ᠪᠠᠭᠠᠷᠢᠨ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ︵  ᠳᠠᠪᠤ︶
ᠨᠡᠶᠢᠲᠡᠯᠡᠭᠰᠡᠨ ᠴᠠᠭ᠄
2023/4/21
    ᠭᠤᠷᠪᠠ᠂ ᠵᠠᠰᠠᠭ ᠤᠨ ᠣᠷᠳᠣᠨ ᠤ ᠵᠠᠰᠠᠯᠲᠠ ᠶᠢᠨ ᠴᠢᠳᠠᠪᠤᠷᠢ ᠪᠠ  ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ     ᠲᠥᠯᠥᠭᠡᠯᠡᠭᠴᠢᠳ ᠡ᠂ ᠨᠠᠮ ᠤᠨ ᠬᠤᠷᠢᠳᠤᠭᠠᠷ ᠶᠡᠭᠡ ᠬᠤᠷᠠᠯ ᠨᠢ ᠰᠢᠨ᠎ᠡ ᠠᠶᠠᠨ ᠳᠤ ᠡᠷᠡᠮᠡᠬᠡᠶᠢᠯᠡᠨ ᠤᠷᠤᠭᠰᠢᠯᠠᠬᠤ ᠴᠠᠭ ᠦᠶ᠎ᠡ ᠶᠢᠨ ᠪᠦᠷᠢᠶ᠎ᠡ ᠶᠢ ᠬᠠᠩᠭᠢᠨᠠᠭᠤᠯᠵᠤ᠂ ᠰᠢᠨ᠎ᠡ ᠭᠠᠷᠤᠭ᠎ᠠ ᠳᠤ ᠵᠣᠭᠰᠣᠨ᠂ ᠰᠢᠨ᠎ᠡ ᠱᠠᠲᠤᠨ ᠳᠤ ᠣᠷᠣᠵᠤ᠂ ᠰᠢᠨ᠎ᠡ ᠠᠶᠠᠨ ᠳᠤ ᠮᠣᠷᠳᠠᠬᠤ ᠳᠤ᠂ ᠵᠠᠰᠠᠭ ᠤᠨ ᠣᠷᠳᠣᠨ ᠳᠤ ᠬᠦᠨᠳᠦ ᠡᠭᠦᠷᠭᠡ ᠲᠠᠯᠪᠢᠭᠳᠠᠵᠤ ᠪᠠᠶᠢᠨ᠎ᠠ᠃ ᠪᠢᠳᠡ ᠡᠷᠬᠡᠪᠰᠢ ᠣᠭ ᠵᠣᠷᠢᠯᠲᠠ ᠪᠠᠨ ᠥᠯᠥ ᠮᠠᠷᠲᠠᠨ ᠳᠠᠬᠢᠨ ᠮᠣᠷᠳᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠨ ᠵᠣᠷᠢᠭᠲᠠᠶ ᠪᠠᠷ ᠡᠭᠦᠷᠭᠡᠯᠡᠵᠦ᠂ ᠵᠠᠰᠠᠭ ᠤᠨ ᠣᠷᠳᠣᠨ ᠤ ᠡᠭᠦᠷᠭᠡ ᠴᠢᠳᠠᠪᠬᠢ ᠪᠠᠨ ᠨᠠᠩ ᠰᠠᠶᠢᠲᠤᠷ  ᠭᠦᠢᠴᠡᠳᠬᠡᠵᠤ᠂ ᠵᠠᠰᠠᠭ ᠤᠨ ᠣᠷᠳᠣᠨ ᠤ ᠵᠠᠰᠠᠯᠲᠠ ᠶᠢᠨ ᠰᠢᠰᠲ᠋ᠧᠮ ᠪᠣᠯᠤᠨ ᠴᠢᠳᠠᠪᠤᠷᠢ ᠶᠢᠨ ᠣᠳᠣᠬᠢᠴᠢᠯᠠᠯᠲᠠ ᠶᠢ ᠦᠷᠭᠦᠯᠵᠢᠯᠡᠨ ᠠᠬᠢᠭᠤᠯᠵᠤ᠂ ᠠᠷᠠᠳ ᠲᠦᠮᠡᠨ ᠳᠤ ᠲᠠᠭᠠᠰᠢᠶᠠᠭᠳᠠᠭᠰᠠᠨ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠤᠨ᠎ᠠ᠃ ᠲᠤᠭ ᠲᠡᠮᠳᠡᠭ ᠲᠣᠳᠣᠷᠬᠠᠶ ᠪᠠᠷ ᠤᠯᠤᠰ ᠲᠥᠷᠥ ᠶᠢ ᠡᠷᠬᠢᠮᠯᠡᠶ᠎ᠡ᠃ ᠤᠯᠤᠰ ᠲᠥᠷᠥ ᠶᠢᠨ ᠪᠠᠶᠢᠭᠤᠯᠤᠯᠲᠠ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ︽ᠳᠥᠷᠪᠡᠨ ᠤᠬᠠᠮᠰᠠᠷ︾ ᠢ ᠴᠢᠰᠤᠨ ᠳᠤ ᠪᠠᠨ ᠠᠭᠤᠰᠬᠠᠨ᠂ ︽ᠳᠥᠷᠪᠡᠨ ᠢᠲᠡᠭᠡᠯ︾ ᠢ ᠰᠡᠳᠬᠢᠯ ᠳᠤ ᠪᠠᠨ  ᠬᠠᠳᠠᠩᠰᠢᠭᠤᠯᠵᠤ᠂ ︽ᠬᠤᠶᠠᠷ ᠢ ᠬᠠᠮᠠᠭᠠᠯᠠᠬᠤ︾ ᠶᠢ ᠠᠵᠢᠯᠯᠠᠭ᠎ᠠ ᠪᠣᠯᠭᠠᠨ ᠬᠤᠪᠢᠷᠠᠭᠤᠯᠵᠤ᠂ ᠳᠡᠭᠡᠳᠦ ᠱᠠᠲᠤᠨ ᠤ ᠵᠢᠭᠠᠪᠤᠷᠢ ᠱᠠᠭᠠᠷᠳᠠᠯᠭ᠎ᠠ ᠪᠠ ᠡᠯ᠎ᠡ ᠵᠦᠢᠯ ᠤᠨ ᠰᠢᠢᠳᠪᠦᠷᠢᠳᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠲᠤᠤᠱᠯᠠᠭᠤᠯᠤᠨ ᠨᠠᠶᠢᠳᠠᠪᠦᠷᠢᠵᠢᠭᠤᠯᠤᠨ᠎ᠠ᠃ ᠬᠤᠰᠢᠭᠤᠨ ᠤ ᠨᠠᠮ ᠤᠨ  ᠬᠤᠷᠢᠶ᠎ᠠ ᠶᠢᠨ ᠪᠥᠬᠦ ᠲᠠᠯ᠎ᠠ ᠶᠢᠨ ᠤᠳᠤᠷᠢᠳᠤᠯᠭ᠎ᠠ ᠪᠠ ᠴᠢᠬᠤᠯᠠ ᠶᠡᠭᠡ ᠤᠴᠢᠷ ᠶᠠᠪᠤᠳᠠᠯ ᠳᠤ ᠵᠢᠭᠠᠪᠤᠷᠢ ᠠᠪᠴᠤ ᠮᠡᠳᠡᠭᠦᠯᠬᠦ ᠶᠢ ᠤᠬᠠᠮᠰᠠᠷ ᠠᠴᠠ ᠪᠠᠨ ᠭᠥᠯᠢᠶᠡᠨ ᠠᠪᠴᠤ᠂ ᠦᠵᠡᠯ ᠰᠠᠨᠠᠭ᠎ᠠ ᠪᠠᠨ ᠨᠢᠭᠡᠳᠬᠡᠨ᠂ ᠬᠠᠷᠠᠯᠲᠠ ᠪᠠᠨ ᠢᠵᠢᠯᠢᠰᠢᠭᠦᠯᠵᠦ᠂ ᠠᠵᠢᠯᠯᠠᠭ᠎ᠠ ᠪᠠᠨ ᠨᠢᠭᠡᠲᠦᠭᠦᠯᠦᠨ᠎ᠡ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠨᠠᠷᠢᠨ ᠬᠢᠨᠠᠮᠠᠭᠠᠢ ᠨᠠᠶᠢᠳᠠᠪᠦᠷᠢᠵᠢᠭᠤᠯᠵᠤ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠭᠡᠰᠢᠭᠦᠨ ᠺᠠᠳ᠋ᠷ ᠤᠨ ᠤᠯᠤᠰ ᠲᠥᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠦ ᠶᠢᠨ ᠤᠬᠠᠬᠤ ᠴᠢᠳᠠᠪᠤᠷᠢ ᠵᠢᠴᠢ ᠤᠯᠤᠰ ᠲᠥᠷᠦ ᠶᠢᠨ ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠵᠦ᠂ ᠲᠦᠮᠡᠨ ᠣᠯᠠᠨ ᠢᠶᠠᠷ ᠢᠶᠠᠨ ᠰᠡᠳᠬᠢᠯ ᠨᠢᠭᠡᠳᠦᠨ᠂ ᠬᠦᠴᠢᠷ ᠪᠡᠷᠬᠡ ᠶᠢ ᠬᠠᠮᠲᠤ ᠪᠠᠷ ᠲᠤᠭᠤᠯᠬᠤ ᠨᠡᠶᠢᠲᠡ ᠶᠢᠨ ᠬᠦᠴᠦᠨ ᠢ ᠨᠢᠭᠲᠠᠷᠠᠭᠤᠯᠵᠤ᠂ ᠵᠠᠰᠠᠭ ᠤᠨ ᠵᠠᠷᠯᠢᠭ ᠤᠨ ᠰᠠᠭᠠᠳ ᠦᠭᠡᠢ ᠶᠠᠪᠤᠭᠳᠠᠬᠤ ᠶᠢ ᠪᠠᠲᠤᠯᠠᠨ᠎ᠠ᠃      ᠬᠠᠤᠯᠢ ᠶᠣᠰᠣᠭᠠᠷ ᠲᠤᠰᠢᠶᠠᠯ ᠢᠶᠠᠨ ᠭᠦᠢᠴᠡᠳᠭᠡᠵᠦ ᠳᠦᠷᠢ ᠲᠥᠷᠬᠦ ᠶᠢ ᠪᠣᠶ ᠪᠣᠯᠭᠠᠶ᠎ᠠ᠃ ᠬᠠᠤᠯᠢ ᠪᠠᠷ ᠵᠠᠰᠠᠬᠤ ᠰᠡᠳᠬᠢᠬᠦᠶ ᠶᠢ ᠪᠠᠲᠤ ᠪᠠᠬᠢ ᠪᠣᠶ ᠪᠣᠯᠭᠠᠵᠤ᠂ ᠵᠠᠰᠠᠭ ᠤᠨ ᠣᠷᠳᠣᠨ ᠤ ᠦᠢᠯᠡ ᠠᠵᠢᠯᠯᠠᠭ᠎ᠠ ᠶᠢ ᠬᠠᠤᠯᠢ ᠪᠠᠷ ᠵᠠᠰᠠᠬᠤ ᠵᠠᠮ ᠳᠤ ᠪᠥᠬᠦ ᠲᠠᠯ᠎ᠠ ᠪᠠᠷ ᠣᠷᠣᠭᠤᠯᠵᠤ᠂ ᠠᠵᠢᠯ ᠶᠠᠪᠤᠳᠠᠯ ᠭᠦᠢᠴᠡᠳᠬᠡᠬᠦ ᠳᠤ ᠬᠠᠤᠯᠢ ᠶᠢ ᠵᠢᠷᠤᠮᠯᠠᠨ᠂ ᠤᠴᠢᠷ ᠶᠠᠪᠤᠳᠠᠯ ᠲᠤᠯᠭᠠᠷᠠᠪᠠᠯ ᠬᠠᠤᠯᠢ ᠶᠢ ᠡᠷᠢᠵᠦ᠂ ᠠᠰᠠᠭᠤᠳᠠᠯ ᠢ ᠰᠢᠢᠳᠪᠦᠷᠢᠯᠡᠬᠦ ᠳᠤ ᠬᠠᠤᠯᠢ ᠶᠢ  ᠬᠡᠷᠡᠭᠯᠡᠨ᠂ ᠵᠥᠷᠢᠴᠡᠯ ᠢ ᠠᠷᠢᠯᠭᠠᠬᠤ ᠳᠤ ᠬᠠᠤᠯᠢ ᠳᠤ ᠲᠦᠰᠢᠭᠯᠡᠨ᠎ᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠬᠠᠤᠯᠢ ᠴᠠᠭᠠᠵᠠ ᠶᠢᠨ ᠬᠢᠨᠠᠯᠲᠠ ᠪᠠ ᠠᠵᠢᠯ ᠤᠨ ᠬᠢᠨᠠᠯᠲᠠ ᠶᠢ ᠬᠠᠤᠯᠢ ᠶᠣᠰᠣᠭᠠᠷ ᠬᠦᠯᠢᠶᠡᠵᠦ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠨ᠂ ᠨᠡᠶᠢᠭᠡᠮ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠥᠷᠭᠡᠨ ᠢᠶᠠᠷ ᠬᠦᠯᠢᠶᠡᠵᠦ᠂ ᠬᠢᠨᠠᠨ ᠪᠤᠳᠤᠬᠤ ᠬᠢᠨᠠᠯᠲᠠ ᠶᠢ ᠭᠦᠨᠵᠡᠭᠡᠶᠢᠷᠡᠭᠦᠯᠦᠨ᠎ᠡ᠃ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠳᠦ ᠪᠣᠳᠣᠯᠭ᠎ᠠ ᠲᠣᠭᠲᠠᠭᠠᠬᠤ ᠳᠦᠷᠢᠮ ᠢ ᠴᠢᠩᠭ᠎ᠠ ᠨᠠᠶᠢᠳᠠᠪᠦᠷᠢᠵᠢᠭᠤᠯᠵᠤ᠂ ᠳᠡᠰ ᠳᠠᠷᠠᠭᠠᠯᠠᠯ ᠢ ᠵᠢᠷᠤᠮᠵᠢᠭᠤᠯᠤᠨ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠳᠦ ᠪᠣᠳᠣᠯᠭ᠎ᠠ ᠲᠣᠭᠲᠠᠭᠠᠬᠤ ᠪᠠ ᠠᠷᠠᠳᠴᠢᠯᠠᠯ ᠢᠶᠠᠷ ᠰᠢᠢᠳᠪᠦᠷᠢᠳᠦ ᠪᠣᠳᠣᠯᠭ᠎ᠠ ᠲᠣᠭᠲᠠᠭᠠᠬᠤ ᠶᠢ ᠪᠠᠷᠢᠮᠲᠠᠯᠠᠵᠤ᠂ ᠵᠠᠰᠠᠭ ᠤᠨ ᠣᠷᠳᠣᠨ ᠤ ᠬᠠᠤᠯᠢ ᠪᠠᠷ ᠵᠠᠰᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃     ᠰᠢᠷᠭᠠᠭᠤ ᠠᠵᠢᠯᠯᠠᠵᠤ ᠦᠷ᠎ᠡ ᠪᠦᠲᠦᠮᠵᠢ ᠪᠠᠨ ᠳᠡᠭᠡᠭᠰᠢᠯᠡᠭᠦᠯᠦᠶ᠎ᠡ᠃ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠨ᠂ ᠤᠯᠠᠨ ᠲᠦᠮᠡᠨᠴᠢ ᠦᠵᠡᠯᠲᠡ ᠶᠢ ᠪᠠᠲᠤ ᠪᠤᠢ ᠪᠣᠯᠭᠠᠵᠤ᠂ ᠤᠯᠠᠨ ᠲᠦᠮᠡᠨᠴᠢ ᠱᠤᠭᠤᠮ ᠢ ᠲᠤᠤᠱᠯᠠᠭᠤᠯᠤᠨ᠂ ᠤᠯᠠᠨ ᠲᠦᠮᠡᠨ ᠤ ᠬᠦᠰᠡᠵᠦ ᠰᠠᠨᠠᠵᠤ ᠪᠠᠶᠢᠭ᠎ᠠ ᠵᠦᠢᠯ ᠳᠤ ᠬᠠᠷᠢᠭᠤᠯᠲᠠ ᠥᠭᠴᠦ᠂ ᠤᠯᠠᠨ ᠲᠦᠮᠡᠨ ᠤ ᠠᠮᠤᠷ ᠲᠦᠪᠰᠢᠨ ᠠᠶᠤᠯ ᠵᠣᠪᠠᠭᠤᠷᠢ ᠶᠢ ᠰᠠᠨᠠᠭᠠᠴᠢᠯᠠᠭ᠎ᠠ ᠠᠴᠠ ᠪᠠᠨ ᠬᠠᠮᠠᠭᠠᠯᠠᠨ ᠰᠢᠢᠳᠪᠦᠷᠢᠯᠡᠨ᠎ᠡ᠃ ᠰᠢᠯᠭᠠᠯᠲᠠ ᠲᠤᠰᠢᠶᠠᠬᠤ ᠤᠬᠠᠮᠰᠠᠷ ᠪᠠ ᠳᠠᠩᠰᠠ ᠮᠡᠳᠡᠭᠦᠯᠬᠦ ᠤᠬᠠᠮᠰᠠᠷ ᠢᠶᠠᠨ ᠦᠨᠡᠨ ᠬᠦ ᠴᠢᠩᠭᠠᠳᠬᠠᠵᠤ᠂ ᠦᠵᠡᠯ ᠰᠠᠨᠠᠭ᠎ᠠ ᠪᠠᠨ ᠴᠢᠯᠥᠭᠡᠯᠡᠨ᠂ ᠲᠠᠷᠢᠬᠢ ᠪᠠᠨ ᠬᠥᠳᠡᠯᠭᠡᠵᠦ᠂ ᠲᠦᠷᠦ ᠶᠢᠨ ᠪᠤᠳᠤᠯᠭ᠎ᠠ ᠶᠢ ᠰᠤᠳᠤᠯᠬᠤ ᠪᠠ ᠠᠰᠠᠭᠤᠳᠠᠯ ᠢ ᠰᠢᠢᠳᠪᠦᠷᠢᠯᠡᠬᠦ ᠳᠡᠭᠡᠷ᠎ᠡ ᠢᠯᠡᠭᠦᠬᠡᠨ ᠬᠦᠴᠦ ᠲᠠᠯᠪᠢᠨ᠎ᠠ᠃ ︽ᠳᠠᠷᠦ᠋ᠢᠬᠠᠨ ᠭᠦᠢᠴᠡᠳᠬᠡᠵᠦ᠂ ᠦᠨᠡᠨ ᠬᠦ ᠪᠣᠳᠠᠲᠠᠢ ᠬᠢᠬᠦ︾ ᠰᠢᠯᠢᠳᠡᠭ ᠰᠤᠷᠲᠠᠯ ᠢ ᠶᠡᠭᠡ ᠪᠠᠷ ᠪᠠᠳᠠᠷᠠᠭᠤᠯᠵᠤ᠂ ᠬᠢᠵᠦ ᠳᠡᠶᠢᠯᠬᠦ ᠶᠠᠪᠤᠳᠠᠯ ᠢ ᠬᠦᠯᠢᠶᠡᠯᠭᠡᠬᠦ ᠦᠭᠡᠢ᠂ ᠬᠢᠬᠦ ᠶᠣᠰᠣᠲᠠᠢ ᠶᠠᠪᠤᠳᠠᠯ ᠢ ᠬᠤᠶᠢᠰᠢᠯᠠᠭᠤᠯᠬᠤ ᠦᠭᠡᠢ᠂ ᠬᠢᠬᠦ ᠳᠤ ᠬᠦᠴᠢᠷ ᠶᠠᠪᠤᠳᠠᠯ ᠢ ᠲᠠᠯᠪᠢᠬᠤ ᠦᠭᠡᠢ᠂ ᠬᠠᠮᠵᠢᠯᠴᠠᠬᠤ ᠶᠠᠪᠤᠳᠠᠯ ᠢ ᠲᠦᠯᠬᠢᠬᠦ ᠦᠭᠡᠢ ᠪᠠᠶᠢᠵᠤ᠂ ᠠᠵᠢᠯ ᠢᠶᠠᠨ ᠦᠨᠡᠨ ᠪᠣᠳᠠᠲᠠᠢ ᠰᠢᠭᠤᠷᠬᠠᠢ ᠪᠡᠶᠡᠯᠡᠭᠦᠯᠵᠦ᠂ ᠲᠣᠭᠲᠠᠭᠠᠪᠠᠯ ᠬᠢᠵᠦ᠂ ᠬᠢᠪᠡᠯ ᠲᠦᠷᠭᠡᠨ ᠬᠢᠬᠦ ᠪᠦᠭᠡᠳ ᠰᠠᠶᠢᠨ ᠬᠢᠵᠦ᠂ ᠪᠣᠳᠠᠲᠤ ᠠᠮᠵᠢᠯᠲᠠ ᠪᠠᠷ ᠢᠶᠠᠨ ᠣᠯᠠᠨ ᠤ ᠢᠲᠡᠭᠡᠯ ᠪᠠ ᠠᠷᠠᠳ ᠤᠨ ᠰᠡᠳᠬᠢᠯ ᠢ ᠣᠯᠤᠨ᠎ᠠ᠃      ᠠᠷᠢᠭᠤᠨ ᠴᠢᠬᠡᠴᠢ ᠪᠠᠷ ᠬᠤᠷᠢᠭ᠎ᠠ ᠱᠤᠭᠤᠮ ᠢ ᠰᠠᠬᠢᠶ᠎ᠠ᠃ ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠲᠦᠷᠪᠡᠨ ᠰᠤᠷᠲᠠᠯ︾ ᠢ ᠰᠢᠨᠲᠠᠷᠠᠰᠢ ᠦᠭᠡᠢ ᠵᠠᠯᠠᠷᠠᠭᠤᠯᠤᠨ ᠵᠠᠰᠠᠵᠤ᠂ ᠠᠷᠠᠳ ᠤᠨ ᠠᠮᠢᠳᠤᠷᠠᠯ ᠤᠨ ᠬᠦᠷᠢᠶᠡᠨ ᠳᠠᠬᠢ ︽ᠦᠴᠦᠬᠡᠨ ᠢᠯᠵᠠᠷᠠᠯ︾ ᠢ ᠭᠦᠨᠵᠡᠭᠡᠢ ᠴᠡᠭᠴᠡᠯᠡᠨ ᠵᠠᠰᠠᠨ᠎ᠠ᠃ ︽ᠠᠷᠪᠢᠯᠠᠨ ᠭᠠᠮᠨᠠᠬᠤ︾ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠬᠢᠵᠠᠭᠠᠷ ᠲᠠᠢ ᠪᠡᠯᠡ ᠮᠥᠩᠭᠦ ᠪᠠ ᠡᠬᠢ ᠪᠠᠶᠠᠯᠢᠭ ᠢ ︽ᠬᠡᠷᠡᠭᠴᠡᠭᠡ ᠲᠠᠢ ᠭᠠᠵᠠᠷ︾ ᠲᠤ ᠬᠡᠷᠡᠭᠯᠡᠨ᠎ᠡ᠃ ︽ᠨᠢᠭᠡ ᠠᠵᠢᠯ ᠤᠨ ᠪᠠᠶᠢᠷᠢ ᠶᠢᠨ ᠬᠤᠤᠰ ᠬᠠᠷᠢᠭᠤᠴᠠᠯᠭ᠎ᠠ︾ ᠶᠢ ᠴᠢᠩᠭ᠎ᠠ ᠭᠦᠢᠴᠡᠳᠬᠡᠵᠤ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠶᠢᠵᠢᠭᠤᠯᠤᠨ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠠᠷᠠᠯ ᠢ ᠡᠰᠡᠷᠭᠦᠴᠡᠨ᠂ ᠣᠯᠠᠨ ᠲᠦᠮᠡᠨ ᠤ ᠳᠡᠷᠭᠡᠳᠡᠬᠢ ᠢᠯᠵᠠᠷᠠᠯ ᠪᠠ ᠲᠥᠪ ᠪᠤᠰᠤ ᠰᠤᠷᠲᠠᠯ ᠢ ᠡᠷᠡᠰ ᠴᠡᠭᠴᠡᠯᠡᠨ ᠵᠠᠰᠠᠵᠤ᠂ ᠬᠢᠨᠠᠨ ᠵᠥᠪᠰᠢᠶᠡᠷᠡᠬᠦ ᠦᠢᠯᠡᠴᠢᠯᠡᠭᠡ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ᠂ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠵᠢᠴᠢ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠵᠡᠷᠭᠡ ᠭᠤᠤᠯᠳᠠᠯᠭ᠎ᠠ ᠲᠠᠢ ᠬᠦᠷᠢᠶᠡᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠂ ᠴᠢᠬᠤᠯᠠ ᠰᠠᠯᠠᠭ᠎ᠠ ᠮᠥᠴᠢᠷ ᠵᠢᠴᠢ ᠵᠠᠩᠭᠢᠯᠠᠭ᠎ᠠ ᠶᠢᠨ ᠠᠵᠢᠯ ᠤᠨ ᠪᠠᠶᠢᠷᠢ ᠶᠢᠨ ᠠᠷᠢᠭᠤᠨ ᠴᠢᠬᠡᠴᠢ ᠪᠠᠷ ᠵᠠᠰᠠᠭ ᠪᠠᠷᠢᠬᠤ ᠬᠤᠷᠢᠭ᠎ᠠ ᠱᠤᠭᠤᠮ ᠢ ᠪᠠᠲᠤ ᠰᠠᠬᠢᠵᠤ᠂ ᠨᠠᠮ ᠤᠨ ᠭᠡᠰᠢᠭᠦᠨ ᠺᠠᠳ᠋ᠷ ᠲᠥᠪ ᠭᠤᠣᠯᠴᠢ ᠪᠠᠶᠢᠬᠤ ᠪᠠ ᠠᠷᠠᠳ ᠤᠨ ᠵᠠᠰᠠᠭ ᠤᠨ ᠣᠷᠳᠣᠨ ᠠᠷᠢᠭᠤᠨ ᠴᠢᠬᠡᠴᠢ ᠪᠠᠶᠢᠬᠤ ᠶᠢ ᠦᠨᠡᠨ ᠬᠦ ᠪᠡᠶᠡᠯᠡᠭᠦᠯᠦᠨ᠎ᠡ᠃       ᠲᠥᠯᠥᠭᠡᠯᠡᠭᠴᠢᠳ ᠡ᠂ ᠡᠭᠦᠷᠭᠡ ᠬᠦᠨᠳᠦ ᠵᠠᠮ ᠬᠤᠯᠠ ᠪᠣᠯᠬᠤᠷ ᠡᠷᠬᠡᠪᠰᠢ ᠰᠠᠯᠬᠢ ᠳᠠᠪᠠᠯᠭᠠᠨ ᠢ ᠰᠦᠷᠦᠨ ᠤᠷᠤᠭᠰᠢᠯᠠᠨᠠᠮ︕ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ᠂ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠰᠢᠭᠤᠨ ᠤ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠢᠲᠡᠭᠡᠯ ᠲᠡᠭᠦᠯᠳᠡᠷ ᠢᠶᠠᠨ ᠬᠦᠪᠴᠢᠯᠡᠨ ᠥᠪᠡᠷ ᠢ ᠪᠠᠨ ᠬᠦᠴᠦᠷᠬᠡᠭᠵᠢᠭᠦᠯᠵᠦ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ᠂ ᠡᠷᠡᠯᠬᠡᠭᠯᠡᠨ ᠲᠡᠮᠡᠴᠡᠵᠦ ᠡᠷᠡᠮᠡᠬᠡᠶᠢᠯᠡᠨ ᠤᠷᠤᠭᠰᠢᠯᠠᠵᠤ᠂ ᠪᠣᠳᠠᠲᠠᠢ ᠠᠵᠢᠯᠯᠠᠭᠴᠢ ᠶᠢᠨ ᠥᠩᠭᠡ ᠭᠢᠯᠪᠠᠭ᠎ᠠ᠂ ᠠᠲᠠᠷ ᠬᠠᠭᠠᠯᠪᠤᠷᠢᠯᠠᠭᠴᠢ ᠶᠢᠨ ᠰᠥᠰᠥ ᠵᠣᠷᠢᠭ᠂  ᠭᠠᠪᠰᠢᠭᠠᠶᠢᠯᠠᠨ ᠲᠡᠮᠡᠴᠡᠭᠴᠢ ᠶᠢᠨ ᠳᠦᠷᠢ ᠲᠥᠷᠬᠦ ᠪᠠᠷ ᠪᠠᠭᠠᠷᠢᠨ ᠵᠡᠭᠦᠨ ᠬᠤᠰᠢᠭᠤᠨ ᠤ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠶ᠎ᠡ︕     ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠬᠠᠮᠢᠶ᠎ᠠ ᠪᠦᠬᠦᠢ ᠨᠡᠷᠡᠰ ᠤᠨ ᠲᠠᠶᠢᠯᠪᠦᠷᠢ︽ᠨᠠᠶᠢᠳᠠᠨ ᠲᠡᠵᠢᠭᠡᠯᠭᠡᠵᠦ ᠦᠷᠡᠵᠢᠭᠦᠯᠬᠦ︾᠄ ᠲᠡᠵᠢᠭᠡᠨ ᠦᠷᠡᠵᠢᠭᠦᠯᠬᠦ ᠬᠦᠰᠡᠯ ᠡᠷᠡᠮᠡᠯᠵᠡᠯ ᠲᠠᠢ ᠪᠠ ᠴᠢᠳᠠᠪᠤᠷᠢ ᠲᠠᠢ ᠦᠬᠡᠷ ᠥᠬᠡᠶ ᠡᠷᠦᠬᠡ ᠳᠤ᠂ ᠰᠤᠮᠤ ᠰᠢᠶᠠᠩ ᠪᠠᠯᠭᠠᠰᠤ ᠠᠴᠠ ᠭᠠᠴᠠᠭ᠎ᠠ ᠲᠣᠰᠬᠤᠨ ᠢᠶᠠᠷ ᠨᠢᠭᠡᠴᠡ ᠪᠣᠯᠭᠠᠨ ᠵᠣᠬᠢᠬᠤ ᠨᠠᠰᠤᠨ ᠤ ᠡᠬᠡ ᠮᠠᠯ ᠬᠤᠳᠠᠯᠳᠤᠨ ᠠᠪᠴᠤ ᠨᠠᠶᠢᠳᠠᠨ ᠲᠡᠵᠢᠭᠡᠯᠭᠡᠨ᠎ᠡ᠂ ᠨᠠᠶᠢᠳᠠᠨ ᠲᠡᠵᠢᠭᠡᠯᠭᠡᠬᠦ ᠡᠷᠦᠬᠡ ᠵᠢᠯ ᠪᠦᠷᠢ ᠠᠰᠢᠭ ᠣᠷᠣᠯᠭ᠎ᠠ ᠶᠢᠨ ᠪᠠᠯᠠ ᠮᠥᠩᠭᠦ ᠲᠤᠰᠢᠶᠠᠵᠤ᠂ ᠭᠠᠴᠠᠭ᠎ᠠ ᠲᠣᠰᠬᠤᠨ ᠤ ᠠᠷᠠᠳ ᠤᠨ ᠵᠥᠪᠯᠡᠯ ᠠᠴᠠ ᠨᠢᠭᠡᠳᠦᠯᠲᠡᠶ ᠲᠥᠯᠥᠪᠯᠡᠨ ᠠᠯᠠᠰᠢᠨ ᠦᠬᠡᠷ ᠤᠨ ᠠᠵᠤ ᠦᠢᠯᠡᠰ ᠤᠨ ᠱᠠᠩᠨᠠᠯ ᠨᠥᠬᠦᠪᠥᠷᠢ ᠳᠤ ᠬᠡᠷᠡᠭᠯᠡᠨ᠎ᠡ᠃ ᠭᠤᠷᠪᠠᠨ ᠵᠢᠯ ᠤᠨ ᠬᠤᠭᠤᠴᠠᠭ᠎ᠠ ᠨᠢ ᠲᠤᠯᠤᠭᠰᠠᠨ ᠤ ᠳᠠᠷᠠᠭ᠎ᠠ ᠨᠠᠶᠢᠳᠠᠨ ᠲᠡᠵᠢᠭᠡᠯᠭᠡᠭᠰᠡᠨ ᠡᠷᠦᠬᠡ ᠠᠴᠠ ᠲᠡᠩᠴᠡᠭᠦᠦ ᠥᠷᠲᠡᠭ ᠪᠦᠬᠦᠢ ᠡᠬᠡ ᠮᠠᠯ ᠪᠤᠶᠤ ᠪᠠᠯᠠ ᠮᠥᠩᠭᠦ ᠶᠢ ᠪᠤᠴᠠᠭᠠᠨ ᠦᠭᠭᠦᠨ᠎ᠡ᠃︽ᠨᠢᠭᠡ ᠲᠣᠰᠬᠤᠨ ᠤ ᠨᠢᠭᠡ ᠦᠢᠯᠡᠳᠬᠦᠨ︾᠄ ᠡᠨᠡ ᠨᠢ ᠵᠣᠬᠢᠬᠤ ᠣᠷᠣᠨ ᠬᠡᠪᠴᠢᠶᠡᠨ ᠳᠣᠲᠣᠷ᠎ᠠ᠂ ᠭᠠᠴᠠᠭ᠎ᠠ ᠲᠣᠰᠬᠤᠨ ᠢᠶᠠᠷ ᠦᠨᠳᠦᠰᠦᠨ ᠨᠢᠭᠡᠴᠡ ᠪᠣᠯᠭᠠᠨ᠂ ᠲᠤᠰ ᠭᠠᠵᠠᠷ ᠤᠨ ᠡᠬᠢ ᠪᠠᠶᠠᠯᠢᠭ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠬᠡᠪᠴᠢᠶᠡᠵᠢᠭᠦᠯᠬᠦ᠂ ᠪᠠᠷᠢᠮᠵᠢᠶᠠᠵᠢᠭᠤᠯᠬᠤ᠂ ᠲᠥᠷᠥᠯ ᠲᠡᠮᠳᠡᠭᠵᠢᠭᠦᠯᠬᠦ ᠪᠠ ᠵᠠᠬ᠎ᠠ ᠳᠡᠯᠭᠡᠭᠦᠷᠴᠢᠯᠡᠬᠦ ᠪᠥᠳᠥᠭᠡᠨ ᠪᠠᠶᠢᠭᠤᠯᠤᠯᠲᠠ ᠶᠢ ᠶᠡᠬᠡᠪᠡᠷ ᠠᠬᠢᠭᠤᠯᠬᠤ ᠪᠠᠷ ᠳᠠᠮᠵᠢᠭᠤᠯᠤᠨ᠂ ᠨᠢᠭᠡ ᠭᠠᠴᠠᠭ᠎ᠠ ᠲᠣᠰᠬᠤᠨ ︵ᠪᠤᠶᠤ ᠬᠡᠳᠦᠨ ᠭᠠᠴᠠᠭ᠎ᠠ ᠲᠣᠰᠬᠤᠨ︶ ᠳᠤ ᠨᠢᠭᠡ ︵ᠪᠣᠶᠤ ᠬᠡᠳᠦᠨ︶ ᠵᠠᠬ᠎ᠠ ᠳᠡᠯᠭᠡᠭᠦᠷ ᠤᠨ ᠲᠠᠯᠳᠠ ᠬᠦᠴᠦᠨ ᠢᠶᠠᠷ ᠶᠡᠭᠡ᠂ ᠣᠷᠣᠨ ᠪᠦᠰᠡ ᠶᠢᠨ ᠣᠨᠴᠠᠯᠢᠭ ᠢᠯᠡᠷᠬᠡᠶ ᠵᠢᠴᠢ ᠨᠡᠮᠡᠯᠲᠡ ᠥᠷᠳᠡᠭ ᠢᠶᠠᠷ ᠥᠨᠳᠥᠷ ᠭᠤᠣᠯᠯᠠᠬᠤ ᠦᠢᠯᠡᠳᠬᠦᠨ ᠪᠠ ᠠᠵᠤ ᠦᠢᠯᠡᠰ ᠲᠠᠢ ᠪᠣᠯᠭᠠᠬᠤ ᠶᠢ ᠵᠢᠭᠠᠵᠤ ᠪᠤᠢ᠃ᠰᠥᠨᠢ ᠶᠢᠨ ᠠᠵᠤ ᠠᠬᠤᠶ᠄ ᠡᠨᠡ ᠪᠣᠯ ᠣᠲᠣ ᠦᠶ᠎ᠡ ᠶᠢᠨ ᠬᠤᠲᠠ ᠶᠢᠨ ᠡᠵᠡᠩᠨᠡᠯᠲᠡ ᠶᠢᠨ ᠬᠡᠯᠪᠡᠷᠢ ᠶᠢᠨ ᠨᠢᠭᠡ ᠪᠣᠯᠤᠨ᠎ᠠ᠃ ᠳᠠᠷᠤᠢ ᠲᠣᠰ ᠡᠳᠦᠷ ᠤᠨ ᠦᠳᠡ ᠶᠢᠨ ᠬᠤᠶᠢᠨᠠᠬᠢ 6 ᠴᠠᠭ ᠠᠴᠠ ᠳᠠᠷᠠᠭ᠎ᠠ ᠡᠳᠦᠷ ᠤᠨ ᠥᠷᠯᠥᠭᠡ ᠶᠢᠨ 6 ᠴᠠᠭ ᠪᠣᠯᠲᠠᠯᠠᠬᠢ ᠠᠵᠤ ᠠᠬᠤᠶ ᠰᠣᠶᠣᠯ ᠤᠨ ᠠᠵᠢᠯᠯᠠᠭ᠎ᠠ ᠶᠢ ᠵᠢᠭᠠᠵᠤ ᠪᠣᠶ᠂ ᠡᠵᠡᠩᠨᠡᠯᠲᠡ ᠶᠢᠨ ᠬᠡᠯᠪᠡᠷᠢ ᠳᠤ ᠭᠤᠣᠯᠳᠠᠭᠤ ᠰᠦᠨᠢ ᠶᠢᠨ ᠪᠠᠷᠠᠭ᠎ᠠ ᠬᠤᠳᠠᠯᠳᠤᠭ᠎ᠠ᠂ ᠬᠤᠭᠤᠯᠠ ᠤᠮᠳᠠ᠂ ᠵᠢᠭᠤᠯᠴᠢᠯᠠᠯ᠂ ᠵᠤᠭ᠎ᠠ ᠴᠡᠩᠭᠡᠯ᠂ ᠰᠤᠷᠤᠯᠭ᠎ᠠ᠂ ᠺᠢᠨᠣ᠋ ᠲᠧᠯᠸᠢᠰ᠂ ᠰᠡᠯᠡᠭᠦᠴᠡᠯ ᠵᠡᠷᠭᠡ ᠶᠢ ᠪᠠᠭᠲᠠᠭᠠᠨ᠎ᠠ᠃ᠲᠣᠭᠤᠷᠢᠭ ᠪᠠ ᠬᠤᠲᠠ ᠲᠣᠭᠤᠷᠢᠭ ᠤᠨ ᠳᠤᠮᠳᠠᠬᠢ ᠤᠰᠤ ᠪᠠ ᠭᠠᠵᠠᠷ ᠳᠡᠭᠡᠷᠡᠬᠢ ᠤᠰᠤᠨ ᠤ ᠬᠠᠩᠭᠠᠯᠭ᠎ᠠ ᠶᠢᠨ ᠬᠡᠮᠵᠢᠶ᠎ᠡ ︽ᠬᠤᠤᠰ ᠮᠢᠩᠭᠠᠨ ᠲᠦᠮᠡ︾ ᠶᠢᠨ ᠬᠠᠷᠠᠯᠲᠠ ᠶᠢ ᠪᠡᠶᠡᠯᠡᠭᠦᠯᠬᠦ᠄ ᠲᠤᠬᠠᠶᠢᠯᠠᠪᠠᠯ ᠳᠤᠮᠳᠠᠬᠢ ᠤᠰᠤ ᠪᠠ ᠭᠠᠵᠠᠷ ᠳᠡᠭᠡᠷᠡᠬᠢ ᠤᠰᠤᠨ ᠤ ᠵᠢᠯ ᠤᠨ ᠬᠠᠩᠭᠠᠯᠭ᠎ᠠ ᠶᠢᠨ ᠬᠡᠮᠵᠢᠶ᠎ᠡ ᠶᠢ ᠲᠣᠰ ᠲᠣᠰ 1000 ᠪᠣᠰᠤᠭ᠎ᠠ ᠳᠥᠷᠪᠡᠯᠵᠢᠨ ᠮᠧᠲᠷ ᠲᠤ ᠬᠦᠷᠦᠭᠦᠯᠦᠨ᠎ᠡ᠃ᠭᠠᠵᠠᠷ ᠰᠢᠷᠣᠶ ᠶᠢᠨ ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ᠄ ᠲᠤᠬᠠᠶᠢᠯᠠᠪᠠᠯ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠨᠡᠮᠡᠭᠳᠡᠯ ᠢ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠠᠰᠤᠭᠳᠠᠯ ᠲᠠᠢ  ᠬᠤᠯᠪᠤᠭᠳᠠᠭᠤᠯᠤᠨ᠎ᠠ᠃ ᠭᠠᠵᠠᠷ ᠰᠢᠷᠣᠶ ᠶᠢᠨ ᠠᠰᠢᠭᠯᠠᠯᠲᠠ ᠶᠢᠨ ᠶᠡᠷᠦᠩᠬᠡᠶ ᠲᠥᠯᠥᠪᠵᠢᠭᠦᠯᠭᠡ ᠶᠢ ᠦᠨᠳᠦᠰᠦᠯᠡᠵᠦ᠂ ᠲᠠᠷᠢᠶᠠᠨ ᠭᠠᠵᠠᠷ ᠪᠣᠯᠭᠠᠨ ᠳᠠᠬᠢᠨ ᠬᠠᠭᠠᠯᠪᠤᠷᠢᠯᠠᠬᠤ ᠪᠠᠷ ᠪᠠᠶᠢᠭ᠎ᠠ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠶ ︵ᠳᠠᠷᠤᠶ ᠬᠠᠭᠤᠴᠢᠨ ᠭᠠᠵᠠᠷ ᠢ ᠲᠡᠭᠰᠢᠯᠡᠬᠦ︶ ᠪᠠ ᠬᠤᠲᠠ ᠪᠠᠯᠭᠠᠰᠤ ᠶᠢᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠪᠠᠷ ᠪᠠᠶᠢᠭ᠎ᠠ ᠭᠠᠵᠠᠷ ᠰᠢᠷᠣᠶ ︵ᠳᠠᠷᠤᠶ ᠰᠢᠨ᠎ᠡ ᠭᠠᠵᠠᠷ ᠢ ᠪᠠᠶᠢᠭᠤᠯᠬᠤ︶ ᠶᠢ ᠬᠠᠮᠲᠤ ᠳᠤᠨᠢ ᠰᠢᠨ᠎ᠡ ᠪᠠᠷ ᠲᠥᠷᠥᠯ ᠵᠦᠢᠯ ᠤᠨ ᠲᠣᠭᠤᠷᠢᠭ ᠢ ᠪᠦᠷᠢᠯᠳᠦᠭᠦᠯᠦᠨ᠎ᠡ᠃ ᠰᠢᠨ᠎ᠡ ᠶᠢ ᠪᠠᠶᠢᠭᠤᠯᠵᠤ ᠬᠠᠭᠤᠴᠢᠨ ᠢ ᠲᠡᠭᠰᠢᠯᠡᠬᠦ ᠪᠠ ᠭᠠᠵᠠᠷ ᠰᠢᠷᠣᠶ ᠶᠢ ᠡᠮᠬᠢᠯᠡᠨ ᠳᠠᠬᠢᠨ ᠬᠠᠭᠠᠯᠪᠤᠷᠢᠯᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠲᠥᠷᠥᠯ  ᠵᠦᠢᠯ ᠤᠨ ᠣᠷᠣᠨ ᠤ ᠳᠣᠲᠣᠷᠠᠬᠢ ᠡᠯ᠎ᠡ ᠲᠥᠷᠥᠯ ᠤᠨ ᠭᠠᠵᠠᠷ ᠰᠢᠷᠣᠶ ᠶᠢᠨ ᠲᠠᠯᠠᠪᠠᠶ ᠶᠢᠨ ᠲᠡᠩᠴᠡᠭᠦᠷᠢ ᠶᠢ ᠪᠠᠲᠤᠯᠠᠭᠰᠠᠨ ᠰᠠᠭᠤᠷᠢᠨ ᠳᠡᠭᠡᠷ᠎ᠡ᠂ ᠬᠠᠮᠤᠭ ᠡᠴᠦᠰ ᠲᠤ ᠲᠠᠷᠢᠶᠠᠨ ᠭᠠᠵᠠᠷ ᠤᠨ ᠠᠰᠢᠭᠲᠤ ᠲᠠᠯᠠᠪᠠᠶ ᠶᠢ ᠨᠡᠮᠡᠭᠳᠡᠭᠦᠯᠦᠨ᠂ ᠲᠠᠷᠢᠶᠠᠨ ᠭᠠᠵᠠᠷ ᠤᠨ ᠶᠠᠰᠤ ᠴᠢᠨᠠᠷ ᠢ ᠳᠡᠭᠡᠭᠰᠢᠯᠡᠭᠦᠯᠵᠦ᠂ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠠᠷᠪᠢᠲᠠᠶ ᠡᠷᠴᠢᠮᠯᠢᠭ ᠠᠰᠢᠭᠯᠠᠨ᠂ ᠬᠤᠲᠠ ᠬᠥᠳᠡᠭᠡ ᠶᠢᠨ ᠬᠡᠷᠡᠭᠯᠡᠬᠦ ᠭᠠᠵᠠᠷ ᠤᠨ ᠪᠠᠶᠢᠷᠢᠰᠢᠭᠤᠯᠤᠯᠲᠠ ᠶᠢ ᠨᠠᠩ ᠵᠦᠶ ᠵᠣᠬᠢᠰᠲᠠᠶ ᠪᠣᠯᠭᠠᠬᠤ ᠬᠠᠷᠠᠯᠲᠠ ᠶᠢ ᠪᠡᠶᠡᠯᠡᠭᠦᠯᠦᠨ᠎ᠡ᠃ᠲᠠᠷᠢᠶᠠᠨ ᠭᠠᠵᠠᠷ ᠢ ᠡᠵᠡᠯᠡᠬᠦ ᠪᠠ ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ᠄ ᠪᠦᠳᠦᠭᠡᠨ ᠪᠠᠶᠢᠭᠤᠯᠤᠯᠲᠠ ᠳᠤ ᠬᠡᠳᠦᠶ ᠲᠠᠷᠢᠶᠠᠨ ᠭᠠᠵᠠᠷ ᠢ ᠡᠵᠡᠯᠡᠨ ᠬᠡᠷᠡᠭᠯᠡᠪᠡᠯ᠂ ᠡᠯ᠎ᠡ ᠭᠠᠵᠠᠷ ᠤᠨ ᠠᠷᠠᠳ ᠤᠨ ᠵᠠᠰᠠᠭ ᠤᠨ ᠣᠷᠳᠣᠨ ᠠᠴᠠ ᠲᠤᠭ᠎ᠠ ᠬᠡᠮᠵᠢᠶ᠎ᠡ ᠪᠠ ᠶᠠᠰᠤ ᠴᠢᠨᠠᠷ ᠢᠶᠠᠷ  ᠠᠳᠠᠯᠢᠬᠠᠨ ᠲᠠᠷᠢᠶᠠᠨ ᠭᠠᠵᠠᠷ ᠢ ᠲᠡᠳᠦᠢ ᠨᠥᠬᠦᠪᠥᠷᠢᠯᠡᠨ ᠣᠷᠣᠭᠤᠯᠬᠤ ᠶᠢ ᠵᠢᠭᠠᠵᠤ ᠪᠠᠶᠢᠨ᠎ᠠ᠃ᠭᠤᠷᠪᠠᠨ ᠣᠷᠣᠨ ᠵᠠᠢ ᠭᠤᠷᠪᠠᠨ ᠱᠤᠭᠤᠮ᠄ ︽ᠭᠤᠷᠪᠠᠨ ᠣᠷᠣᠨ ᠵᠠᠢ︾ ᠭᠡᠳᠡᠭ ᠨᠢ ᠬᠤᠲᠠ ᠪᠠᠯᠭᠠᠰᠤ ᠶᠢᠨ ᠣᠷᠣᠨ ᠵᠠᠶ᠂ ᠲᠠᠷᠢᠶᠠᠯᠠᠩ ᠤᠨ ᠣᠷᠣᠨ ᠵᠠᠶ ᠵᠢᠴᠢ ᠠᠮᠢ ᠠᠬᠤᠶ ᠶᠢᠨ ᠣᠷᠣᠨ ᠵᠠᠶ ᠵᠡᠷᠭᠡ ᠭᠤᠷᠪᠠᠨ ᠲᠥᠷᠥᠯ ᠬᠡᠯᠪᠡᠷᠢ ᠶᠢᠨ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢ ᠵᠢᠭᠠᠵᠤ ᠪᠣᠶ᠃ ︽ᠭᠤᠷᠪᠠᠨ ᠱᠤᠭᠤᠮ︾ ᠭᠡᠳᠡᠭ ᠨᠢ ᠲᠣᠰ ᠲᠣᠰ ᠬᠤᠲᠠ ᠪᠠᠯᠭᠠᠰᠤ ᠶᠢᠨ ᠣᠷᠣᠨ ᠵᠠᠶ᠂ ᠲᠠᠷᠢᠶᠠᠯᠠᠩ ᠤᠨ ᠣᠷᠣᠨ ᠵᠠᠶ ᠵᠢᠴᠢ ᠠᠮᠢ ᠠᠬᠤᠶ ᠶᠢᠨ ᠣᠷᠣᠨ ᠵᠠᠶ ᠳᠤ ᠵᠠᠭᠠᠭᠯᠠᠨ ᠲᠣᠭᠲᠠᠭᠠᠭᠰᠠᠨ ᠬᠤᠲᠠ ᠪᠠᠯᠭᠠᠰᠤ ᠶᠢ ᠨᠡᠭᠡᠭᠡᠨ ᠬᠥᠭᠵᠢᠭᠦᠯᠬᠦ ᠵᠠᠭᠠᠭ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠵᠢᠴᠢ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠵᠡᠷᠭᠡ ᠭᠤᠷᠪᠠᠨ ᠬᠢᠵᠠᠭᠠᠷᠯᠠᠬᠤ ᠱᠤᠭᠤᠮ᠃︽ᠭᠤᠷᠪᠠ ᠶᠢ ᠨᠢᠭᠡ ᠴᠣᠭᠴᠠᠵᠢᠭᠤᠯᠬᠤ︾᠄ ᠲᠤᠬᠠᠶᠢᠯᠠᠪᠠᠯ ᠦᠢᠯᠡᠳᠪᠦᠷᠢᠯᠡᠯ᠂ ᠬᠠᠩᠭᠠᠨ ᠪᠣᠷᠣᠯᠠᠭᠤᠯᠭ᠎ᠠ ᠵᠢᠴᠢ ᠢᠲᠡᠭᠡᠮᠵᠢ ︽ᠭᠤᠷᠪᠠ ᠶᠢ ᠨᠢᠭᠡ ᠴᠣᠭᠴᠠᠵᠢᠭᠤᠯᠬᠤ︾ ᠶᠡᠷᠦᠩᠬᠡᠶᠢᠯᠡᠭᠰᠡᠨ ᠬᠤᠷᠰᠢᠶᠠᠯᠠᠯ ᠤᠨ ᠵᠣᠬᠢᠶᠠᠨ ᠪᠠᠶᠢᠭᠤᠯᠤᠯᠲᠠ ᠪᠣᠯᠤᠨ᠎ᠠ᠃︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ᠄ ᠳᠠᠷᠤᠶ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠳᠠᠮᠵᠢᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠶ᠂ ᠬᠥᠳᠡᠯᠮᠦᠷᠢ ᠬᠦᠴᠦᠨ᠂ ᠡᠳ᠋ ᠬᠥᠷᠥᠩᠭᠡ᠂ ᠪᠠᠶᠢᠭᠠᠯᠢ ᠶᠢᠨ ᠥᠩᠭᠡ ᠦᠵᠡᠮᠵᠢ ᠵᠡᠷᠭᠡ ᠶᠢ ᠠᠮᠢᠳᠤᠯᠢᠭ ᠪᠣᠯᠭᠠᠵᠤ᠂ ᠡᠬᠢ ᠪᠠᠶᠠᠯᠢᠭ ᠢ ᠡᠳ᠋ ᠬᠥᠷᠥᠩᠭᠡ ᠪᠣᠯᠭᠠᠨ ᠬᠤᠪᠢᠷᠠᠭᠤᠯᠵᠤ᠂ ᠪᠠᠯᠠ ᠮᠥᠩᠭᠦ ᠶᠢ ᠬᠤᠪᠢ ᠣᠷᠣᠭᠤᠯᠤᠯᠲᠠ ᠶᠢᠨ ᠮᠥᠩᠭᠦ ᠪᠣᠯᠭᠠᠨ ᠬᠤᠪᠢᠷᠠᠭᠤᠯᠵᠤ᠂ ᠲᠠᠷᠢᠶᠠᠴᠢᠳ ᠢ ᠬᠤᠪᠢ ᠣᠷᠣᠭᠤᠯᠤᠭᠴᠢ ᠪᠣᠯᠭᠠᠨ ᠬᠤᠪᠢᠷᠠᠭᠤᠯᠤᠨ᠎ᠠ᠃︽ᠬᠤᠶᠠᠷ ᠢ ᠪᠠᠭᠠᠰᠬᠠᠬᠤ︾ ᠲᠥᠷᠥ ᠶᠢᠨ ᠪᠣᠳᠣᠯᠭ᠎ᠠ᠄ 2021 ᠣᠨ ᠤ 7 ᠰᠠᠷ᠎ᠠ ᠶᠢᠨ 24 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠠᠴᠠ ︽ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠤᠭᠴᠢᠳ ᠤᠨ ᠳᠠᠰᠬᠠᠯ ᠤᠨ ᠳᠠᠷᠤᠭᠠᠰᠤ ᠪᠠ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠳᠠᠷᠤᠭᠠᠰᠤ ᠶᠢ ᠤᠯᠠᠮ ᠨᠢᠭᠡ ᠠᠯᠬᠤᠮ ᠬᠥᠩᠭᠡᠷᠡᠭᠦᠯᠬᠦ ᠲᠤᠬᠠᠶ ᠰᠠᠨᠠᠯ︾ ᠢ ᠳᠠᠷᠤᠮᠠᠯᠯᠠᠨ ᠲᠠᠷᠬᠠᠭᠠᠵᠤ᠂ ᠪᠢᠴᠢᠭ ᠮᠠᠲ᠋ᠧᠷᠢᠶᠠᠯ ᠳᠤ ︽ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠪᠠ ᠦᠢᠯᠡᠴᠢᠯᠡᠭᠡᠨ ᠤ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠳᠠᠰᠬᠠᠯ ᠳᠠᠭᠠᠭᠠᠯᠭᠠᠪᠦᠷᠢ ᠶᠢᠨ ᠪᠠᠶᠢᠷᠢᠯᠠᠭᠤᠯᠤᠯᠲᠠ ᠶᠢ ᠨᠠᠩ ᠰᠢᠨᠵᠢᠯᠡᠬᠦ ᠤᠬᠠᠭᠠᠨᠴᠢ ᠪᠥᠭᠡᠳ ᠵᠦᠶ ᠵᠣᠬᠢᠰᠲᠠᠶ ᠪᠣᠯᠭᠠᠵᠤ᠂ ᠰᠤᠷᠭᠠᠭᠤᠯᠢ ᠶᠢᠨ ᠬᠢᠴᠢᠶᠡᠯ ᠤᠨ ᠳᠠᠷᠠᠭᠠᠬᠢ ᠦᠢᠯᠡᠴᠢᠯᠡᠭᠡ ᠨᠢ ᠰᠣᠷᠣᠭᠴᠢ ᠶᠢᠨ ᠬᠡᠷᠡᠭᠴᠡᠭᠡ ᠶᠢ ᠦᠨᠳᠦᠰᠦᠨ ᠳᠡᠭᠡᠨ ᠬᠠᠩᠭᠠᠵᠤ᠂ ᠰᠣᠷᠣᠭᠴᠢ ᠶᠢᠨ ᠰᠤᠷᠤᠯᠭ᠎ᠠ ᠶᠢ ᠰᠤᠷᠭᠠᠭᠤᠯᠢ ᠶᠢᠨ ᠬᠦᠷᠢᠶᠡᠨ ᠳᠤ ᠪᠤᠴᠠᠭᠠᠵᠤ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠪᠣᠯᠪᠠᠰᠤᠷᠠᠭᠤᠯᠤᠯ ᠤᠨ ᠠᠵᠢᠯᠯᠠᠭ᠎ᠠ ᠶᠢ ᠪᠥᠬᠦ ᠲᠠᠯ᠎ᠠ ᠪᠠᠷ ᠵᠢᠷᠤᠮᠵᠢᠭᠤᠯᠤᠨ᠎ᠠ︾ ᠭᠡᠵᠦ ᠳᠤᠷᠠᠳᠤᠨ ᠭᠠᠷᠭᠠᠵᠠᠶ᠃ᠢᠳᠡᠭᠡᠨ ᠤ ᠠᠮᠤᠷ ᠲᠦᠪᠰᠢᠨ ᠤ ︽ᠬᠤᠣᠰ ᠬᠠᠷᠢᠭᠤᠴᠠᠯᠭ᠎ᠠ︾᠄ ᠳᠠᠷᠤᠶ ᠢᠳᠡᠭᠡᠨ ᠤ ᠠᠮᠤᠷ ᠲᠦᠪᠰᠢᠨ ᠤ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠪᠠ ᠠᠵᠤ ᠠᠬᠤᠶᠢᠯᠠᠯ ᠤᠨ ᠢᠳᠡᠭᠡᠨ ᠤ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠪᠣᠯᠤᠨ᠎ᠠ᠃︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ᠄ ᠳᠠᠷᠤᠢ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠢ ᠥᠷᠨᠢᠭᠦᠯᠬᠦ ᠲᠤᠬᠠᠶ ᠲᠥᠪ ᠬᠤᠷᠢᠶᠠᠨ ᠤ ᠤᠬᠠᠭᠤᠯᠬᠤ ᠬᠡᠯᠲᠡᠰ ᠪᠣᠯᠤᠨ ᠬᠠᠤᠯᠢ ᠴᠠᠭᠠᠵᠠ ᠶᠢᠨ ᠶᠠᠮᠤᠨ ᠤ ᠨᠠᠢᠮᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢ ᠵᠢᠭᠠᠵᠤ ᠪᠠᠶᠢᠨ᠎ᠠ᠃︽ᠭᠤᠷᠪᠠᠨ ᠵᠦᠢᠯ ᠤᠨ ᠠᠯᠪᠠᠨ ᠤ ᠵᠠᠷᠤᠳᠠᠯ︾᠄ ᠠᠯᠪᠠᠨ ᠶᠠᠪᠤᠳᠠᠯ ᠢᠶᠠᠷ ᠤᠯᠤᠰ ︵ᠬᠢᠯᠢ︶ ᠠᠴᠠ ᠭᠠᠷᠬᠤ ᠵᠠᠷᠤᠳᠠᠯ ᠂ ᠲᠡᠷᠭᠡ ᠬᠥᠰᠬᠡ ᠬᠤᠳᠠᠯᠳᠤᠨ ᠠᠪᠬᠤ ᠵᠢᠴᠢ ᠠᠶᠠᠯᠠᠨ ᠶᠠᠪᠤᠬᠤ ᠵᠠᠷᠤᠳᠠᠯ ᠵᠢᠴᠢ ᠠᠯᠪᠠᠨ ᠶᠠᠪᠤᠳᠠᠯ ᠤᠨ ᠵᠣᠴᠢᠯᠠᠭ᠎ᠠ ᠶᠢᠨ ᠵᠠᠷᠤᠳᠠᠯ ᠢ ᠵᠢᠭᠠᠵᠤ ᠪᠠᠶᠢᠨ᠎ᠠ᠃ᠲᠣᠭᠤᠷᠢᠭ ᠤᠨ ︽1+3+3︾ ᠴᠢᠳᠠᠮᠵᠢ᠄ 1 ᠭᠡᠳᠡᠭ ᠨᠢ ᠨᠢᠭᠡ ᠲᠠᠪᠴᠠᠩ ᠤᠨ ᠠᠴᠢᠶᠠᠯᠠᠪᠤᠷᠢ ᠶᠢᠨ ᠦᠢᠯᠡᠳᠦᠯ ᠢ ᠵᠢᠭᠠᠵᠤ ᠪᠣᠶ᠂ ᠲᠣᠭᠤᠷᠢᠭ ᠪᠣᠯ ᠭᠠᠵᠠᠷ ᠰᠢᠷᠣᠶ᠂ ᠴᠢᠳᠠᠪᠤᠷᠢᠲᠠᠨ᠂ ᠪᠠᠯᠠ ᠮᠥᠩᠭᠦ᠂ ᠮᠡᠷᠭᠡᠵᠢᠯ ᠵᠢᠴᠢ ᠮᠡᠳᠡᠭᠡ ᠵᠠᠩᠭᠢ ᠵᠡᠷᠭᠡ ᠪᠥᠬᠦ  ᠦᠢᠯᠡᠳᠪᠦᠷᠢᠯᠡᠯ ᠤᠨ ᠬᠦᠴᠦᠨ  ᠵᠦᠢᠯ ᠢ ᠲᠥᠪᠯᠡᠷᠡᠭᠦᠯᠦᠭᠰᠡᠨ ᠠᠵᠤ ᠦᠢᠯᠡᠰ ᠤᠨ ᠬᠥᠭᠵᠢᠯᠲᠡ ᠶᠢᠨ ᠲᠠᠪᠴᠠᠩ ᠪᠠ ᠬᠤᠳᠠᠯᠳᠤᠭᠠᠴᠢᠨ ᠤᠷᠢᠵᠤ ᠪᠠᠯᠠ ᠲᠠᠲᠠᠬᠤ᠂ ᠲᠥᠷᠥᠯ  ᠵᠦᠢᠯ ᠢ ᠪᠥᠲᠥᠭᠡᠨ ᠪᠠᠶᠢᠭᠤᠯᠬᠤ ᠠᠴᠢᠶᠠᠯᠠᠭᠴᠢ ᠪᠣᠯᠤᠨ᠎ᠠ᠃ ᠨᠢᠭᠡᠳᠦᠭᠡᠷ 3 ᠭᠡᠳᠡᠭ ᠨᠢ ᠵᠢᠱᠢᠶ᠎ᠡ ᠦᠵᠡᠭᠦᠯᠵᠦ ᠬᠥᠲᠥᠯᠦᠨ ᠳᠠᠭᠠᠭᠤᠯᠬᠤ ᠭᠤᠷᠪᠠᠨ  ᠦᠢᠯᠡᠳᠦᠯ ᠢ ᠵᠢᠭᠠᠵᠤ ᠪᠠᠶᠢᠨ᠎ᠠ᠂ ᠲᠡᠷᠡ ᠨᠢ ᠦᠢᠯᠡᠳᠪᠦᠷᠢᠯᠡᠬᠦ᠂ ᠡᠳ᠋ᠰᠢᠭᠦᠯᠦᠨ ᠪᠣᠷᠣᠯᠠᠭᠤᠯᠬᠤ ᠵᠢᠴᠢ ᠪᠠᠷᠠᠭ᠎ᠠ ᠳᠣᠬᠢᠷᠠᠭᠤᠯᠤᠨ ᠬᠦᠷᠭᠡᠬᠦ ᠪᠥᠬᠦ ᠶᠠᠪᠤᠴᠠ ᠶᠢᠨ ᠪᠠᠷᠢᠮᠵᠢᠶᠠᠵᠢᠭᠤᠯᠤᠭᠰᠠᠨ ᠵᠢᠱᠢᠶ᠎ᠡ ᠦᠵᠡᠭᠦᠯᠬᠦ ᠦᠢᠯᠡᠳᠦᠯ᠂ ᠦᠢᠯᠡᠴᠢᠯᠡᠭᠡ ᠬᠠᠮᠢᠶᠠᠷᠤᠯᠲᠠ ᠶᠢᠨ ᠪᠥᠬᠦ ᠶᠠᠪᠤᠴᠠ ᠶᠢᠨ ᠵᠢᠷᠤᠮᠵᠢᠭᠤᠯᠤᠭᠰᠠᠨ ᠵᠢᠱᠢᠶ᠎ᠡ ᠦᠵᠡᠭᠦᠯᠬᠦ ᠦᠢᠯᠡᠳᠦᠯ᠂ ᠪᠦᠬᠦᠯᠢ ᠴᠣᠭᠴᠠ ᠶᠢᠨ ᠴᠢᠳᠠᠮᠵᠢ ᠶᠢ ᠪᠦᠷᠢᠨ ᠪᠥᠷᠬᠦᠭᠦᠯᠬᠦ ᠣᠶᠣᠨᠴᠢᠯᠠᠭᠰᠠᠨ ᠵᠢᠱᠢᠶ᠎ᠡ ᠦᠵᠡᠭᠦᠯᠬᠦ ᠦᠢᠯᠡᠳᠦᠯ ᠢ ᠪᠠᠳᠠᠷᠠᠭᠤᠯᠵᠤ ᠳᠡᠶᠢᠯᠦᠨ᠎ᠡ᠃ ᠬᠤᠶᠠᠳᠤᠭᠠᠷ 3 ᠭᠡᠳᠡᠭ ᠨᠢ ᠨᠥᠯᠥᠭᠡᠯᠡᠨ ᠳᠠᠶᠢᠴᠢᠯᠠᠬᠤ ᠭᠤᠷᠪᠠᠨ  ᠦᠢᠯᠡᠳᠦᠯ ᠢ ᠵᠢᠭᠠᠵᠤ ᠪᠠᠶᠢᠨ᠎ᠠ᠂ ᠲᠡᠷᠡ ᠨᠢ ᠮᠠᠯᠴᠢᠨ ᠲᠠᠷᠢᠶᠠᠴᠢᠨ ᠡᠷᠦᠬᠡ ᠪᠣᠯᠤᠨ ᠲᠣᠯᠤᠭᠠᠶᠢᠯᠠᠭᠴᠢ ᠠᠵᠤ ᠠᠬᠤᠶᠢᠯᠠᠯ ᠢ ᠨᠥᠯᠥᠭᠡᠯᠡᠨ ᠳᠠᠶᠢᠴᠢᠯᠠᠵᠤ᠂ ᠲᠠᠷᠢᠶᠠᠯᠠᠩ ᠪᠠ ᠠᠵᠤ ᠠᠬᠤᠶᠢᠯᠠᠯ ᠤᠨ ᠠᠰᠢᠭ ᠲᠤᠰᠠ ᠶᠢ ᠬᠤᠯᠪᠣᠬᠤ ᠲᠣᠭᠲᠠᠴᠠ ᠶᠢ ᠪᠣᠶ ᠪᠣᠯᠭᠠᠨ᠎ᠠ︔ ᠳᠡᠭᠡᠳᠦ ᠳᠤᠤᠷᠠᠳᠤ ᠤᠷᠤᠰᠬᠠᠯ ᠤᠨ ᠠᠵᠤ ᠦᠢᠯᠡᠰ ᠢ ᠨᠥᠯᠥᠭᠡᠯᠡᠨ ᠳᠠᠶᠢᠴᠢᠯᠠᠵᠤ᠂ ᠪᠦᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢᠨ ᠪᠠᠶᠢᠷᠢᠰᠢᠯ ᠢ ᠪᠦᠷᠢᠯᠳᠦᠭᠦᠯᠵᠦ ᠴᠢᠳᠠᠨ᠎ᠠ︔ ᠨᠠᠷᠢᠯᠢᠭ ᠭᠦᠨᠵᠡᠭᠡᠶ ᠡᠳ᠋ᠰᠢᠭᠦᠯᠬᠦ ᠠᠵᠤ ᠠᠬᠤᠶᠢᠯᠠᠯ᠂ ᠲᠣᠭᠤᠷᠢᠨ ᠦᠵᠡᠬᠦ ᠲᠠᠷᠢᠶᠠᠯᠠᠩ ᠮᠠᠯ ᠠᠵᠤ ᠠᠬᠤᠶ ᠵᠢᠴᠢ ᠪᠠᠷᠠᠭᠠᠨ ᠤ ᠭᠦᠢᠯᠭᠡᠭᠡ ᠵᠡᠷᠭᠡ  ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠢ ᠨᠥᠯᠥᠭᠡᠯᠡᠨ ᠳᠠᠶᠢᠴᠢᠯᠠᠵᠤ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠯ ᠢ ᠪᠡᠶᠡᠯᠡᠭᠦᠯᠵᠦ ᠴᠢᠳᠠᠨ᠎ᠠ᠃︽ᠬᠤᠶᠠᠷ ᠪᠦᠲᠦᠭᠡᠭᠳᠡᠬᠦᠨ ᠨᠢᠭᠡ ᠲᠡᠮᠳᠡᠭ︾᠄ ᠪᠣᠬᠢᠷᠲᠤᠯ ᠦᠭᠡᠢ ᠢᠳᠡᠭᠡᠨ᠂ ᠣᠷᠭᠠᠨᠢᠭ ᠲᠠᠷᠢᠶᠠᠯᠠᠩ ᠤᠨ ᠪᠦᠲᠦᠭᠡᠭᠳᠡᠬᠦᠨ ᠵᠢᠴᠢ ᠲᠠᠷᠢᠶᠠᠯᠠᠩ ᠤᠨ ᠪᠦᠲᠦᠭᠡᠭᠳᠡᠬᠦᠨ ᠤ ᠭᠠᠵᠠᠷ ᠵᠦᠢ ᠶᠢᠨ ᠪᠡᠯᠭᠡ ᠳᠡᠮᠳᠡᠭ ᠢ ᠵᠢᠭᠠᠵᠤ ᠪᠠᠶᠢᠨ᠎ᠠ᠃︽ᠨᠢᠭᠡ ᠲᠦᠪ ᠲᠠᠪᠤᠨ ᠬᠡᠯᠬᠢᠶ᠎ᠡ︾᠄ ᠲᠤᠬᠠᠶᠢᠯᠠᠪᠠᠯ ᠥᠩᠭᠡᠲᠦ ᠲᠡᠮᠦᠷᠯᠢᠭ ᠤᠨ ᠠᠵᠤ ᠦᠢᠯᠡᠰ ᠢᠶᠠᠷ ᠭᠤᠤᠯ ᠪᠣᠯᠭᠠᠭᠰᠠᠨ᠂ ᠲᠡᠮᠦᠷᠯᠢᠭ ᠪᠤᠰᠤ ᠰᠢᠨ᠎ᠡ ᠮᠠᠲ᠋ᠧᠷᠢᠶᠠᠯ᠂ ᠹᠯᠣᠷ ᠠᠭᠤᠯᠤᠭᠰᠠᠨ ᠨᠠᠷᠢᠯᠢᠭ ᠬᠢᠮᠢ ᠶᠢᠨ ᠠᠵᠤ ᠦᠢᠯᠡᠳᠪᠦᠷᠢ᠂ ᠰᠢᠨ᠎ᠡ ᠡᠨᠧᠷᠭᠢ᠂ ᠲᠣᠨᠤᠭ ᠲᠥᠬᠦᠭᠡᠷᠦᠮᠵᠢ  ᠦᠢᠯᠡᠳᠬᠦ ᠵᠢᠴᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠬᠦ ᠲᠠᠪᠤᠨ ᠶᠡᠭᠡ ᠠᠵᠤ ᠦᠢᠯᠡᠰ ᠤᠨ ᠬᠡᠯᠬᠢᠶ᠎ᠡ ᠪᠠᠷ ᠲᠤᠯᠭᠠᠭᠤᠷᠢᠯᠠᠭᠰᠠᠨ ︽ᠨᠢᠭᠡ ᠲᠦᠪ ᠲᠠᠪᠤᠨ ᠬᠡᠯᠬᠢᠶ᠎ᠡ︾ ᠶᠢᠨ ᠬᠥᠭᠵᠢᠯᠲᠡ ᠶᠢᠨ ᠪᠠᠶᠢᠷᠢᠰᠢᠯ ᠢ ᠪᠥᠬᠦ ᠲᠠᠯ᠎ᠠ ᠪᠠᠷ ᠪᠠᠶᠢᠭᠤᠯᠤᠨ᠎ᠠ᠃︽ᠨᠢᠭᠡ ᠠᠭᠤᠯᠠ ᠨᠢᠭᠡ ᠰᠦᠮ᠎ᠡ ᠨᠢᠭᠡ ᠬᠤᠲᠠ ᠨᠢᠭᠡ ᠣᠩᠭᠤᠨ︾᠄ ᠳᠠᠷᠤᠶ ᠳᠣᠯᠤᠭᠠᠨ ᠲᠣᠭᠤᠭ᠎ᠠ ᠠᠭᠤᠯᠠ ᠶᠢᠨ ᠤᠯᠤᠰ ᠤᠨ ᠭᠠᠵᠠᠷ ᠰᠢᠨᠵᠢᠯᠡᠭᠡᠨ ᠤ ᠴᠡᠴᠡᠷᠯᠢᠭ᠂ ᠭᠢᠯᠦᠪᠡᠷ ᠵᠤᠤ ᠰᠦᠮ᠎ᠡ᠂ ᠯᠢᠶᠣᠤ ᠶᠢᠨ ᠳᠡᠭᠡᠳᠦ ᠨᠡᠶᠢᠰᠯᠡᠯ ᠤᠨ ᠤᠯᠤᠰ ᠤᠨ ᠬᠠᠭᠤᠴᠢ ᠰᠤᠳᠤᠯᠤᠯ ᠤᠨ ᠪᠠᠭᠤᠷᠢ ᠶᠢᠨ ᠴᠡᠴᠡᠷᠯᠢᠭ ᠵᠢᠴᠢ ᠯᠢᠶᠣᠤ ᠶᠢᠨ ᠳᠡᠭᠡᠳᠦᠰ ᠤᠨ ᠣᠩᠭᠤᠨ ᠤ ᠬᠠᠭᠤᠴᠢ ᠰᠤᠳᠤᠯᠤᠯ ᠤᠨ ᠪᠠᠭᠤᠷᠢ ᠶᠢᠨ ᠴᠡᠴᠡᠷᠯᠢᠭ ᠪᠣᠯᠤᠨ᠎ᠠ᠃︽ᠳᠥᠷᠪᠡ ᠶᠢ ᠰᠤᠯᠠᠷᠠᠭᠤᠯᠬᠤ ᠦᠭᠡᠢ︾ ᠪᠠᠶᠢᠬᠤ ᠱᠠᠭᠠᠷᠳᠠᠯᠭ᠎ᠠ᠄ ᠮᠠᠯᠠᠭᠠᠶ ᠪᠠᠨ ᠠᠪᠴᠤ ᠬᠠᠶᠠᠭᠰᠠᠨ ᠴᠦ ᠬᠠᠷᠢᠭᠤᠴᠠᠯᠭ᠎ᠠ ᠪᠠᠨ  ᠰᠤᠯᠠᠷᠠᠭᠤᠯᠬᠤ ᠦᠭᠡᠢ᠂ ᠮᠠᠯᠠᠭᠠᠶ ᠪᠠᠨ ᠠᠪᠴᠤ ᠬᠠᠶᠠᠭᠰᠠᠨ ᠴᠦ ᠲᠥᠷᠥ ᠶᠢᠨ ᠪᠣᠳᠣᠯᠭ᠎ᠠ ᠶᠢ ᠰᠤᠯᠠᠷᠠᠭᠤᠯᠬᠤ ᠦᠭᠡᠢ᠂ ᠮᠠᠯᠠᠭᠠᠶ ᠪᠠᠨ ᠠᠪᠴᠤ ᠬᠠᠶᠠᠭᠰᠠᠨ ᠴᠦ ᠬᠠᠪᠰᠤᠷᠤᠨ ᠲᠡᠳᠬᠦᠬᠦ ᠪᠠᠨ ᠰᠤᠯᠠᠷᠠᠭᠤᠯᠬᠤ ᠦᠭᠡᠢ ᠂ ᠮᠠᠯᠠᠭᠠᠶ ᠪᠠᠨ ᠠᠪᠴᠤ ᠬᠠᠶᠠᠭᠰᠠᠨ ᠴᠦ ᠬᠢᠨᠠᠯᠲᠠ ᠬᠠᠮᠢᠶᠠᠷᠤᠯᠲᠠ ᠪᠠᠨ ᠰᠤᠯᠠᠷᠠᠭᠤᠯᠬᠤ ᠦᠭᠡᠢ᠃ᠭᠤᠣᠯ ᠮᠥᠷᠡᠨ ᠨᠠᠭᠤᠷ ᠴᠥᠭᠦᠷᠥᠮ ᠤᠨ ︽ᠳᠥᠷᠪᠡᠨ ᠲᠤᠷ᠎ᠠ ᠪᠠᠷ ᠢᠶᠠᠨ ᠪᠠᠶᠢᠬᠤ ᠶᠢ ᠠᠷᠢᠯᠭᠠᠬᠤ︾ ᠠᠵᠢᠯᠯᠠᠭ᠎ᠠ᠄ ᠲᠤᠬᠠᠶᠢᠯᠠᠪᠠᠯ ᠤᠰᠤᠨ ᠣᠷᠣᠨ ᠪᠠ ᠲᠠᠩ ᠭᠠᠵᠠᠷ ᠢ ᠬᠠᠤᠯᠢ ᠪᠤᠰᠤ ᠪᠠᠷ ᠡᠵᠡᠯᠡᠬᠦ ᠵᠡᠷᠭᠡ ︽ᠳᠤᠷ᠎ᠠ ᠪᠠᠷ ᠢᠶᠠᠨ ᠡᠵᠡᠯᠡᠭᠰᠡᠨ︾ ᠠᠵᠢᠯᠯᠠᠭ᠎ᠠ︔ ᠵᠥᠪᠰᠢᠶᠡᠷᠡᠯ ᠶᠣᠰᠣᠭᠠᠷ ᠡᠯᠡᠰᠦ ᠮᠠᠯᠲᠠᠬᠤ ᠦᠭᠡᠶ᠂ ᠮᠠᠯᠲᠠᠬᠤ ᠶᠢ ᠴᠠᠭᠠᠵᠠᠯᠠᠭᠰᠠᠨ ᠣᠷᠣᠨ ︵ᠬᠤᠭᠤᠴᠠᠭ᠎ᠠ︶ ᠳᠤ ᠡᠯᠡᠰᠦ ᠮᠠᠯᠲᠠᠬᠤ᠂ ᠵᠥᠪᠰᠢᠶᠡᠷᠡᠯ ᠦᠭᠡᠶ ᠪᠠᠷ ᠭᠤᠣᠯ ᠤᠨ ᠵᠠᠮ ᠤᠨ ᠬᠠᠮᠢᠶᠠᠷᠤᠯᠲᠠ ᠶᠢᠨ ᠬᠡᠪᠴᠢᠶᠡᠨ ᠳᠣᠲᠣᠷ᠎ᠠ ᠰᠢᠷᠣᠶ ᠠᠪᠬᠤ ᠵᠡᠷᠭᠡ ︽ᠳᠤᠷ᠎ᠠ ᠪᠠᠷ ᠢᠶᠠᠨ ᠮᠠᠯᠲᠠᠬᠤ︾ ᠠᠵᠢᠯᠯᠠᠭ᠎ᠠ︔ ᠭᠤᠣᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠶᠢᠨ ᠬᠡᠪᠴᠢᠶᠡᠨ ᠳᠣᠲᠣᠷ᠎ᠠ ᠳᠤᠷ᠎ᠠ ᠪᠠᠷ ᠢᠶᠠᠨ ᠬᠤᠭ ᠨᠣᠪᠰᠢ ᠬᠠᠶᠠᠬᠤ ᠪᠠ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠴᠢᠳᠬᠤᠬᠤ᠂ ᠪᠤᠯᠠᠬᠤ᠂ ᠬᠠᠳᠠᠭᠠᠯᠠᠬᠤ᠂ ᠣᠪᠣᠭᠠᠯᠠᠬᠤ᠂ ᠦᠶᠡᠷ ᠵᠠᠯᠠᠬᠤ ᠶᠢ ᠬᠠᠷᠰᠢᠯᠠᠬᠤ ᠪᠣᠳᠠᠰ ᠢ ᠬᠠᠶᠠᠬᠤ᠂ ᠣᠪᠣᠭᠠᠯᠠᠬᠤ ᠵᠡᠷᠭᠡ ︽ᠳᠤᠷ᠎ᠠ ᠪᠠᠷ ᠢᠶᠠᠨ ᠣᠪᠣᠭᠠᠯᠠᠬᠤ︾ ᠠᠵᠢᠯᠯᠠᠭ᠎ᠠ︔ ᠭᠤᠣᠯ ᠤᠨ ᠡᠷᠭᠢ ᠶᠢ ᠤᠷᠳᠤ ᠬᠤᠭᠤᠴᠠᠭ᠎ᠠ ᠪᠠᠷ ᠡᠵᠡᠯᠡᠭᠡᠳ ᠬᠡᠷᠡᠭᠯᠡᠬᠦ ᠦᠭᠡᠢ ᠪᠠᠶᠢᠬᠤ᠂ ᠢᠯᠡᠭᠦᠦ ᠡᠵᠡᠯᠡᠨ ᠳᠤᠲᠠᠭᠤ ᠬᠡᠷᠡᠭᠯᠡᠬᠦ᠂ ᠳᠤᠷ᠎ᠠ ᠪᠠᠷ ᠢᠶᠠᠨ ᠡᠵᠡᠯᠡᠨ ᠳᠤᠷ᠎ᠠ ᠪᠠᠷ ᠢᠶᠠᠨ ᠬᠡᠷᠡᠭᠯᠡᠬᠦ᠂ ᠵᠥᠪᠰᠢᠶᠡᠷᠡᠯ ᠣᠯᠤᠭᠰᠠᠨ ᠦᠭᠡᠢ ᠪᠠ ᠵᠥᠪᠰᠢᠶᠡᠷᠡᠯ ᠤᠨ ᠱᠠᠭᠠᠷᠳᠠᠯᠭ᠎ᠠ ᠶᠢ ᠵᠦᠷᠢᠴᠡᠨ ᠭᠤᠣᠯ ᠮᠥᠷᠡᠨ ᠳᠤ ᠬᠤᠯᠪᠣᠭᠳᠠᠬᠤ ᠵᠦᠢᠯᠡᠰ ᠢ ᠪᠦᠳᠦᠭᠡᠨ ᠪᠠᠶᠢᠭᠤᠯᠬᠤ᠂ ᠭᠤᠣᠯ ᠤᠨ ᠵᠠᠮ ᠤᠨ ᠬᠠᠮᠢᠶᠠᠷᠤᠯᠲᠠ ᠶᠢᠨ ᠬᠡᠪᠴᠢᠶᠡᠨ ᠳᠣᠲᠣᠷ᠎ᠠ ᠦᠶᠡᠷ ᠵᠠᠯᠠᠬᠤ ᠶᠢ ᠬᠠᠷᠰᠢᠯᠠᠬᠤ ᠪᠠᠷᠢᠯᠭ᠎ᠠ ᠪᠠᠶᠢᠭᠤᠯᠬᠤ ᠵᠡᠷᠭᠡ ︽ᠳᠤᠷ᠎ᠠ ᠪᠠᠷ ᠢᠶᠠᠨ ᠪᠠᠶᠢᠭᠤᠯᠬᠤ︾ ᠠᠵᠢᠯᠯᠠᠭ᠎ᠠ ᠶᠢ ᠵᠢᠭᠠᠵᠤ ᠪᠠᠶᠢᠨ᠎ᠠ᠃︽ᠬᠠᠤᠯᠢ ᠴᠠᠭᠠᠵᠠ ᠶᠢ ᠲᠤᠯᠤᠭ᠎ᠠ ᠳᠤ ᠬᠦᠷᠭᠡᠬᠦ︾᠄ ᠬᠠᠤᠯᠢ ᠴᠠᠭᠠᠵᠠ ᠶᠢ ᠠᠯᠪᠠᠨ ᠪᠠᠶᠢᠭᠤᠯᠭ᠎ᠠ᠂ ᠰᠤᠷᠭᠠᠭᠤᠯᠢ᠂ ᠨᠡᠶᠢᠭᠡᠮ ᠲᠣᠭᠤᠷᠢᠭ᠂ ᠬᠥᠳᠡᠭᠡ ᠲᠣᠰᠬᠤᠨ᠂ ᠰᠦᠮ᠎ᠡ ᠬᠡᠶᠢᠳ᠂ ᠠᠵᠤ ᠠᠬᠤᠶᠢᠯᠠᠯ᠂ ᠪᠠᠶᠢᠭᠤᠯᠭ᠎ᠠ ᠨᠢᠭᠡᠴᠡ ᠳᠤ ᠬᠦᠷᠭᠡᠬᠦ ᠶᠢ ᠬᠡᠯᠡᠵᠦ ᠪᠠᠶᠢᠨ᠎ᠠ᠃    
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号