ᠪᠠᠭᠠᠷᠢᠨ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ  ︵ᠳᠦᠷᠪᠡ︶
ᠨᠡᠶᠢᠲᠡᠯᠡᠭᠰᠡᠨ ᠴᠠᠭ᠄
2023/4/21
    ︵ᠵᠢᠷᠭᠤᠭ᠎ᠠ︶ ᠠᠷᠠᠳ ᠤᠨ ᠠᠮᠢᠳᠤᠷᠠᠯ ᠢ ᠰᠠᠶᠢᠵᠢᠷᠠᠭᠤᠯᠵᠤ᠂ ᠦᠷ᠎ᠡ ᠪᠦᠲᠦᠮᠵᠢ ᠶᠢ ᠬᠠᠮᠲᠤᠪᠠᠷ  ᠡᠳ᠋ᠯᠡᠨ᠂ ᠣᠯᠠᠨ ᠲᠦᠮᠡᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ       ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠪᠠᠶᠢᠯᠳᠤᠬᠤ ᠪᠤᠳᠤᠯᠭ᠎ᠠ ᠶᠢ ᠨᠠᠶᠢᠳᠠᠪᠤᠷᠢᠵᠢᠭᠤᠯᠤᠨ᠎ᠠ᠃ ᠠᠵᠢᠯ ᠣᠯᠭᠤᠯᠲᠠ ᠶᠢᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠶᠡᠭᠡ ᠳᠡᠭᠡᠳᠦ ᠰᠤᠷᠭᠠᠭᠤᠯᠢ ᠠᠴᠠ ᠲᠡᠭᠦᠰᠦᠭᠰᠡᠨ ᠣᠶᠤᠲᠠᠨ᠂ ᠠᠵᠢᠯ ᠣᠯᠬᠤ ᠳᠤ ᠬᠦᠴᠢᠷᠲᠡᠢ ᠬᠥᠮᠦᠰ᠂ ᠴᠡᠷᠢᠭ ᠤᠨ ᠠᠯᠪᠠ ᠠᠴᠠ ᠬᠠᠯᠠᠭᠳᠠᠭᠰᠠᠳ ᠵᠢᠴᠢ ᠵᠡᠮᠳᠡᠭ ᠬᠦᠮᠦᠨ ᠵᠡᠷᠭᠡ ᠭᠤᠣᠯᠳᠠᠯᠭ᠎ᠠ ᠲᠠᠢ ᠬᠥᠮᠦᠰ ᠤᠨ ᠠᠵᠢᠯ ᠣᠯᠬᠤ ᠦᠢᠯᠡᠰ ᠪᠣᠰᠬᠠᠬᠤ ᠶᠢ ᠳᠡᠮᠵᠢᠵᠦ᠂ ᠠᠵᠢᠯ ᠣᠯᠭᠤᠬᠤ ᠲᠠᠪᠴᠠᠩ ᠪᠠ ᠠᠷᠰᠠᠷ ᠠᠵᠢᠯ ᠤᠨ ᠵᠠᠬ᠎ᠠ ᠳᠡᠯᠭᠡᠭᠦᠷ ᠢ ᠪᠠᠶᠢᠭᠤᠯᠤᠨ᠂ ᠵᠢᠯ ᠤᠨ ᠳᠣᠲᠣᠷ᠎ᠠ ᠬᠤᠲᠠ ᠪᠠᠯᠭᠠᠰᠤᠨ ᠳᠤ 1000 ᠠᠴᠠ ᠳᠡᠭᠡᠭᠰᠢ ᠬᠥᠮᠦᠨ ᠳᠤ ᠠᠵᠢᠯ ᠣᠯᠭᠤᠵᠤ᠂ 6 ᠲᠦᠮᠡ ᠠᠴᠠ ᠳᠡᠭᠡᠭᠰᠢ ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠣᠯᠭᠤᠵᠤ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠭᠰᠠᠳ ᠤᠨ ᠨᠣᠷᠮ᠎ᠠ ᠶᠢ 4% ᠠᠴᠠ ᠳᠣᠷᠣᠭᠰᠢ ᠬᠢᠵᠠᠭᠠᠷᠯᠠᠨ᠎ᠠ᠃ ᠬᠤᠲᠠ ᠲᠣᠭᠤᠷᠢᠭ ᠤᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ ᠨᠡᠶᠢᠭᠡᠮ ᠲᠣᠭᠤᠷᠢᠭ ᠤᠨ ᠲᠤᠤᠷᠴᠢᠯᠠᠭᠰᠠᠨ ᠬᠠᠮᠢᠶᠠᠷᠤᠯᠲᠠ ᠶᠢ ᠬᠡᠷᠡᠭᠵᠢᠭᠦᠯᠵᠦ᠂ ᠠᠵᠢᠯ ᠠᠯᠳᠠᠯᠲᠠ ᠶᠢᠨ ᠳᠠᠭᠠᠳᠬᠠᠯ ᠤᠨ ︽ᠬᠠᠮᠠᠭᠠᠯᠠᠯᠲᠠ ᠶᠢᠨ ᠠᠵᠢᠯᠯᠠᠭ᠎ᠠ︾ ᠶᠢ ᠥᠷᠨᠢᠭᠦᠯᠦᠨ᠂ ᠬᠤᠲᠠ ᠬᠥᠳᠡᠭᠡ ᠶᠢᠨ ᠠᠵᠢᠯ ᠣᠯᠬᠤ ᠳᠤ ᠬᠦᠴᠢᠷᠲᠡᠶ ᠪᠠᠶᠢᠭ᠎ᠠ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠨ᠎ᠡ᠃ ᠬᠤᠸᠠᠰᠢᠶᠠ ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ ᠶᠢᠨ ︽ᠮᠠ ᠯᠠᠨ ᠬᠤᠸᠠ ᠳᠤᠮᠳᠠᠳᠤ ᠤᠯᠤᠰ ᠤᠨ ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ ᠤᠨ ᠲᠥᠷᠥᠯ ᠵᠦᠢᠯ︾ ᠢ ᠥᠷᠨᠢᠭᠦᠯᠬᠦ ᠶᠢ ᠳᠠᠮᠵᠢᠨ᠎ᠠ᠃       ᠨᠡᠶᠢᠭᠡᠮ ᠤᠨ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠣᠯᠠᠨ ᠲᠦᠮᠡᠨ ᠤ ᠬᠦᠰᠡᠯ ᠡᠷᠡᠮᠡᠯᠵᠡᠯ ᠢ ᠴᠢᠩᠭ᠎ᠠ ᠠᠩᠬᠠᠷᠴᠤ᠂ ᠣᠯᠠᠨ ᠲᠦᠮᠡᠨ ᠤ ︽ᠵᠠᠩᠭᠢᠯᠠᠭ᠎ᠠ ᠶᠢᠨ ᠪᠠᠭ᠎ᠠ ᠶᠠᠪᠤᠳᠠᠯ︾ ᠤᠨ ᠲᠣᠭᠤᠷᠢᠨ ᠳᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠨᠠᠷᠢᠨ ᠲᠠᠩᠰᠠ ᠭᠠᠷᠭᠠᠵᠤ᠂ ᠲᠥᠷᠥᠯ ᠵᠦᠢᠯᠡᠴᠢᠯᠡᠭᠰᠡᠨ ᠬᠠᠮᠢᠶᠠᠷᠤᠯᠲᠠ ᠶᠢ ᠬᠡᠷᠡᠭᠵᠢᠭᠦᠯᠦᠨ᠂ ᠪᠣᠳᠠᠲᠤ ᠶᠠᠪᠤᠳᠠᠯ ᠢ ᠦᠨᠡᠨ ᠬᠦ ᠰᠠᠶᠢᠲᠤᠷ ᠬᠢᠵᠦ᠂ ᠰᠠᠶᠢᠨ ᠶᠠᠪᠤᠳᠠᠯ ᠢ ᠦᠨᠡᠨ ᠬᠦ ᠪᠣᠳᠠᠲᠠᠶ ᠬᠢᠨ᠎ᠡ᠃ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠪᠠᠲᠤ ᠰᠠᠬᠢᠵᠤ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ ᠵᠢᠴᠢ᠂ ᠡᠮ ᠡᠮᠨᠡᠯᠭᠡ ᠶᠢᠨ ᠠᠪᠤᠷᠠᠨ ᠲᠤᠰᠠᠯᠠᠬᠤ ᠶᠡᠷᠦᠩᠬᠡᠶᠢᠯᠡᠭᠰᠡᠨ ᠱᠠᠲᠤᠯᠢᠭ ᠳᠠᠷᠤᠭᠠᠰᠤ ᠶᠢ ᠬᠥᠩᠭᠡᠷᠡᠭᠦᠯᠬᠦ ᠴᠢᠳᠠᠮᠵᠢ ᠶᠢ ᠨᠢᠭᠡᠳᠦᠯᠲᠡᠶ ᠲᠥᠯᠥᠪᠵᠢᠭᠦᠯᠦᠨ᠂ ᠬᠦᠴᠢᠷᠳᠡᠯᠲᠡᠶ ᠬᠥᠮᠦᠰ ᠢ ᠲᠡᠳᠬᠦᠨ ᠲᠤᠰᠠᠯᠠᠬᠤ᠂ ᠰᠤᠷᠤᠯᠭ᠎ᠠ ᠶᠢ  ᠳᠡᠮᠵᠢᠵᠦ ᠵᠡᠮᠳᠡᠭᠴᠦᠳ ᠢ ᠲᠤᠰᠠᠯᠠᠬᠤ᠂ ᠨᠢᠭᠦᠯᠡᠰᠦᠩᠭᠦᠶ ᠦᠢᠯᠡᠰ ᠵᠡᠷᠭᠡ ᠠᠵᠢᠯ ᠢ ᠰᠠᠶᠢᠲᠤᠷ ᠠᠳᠬᠤᠨ᠎ᠠ᠃ ᠳᠣᠣᠷ᠎ᠠ ᠣᠷᠤᠯᠭᠠᠲᠤ ᠬᠦᠮᠦᠰ ᠢ ᠠᠪᠤᠷᠠᠨ ᠲᠡᠳᠬᠦᠬᠦ ᠲᠣᠭᠲᠠᠴᠠ ᠶᠢ ᠲᠡᠭᠦᠯᠳᠡᠷᠵᠢᠭᠦᠯᠵᠦ᠂ ᠬᠤᠳᠠ ᠬᠥᠳᠡᠭᠡ ᠶᠢᠨ ᠬᠠᠮᠤᠭ ᠳᠣᠣᠷ᠎ᠠ ᠠᠮᠢᠳᠤᠷᠠᠯ ᠤᠨ ᠪᠠᠲᠤᠯᠠᠭ᠎ᠠ ᠬᠦᠷᠳᠡᠬᠦ ᠡᠲᠡᠭᠡᠳ ᠢ ᠪᠠᠷᠢᠮᠵᠢᠶᠠᠵᠢᠭᠤᠯᠤᠨ ᠮᠠᠭᠠᠳᠯᠠᠨ ᠲᠣᠭᠲᠠᠭᠠᠬᠤ ᠪᠠ ᠪᠦᠬᠦ ᠤᠯᠤᠰ ᠤᠨ ᠠᠩᠬᠠᠳᠠᠭᠴᠢ ᠲᠠᠪᠤᠨ ᠵᠢᠯ ᠳᠠᠷᠠᠭᠠᠯᠠᠨ ISO9001 ᠶᠠᠰᠤ ᠴᠢᠨᠠᠷ ᠤᠨ ᠬᠠᠮᠢᠶᠠᠷᠤᠯᠲᠠ ᠶᠢᠨ ᠰᠢᠰᠲ᠋ᠧᠮ ᠢ ᠮᠠᠭᠠᠳᠯᠠᠨ ᠲᠣᠭᠲᠠᠭᠠᠵᠤ ᠬᠢᠨᠠᠨ ᠬᠠᠷᠭᠤᠭᠤᠯᠬᠤ ᠠᠵᠢᠯ ᠢ ᠦᠷᠭᠦᠯᠵᠢᠯᠡᠨ ᠨᠠᠶᠢᠳᠠᠪᠦᠷᠢᠵᠢᠭᠤᠯᠵᠤ᠂ ᠠᠪᠤᠷᠠᠨ ᠲᠤᠰᠠᠯᠠᠬᠤ ᠡᠲᠡᠭᠡᠳ ᠤᠨ ᠪᠠᠲᠤᠯᠠᠬᠤ ᠶᠣᠰᠣᠲᠠᠢ ᠶᠢ ᠨᠢ ᠪᠦᠬᠦᠨ ᠢ ᠪᠠᠲᠤᠯᠠᠨ᠎ᠠ᠃ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠭᠦᠨᠵᠡᠭᠡᠢ ᠬᠡᠷᠡᠭᠵᠢᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠨᠣᠷᠮ᠎ᠠ ᠶᠢ 96% ᠠᠴᠠ ᠳᠡᠭᠡᠭᠰᠢ ᠪᠣᠯᠭᠠᠨ᠎ᠠ᠃ ᠡᠮᠡᠭᠲᠡᠶᠢᠴᠦᠳ᠂ ᠬᠡᠦᠬᠡᠳ᠂ ᠨᠠᠰᠤᠲᠠᠶᠢᠴᠤᠳ ᠵᠢᠴᠢ ᠵᠡᠮᠳᠡᠭᠴᠦᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠡᠷᠴᠢᠮ ᠢ ᠴᠢᠩᠭᠠᠷᠠᠭᠤᠯᠤᠨ᠎ᠠ᠃ ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠣᠷᠣᠰᠢᠭᠤᠯᠭ᠎ᠠ ᠶᠢᠨ ᠭᠠᠵᠠᠷ ᠢ ᠦᠭᠡᠷᠡᠴᠢᠯᠡᠬᠦ ᠪᠠ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠨᠡᠶᠢᠲᠡ ᠶᠢᠨ ᠪᠤᠩᠬᠤᠨ ᠢ ᠰᠢᠨ᠎ᠡ ᠪᠠᠷ ᠪᠠᠶᠢᠭᠤᠯᠬᠤ ᠲᠦᠷᠦᠯ ᠵᠦᠢᠯ ᠢ  ᠪᠠᠷᠢᠯᠭ᠎ᠠ ᠡᠬᠢᠯᠡᠭᠦᠯᠦᠨ᠎ᠡ᠃       ᠰᠤᠷᠭᠠᠨ ᠬᠥᠮᠦᠵᠢᠯ ᠤᠨ ᠦᠢᠯᠡᠰ ᠢ ᠴᠢᠨᠠᠷ ᠰᠠᠶᠢᠲᠠᠢ ᠬᠦᠭᠵᠢᠭᠦᠯᠦᠨ᠎ᠡ᠃ ᠰᠤᠷᠭᠠᠨ ᠬᠥᠮᠦᠵᠢᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠵᠦ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ︽ᠲᠠᠪᠤᠨ ᠵᠦᠢᠯ ᠢ ᠳᠡᠭᠡᠭᠰᠢᠯᠡᠭᠦᠯᠬᠦ︾ ᠢᠨᠵᠧᠨᠧᠷᠢᠩ ᠢ ᠨᠠᠶᠢᠳᠠᠪᠦᠷᠢᠵᠢᠭᠤᠯᠵᠤ᠂ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ︽ᠬᠤᠤᠰ ᠣᠳᠣᠨ︾ ᠢ ᠪᠣᠶ ᠪᠣᠯᠭᠠᠵᠤ ᠂ ᠭᠤᠷᠪᠠᠨ ᠬᠠᠪᠴᠢᠯ ᠳᠤᠮᠳᠠᠳᠤ ᠰᠤᠷᠭᠠᠭᠤᠯᠢ ᠢ ᠪᠦᠯᠬᠦᠮ ᠪᠠᠶᠢᠭᠤᠯᠬᠤ ᠮᠠᠶ᠋ᠢᠭ ᠢᠶᠠᠷ ᠬᠠᠪᠰᠤᠷᠤᠨ ᠲᠡᠳᠬᠦᠵᠦ᠂ ᠲᠤᠷᠰᠢᠯᠲᠠ ᠶᠢᠨ ᠠᠩᠭᠢ ᠶᠢ 5 ᠪᠠᠶᠢᠭᠤᠯᠤᠨ᠂ ᠰᠤᠷᠭᠠᠭᠤᠯᠢ ᠶᠢᠨ ᠲᠠᠰ ᠠᠴᠠ ᠳᠡᠭᠡᠭᠰᠢᠬᠢ ᠭᠤᠤᠯᠯᠠᠭᠴᠢ ᠪᠠᠭᠰᠢ ᠪᠠ ᠬᠢᠴᠢᠶᠡᠯ ᠲᠥᠷᠥᠯ ᠤᠨ ᠳᠠᠭᠠᠭᠤᠯᠤᠭᠴᠢ ᠶᠢ 15 ᠠᠴᠠ ᠳᠡᠭᠡᠭᠰᠢ ᠬᠥᠮᠦᠵᠢᠭᠦᠯᠦᠨ᠂ ᠵᠢᠩᠬᠢᠨᠢ ᠠᠩᠭᠢ ᠳᠤ ᠳᠡᠪᠰᠢᠭᠰᠡᠨ ᠨᠣᠷᠮ᠎ᠠ ᠶᠢ 30 % ᠠᠴᠠ ᠳᠡᠭᠡᠭᠰᠢ ᠪᠣᠯᠭᠠᠵᠤ᠂ ᠰᠢᠯᠢᠳᠡᠭ ᠬᠢᠴᠢᠶᠡᠯ ᠤᠨ ᠨᠣᠷᠮ᠎ᠠ ᠪᠠ ᠬᠢᠴᠢᠶᠡᠯ ᠤᠨ ᠲᠠᠩᠬᠢᠮ ᠤᠨ ᠬᠠᠨᠤᠮᠵᠢᠲᠠᠶ ᠨᠣᠷᠮ᠎ᠠ ᠶᠢ 70 % ᠠᠴᠠ ᠳᠡᠭᠡᠭᠰᠢ ᠪᠣᠯᠭᠠᠨ᠎ᠠ᠃ ᠪᠠᠭᠰᠢ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠪᠠᠭᠰᠢ ᠶᠢᠨ ᠠᠵᠢᠯ ᠤᠨ ᠪᠠᠶᠢᠷᠢ ᠠᠴᠠ ᠪᠠᠭᠤᠬᠤ ᠪᠠ ᠰᠠᠯᠭᠠᠨ ᠲᠣᠬᠢᠷᠠᠭᠤᠯᠬᠤ ᠲᠣᠭᠲᠠᠴᠠ ᠶᠢ ᠪᠠᠶᠢᠭᠤᠯᠵᠤ᠂ ᠪᠣᠯᠪᠠᠰᠤᠷᠠᠭᠤᠯᠤᠯ ᠢᠶᠠᠷ ᠠᠵᠢᠯ ᠤᠨ ᠪᠠᠶᠢᠷᠢ ᠰᠣᠯᠢᠬᠤ ᠪᠠ ᠣᠷᠣᠨ ᠲᠤᠭ᠎ᠠ ᠶᠢ ᠬᠢᠨᠠᠨ ᠬᠠᠰᠤᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠪᠠᠭᠰᠢ ᠶᠢ ᠵᠣᠬᠢᠰᠲᠠᠶ ᠠᠵᠢᠯ ᠤᠨ ᠪᠠᠶᠢᠷᠢ ᠰᠢᠯᠵᠢᠭᠦᠯᠦᠨ᠂ ᠵᠢᠯ ᠤᠨ ᠡᠴᠦᠰ ᠪᠣᠯᠲᠠᠯ᠎ᠠ 10% ᠠᠴᠠ ᠳᠡᠭᠡᠭᠰᠢᠬᠢ ᠬᠢᠴᠢᠶᠡᠯ ᠬᠦᠮᠦᠵᠢᠯ ᠤᠨ ᠲᠤᠰᠠᠯᠠᠭᠴᠢ᠂ ᠦᠢᠯᠡᠴᠢᠯᠡᠭᠡᠨ ᠤ ᠠᠵᠢᠯᠲᠠᠨ ᠵᠢᠴᠢ ᠬᠠᠮᠢᠶᠠᠷᠤᠭᠴᠢ ᠶᠢᠨ ᠬᠠᠷᠢᠴᠠᠯ ᠪᠠᠷᠢᠮᠵᠢᠶ᠎ᠠ ᠠᠴᠠ ᠬᠡᠲᠦᠷᠡᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠨ᠎ᠠ᠃ ᠬᠤᠰᠢᠭᠤᠨ ᠤ ᠰᠢᠭᠤᠳ ᠬᠠᠷᠢᠶ᠎ᠠ ᠶᠢᠰᠦᠳᠦᠭᠡᠷ ᠬᠡᠦᠬᠡᠳ ᠤᠨ ᠴᠡᠴᠡᠷᠯᠢᠭ᠂ ᠯᠢᠨᠳᠦ᠋ᠩ ᠤᠨ ᠨᠢᠭᠡᠳᠦᠭᠡᠷ ᠪᠠᠭ᠎ᠠ ᠰᠤᠷᠭᠠᠭᠤᠯᠢ ᠵᠢᠴᠢ ᠯᠢᠨᠳᠦ᠋ᠩ ᠤᠨ ᠳᠥᠷᠪᠡᠳᠦᠭᠡᠷ ᠪᠠᠭ᠎ᠠ ᠰᠤᠷᠭᠠᠭᠤᠯᠢ ᠶᠢᠨ ᠶᠡᠷᠦᠩᠬᠡᠶᠢᠯᠡᠭᠰᠡᠨ ᠠᠰᠠᠷ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠤᠭᠤᠯᠤᠨ᠎ᠠ᠃       ᠡᠷᠡᠭᠦᠯ ᠡᠩᠬᠡ ᠵᠡᠭᠦᠨ ᠬᠤᠰᠢᠭᠤᠨ ᠤ ᠪᠠᠶᠢᠭᠤᠯᠤᠯᠲᠠ ᠶᠢ ᠠᠬᠢᠭᠤᠯᠤᠨ᠎ᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠣᠷᠣᠨ ᠪᠦᠰᠡ ᠶᠢᠨ ᠭᠤᠣᠯ ᠡᠷᠡᠭᠦᠯ ᠬᠠᠮᠠᠭᠠᠯᠠᠯ ᠤᠨ ᠬᠤᠷᠢᠶ᠎ᠠ 5 ᠶᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠲᠡᠰ ᠤᠨ ᠬᠢᠲᠠᠳ ᠮᠣᠩᠭᠤᠯ ᠡᠮᠨᠡᠯᠭᠡ ᠶᠢᠨ ᠣᠨᠴᠠᠯᠢᠭᠲᠤ ᠡᠮᠴᠢᠯᠡᠭᠡᠨ ᠤ ᠭᠤᠣᠯᠳᠠᠯᠭ᠎ᠠ ᠲᠠᠢ ᠲᠤᠰᠬᠠᠢ ᠰᠠᠯᠠᠭ᠎ᠠ ᠶᠢ 3  ᠭᠠᠷᠭᠠᠵᠤ᠂ 3 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠲᠠᠢ ᠡᠮᠴᠢᠯᠡᠭᠡ ᠰᠤᠪᠢᠯᠠᠯᠲᠠ ᠡᠷᠡᠭᠦᠯᠵᠢᠯ ᠤᠨ ᠲᠥᠪ ᠤᠨ ᠪᠠᠷᠢᠯᠭ᠎ᠠ ᠡᠬᠢᠯᠡᠭᠦᠯᠵᠦ᠂ ᠤᠯᠤᠰ ᠤᠨ ᠪᠠᠷᠢᠮᠵᠢᠶᠠᠲᠤ ᠡᠮᠡᠭᠲᠡᠶᠢᠴᠦᠳ ᠤᠨ ᠰᠠᠯᠠᠭᠠᠨ ᠤ ᠡᠪᠡᠳᠴᠢᠨ ᠡᠮᠭᠡᠭ ᠢ ᠣᠨᠣᠰᠢᠯᠠᠨ ᠡᠮᠨᠡᠬᠦ ᠲᠥᠪ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠶᠢ ᠭᠤᠷᠪᠠᠳᠤᠭᠠᠷ ᠳᠡᠰ ᠤᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶᠠᠨ ᠤ ᠪᠠᠷᠢᠮᠵᠢᠶ᠎ᠠ ᠳᠤ ᠬᠦᠷᠭᠡᠨ᠎ᠡ᠃ ᠡᠷᠡᠭᠦᠯ ᠡᠩᠬᠡ ᠵᠡᠭᠦᠨ ᠬᠤᠰᠢᠭᠤᠨ ᠤ ᠠᠵᠢᠯᠯᠠᠭ᠎ᠠ ᠪᠠ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠶ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠲᠠᠰ ᠤᠨ ᠡᠷᠡᠭᠦᠯ ᠡᠩᠬᠡ ᠶᠢ ᠠᠬᠢᠭᠤᠯᠬᠤ ᠬᠤᠰᠢᠭᠤ ᠪᠠ ᠤᠯᠤᠰ ᠤᠨ ᠲᠠᠰ ᠤᠨ ᠡᠷᠡᠭᠦᠯ ᠬᠠᠮᠠᠭᠠᠯᠠᠯ ᠤᠨ ᠬᠤᠲᠠ ᠶᠢᠨ ᠳᠤᠲᠠᠭᠤᠳᠠᠯ ᠢ ᠨᠥᠬᠦᠪᠥᠷᠢᠯᠡᠨ᠎ᠡ᠃ ᠬᠠᠯᠳᠠᠪᠤᠷᠢᠲᠤ ᠡᠪᠡᠳᠴᠢᠨ ᠤ ᠡᠮᠴᠢᠯᠡᠭᠡᠨ ᠤ ᠡᠬᠢ ᠪᠠᠶᠠᠯᠢᠭ ᠤᠨ ᠪᠠᠶᠢᠭᠤᠯᠤᠯᠲᠠ ᠶᠢ ᠴᠢᠩᠭᠠᠳᠬᠠᠵᠤ᠂ ᠲᠡᠰ ᠲᠦᠷᠦᠯ ᠬᠤᠪᠢᠶᠠᠨ ᠠᠪᠤᠷᠠᠨ ᠡᠮᠨᠡᠬᠦ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠨᠠᠰᠤᠲᠠᠶᠢᠴᠤᠳ ᠪᠠ ᠠᠷᠬᠠᠭ ᠡᠪᠡᠳᠴᠢᠨ ᠲᠠᠢ ᠬᠥᠮᠦᠰ ᠢ ᠰᠡᠷᠭᠡᠶᠢᠯᠡᠨ ᠡᠵᠡᠮᠳᠡᠬᠦ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠵᠤ᠂ ᠣᠨᠣᠰᠢᠯᠠᠨ ᠵᠠᠰᠠᠬᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃       ᠤᠯᠠᠨ ᠨᠡᠶᠢᠲᠡ ᠶᠢᠨ ᠰᠣᠶᠣᠯ ᠪᠡᠶ᠎ᠡ ᠶᠢᠨ ᠲᠠᠮᠢᠷ ᠤᠨ ᠦᠢᠯᠡᠴᠢᠯᠡᠭᠡ ᠶᠢ ᠴᠢᠩᠭᠠᠳᠬᠠᠨ᠎ᠠ᠃ ᠬᠠᠭᠠᠰ ᠵᠠᠶᠢᠲᠤ ᠮᠠᠷᠠᠽᠤᠨ ᠤᠷᠤᠯᠳᠤᠭᠠᠨ ᠪᠠ ᠵᠠᠰᠠᠮᠠᠯ ᠵᠠᠮ ᠤᠨ ᠳᠤᠭᠤᠶ ᠲᠡᠷᠭᠡᠨ ᠤ ᠤᠷᠤᠯᠳᠤᠭᠠᠨ ᠵᠡᠷᠭᠡ ᠣᠯᠠᠨ ᠤᠯᠤᠰ ᠤᠨ ᠪᠠ ᠤᠯᠤᠰ ᠤᠨ ᠳᠣᠲᠣᠭᠠᠳᠤ ᠶᠢᠨ ᠤᠷᠤᠯᠳᠤᠭᠠᠨ ᠢ ᠢᠳᠡᠪᠬᠢᠲᠡᠶ ᠭᠤᠶᠤᠴᠢᠯᠠᠨ ᠡᠷᠭᠢᠯᠡᠵᠦ᠂ ᠵᠢᠯ ᠤᠨ ᠳᠣᠲᠣᠷ᠎ᠠ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠲᠣᠭᠯᠠᠯᠲᠠ ᠶᠢᠨ ᠠᠵᠢᠯᠯᠠᠭ᠎ᠠ ᠶᠢ 100 ᠢᠯᠡᠭᠦᠦ ᠲᠠᠯᠠᠪᠤᠷ ᠥᠷᠨᠢᠭᠦᠯᠵᠦ᠂ ᠤᠷᠤᠯᠳᠤᠭᠠᠨ ᠤ ᠠᠵᠢᠯᠯᠠᠭ᠎ᠠ ᠶᠢ 15 ᠢᠯᠡᠭᠦᠦ ᠲᠠᠯᠠᠪᠤᠷ ᠤᠳᠠᠭ᠎ᠠ ᠡᠷᠭᠢᠯᠡᠨ᠎ᠡ᠃ ᠲᠤᠮᠤ ᠬᠡᠯᠪᠡᠷᠢ ᠶᠢᠨ ᠲᠤᠤᠯᠢᠰ ᠤᠨ ᠦᠵᠡᠭᠳᠡᠯᠲᠦ ᠵᠦᠴᠦᠭᠡ ︽ᠴᠠᠨᠶᠤᠸᠠᠨ ᠤ ᠬᠤᠯᠪᠣᠭ᠎ᠠ︾ ᠶᠢ ᠨᠠᠶᠢᠷᠠᠭᠤᠯᠤᠨ ᠵᠣᠬᠢᠶᠠᠬᠤ ᠠᠵᠢᠯ ᠢ ᠡᠬᠢᠯᠡᠭᠦᠯᠵᠦ᠂ ᠭᠤᠣᠯ ᠰᠡᠳᠦᠪᠲᠦ ᠥᠪᠡᠷᠮᠢᠴᠡ ᠣᠨᠴᠠᠯᠢᠭ ᠲᠠᠢ 10 ᠭᠠᠷᠤᠢ ᠰᠢᠯᠢᠳᠡᠭ ᠪᠦᠲᠦᠭᠡᠯ ᠢ ᠭᠤᠣᠯᠳᠠᠯᠭ᠎ᠠ ᠲᠠᠢ ᠡᠭᠦᠳᠦᠨ ᠪᠦᠲᠦᠭᠡᠨ᠎ᠡ᠃ ᠯᠢᠶᠣᠤ ᠶᠢᠨ ᠳᠡᠭᠡᠳᠦᠰ ᠤᠨ ᠣᠩᠭᠤᠨ ᠤ ᠪᠠᠷᠢᠯᠭ᠎ᠠ ᠶᠢᠨ ᠰᠠᠭᠤᠷᠢ ᠶᠢᠨ ᠬᠠᠮᠠᠭᠠᠯᠠᠯᠲᠠ ᠶᠢᠨ ᠦᠵᠡᠭᠦᠯᠦᠯᠭᠡ᠂ ᠭᠢᠯᠦᠪᠡᠷ ᠵᠤᠤ ᠰᠦᠮ᠎ᠡ ᠶᠢ ᠬᠠᠮᠠᠭᠠᠯᠠᠨ ᠠᠰᠢᠭᠯᠠᠬᠤ ᠲᠥᠬᠦᠭᠡᠷᠦᠮᠵᠢ ᠵᠡᠷᠭᠡ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠵᠦ᠂ ᠵᠢᠯ ᠤᠨ ᠳᠣᠲᠣᠷ᠎ᠠ ᠯᠢᠶᠣᠤ ᠶᠢᠨ ᠳᠡᠭᠡᠳᠦ ᠨᠡᠶᠢᠰᠯᠡᠯ ᠤᠨ ᠦᠯᠡᠳᠡᠭᠳᠡᠯ ᠪᠠᠭᠤᠷᠢ ᠶᠢ ᠰᠣᠶᠣᠯ ᠤᠨ ᠥᠪ ᠢᠶᠠᠷ ᠭᠤᠶᠤᠴᠢᠯᠠᠨ ᠮᠡᠳᠡᠭᠦᠯᠬᠦ ᠲᠥᠰᠦᠯ ᠤᠨ ᠴᠣᠬᠤᠯᠠᠪᠤᠷᠢ ᠶᠢ ᠣᠯᠤᠨ᠎ᠠ᠃       ︵ᠳᠣᠯᠤᠭ᠎ᠠ︶ ᠬᠤᠷᠢᠭ᠎ᠠ ᠱᠤᠭᠤᠮ ᠤᠨ ᠰᠡᠳᠬᠢᠬᠦᠶ ᠶᠢ ᠪᠣᠢ ᠪᠣᠯᠭᠠᠨ᠂ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ᠂ ᠡᠶ᠎ᠡ ᠵᠣᠬᠢᠴᠠᠯᠲᠤ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠪᠣᠶ ᠪᠣᠯᠭᠠᠨ᠎ᠠ᠃       ᠠᠵᠤ ᠠᠬᠤᠢ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠠᠷᠢᠯᠭᠠᠨ᠎ᠠ᠃ ᠲᠦᠭᠰᠢᠭᠦᠷᠢ ᠶᠢᠨ ᠳᠠᠯᠳᠠ ᠬᠡᠮ ᠢ ᠰᠡᠷᠭᠡᠶᠢᠯᠡᠨ ᠠᠷᠢᠯᠭᠠᠵᠤ᠂ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠂ ᠲᠦᠭᠰᠢᠭᠦᠷᠢ ᠶᠢ ᠦᠨᠡᠯᠡᠨ ᠵᠢᠱᠢᠵᠦ ᠰᠡᠷᠡᠮᠵᠢᠯᠡᠭᠦᠯᠬᠦ ᠪᠠ ᠰᠢᠢᠳᠪᠦᠷᠢᠯᠡᠬᠦ ᠲᠣᠭᠲᠠᠴᠠ ᠶᠢ ᠪᠠᠶᠢᠭᠤᠯᠵᠤ᠂ ᠡᠯ᠎ᠡ ᠲᠥᠷᠥᠯ ᠤᠨ ᠪᠠᠯᠠ ᠮᠥᠩᠭᠦ᠂ ᠡᠳ᠋ ᠬᠥᠷᠥᠩᠭᠡ ᠵᠢᠴᠢ ᠡᠬᠢ ᠪᠠᠶᠠᠯᠢᠭ ᠢ ᠬᠠᠤᠯᠢ ᠲᠣᠭᠲᠠᠭᠠᠯ ᠶᠣᠰᠣᠭᠠᠷ ᠴᠢᠯᠥᠭᠡᠲᠡᠶ ᠪᠣᠯᠭᠠᠨ᠎ᠠ᠃ ᠬᠠᠤᠯᠢ ᠪᠤᠰᠤ ᠪᠠᠷ ᠪᠠᠯᠠ ᠴᠤᠭᠯᠠᠭᠤᠯᠬᠤ ᠪᠠ ᠮᠥᠩᠭᠦᠨ ᠭᠦᠢᠯᠭᠡᠭᠡᠨ ᠤ ᠮᠡᠬᠡᠯᠡᠯ ᠬᠢᠬᠦ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠮᠥᠩᠭᠦᠨ ᠭᠦᠢᠯᠭᠡᠭᠡᠨ ᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠵᠦ᠂ ᠠᠯᠬᠤᠮ ᠳᠠᠷᠠᠭ᠎ᠠ ᠲᠠᠢ ᠰᠢᠢᠳᠪᠦᠷᠢᠯᠡᠨ ᠠᠷᠢᠯᠭᠠᠵᠤ᠂ ᠣᠷᠣᠨ ᠪᠦᠰᠡ ᠶᠢᠨ ᠴᠢᠨᠠᠷᠲᠠᠶ ᠪᠠ ᠰᠢᠰᠲ᠋ᠧᠮ ᠤᠨ ᠴᠢᠨᠠᠷᠲᠠᠶ ᠠᠶᠤᠯ ᠲᠦᠭᠰᠢᠭᠦᠷᠢ ᠡᠭᠦᠰᠬᠦ ᠥᠬᠡᠶ ᠪᠠᠶᠢᠬᠤ ᠶᠢ ᠦᠨᠡᠨ ᠬᠦ ᠪᠠᠲᠤᠯᠠᠨ᠎ᠠ᠃       ᠣᠯᠠᠨ ᠨᠡᠶᠢᠲᠡ ᠶᠢᠨ ᠠᠮᠤᠷ ᠲᠦᠪᠰᠢᠨ ᠢ ᠦᠨᠡᠨᠬᠦ ᠰᠠᠶᠢᠲᠤᠷ ᠠᠳᠬᠤᠨ᠎ᠠ᠃ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠶᠤᠯ ᠦᠭᠡᠢ ᠦᠢᠯᠡᠳᠪᠦᠷᠢᠯᠡᠯ ᠤᠨ ᠤᠯᠠᠭᠠᠨ ᠱᠤᠭᠤᠮ ᠢ ᠴᠢᠩᠭ᠎ᠠ ᠰᠠᠬᠢᠵᠤ᠂ ᠦᠢᠯᠡᠳᠪᠦᠷᠢ ᠠᠭᠤᠷᠬᠠᠢ ᠠᠷᠠᠯᠵᠢᠶ᠎ᠠ ᠬᠤᠳᠠᠯᠳᠤᠭᠠᠨ ᠤ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠳᠠᠬᠢ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠴᠢᠩᠭ᠎ᠠ ᠠᠩᠬᠠᠷᠴᠤ᠂ ᠠᠶᠤᠯ ᠭᠡᠮ ᠢ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠰᠠᠶᠢᠲᠤᠷ ᠬᠢᠵᠦ᠂ ᠬᠦᠨᠳᠦ ᠣᠨᠴᠠ ᠶᠡᠭᠡ ᠠᠮᠤᠷ ᠲᠦᠪᠰᠢᠨ ᠤ ᠠᠳᠡᠯ ᠦᠯᠦ ᠡᠭᠦᠰᠬᠦ   ᠶᠢ ᠪᠠᠲᠤᠯᠠᠨ᠎ᠠ᠃ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠪᠠ ᠴᠢᠳᠠᠪᠤᠷᠢ ᠶᠢᠨ ᠣᠳᠣᠬᠢᠴᠢᠯᠠᠯᠲᠠ ᠶᠢ ᠲᠦᠷᠭᠡᠳᠬᠡᠵᠦ᠂ ᠭᠤᠤᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠤ ᠠᠶᠤᠯ ᠥᠬᠡᠶ ᠦᠢᠯᠡᠳᠪᠦᠷᠢᠯᠡᠯ ᠤᠨ ᠣᠶᠣᠨᠴᠢᠯᠠᠯᠲᠠ ᠪᠠ ᠰᠦᠯᠵᠢᠶᠡᠨ ᠳᠡᠭᠡᠷᠡᠬᠢ ᠬᠢᠨᠠᠨ ᠬᠠᠮᠢᠶᠠᠷᠬᠤ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠤᠨ᠂ ᠬᠢᠨᠠᠨ ᠰᠢᠨᠵᠢᠵᠦ ᠤᠷᠢᠳᠴᠢᠯᠠᠨ ᠮᠡᠳᠡᠭᠦᠯᠵᠦ ᠰᠡᠷᠡᠮᠵᠢᠯᠡᠭᠦᠯᠬᠦ ᠴᠢᠳᠠᠪᠤᠷᠢ ᠶᠢ ᠦᠨᠡᠨᠬᠦ ᠳᠡᠭᠡᠭᠰᠢᠯᠡᠭᠦᠯᠦᠨ᠎ᠡ᠃ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠂ ᠭᠠᠮᠰᠢᠭ ᠤᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠨ᠎ᠠ᠃ ᠢᠳᠡᠭᠡᠨ ᠪᠠ ᠡᠮ ᠤᠨ ᠵᠦᠢᠯ ᠢ ᠴᠢᠩᠭ᠎ᠠ ᠬᠢᠨᠠᠨ ᠬᠠᠮᠢᠶᠠᠷᠴᠤ᠂ ᠥᠷᠭᠡᠨ ᠤᠯᠠᠨ ᠲᠦᠮᠡᠨ ᠤ ᠢᠳᠡᠭᠡᠨ ᠤᠮᠳᠠᠭᠠᠨ ᠡᠮ ᠤᠨ ᠵᠦᠢᠯ ᠤᠨ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃ ᠨᠡᠶᠢᠭᠡᠮ ᠤᠨ ᠲᠣᠭᠲᠠᠭᠤᠨ ᠪᠠᠶᠢᠳᠠᠯ ᠢ ᠪᠦᠬᠦ ᠬᠦᠴᠦᠨ ᠢᠶᠠᠷ ᠢᠶᠠᠨ ᠬᠠᠮᠠᠭᠠᠯᠠᠨ᠎ᠠ᠃ ᠨᠡᠶᠢᠭᠡᠮ ᠤᠨ ᠠᠮᠤᠷ ᠢ ᠬᠠᠮᠠᠭᠠᠯᠠᠵᠤ ᠰᠡᠷᠭᠡᠶᠢᠯᠡᠨ ᠡᠵᠡᠮᠳᠡᠬᠦ ᠲᠣᠭᠲᠠᠯᠴᠠᠭᠠᠨ ᠤ ᠪᠠᠶᠢᠭᠤᠯᠤᠯᠲᠠ ᠶᠢ ᠴᠢᠩᠭᠠᠳᠬᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤᠵᠢᠭᠤᠯᠤᠨ ᠥᠷᠨᠢᠭᠦᠯᠵᠦ᠂ ᠣᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠰᠢᠳᠬᠡᠵᠦ᠂ ᠠᠮᠢᠨ ᠬᠡᠷᠡᠭ ᠪᠠ ᠠᠷᠠᠳ ᠤᠨ ᠠᠮᠢᠳᠤᠷᠠᠯ ᠳᠤ ᠬᠤᠯᠪᠣᠭᠳᠠᠭᠰᠠᠨ ᠬᠡᠷᠡᠭ ᠡᠭᠦᠰᠬᠦ ᠨᠣᠷᠮ᠎ᠠ ᠶᠢ ᠵᠡᠷᠭᠡᠪᠡᠷ  ᠪᠠᠭᠤᠷᠠᠭᠤᠯᠤᠨ᠎ᠠ᠃ ᠦᠯᠡᠳᠡᠪᠦᠷᠢ ᠶᠢ ᠪᠠᠭᠠᠰᠬᠠᠨ᠂ ᠨᠡᠮᠡᠭᠳᠡᠯ ᠢ ᠬᠢᠵᠠᠭᠠᠷᠯᠠᠵᠤ᠂ ᠵᠠᠬᠢᠳᠠᠯ ᠰᠤᠷᠪᠤᠯᠵᠢᠯᠠᠯ ᠤᠨ ᠬᠠᠮᠲᠤᠷᠠᠭᠰᠠᠨ ᠬᠤᠷᠠᠯ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠦᠴᠢᠷ ᠲᠦᠪᠡᠭᠲᠡᠶ ᠵᠠᠬᠢᠳᠠᠯ ᠰᠤᠷᠪᠤᠯᠵᠢᠯᠠᠯ ᠤᠨ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠨ᠎ᠡ᠃ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠬᠤᠰᠢᠭᠤ ᠱᠠᠲᠤᠨ ᠤ ᠵᠥᠷᠢᠴᠡᠯ ᠵᠢᠭᠤᠷᠠᠭᠠᠨ ᠢ ᠡᠶᠡᠳᠡᠭᠦᠯᠬᠦ ᠲᠥᠪ ᠢ ᠪᠠᠶᠢᠭᠤᠯᠤᠨ᠂ ᠠᠷᠠᠳ ᠤᠨ ᠡᠶᠡᠳᠡᠭᠦᠯᠦᠭᠡ ᠶᠢᠨ ᠠᠮᠵᠢᠯᠲᠠ ᠶᠢ 96 % ᠠᠴᠠ ᠳᠡᠭᠡᠭᠰᠢ ᠪᠣᠯᠭᠠᠨ᠎ᠠ᠃ ︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠲᠥᠯᠥᠪᠵᠢᠭᠦᠯᠭᠡ ᠶᠢ ᠨᠠᠶᠢᠳᠠᠪᠤᠷᠢᠵᠢᠭᠤᠯᠵᠤ᠂ ︽ᠬᠠᠤᠯᠢ ᠴᠠᠭᠠᠵᠠ ᠶᠢ ᠲᠤᠯᠤᠭ᠎ᠠ ᠳᠤ ᠬᠦᠷᠭᠡᠬᠦ︾ ᠠᠵᠢᠯᠯᠠᠭ᠎ᠠ ᠶᠢ ᠭᠦᠨᠵᠡᠭᠡᠢ ᠥᠷᠨᠢᠭᠦᠯᠵᠦ ᠂ ᠬᠠᠤᠯᠢ ᠪᠠᠷ ᠵᠠᠰᠠᠬᠤ ᠬᠥᠳᠡᠭᠡ ᠲᠣᠰᠬᠤᠨ ᠤ ᠪᠠᠶᠢᠭᠤᠯᠤᠯᠲᠠ ᠶᠢ ᠴᠢᠩᠭᠠᠳᠬᠠᠨ᠂ ᠪᠦᠬᠦ ᠠᠷᠠᠳ ᠤᠨ ᠬᠠᠤᠯᠢ ᠪᠠᠷ ᠵᠠᠰᠠᠬᠤ ᠦᠵᠡᠯᠲᠡ ᠶᠢ ᠴᠢᠩᠭᠠᠳᠬᠠᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠠᠵᠢᠯ ᠢ ᠦᠨᠡᠨ ᠪᠣᠳᠠᠲᠠᠢ ᠪᠥᠭᠡᠳ ᠪᠦᠲᠦᠮᠵᠢᠲᠡᠢ ᠦᠷᠨᠢᠭᠦᠯᠵᠦ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号