠡᠭᠦᠳᠬᠦ ᠲᠠᠪᠴᠠᠩ 2 ᠢ ᠴᠢᠷᠮᠠᠶᠢᠨ ᠪᠠᠶᠢᠭᠤᠯᠵᠤ᠂ ᠰᠢᠨᠵᠢᠯᠡᠬᠦ ᠤᠬᠠᠭᠠᠨ | ᠮᠡᠷᠭᠡᠵᠢᠯ ᠤᠨ ᠦᠷ᠎ᠡ ᠪᠦᠲᠦᠭᠡᠯ ᠢ ᠠᠳᠠᠭ ᠲᠤ ᠪᠠᠨ 2 ᠢ ᠪᠣᠲᠠᠲᠠᠶᠢᠵᠢᠭᠤᠯᠤᠨ᠎ᠠ᠃ ᠤᠯᠠᠭᠠᠨᠬᠠᠳᠠ ᠳᠡᠭᠡᠳᠦ | ᠰᠤᠷᠭᠠᠭᠤᠯᠢ ᠪᠠ ᠲᠢᠶᠠᠨᠵᠢᠨ ᠤ ᠬᠢᠲᠠᠳ ᠡᠮ ᠡᠮᠨᠡᠯᠭᠡ ᠶᠢᠨ ᠶᠡᠭᠡ ᠰᠤᠷᠭᠠᠭᠤᠯᠢ ᠵᠡᠷᠭᠡ ᠶᠡᠭᠡ ᠳᠡᠭᠡᠳᠦ | ᠰᠤᠷᠭᠠᠭᠤᠯᠢ ᠲᠠᠢ ᠬᠠᠮᠲᠤᠷᠠᠨ ᠲᠣᠭᠤᠷᠢᠭ ᠲᠤ ᠳ᠋ᠣᠺᠲ᠋ᠣᠷ ᠤᠨ ᠠᠵᠢᠯ ᠤᠨ ᠥᠷᠲᠡᠭᠡ ᠪᠠᠶᠢᠭᠤᠯᠵᠤ᠂ ᠦᠢᠯᠡᠳᠪᠦᠷᠢᠯᠡᠯ | ᠵᠢᠭᠠᠨ ᠰᠤᠷᠭᠠᠯᠲᠠ ᠰᠤᠳᠤᠯᠭᠠᠨ ᠢ ᠣᠷᠭᠠᠨᠢᠭ ᠢᠶᠠᠷ ᠤᠶᠠᠯᠳᠤᠭᠤᠯᠤᠨ᠎ᠠ᠃ | ᠬᠤᠳᠠᠯᠳᠤᠭ᠎ᠠ ᠡᠵᠡᠩᠨᠡᠯᠲᠡ ᠶᠢᠨ ᠣᠷᠴᠢᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠬᠤᠰᠢᠭᠤ ᠪᠠᠯᠭᠠᠰᠤ | ᠲᠣᠰᠬᠤᠨ ︽ᠭᠤᠷᠪᠠᠨ ᠱᠠᠲᠤ ᠨᠢᠭᠡ ᠴᠣᠭᠴᠠᠵᠢᠭᠰᠠᠨ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠣᠭᠲᠠᠯᠴᠠᠭ᠎ᠠ ᠶᠢᠨ ᠪᠠᠶᠢᠭᠤᠯᠤᠯᠲᠠ ᠶᠢ ᠪᠥᠬᠦ ᠬᠤᠲᠠ ᠶᠢᠨ ᠳᠤᠮᠳᠠᠴᠢ ᠬᠢᠷᠢ ᠲᠦᠪᠰᠢᠨ ᠠᠴᠠ ᠥᠨᠳᠥᠷ ᠪᠠᠶᠢᠯᠭᠠᠵᠤ᠂ | ᠬᠤᠲᠠ ᠶᠢᠨ ᠲᠠᠰ ᠤᠨ ᠨᠡᠷᠡᠰ ᠤᠨ ᠵᠢᠭᠰᠠᠭᠠᠯᠲᠠ ᠶᠢᠨ ᠡᠮᠦᠨ᠎ᠡ ᠡᠩᠨᠡᠭᠡᠨ ᠳᠤ ᠤᠷᠤᠭᠰᠠᠨ ᠶᠡᠷᠦᠩᠬᠡᠶᠢᠯᠡᠭᠰᠡᠨ | ᠦᠢᠯᠡᠴᠢᠯᠡᠭᠡᠨ ᠤ ᠴᠣᠩᠬᠤ ᠶᠢ ᠪᠠᠶᠢᠭᠤᠯᠤᠨ᠂ ᠰᠦᠯᠵᠢᠶᠡᠨ ᠳᠡᠭᠡᠷ᠎ᠡ ᠨᠢᠭᠡ ᠯᠡ ᠤᠳᠠᠭ᠎ᠠ ᠳᠡᠭᠡᠷ᠎ᠡ ᠭᠦᠢᠴᠡᠳᠬᠡᠬᠦ | ᠵᠦᠢᠯᠡᠰ ᠢ 20 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠂ 176 ᠵᠦᠢᠯ ᠤᠨ ᠥᠨᠳᠥᠷ ᠳᠠᠪᠲᠠᠮᠵᠢᠲᠤ | ᠦᠢᠯᠡᠴᠢᠯᠡᠭᠡᠨ ᠤ ᠵᠦᠢᠯᠡᠰ ᠢ ᠮᠤᠵᠢ ᠠᠯᠤᠰᠯᠠᠨ ᠭᠦᠢᠴᠡᠳᠬᠡᠬᠦ ᠪᠠ ᠣᠷᠣᠨ ᠪᠦᠰᠡ ᠠᠯᠤᠰᠯᠠᠨ ᠭᠦᠢᠴᠡᠳᠬᠡᠬᠦ ᠶᠢ | ᠪᠡᠶᠡᠯᠡᠭᠦᠯᠦᠨ᠎ᠡ᠃ ᠠᠵᠤ ᠠᠬᠤᠶᠢᠯᠠᠯ ᠳᠤ ᠬᠤᠯᠪᠣᠭᠳᠠᠭᠰᠠᠨ ᠬᠠᠯᠠᠮᠵᠢᠲᠤ ᠦᠢᠯᠡᠴᠢᠯᠡᠭᠡ ᠶᠢ ᠴᠢᠩᠭᠠᠳᠬᠠᠵᠤ᠂ ︽ | ᠡᠭᠦᠳᠡ ᠨᠢ ᠠᠮᠠᠷᠬᠠᠨ ᠣᠷᠣᠬᠤ᠂ ᠴᠢᠷᠠᠶ ᠨᠢ ᠰᠠᠶᠢᠬᠠᠨ ᠪᠠᠶᠢᠬᠤ᠂ ᠤᠴᠢᠷ ᠶᠠᠪᠤᠳᠠᠯ ᠢ ᠰᠢᠢᠳᠪᠦᠷᠢᠯᠡᠬᠦ ᠳᠤ ᠬᠦᠴᠢᠷ | ᠪᠠᠶᠢᠬᠤ︾ ᠠᠵᠢᠯᠯᠠᠭ᠎ᠠ ᠪᠠ ︽ᠠᠵᠢᠯ ᠬᠢᠬᠦ ᠥᠬᠡᠶ᠂ ᠤᠳᠠᠭᠠᠨ ᠬᠢᠬᠦ᠂ ᠳᠤᠷ᠎ᠠ ᠪᠠᠷ ᠢᠶᠠᠨ ᠬᠢᠬᠦ︾ ᠦᠵᠡᠭᠳᠡᠯ ᠢ | ᠴᠢᠩᠭ᠎ᠠ ᠴᠡᠭᠴᠡᠯᠡᠨ ᠵᠠᠰᠠᠵᠤ᠂ ᠬᠤᠳᠠᠯᠳᠤᠭ᠎ᠠ ᠡᠵᠡᠩᠨᠡᠯᠲᠡ ᠶᠢᠨ ᠣᠷᠴᠢᠨ ᠢ ᠡᠪᠳᠡᠭᠰᠡᠨ ᠠᠵᠢᠯᠯᠠᠭ᠎ᠠ ᠶᠢ ᠰᠢᠢᠳᠬᠡᠬᠦ | ᠡᠷᠴᠢᠮ ᠢ ᠴᠢᠩᠭᠠᠷᠠᠭᠤᠯᠤᠨ᠎ᠠ᠃ ᠬᠤᠳᠠᠯᠳᠤᠭᠠᠴᠢᠨ ᠤᠷᠢᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ | ᠪᠣᠯᠭᠤᠮᠵᠢᠲᠠᠶ ᠪᠠᠷ ᠠᠮᠠᠯᠠᠬᠤ ᠪᠠ ᠵᠠᠪᠠᠯ ᠨᠠᠶᠢᠳᠠᠪᠦᠷᠢᠵᠢᠭᠤᠯᠵᠤ᠂ ᠪᠠᠯᠠ ᠣᠷᠣᠭᠤᠯᠤᠯᠲᠠ ᠶᠢᠨ ᠲᠥᠷᠥ ᠶᠢᠨ | ᠪᠣᠳᠣᠯᠭ᠎ᠠ ᠶᠢᠨ ︽ᠬᠤᠲᠣᠭᠤᠷ ᠭᠠᠵᠠᠷ︾ ᠪᠠ ᠬᠤᠳᠠᠯᠳᠤᠭ᠎ᠠ ᠡᠵᠡᠩᠨᠡᠯᠲᠡ ᠶᠢᠨ ᠦᠢᠯᠡᠴᠢᠯᠡᠭᠡᠨ ᠤ ︽ᠥᠨᠳᠦᠷᠯᠢᠭ | ᠭᠠᠵᠠᠷ︾ ᠢ ᠪᠣᠶ ᠪᠣᠯᠭᠠᠨ᠎ᠠ᠃ |