2023 ᠣᠨ ᠤ ᠠᠵᠢᠯ ᠤᠨ ᠲᠤᠬᠢᠷᠠᠭᠤᠯᠣᠯᠲᠠ | 2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ | ᠲᠤᠤᠱᠯᠠᠭᠤᠯᠤᠨ ᠨᠠᠶᠢᠳᠠᠪᠤᠷᠢᠵᠢᠭᠤᠯᠬᠤ ᠠᠩᠬᠠᠨ ᠤ ᠵᠢᠯ᠂ ᠮᠥᠨᠴᠦ ᠬᠤᠰᠢᠭᠤᠨ ᠤ ᠨᠠᠮ ᠤᠨ ᠬᠤᠷᠢᠶ᠎ᠠ ᠶᠢᠨ ᠠᠷᠪᠠᠨ | ᠵᠢᠷᠭᠤᠳᠤᠭᠠᠷ ᠬᠤᠭᠤᠴᠠᠭᠠᠨ ᠤ ᠲᠠᠪᠤᠳᠤᠭᠠᠷ ᠪᠥᠬᠦᠳᠡ ᠬᠤᠷᠠᠯ ᠤᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠬᠤ ᠪᠠ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠨ ᠠᠬᠢᠭᠤᠯᠬᠤ ᠵᠠᠩᠭᠢᠯᠠᠭ᠎ᠠ ᠶᠢᠨ ᠵᠢᠯ ᠪᠠᠶᠢᠵᠤ | ᠂ ᠪᠥᠬᠦ ᠵᠢᠯ ᠤᠨ ᠠᠵᠢᠯ ᠢᠶᠠᠨ ᠰᠠᠶᠢᠲᠤᠷ ᠬᠢᠬᠦ ᠨᠢ ᠠᠯᠤᠰ ᠬᠡᠲᠦ ᠶᠢᠨ ᠠᠴᠢ ᠬᠤᠯᠪᠤᠭᠳᠠᠯ ᠲᠠᠢ ᠪᠦᠭᠡᠳ ᠡᠭᠦᠷᠭᠡ | ᠬᠠᠷᠢᠭᠤᠴᠠᠯᠭ᠎ᠠ ᠬᠦᠨᠳᠦ ᠶᠤᠮ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠠᠵᠢᠯ ᠤᠨ ᠶᠡᠷᠦᠩᠬᠡᠶ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠥᠬᠦᠶ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ | ᠪᠣᠯᠭᠠᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠰᠤᠷᠤᠯᠴᠠᠨ | ᠲᠤᠤᠱᠯᠠᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠦᠷᠢᠮ ᠢ ᠪᠠᠷᠢᠮᠲᠠᠯᠠᠨ ᠲᠡᠭᠦᠯᠳᠡᠷᠵᠢᠭᠦᠯᠬᠦ | ᠲᠤᠬᠠᠶ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ | ᠨᠠᠶᠢᠳᠠᠪᠦᠷᠢᠵᠢᠭᠤᠯᠵᠤ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ᠂ ᠠᠷᠠᠳ ᠲᠦᠮᠡᠨ ᠡᠷᠬᠡ ᠮᠡᠳᠡᠵᠦ ᠡᠵᠡᠨ | ᠰᠠᠭᠤᠬᠤ ᠵᠢᠴᠢ ᠬᠠᠤᠯᠢ ᠪᠠᠷ ᠤᠯᠤᠰ ᠢᠶᠠᠨ ᠵᠠᠰᠠᠬᠤ ᠶᠢ ᠣᠷᠭᠠᠨᠢᠭ ᠢᠶᠠᠷ ᠨᠢᠭᠡᠳᠬᠡᠨ᠂ ᠬᠤᠰᠢᠭᠤᠨ ᠤ ᠨᠠᠮ ᠤᠨ | ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠲᠠᠢ ᠨᠢᠭᠲᠠ ᠤᠶᠠᠯᠳᠤᠭᠤᠯᠤᠨ᠂ ᠬᠠᠤᠯᠢ ᠪᠠᠷ | ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠪᠠᠨ ᠥᠨᠳᠥᠷ ᠪᠦᠲᠦᠮᠵᠢᠲᠡᠶ ᠭᠦᠢᠴᠡᠳᠬᠡᠵᠦ᠂ ᠰᠢᠨ᠎ᠡ ᠴᠠᠭ ᠦᠶ᠎ᠡ᠂ | ᠰᠢᠨ᠎ᠡ ᠠᠶᠠᠨ ᠵᠠᠮ ᠠᠴᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠣᠯᠭᠤᠭᠰᠠᠨ ᠰᠢᠨ᠎ᠡ ᠡᠭᠦᠷᠭᠡ ᠪᠠ | ᠰᠢᠨ᠎ᠡ ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠨ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ | ᠦᠢᠯᠡᠳᠦᠯᠭᠡᠵᠢᠭᠦᠯᠬᠦ ᠳᠤᠮᠳᠠ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠵᠦ᠂ ᠦᠨᠡᠨ ᠪᠣᠳᠠᠲᠠᠶ ᠠᠵᠢᠯᠯᠠᠨ᠂ ᠪᠠᠭᠠᠷᠢᠨ | ᠵᠡᠭᠦᠨ ᠬᠤᠰᠢᠭᠤᠨ ᠤ ᠣᠳᠣᠬᠢᠴᠢᠯᠠᠭᠰᠠᠨ ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠬᠦ ᠳᠤ ᠬᠠᠤᠯᠢ ᠪᠠᠷ ᠵᠠᠰᠠᠬᠤ | ᠪᠠᠲᠤᠯᠠᠭ᠎ᠠ ᠬᠠᠩᠭᠠᠬᠤ ᠪᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠪᠢ ᠨᠡᠮᠡᠷᠢ ᠪᠠᠨ | ᠦᠵᠡᠭᠦᠯᠦᠨ᠎ᠡ᠃ | ᠡᠨᠡ ᠬᠦ ᠶᠡᠷᠦᠩᠬᠡᠢ ᠱᠠᠭᠠᠷᠳᠠᠯᠭ᠎ᠠ ᠶᠢᠨ ᠵᠢᠯᠤᠭᠤᠳᠤᠯᠭ᠎ᠠ ᠳᠣᠣᠷ᠎ᠠ᠂ ᠦᠨᠦ ᠵᠢᠯ ᠪᠠᠶᠢᠩᠭᠤ ᠶᠢᠨ ᠬᠤᠷᠢᠶ᠎ᠠ | ᠳᠣᠣᠷᠠᠬᠢ ᠬᠡᠳᠦᠨ ᠲᠠᠯ᠎ᠠ ᠶᠢᠨ ᠠᠵᠢᠯ ᠢ ᠰᠠᠶᠢᠲᠤᠷ ᠬᠢᠨ᠎ᠠ᠃ | ᠨᠢᠭᠡ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢᠨ ᠲᠣᠭᠤᠷᠢᠨ ᠳᠤ᠂ ᠤᠯᠤᠰ ᠲᠦᠷᠦ ᠶᠢᠨ | ᠤᠬᠠᠮᠰᠠᠷ ᠢᠶᠠᠨ ᠴᠢᠩᠭᠠᠳᠬᠠᠬᠤ ᠲᠠᠯ᠎ᠠ ᠪᠠᠷ ᠰᠢᠨ᠎ᠡᠪᠠᠶᠢᠳᠠᠯ ᠢ ᠪᠣᠢ ᠪᠣᠯᠭᠠᠨ᠎ᠠ | ᠨᠠᠮ ᠤᠨ ᠤᠳᠤᠷᠢᠳᠤᠯᠭ᠎ᠠ ᠪᠣᠯ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠴᠠᠭ | ᠦᠶ᠎ᠡ ᠲᠠᠢ ᠵᠡᠷᠭᠡᠪᠡᠷ ᠤᠷᠤᠭᠰᠢᠯᠠᠬᠤ ᠶᠢᠨ ᠦᠨᠳᠦᠰᠦᠨ ᠪᠠᠲᠤᠯᠠᠭ᠎ᠠ ᠮᠥᠨ᠃ ᠪᠠᠶᠢᠩᠭᠤ ᠶᠢᠨ ᠬᠤᠷᠢᠶ᠎ᠠ ᠨᠢ ᠲᠥᠪ | ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠵᠢᠴᠢ | ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠡᠷᠡᠰ ᠨᠠᠶᠢᠳᠠᠪᠦᠷᠢᠵᠢᠭᠤᠯᠵᠤ᠂ | ᠨᠠᠮ ᠤᠨ ᠠᠵᠢᠯ ᠤᠨ ᠭᠤᠣᠯᠳᠠᠯᠭ᠎ᠠ ᠨᠢ ᠬᠠᠮᠢᠭ᠎ᠠ ᠪᠠᠶᠢᠪᠠᠯ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠠᠵᠢᠯ ᠨᠢ ᠳᠠᠷᠤᠢ ᠲᠡᠨᠳᠡ ᠪᠠᠶᠢᠬᠤ ᠪᠦᠭᠡᠳ ᠦᠢᠯᠡᠳᠦᠯ ᠢᠶᠠᠨ ᠲᠡᠨᠳᠡ ᠪᠠᠳᠠᠷᠠᠭᠤᠯᠵᠤ᠂ ᠨᠠᠮ ᠤᠨ ᠵᠣᠬᠢᠶᠠᠨ | ᠪᠠᠶᠢᠭᠤᠯᠤᠯᠲᠠ ᠠᠴᠠ ᠲᠠᠨᠢᠯᠴᠠᠭᠤᠯᠤᠭᠰᠠᠨ ᠵᠢᠱᠢᠭᠳᠡᠭᠴᠢ ᠶᠢ ᠬᠠᠤᠯᠢ ᠳᠤ ᠲᠣᠭᠲᠠᠭᠰᠠᠨ ᠶᠠᠪᠤᠴᠠ ᠪᠠᠷ ᠳᠠᠮᠵᠢᠨ | ᠲᠥᠷᠦ ᠶᠢᠨ ᠵᠠᠰᠠᠭ ᠤᠨ ᠡᠷᠬᠡᠲᠦ ᠪᠠᠶᠢᠭᠤᠯᠭ᠎ᠠ ᠶᠢᠨ ᠤᠳᠤᠷᠢᠳᠬᠤ ᠬᠥᠮᠦᠨ ᠪᠣᠯᠭᠠᠵᠤ᠂ ᠬᠠᠤᠯᠢ ᠳᠤ ᠲᠣᠭᠲᠠᠭᠰᠠᠨ | ᠶᠠᠪᠤᠴᠠ ᠪᠠᠷ ᠳᠠᠮᠵᠢᠨ ᠨᠠᠮ ᠤᠨ ᠵᠣᠷᠢᠯᠲᠠ ᠶᠢ ᠪᠦᠬᠦ ᠬᠤᠰᠢᠭᠤᠨ ᠤ ᠠᠷᠠᠳ ᠲᠦᠮᠡᠨ ᠤ ᠬᠠᠮᠲᠤ ᠶᠢᠨ ᠵᠣᠷᠢᠭ | ᠰᠠᠨᠠᠭ᠎ᠠ ᠪᠣᠯᠭᠠᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠤᠯᠤᠰ ᠲᠦᠷᠦ ᠶᠢᠨ ᠪᠠᠶᠢᠭᠤᠯᠭ᠎ᠠ ᠶᠢᠨ | ᠰᠢᠨᠵᠢ ᠴᠢᠨᠠᠷ ᠢ ᠪᠠᠲᠤ ᠡᠵᠡᠮᠳᠡᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ | ᠲᠤᠤᠱᠯᠠᠭᠤᠯᠬᠤ ᠶᠢ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠠᠨ ᠪᠣᠯᠭᠠᠵᠤ᠂ ︽ᠬᠤᠶᠠᠷ ᠢ ᠲᠣᠭᠲᠠᠭᠠᠬᠤ | ︾ ᠶᠢ ᠬᠦᠷᠢᠶᠡᠯᠡᠬᠦ ᠪᠠ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠤᠯᠤᠰ ᠲᠦᠷᠦ ᠶᠢᠨ ᠤᠬᠠᠮᠰᠠᠷ᠂ ᠦᠵᠡᠯ | ᠰᠠᠨᠠᠭᠠᠨ ᠤ ᠤᠬᠠᠮᠰᠠᠷ ᠵᠢᠴᠢ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠲᠠᠰᠤᠷᠠᠯᠲᠠ ᠦᠭᠡᠢ ᠴᠢᠩᠭᠠᠳᠬᠠᠨ᠎ᠠ᠃ | ᠬᠤᠶᠠᠷ᠂ ᠠᠷᠠᠳ ᠲᠦᠮᠡᠨ ᠡᠷᠬᠡ ᠮᠡᠳᠡᠵᠦ ᠡᠵᠡᠨ ᠰᠠᠭᠤᠬᠤ ᠶᠢᠨ ᠲᠣᠭᠤᠷᠢᠨ ᠳᠤ᠂ ᠪᠦᠬᠦ ᠶᠠᠪᠤᠴᠠ ᠶᠢᠨ | ᠠᠷᠠᠳ ᠤᠨ ᠠᠷᠠᠳᠴᠢᠯᠠᠯ ᠢ ᠬᠥᠭᠵᠢᠭᠦᠯᠬᠦ ᠲᠠᠯ᠎ᠠ ᠪᠠᠷ ᠰᠢᠨ᠎ᠡ ᠰᠢᠪᠲᠤᠯᠤᠯᠲᠠ ᠭᠠᠷᠭᠠᠨ᠎ᠠ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠷᠢᠮ ᠤᠨ ᠪᠥᠬᠦ ᠶᠠᠪᠤᠴᠠ ᠶᠢᠨ ᠠᠷᠠᠳ ᠤᠨ | ᠠᠷᠠᠳᠴᠢᠯᠠᠯ ᠢ ᠪᠡᠶᠡᠯᠡᠭᠦᠯᠬᠦ ᠴᠢᠬᠤᠯᠠ ᠲᠥᠷᠢᠮ ᠤᠨ ᠠᠴᠢᠶᠠᠯᠠᠭᠴᠢ ᠪᠣᠯᠬᠤ ᠦᠢᠯᠡᠳᠦᠯ ᠢ ᠭᠦᠢᠴᠡᠳ ᠪᠠᠳᠠᠷᠠᠭᠤᠯᠤᠨ᠂ | ᠠᠷᠠᠳᠴᠢᠯᠠᠯ ᠬᠢᠭᠡᠳ ᠠᠷᠠᠳ ᠤᠨ ᠰᠠᠨᠠᠭ᠎ᠠ ᠶᠢ ᠢᠯᠡᠳᠬᠡᠬᠦ ᠲᠠᠪᠴᠠᠩ ᠪᠠ ᠠᠴᠢᠶᠠᠯᠠᠭᠴᠢ ᠶᠢ ᠪᠥᠷᠢᠨᠰᠢᠬᠦᠯᠥᠨ | ᠲᠡᠭᠦᠯᠳᠡᠷᠵᠢᠭᠦᠯᠵᠦ᠂ ᠪᠠᠶᠢᠩᠭᠤ ᠶᠢᠨ ᠬᠤᠷᠢᠶᠠᠨ ᠤ ᠬᠤᠷᠠᠯᠳᠤᠭᠠᠨ ᠳᠤ ᠲᠥᠯᠥᠭᠡᠯᠡᠭᠴᠢ ᠶᠢ ᠤᠷᠢᠬᠤ ᠪᠠ ᠠᠷᠠᠳ | ᠲᠦᠮᠡᠨ ᠢ ᠰᠤᠯᠠ ᠣᠷᠤᠯᠴᠠᠭᠤᠯᠤᠨ᠂ ᠲᠦᠯᠦᠭᠡᠯᠡᠭᠴᠢ ᠶᠢᠨ ᠭᠡᠷ᠂ ᠲᠦᠯᠦᠭᠡᠯᠡᠭᠴᠢ ᠲᠠᠢ ᠬᠠᠷᠢᠯᠴᠠᠬᠤ ᠥᠷᠳᠡᠭᠡ | ᠵᠡᠷᠭᠡ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠵᠤ᠂ ᠠᠷᠠᠳ | ᠲᠦᠮᠡᠨ ᠤ ᠪᠠᠶᠢᠳᠠᠯ ᠢ ᠮᠡᠳᠡᠬᠦ ᠡᠷᠬᠡ᠂ ᠣᠷᠣᠯᠴᠠᠬᠤ ᠡᠷᠬᠡ᠂ ᠢᠯᠡᠳᠬᠡᠬᠦ ᠡᠷᠬᠡ ᠵᠢᠴᠢ ᠬᠢᠨᠠᠯᠲᠠ ᠲᠠᠯᠪᠢᠬᠤ ᠡᠷᠬᠡ ᠶᠢ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠡᠯ᠎ᠡ ᠲᠠᠯ᠎ᠠ᠂ ᠪᠥᠬᠦ ᠶᠠᠪᠤᠴᠠ ᠳᠤ | ᠨᠠᠶᠢᠳᠠᠪᠦᠷᠢᠵᠢᠭᠤᠯᠤᠨ᠎ᠠ᠃ ᠲᠥᠯᠥᠪᠯᠡᠭᠡ ᠲᠥᠰᠦᠪ ᠢ ᠬᠢᠨᠠᠨ ᠪᠠᠶᠢᠴᠠᠭᠠᠵᠤ ᠵᠥᠪᠰᠢᠶᠡᠷᠡᠬᠦ᠂ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠴᠢᠬᠤᠯᠠ ᠶᠡᠭᠡ ᠬᠡᠷᠡᠭ ᠶᠠᠪᠤᠳᠠᠯ ᠪᠠ ᠠᠷᠠᠳ ᠤᠯᠠᠨ ᠤ ᠠᠮᠢ ᠪᠡᠶ᠎ᠡ ᠶᠢᠨ ᠠᠰᠢᠭ | ᠲᠤᠰᠠ ᠳᠤ ᠬᠤᠯᠪᠣᠭᠳᠠᠬᠤ ᠠᠰᠠᠭᠤᠳᠠᠯ ᠢ ᠲᠣᠭᠲᠠᠭᠠᠬᠤ ᠵᠡᠷᠭᠡ ᠡᠯ᠎ᠡ ᠠᠵᠢᠯ ᠤᠨ ᠳᠤᠮᠳᠠ᠂ ᠶᠠᠷᠢᠯᠴᠠᠬᠤ᠂ | ᠨᠤᠲᠠᠯᠠᠬᠤ᠂ ᠪᠠᠶᠢᠴᠠᠭᠠᠨ ᠰᠤᠳᠤᠯᠬᠤ᠂ ᠭᠡᠷᠡᠴᠢᠯᠡᠭᠡ ᠰᠣᠨᠣᠰᠬᠤ ᠵᠡᠷᠭᠡ ᠠᠮᠢᠳᠤᠯᠢᠭ ᠤᠯᠠᠨ ᠶᠠᠩᠵᠤ ᠶᠢᠨ ᠠᠷᠭ᠎ᠠ | ᠮᠠᠶ᠋ᠢᠭ ᠢ ᠬᠡᠷᠡᠭᠯᠡᠬᠦ ᠪᠠᠷ ᠳᠠᠮᠵᠢᠭᠤᠯᠤᠨ᠂ ᠬᠠᠮᠤᠭ ᠤᠨ ᠶᠡᠭᠡ ᠬᠡᠮᠵᠢᠶ᠎ᠡ ᠪᠠᠷ ᠠᠷᠠᠳ ᠤᠨ ᠰᠠᠨᠠᠭ᠎ᠠ ᠶᠢ ᠬᠤᠷᠢᠶᠠᠵᠤ᠂ | ᠠᠷᠠᠳ ᠤᠨ ᠤᠶᠤᠨ ᠤᠬᠠᠭᠠᠨ ᠢ ᠬᠤᠷᠠᠮᠳᠤᠭᠤᠯᠤᠨ᠂ ᠠᠷᠠᠳ ᠤᠨ ᠠᠷᠠᠳᠴᠢᠯᠠᠯ ᠤᠨ ᠦᠨᠡᠨ ᠪᠣᠳᠠᠲᠤ ᠴᠢᠨᠠᠷ ᠪᠠ | ᠳᠠᠪᠠᠭᠤᠯᠢᠭ ᠴᠢᠨᠠᠷ ᠢ ᠭᠦᠢᠴᠡᠳ ᠢᠯᠡᠷᠡᠭᠦᠯᠦᠨ᠎ᠡ᠃ | ᠭᠤᠷᠪᠠ᠂ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢᠨ ᠲᠣᠭᠤᠷᠢᠨ ᠳᠤ᠂ | ᠭᠤᠣᠯᠳᠠᠯᠭ᠎ᠠ ᠪᠠ ᠶᠡᠭᠡ ᠲᠠᠯ᠎ᠠ ᠳᠤ ᠦᠢᠯᠡᠴᠢᠯᠡᠬᠦ ᠲᠠᠯ᠎ᠠ ᠪᠠᠷ ᠰᠢᠨ᠎ᠡ ᠡᠭᠦᠷᠭᠡᠯᠡᠯ ᠢᠶᠠᠨ ᠢᠯᠡᠷᠡᠭᠦᠯᠦᠨ᠎ᠡ | ᠬᠤᠰᠢᠭᠤᠨ ᠤ ᠨᠠᠮ ᠤᠨ ᠬᠤᠷᠢᠶ᠎ᠠ ᠶᠢᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠ ᠠᠷᠠᠳ | ᠣᠯᠠᠨ ᠤ ᠬᠦᠰᠡᠯ ᠮᠥᠷᠥᠭᠡᠳᠦᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠰᠢᠭᠤᠨ ᠤ ᠨᠠᠮ ᠤᠨ ᠬᠤᠷᠢᠶ᠎ᠠ ᠶᠢᠨ | ᠠᠷᠪᠠᠨ ᠵᠢᠷᠭᠤᠳᠤᠭᠠᠷ ᠬᠤᠭᠤᠴᠠᠭᠠᠨ ᠤ ᠲᠠᠪᠤᠳᠤᠭᠠᠷ ᠪᠥᠬᠦᠳᠡ ᠬᠤᠷᠠᠯ ᠠᠴᠠ ᠲᠣᠭᠲᠠᠭᠠᠭᠰᠠᠨ ᠬᠠᠷᠠᠯᠲᠠ | ᠡᠭᠦᠷᠭᠡ ᠶᠢᠨ ᠲᠣᠭᠤᠷᠢᠨ ᠳᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠪᠦᠬᠦ | ᠬᠤᠰᠢᠭᠤᠨ ᠤ ᠠᠵᠢᠯ ᠤᠨ ᠶᠡᠭᠡ ᠲᠠᠯ᠎ᠠ ᠳᠤ ᠲᠠᠯᠪᠢᠨ ᠪᠣᠳᠤᠯᠬᠢᠯᠠᠬᠤ ᠪᠠ ᠲᠥᠰᠦᠪᠯᠡᠨ ᠠᠬᠢᠭᠤᠯᠵᠤ᠂ ᠵᠥᠪ | ᠣᠨᠣᠪᠴᠢᠲᠠᠢ ᠬᠢᠨᠠᠯᠲᠠ ᠲᠠᠯᠪᠢᠬᠤ᠂ ᠪᠦᠲᠦᠮᠵᠢᠲᠡᠢ ᠬᠢᠨᠠᠯᠲᠠ ᠲᠠᠯᠪᠢᠬᠤ ᠵᠢᠴᠢ ᠬᠠᠤᠯᠢ ᠶᠣᠰᠣᠭᠠᠷ ᠬᠢᠨᠠᠯᠲᠠ | ᠲᠠᠯᠪᠢᠨ᠎ᠠ᠃ ᠠᠵᠤ ᠠᠬᠤᠶ ᠶᠢᠨ ᠠᠵᠢᠯᠯᠠᠭᠠᠨ ᠳᠤ ᠬᠢᠨᠠᠯᠲᠠ ᠲᠠᠯᠪᠢᠬᠤ ᠶᠢ ᠳᠣᠪᠤᠶᠢᠯᠭᠠᠨ᠂ ᠡᠳ᠋ ᠤᠨ ᠵᠠᠰᠠᠭ ᠤᠨ | ᠲᠥᠰᠦᠪ ᠪᠠ ᠲᠥᠰᠦᠪ ᠤᠨ ᠭᠦᠢᠴᠡᠳᠬᠡᠯ ᠵᠢᠴᠢ ᠲᠥᠰᠦᠪ ᠤᠨ ᠲᠣᠬᠢᠷᠠᠭᠤᠯᠤᠯᠲᠠ ᠶᠢᠨ ᠪᠠᠶᠢᠳᠠᠯ ᠳᠤ ᠬᠢᠨᠠᠯᠲᠠ | ᠲᠠᠯᠪᠢᠬᠤ ᠡᠷᠴᠢᠮ ᠢᠶᠠᠨ ᠴᠢᠩᠭᠠᠷᠠᠭᠤᠯᠵᠤ᠂ 2023 ᠣᠨ ᠤ ᠬᠤᠰᠢᠭᠤ ᠲᠣᠰ ᠱᠠᠲᠤᠨ ᠤ ᠲᠥᠰᠦᠪ ᠤᠨ | ᠲᠣᠬᠢᠷᠠᠭᠤᠯᠤᠯᠲᠠ ᠶᠢᠨ ᠲᠥᠰᠦᠯ ᠢ ᠬᠢᠨᠠᠨ ᠪᠠᠶᠢᠴᠠᠭᠠᠵᠤ ᠵᠥᠪᠰᠢᠶᠡᠷᠡᠨ᠂ ᠬᠢᠨᠠᠨ ᠪᠤᠳᠤᠯᠲᠠ ᠪᠠᠷ ᠪᠠᠶᠢᠴᠠᠭᠠᠨ | ᠭᠠᠷᠭᠠᠭᠰᠠᠨ ᠠᠰᠠᠭᠤᠳᠠᠯ ᠢ ᠴᠡᠭᠴᠡᠯᠡᠨ ᠵᠠᠰᠠᠵᠤ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠮᠥᠷᠳᠡᠨ ᠬᠢᠨᠠᠯᠲᠠ | ᠲᠠᠯᠪᠢᠨ᠎ᠠ︔ ᠪᠦᠬᠦ ᠬᠤᠰᠢᠭᠤᠨ ᠤ ᠤᠯᠤᠰ ᠤᠨ ᠦᠮᠴᠢᠯᠡᠯᠲᠦ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ | ᠬᠠᠮᠢᠶᠠᠷᠤᠯᠲᠠ ᠶᠢᠨ ᠪᠠᠶᠢᠳᠠᠯ ᠢ ᠲᠣᠭᠤᠷᠢᠨ ᠪᠠᠶᠢᠴᠠᠭᠠᠵᠤ᠂ ᠤᠯᠤᠰ ᠤᠨ ᠦᠮᠴᠢᠯᠡᠯᠲᠦ ᠡᠳ᠋ ᠬᠥᠷᠥᠩᠭᠡ ᠶᠢᠨ | ᠬᠠᠮᠢᠶᠠᠷᠤᠯᠲᠠ ᠶᠢᠨ ᠶᠠᠰᠤ ᠴᠢᠨᠠᠷ ᠪᠠ ᠦᠷ᠎ᠡ ᠠᠰᠢᠭ ᠢ ᠦᠨᠡᠨᠬᠦ ᠳᠡᠭᠡᠭᠰᠢᠯᠡᠭᠦᠯᠦᠨ᠎ᠡ᠃ ᠠᠮᠢ ᠠᠬᠤᠶ ᠶᠢ | ᠲᠡᠷᠢᠭᠦᠨ ᠳᠤ ᠲᠠᠯᠪᠢᠬᠤ ᠪᠠ ᠪᠣᠬᠢᠷᠲᠤᠯ ᠥᠬᠡᠶ ᠬᠥᠭᠵᠢᠭᠦᠯᠬᠦ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠣᠷᠴᠢᠨ ᠲᠣᠭᠤᠷᠢᠨ ᠤ ᠪᠠᠶᠢᠳᠠᠯ ᠪᠠ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠬᠠᠷᠠᠯᠲᠠ ᠶᠢ ᠪᠡᠶᠡᠯᠡᠭᠦᠯᠦᠭᠰᠡᠨ ᠪᠠᠶᠢᠳᠠᠯ ᠤᠨ ᠮᠡᠳᠡᠭᠦᠯᠦᠯᠲᠡ ᠶᠢ ᠰᠣᠨᠣᠰᠤᠨ᠎ᠠ︔ ᠪᠥᠬᠦ | ᠬᠤᠰᠢᠭᠤᠨ ᠤ ᠠᠭᠤᠷᠬᠠᠶ ᠶᠢᠨ ᠣᠷᠴᠢᠨ ᠲᠣᠭᠤᠷᠢᠨ ᠢ ᠵᠠᠰᠠᠭᠰᠠᠨ ᠪᠠᠶᠢᠳᠠᠯ ᠳᠤ ᠲᠤᠰᠬᠠᠶ ᠰᠡᠳᠦᠪᠲᠦ ᠪᠠᠶᠢᠴᠠᠭᠠᠨ | ᠰᠤᠳᠤᠯᠤᠯᠲᠠ ᠥᠷᠨᠢᠭᠦᠯᠦᠨ᠎ᠡ᠃ ᠲᠠᠷᠢᠶᠠᠯᠠᠩ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ | ᠂ ᠪᠥᠬᠦ ᠬᠤᠰᠢᠭᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠪᠠ | ᠲᠠᠷᠢᠶᠠᠯᠠᠩ ᠤᠨ ᠬᠤᠷᠰᠢᠶᠠᠵᠢᠯ ᠢ ᠪᠠᠶᠢᠭᠤᠯᠤᠨ ᠵᠢᠷᠤᠮᠵᠢᠭᠤᠯᠤᠭᠰᠠᠨ ᠪᠠᠶᠢᠳᠠᠯ ᠳᠤ ᠲᠤᠰᠬᠠᠶ ᠪᠠᠶᠢᠴᠠᠭᠠᠨ | ᠰᠤᠳᠤᠯᠤᠯᠲᠠ ᠬᠢᠨ᠎ᠡ᠃ ᠠᠷᠠᠳ ᠤᠨ ᠠᠮᠢᠳᠤᠷᠠᠯ ᠤᠨ ᠵᠣᠯ ᠵᠢᠷᠭᠠᠯ ᠢ ᠨᠡᠮᠡᠭᠳᠡᠭᠦᠯᠦᠨ᠂ ᠡᠮᠴᠢᠯᠡᠭᠡᠨ ᠤ ᠰᠢᠰᠲ᠋ᠧᠮ ᠤᠨ | ᠪᠠᠲᠤᠯᠠᠭ᠎ᠠ ᠶᠢᠨ ᠴᠢᠳᠠᠪᠤᠷᠢ ᠶᠢᠨ ᠪᠠᠶᠢᠭᠤᠯᠤᠯᠲᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠨ᠎ᠡ︔ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ ᠲᠦᠪᠰᠢᠨ ᠤ ᠬᠠᠤᠯᠢ︾ ᠶᠢ ᠬᠢᠨᠠᠨ | ᠵᠥᠪᠯᠡᠭᠰᠡᠨ ᠰᠠᠨᠠᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠮᠥᠷᠳᠡᠨ ᠬᠢᠨᠠᠯᠲᠠ ᠲᠠᠯᠪᠢᠨ᠎ᠠ᠃ ᠬᠠᠤᠯᠢ ᠪᠠᠷ ᠵᠠᠰᠠᠬᠤ | ᠪᠠ ᠲᠥᠪ ᠭᠤᠣᠯᠴᠢ ᠰᠢᠳᠤᠷᠭᠤ ᠶᠣᠰᠣ ᠶᠢ ᠪᠠᠷᠢᠮᠲᠠᠯᠠᠨ᠂ ᠵᠠᠰᠠᠭ ᠵᠠᠬᠢᠷᠭᠠᠨ ᠤ ᠬᠡᠷᠡᠭ ᠢ ᠰᠢᠭᠦᠨ ᠲᠠᠰᠤᠯᠤᠭᠰᠠᠨ | ᠪᠠᠶᠢᠳᠠᠯ ᠤᠨ ᠲᠤᠬᠠᠢ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠶᠢᠨ ᠮᠡᠳᠡᠭᠦᠯᠦᠯᠲᠡ ᠶᠢ ᠰᠣᠨᠣᠰᠴᠤ ᠬᠢᠨᠠᠨ | ᠵᠥᠪᠯᠡᠨ᠎ᠡ︔ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠶᠢᠨ ᠭᠦᠢᠴᠡᠳᠬᠡᠬᠦ ᠠᠵᠢᠯ ᠢ ᠪᠠᠶᠢᠴᠠᠭᠠᠨ ᠦᠵᠡᠬᠦ ᠶᠢᠨ | ᠬᠠᠮᠲᠤ ᠲᠤᠰᠬᠠᠶ ᠰᠡᠳᠦᠪ ᠢᠶᠠᠷ ᠯᠠᠪᠯᠠᠨ ᠠᠰᠠᠭᠤᠨ᠎ᠠ︔ ᠬᠠᠤᠯᠢ ᠴᠠᠭᠠᠵᠠ ᠶᠢᠨ ᠬᠡᠷᠡᠭ ᠤᠨ ᠡᠪᠬᠡᠮᠡᠯ ᠢ | ᠲᠥᠪᠯᠡᠷᠡᠭᠦᠯᠦᠨ ᠦᠨᠡᠯᠡᠨ ᠪᠠᠶᠢᠴᠠᠭᠠᠬᠤ ᠵᠢᠴᠢ ᠬᠠᠨᠤᠮᠵᠢ ᠶᠢᠨ ᠬᠡᠮᠵᠢᠶ᠎ᠡ ᠶᠢᠨ ᠬᠠᠷᠢᠭᠤ ᠰᠤᠷᠪᠤᠯᠵᠢᠯᠠᠬᠤ ᠠᠵᠢᠯ ᠢ | ᠰᠠᠶᠢᠲᠤᠷ ᠬᠢᠨ᠎ᠡ᠃ ᠨᠡᠶᠢᠭᠡᠮ ᠤᠨ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠦᠨᠳᠦᠰᠦᠨ ᠱᠠᠲᠤᠨ ᠤ | ᠠᠷᠠᠳ ᠤᠨ ᠡᠶᠡᠳᠡᠭᠦᠯᠬᠦ ᠵᠣᠬᠢᠶᠠᠨ ᠪᠠᠶᠢᠭᠤᠯᠤᠯᠲᠠ ᠶᠢᠨ ᠲᠣᠭᠲᠠᠯᠴᠠᠭ᠎ᠠ ᠬᠢᠭᠡᠳ ᠴᠢᠳᠠᠪᠤᠷᠢ ᠶᠢᠨ ᠪᠠᠶᠢᠭᠤᠯᠤᠯᠲᠠ ᠶᠢᠨ | ᠪᠠᠶᠢᠳᠠᠯ ᠳᠤ ᠲᠤᠰᠬᠠᠶ ᠪᠠᠶᠢᠴᠠᠭᠠᠨ ᠰᠤᠳᠤᠯᠤᠯᠲᠠ ᠬᠢᠨ᠎ᠡ᠃ ᠨᠠᠩ ᠰᠢᠯᠢᠳᠡᠭ ᠬᠥᠭᠵᠢᠯᠲᠡ ᠶᠢᠨ ᠣᠷᠴᠢᠨ ᠲᠣᠭᠤᠷᠢᠨ | ᠢ ᠪᠤᠢ ᠪᠣᠯᠭᠠᠵᠤ᠂ ᠬᠠᠤᠯᠢ ᠪᠠᠷ ᠵᠠᠰᠠᠬᠤ ᠬᠤᠳᠠᠯᠳᠤᠭ᠎ᠠ ᠡᠵᠡᠩᠨᠡᠯᠲᠡ ᠶᠢᠨ ᠣᠷᠴᠢᠨ ᠲᠣᠭᠤᠷᠢᠨ ᠢ | ᠰᠢᠯᠢᠳᠡᠭᠵᠢᠭᠦᠯᠦᠭᠰᠡᠨ ᠠᠵᠢᠯ ᠤᠨ ᠪᠠᠶᠢᠳᠠᠯ ᠤᠨ ᠲᠤᠬᠠᠢ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ | ᠲᠤᠰᠬᠠᠢ ᠰᠡᠳᠦᠪᠲᠦ ᠮᠡᠳᠡᠭᠦᠯᠦᠯᠲᠡ ᠶᠢ ᠰᠣᠨᠣᠰᠤᠨ᠎ᠠ᠃ ᠬᠠᠤᠯᠢ ᠴᠠᠭᠠᠵᠠ ᠬᠠᠤᠯᠢ ᠲᠣᠭᠲᠠᠭᠠᠯ ᠢ ᠲᠤᠤᠱᠯᠠᠭᠤᠯᠤᠨ | ᠬᠡᠷᠡᠭᠵᠢᠭᠦᠯᠦᠭᠰᠡᠨ ᠪᠠᠶᠢᠳᠠᠯ ᠳᠤ ᠬᠢᠨᠠᠯᠲᠠ ᠲᠠᠯᠪᠢᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠠᠤᠯᠢ︾᠂ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠠᠤᠯᠢ︾ ᠵᠢᠴᠢ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠱᠠᠰᠢᠨ ᠰᠤᠷᠲᠠᠬᠤᠨ ᠤ ᠠᠵᠢᠯ ᠤᠨ ᠲᠦᠷᠢᠮ︾ ᠢ | ᠬᠡᠷᠡᠭᠵᠢᠭᠦᠯᠦᠭᠰᠡᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠨ᠎ᠡ᠃ ᠳᠦᠷᠢᠮᠵᠢᠭᠰᠡᠨ ᠪᠢᠴᠢᠭ ᠮᠠᠲ᠋ᠧᠷᠢᠶᠠᠯ ᠢ | ᠳᠠᠩᠰᠠᠯᠠᠭᠤᠯᠵᠤ ᠬᠢᠨᠠᠨ ᠪᠠᠶᠢᠴᠠᠭᠠᠬᠤ ᠶᠢ ᠴᠢᠩᠭᠠᠳᠬᠠᠨ᠂ ᠪᠢᠴᠢᠭ ᠮᠠᠲ᠋ᠧᠷᠢᠶᠠᠯ ᠪᠠᠶᠢᠪᠠᠯ ᠵᠠᠪᠠᠯ ᠳᠠᠩᠰᠠᠯᠠᠭᠤᠯᠬᠤ᠂ | ᠳᠠᠩᠰᠠᠯᠠᠭᠤᠯᠤᠭᠰᠠᠨ ᠪᠠᠶᠢᠪᠠᠯ ᠵᠠᠪᠠᠯ ᠬᠢᠨᠠᠬᠤ᠂ ᠪᠤᠷᠤᠭᠤ ᠪᠠᠶᠢᠪᠠᠯ ᠵᠠᠪᠠᠯ ᠵᠠᠯᠠᠷᠠᠭᠤᠯᠬᠤ ᠶᠢ ᠴᠢᠷᠮᠠᠶᠢᠨ ᠪᠡᠶᠡᠯᠡᠭᠦᠯᠵᠦ᠂ | ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠵᠢᠷᠤᠮᠵᠢᠭᠤᠯᠤᠨ᠎ᠠ᠃ | ᠴᠢᠬᠤᠯᠠ ᠶᠡᠭᠡ ᠬᠡᠷᠡᠭ ᠶᠠᠪᠤᠳᠠᠯ ᠢ ᠲᠣᠭᠲᠠᠭᠠᠬᠤ ᠡᠷᠬᠡ ᠪᠠᠨ ᠬᠠᠤᠯᠢ ᠶᠣᠰᠣᠭᠠᠷ ᠬᠡᠷᠡᠭᠵᠢᠭᠦᠯᠬᠦ ᠶᠢ ᠨᠠᠮ ᠤᠨ | ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠶᠢ ᠨᠠᠶᠢᠳᠠᠪᠤᠷᠢᠵᠢᠭᠤᠯᠬᠤ᠂ ᠠᠵᠤ ᠠᠬᠤᠢ ᠨᠡᠶᠢᠭᠡᠮ ᠤᠨ | ᠬᠥᠭᠵᠢᠯᠲᠡ ᠶᠢ ᠠᠬᠢᠭᠤᠯᠬᠤ ᠵᠢᠴᠢ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠴᠢᠬᠤᠯᠠ ᠭᠠᠷᠳᠠᠴᠠ | ᠪᠣᠯᠭᠠᠵᠤ᠂ ᠠᠷᠠᠳ ᠲᠦᠮᠡᠨ ᠤ ᠡᠵᠡᠨ ᠰᠠᠭᠤᠵᠤ ᠡᠷᠬᠡ ᠮᠡᠳᠡᠬᠦ ᠶᠢ ᠦᠨᠡᠨᠬᠦ ᠪᠠᠲᠤᠯᠠᠨ᠎ᠠ᠃ ᠨᠠᠮ ᠠᠴᠠ ᠺᠠᠳ᠋ᠷ ᠢ | ᠬᠠᠮᠢᠶᠠᠷᠬᠤ ᠵᠠᠷᠴᠢᠮ ᠢ ᠪᠠᠷᠢᠮᠲᠠᠯᠠᠵᠤ᠂ ᠬᠤᠰᠢᠭᠤᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠤᠯᠲᠠ ᠶᠢᠨ | ᠵᠣᠷᠢᠯᠲᠠ ᠶᠢ ᠲᠤᠤᠱᠯᠠᠭᠤᠯᠤᠨ ᠨᠠᠶᠢᠳᠠᠪᠦᠷᠢᠵᠢᠭᠤᠯᠤᠨ᠎ᠠ᠃ ᠲᠤᠰᠢᠶᠠᠯ ᠳᠤ ᠲᠣᠮᠢᠯᠠᠬᠤ ᠠᠴᠠ ᠡᠮᠦᠨᠡᠬᠢ ᠬᠠᠤᠯᠢ | ᠴᠠᠭᠠᠵᠠ ᠶᠢᠨ ᠮᠡᠳᠡᠯᠭᠡ ᠶᠢᠨ ᠰᠢᠯᠭᠠᠯᠲᠠ ᠶᠢ ᠬᠢᠨᠠᠮᠠᠭᠠᠢ ᠵᠣᠬᠢᠶᠠᠨ ᠪᠠᠶᠢᠭᠤᠯᠵᠤ᠂ ᠦᠨᠳᠦᠰᠦᠨ ᠬᠠᠤᠯᠢ ᠳᠤ | ᠲᠠᠩᠭᠠᠷᠢᠭᠯᠠᠬᠤ ᠲᠦᠷᠢᠮ ᠢ ᠴᠢᠩᠭ᠎ᠠ ᠨᠠᠶᠢᠳᠠᠪᠦᠷᠢᠵᠢᠭᠤᠯᠤᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠬᠠᠤᠯᠢ ᠶᠣᠰᠣᠭᠠᠷ ᠲᠤᠰᠢᠶᠠᠯ ᠳᠤ ᠲᠣᠮᠢᠯᠠᠬᠤ᠂ ᠲᠤᠰᠢᠶᠠᠯ ᠠᠴᠠ ᠪᠠᠭᠤᠯᠭᠠᠬᠤ ᠲᠥᠪ ᠴᠢᠩᠭ᠎ᠠ ᠴᠢᠨᠠᠷ ᠪᠠ ᠡᠷᠬᠡ | ᠰᠦᠷᠲᠦ ᠴᠢᠨᠠᠷ ᠢ ᠦᠨᠡᠨ ᠬᠦ ᠴᠢᠩᠭᠠᠳᠬᠠᠨ᠎ᠠ᠃ | ᠲᠦᠷᠪᠡ᠂ ᠲᠦᠯᠦᠭᠡᠯᠡᠭᠴᠢ ᠶᠢᠨ ᠠᠵᠢᠯ ᠢ ᠰᠠᠶᠢᠵᠢᠷᠠᠭᠤᠯᠬᠤ ᠶᠢᠨ ᠲᠣᠭᠤᠷᠢᠨ ᠳᠤ᠂ ᠲᠦᠯᠦᠭᠡᠯᠡᠭᠴᠢ ᠶᠢᠨ | ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠠᠲᠤᠯᠠᠬᠤ ᠲᠠᠯ᠎ᠠ ᠪᠠᠷ ᠰᠢᠨ᠎ᠡ ᠠᠷᠭ᠎ᠠ ᠵᠠᠮ ᠢ ᠰᠦᠪᠡᠭᠴᠢᠯᠡᠨ᠎ᠡ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠬᠦ ᠪᠣᠯᠪᠠᠰᠤᠷᠠᠭᠤᠯᠤᠯ ᠢ ᠴᠢᠩᠭ᠎ᠠ ᠠᠳᠬᠤᠵᠤ᠂ ︽ᠭᠠᠳᠠᠭᠰᠢ ᠭᠠᠷᠬᠤ︾ ᠪᠠ ︽ᠤᠷᠢᠨ ᠠᠪᠴᠢᠷᠠᠬᠤ︾ | ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠥᠷᠭᠡᠨ ᠣᠯᠠᠨ ᠲᠥᠯᠥᠭᠡᠯᠡᠭᠴᠢᠳ ᠲᠤ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠭᠤᠯᠵᠤ᠂ ︽ᠲᠦᠯᠦᠭᠡᠯᠡᠭᠴᠢ ᠶᠢᠨ ᠬᠠᠤᠯᠢ︾ ᠪᠠ ︽ᠬᠢᠨᠠᠯᠲᠠ | ᠲᠠᠯᠪᠢᠬᠤ ᠬᠠᠤᠯᠢ︾ ᠶᠢ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢ ᠶᠢ ᠬᠠᠪᠰᠤᠷᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ︽ᠦᠨᠳᠦᠰᠦᠨ | ᠪᠣᠯᠪᠠᠰᠤᠷᠠᠯ︾ ᠢ ᠨᠢ ᠪᠠᠲᠤ ᠪᠠᠬᠢ ᠪᠣᠯᠭᠠᠨ᠎ᠠ᠃ ︽ᠬᠤᠶᠠᠷ ᠢ ᠬᠤᠯᠪᠣᠭᠠᠯᠠᠬᠤ︾ ᠠᠵᠢᠯ ᠢ ᠲᠠᠰᠤᠷᠠᠯᠲᠠ ᠦᠭᠡᠢ | ᠥᠷᠭᠡᠳᠬᠡᠵᠦ᠂ ︽ᠭᠡᠷ︾ ᠪᠠ ︽ᠥᠷᠲᠡᠭᠡ︾ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ | ᠭᠦᠨᠵᠡᠭᠡᠢᠷᠡᠭᠦᠯᠦᠨ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠢᠯᠧᠲ ᠢᠶᠠᠷ ᠲᠣᠭᠲᠠᠭᠠᠬᠤ ᠳᠦᠷᠢᠮ ᠤᠨ ᠠᠵᠢᠯ ᠢ | ᠯᠠᠪᠳᠠᠭᠤᠨ ᠠᠬᠢᠭᠤᠯᠵᠤ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠪᠡᠶᠡᠯᠡᠭᠦᠯᠬᠦ ᠶᠠᠪᠤᠴᠠ ᠳᠠᠬᠢ | ᠲᠦᠯᠦᠭᠡᠯᠡᠭᠴᠢ ᠶᠢᠨ ᠠᠮᠢᠵᠢᠷᠠᠯ ᠤᠨ ᠬᠦᠴᠦᠨ ᠢ ᠬᠥᠭᠵᠢᠭᠡᠨ᠎ᠡ᠃ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠦᠯᠦᠭᠡᠯᠡᠭᠴᠢ ᠶᠢᠨ ᠰᠠᠨᠠᠯ ᠰᠠᠨᠠᠭᠤᠯᠭ᠎ᠠ ᠶᠢ ᠰᠢᠢᠳᠪᠦᠷᠢᠯᠡᠬᠦ ᠪᠠ ᠰᠢᠪᠠᠳᠠᠨ ᠰᠢᠢᠳᠪᠦᠷᠢᠯᠡᠭᠦᠯᠬᠦ | ᠳᠦᠷᠢᠮ ᠢ ᠲᠡᠭᠦᠯᠳᠡᠷᠵᠢᠭᠦᠯᠵᠦ᠂ ︽ᠨᠢᠭᠤᠷᠳᠠᠨ ᠰᠣᠨᠣᠰᠬᠤ᠂ ᠳᠠᠯᠳᠠᠭᠤᠷ ᠦᠨᠡᠯᠡᠬᠦ᠂ ᠪᠣᠳᠠᠲᠠᠢ ᠰᠢᠢᠳᠪᠦᠷᠢᠯᠡᠬᠦ︾ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠶᠢᠨ ᠰᠠᠨᠠᠯ ᠰᠠᠨᠠᠭᠤᠯᠭ᠎ᠠ ᠶᠢ ᠰᠢᠢᠳᠪᠦᠷᠢᠯᠡᠬᠦ | ᠲᠣᠭᠲᠠᠴᠠ ᠶᠢ ᠪᠠᠶᠢᠭᠤᠯᠤᠨ᠂ ᠰᠠᠨᠠᠭᠤᠯᠭ᠎ᠠ ᠶᠢ ᠰᠢᠢᠳᠪᠦᠷᠢᠯᠡᠭᠰᠡᠨ ᠪᠠᠶᠢᠳᠠᠯ ᠢᠶᠠᠨ ︽ᠡᠷᠭᠢᠴᠡᠭᠦᠯᠵᠦ︾᠂ ᠰᠠᠨᠠᠯ | ᠰᠠᠨᠠᠭᠤᠯᠭ᠎ᠠ ᠶᠢ ᠰᠢᠢᠳᠪᠦᠷᠢᠯᠡᠬᠦ ᠳᠡᠭᠡᠨ ︽ᠬᠠᠷᠢᠭᠤᠯᠲᠠ ᠥᠭᠬᠦ ᠬᠡᠯᠪᠡᠷᠢ︾ ᠠᠴᠠ ︽ᠨᠠᠶᠢᠳᠠᠪᠤᠷᠢᠵᠢᠭᠤᠯᠬᠤ ᠬᠡᠯᠪᠡᠷᠢ︾ | ᠲᠡᠰᠢ ᠬᠤᠪᠢᠷᠠᠭᠤᠯᠬᠤ ᠶᠢ ᠪᠦᠬᠦ ᠬᠦᠴᠦᠨ ᠢᠶᠠᠷ ᠠᠬᠢᠭᠤᠯᠤᠨ᠎ᠠ᠃ ᠲᠦᠯᠦᠭᠡᠯᠡᠭᠴᠢ ᠶᠢᠨ ᠲᠤᠰᠢᠶᠠᠯ ᠬᠠᠷᠢᠭᠤᠴᠠᠯᠭ᠎ᠠ | ᠪᠠᠨ ᠭᠦᠢᠴᠡᠳᠬᠡᠬᠦ ᠳᠤ ᠬᠢᠨᠠᠯᠲᠠ ᠲᠠᠯᠪᠢᠬᠤ ᠪᠠ ᠤᠷᠮᠠᠰᠢᠭᠤᠯᠬᠤ ᠲᠣᠭᠲᠠᠴᠠ ᠶᠢ ᠪᠦᠷᠢᠨᠰᠢᠭᠦᠯᠵᠦ᠂ ᠲᠦᠯᠦᠭᠡᠯᠡᠭᠴᠢ | ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠬᠢᠨᠠᠨ ᠦᠨᠡᠯᠡᠬᠦ ᠪᠠ ᠪᠠᠭᠤᠬᠤ ᠠᠷᠭ᠎ᠠ ᠶᠢ ᠴᠢᠩᠭ᠎ᠠ | ᠬᠡᠷᠡᠭᠵᠢᠭᠦᠯᠦᠨ᠂ ᠬᠠᠤᠯᠢ ᠴᠠᠭᠠᠵᠠ ᠰᠠᠬᠢᠯᠭ᠎ᠠ ᠪᠠᠲᠤ ᠶᠢ ᠵᠥᠷᠢᠴᠡᠭᠰᠡᠨ ᠪᠤᠶᠤ ᠨᠡᠶᠢᠭᠡᠮ ᠤᠨ ᠨᠠᠵᠠᠭᠠᠶ ᠲᠠᠯ᠎ᠠ ᠶᠢᠨ | ᠲᠤᠰᠬᠠᠯ ᠴᠢᠩᠭ᠎ᠠ ᠲᠥᠯᠥᠭᠡᠯᠡᠭᠴᠢ ᠶᠢ ᠬᠠᠤᠯᠢ ᠶᠣᠰᠣᠭᠠᠷ ᠰᠢᠢᠳᠪᠦᠷᠢᠯᠡᠵᠦ᠂ ᠨᠢᠭᠡ ᠪᠦᠯᠦᠭ ᠰᠢᠯᠢᠳᠡᠭ ᠵᠢᠱᠢᠶᠡᠴᠢ | ᠲᠥᠯᠥᠭᠡᠯᠡᠭᠴᠢ ᠶᠢ ᠰᠤᠩᠭᠤᠬᠤ ᠪᠠ ᠬᠥᠬᠢᠭᠦᠯᠦᠨ ᠰᠠᠶᠢᠰᠢᠶᠠᠵᠤ᠂ ᠲᠦᠯᠦᠭᠡᠯᠡᠭᠴᠢ ᠶᠢᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ᠂ ᠠᠵᠤ ᠦᠢᠯᠡᠰ ᠢ ᠬᠦᠭᠵᠢᠭᠦᠯᠬᠦ ᠵᠢᠴᠢ ᠬᠤᠳᠠᠯᠳᠤᠭᠠᠴᠢᠨ ᠤᠷᠢᠵᠤ ᠪᠠᠯᠠ ᠲᠠᠲᠠᠬᠤ | ᠵᠡᠷᠭᠡ ᠳᠤ ᠣᠷᠣᠯᠴᠠᠬᠤ ᠶᠢ ᠵᠣᠷᠢᠭᠵᠢᠭᠤᠯᠵᠤ᠂ ᠮᠠᠨ ᠤ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ | ᠪᠠ ᠪᠥᠬᠦ ᠠᠷᠠᠳ ᠲᠦᠮᠡᠨ ᠤ ᠬᠠᠮᠲᠤ ᠪᠠᠷ ᠴᠢᠨᠡᠭᠡᠯᠢᠭᠵᠢᠬᠦ ᠶᠢ ᠪᠡᠶᠡᠯᠡᠭᠦᠯᠬᠦ ︽ᠬᠤᠰᠢᠭᠤᠴᠢ ᠭᠠᠯᠠᠭᠤ︾ | ᠪᠣᠯᠭᠠᠬᠤ ᠪᠠᠷ ᠴᠢᠷᠮᠠᠶᠢᠨ᠎ᠠ᠃ | ᠲᠠᠪᠤ᠂ ︽ᠲᠦᠷᠪᠡᠨ ᠪᠠᠶᠢᠭᠤᠯᠭ᠎ᠠ︾ ᠶᠢᠨ ᠱᠠᠭᠠᠷᠳᠠᠯᠭ᠎ᠠ ᠶᠢᠨ ᠲᠣᠭᠤᠷᠢᠨ ᠳᠤ᠂ ᠲᠤᠰ ᠪᠡᠶ᠎ᠡ ᠶᠢᠨ | ᠪᠠᠶᠢᠭᠤᠯᠤᠯᠲᠠ ᠪᠠᠨ ᠴᠢᠩᠭᠠᠳᠬᠠᠬᠤ ᠲᠠᠯ᠎ᠠ ᠪᠠᠷ ᠰᠢᠨ᠎ᠡ ᠳᠡᠭᠲᠡᠷ ᠲᠤ ᠭᠠᠷᠣᠨ᠎ᠠ | ︽ᠳᠥᠷᠪᠡᠨ ᠪᠠᠶᠢᠭᠤᠯᠭ᠎ᠠ︾ ᠶᠢᠨ ᠪᠠᠶᠢᠭᠤᠯᠤᠯᠲᠠ ᠶᠢᠨ ᠰᠢᠨ᠎ᠡ ᠪᠠᠶᠢᠷᠢ ᠲᠣᠭᠲᠠᠭᠠᠯᠲᠠ᠂ ᠰᠢᠨ᠎ᠡ ᠬᠠᠷᠠᠯᠲᠠ | ᠵᠢᠴᠢ ᠰᠢᠨ᠎ᠡ ᠱᠠᠭᠠᠷᠳᠠᠯᠭ᠎ᠠ ᠲᠠᠢ ᠬᠠᠷᠢᠴᠠᠭᠤᠯᠵᠤ᠂ ᠭᠦᠨᠵᠡᠭᠡᠶ ᠰᠤᠷᠤᠯᠴᠠᠵᠤ ᠪᠠᠲᠤᠲᠠᠶ ᠦᠢᠯᠡᠳᠦᠯᠭᠡᠵᠢᠭᠦᠯᠦᠨ | ᠴᠢᠳᠠᠪᠤᠷᠢ ᠪᠠᠨ ᠳᠡᠭᠡᠭᠰᠢᠯᠡᠭᠦᠯᠦᠨ᠎ᠡ᠃ ᠦᠨᠳᠦᠰᠦᠨ ᠬᠠᠤᠯᠢ ᠵᠢᠴᠢ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ | ᠲᠣᠭᠲᠠᠭᠠᠯ ᠢ ᠭᠦᠨᠵᠡᠭᠡᠢ ᠰᠤᠷᠤᠯᠴᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠦᠷᠢᠮ ᠤᠨ | ᠬᠠᠮᠢᠶ᠎ᠠ ᠪᠦᠬᠦᠢ ᠣᠨᠣᠯ ᠪᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠤᠬᠠᠶᠢᠯᠠᠭᠰᠠᠨ ᠠᠵᠢᠯ ᠤᠨ | ᠮᠡᠳᠡᠯᠭᠡ ᠶᠢ ᠰᠤᠷᠤᠯᠴᠠᠨ᠂ ᠬᠠᠤᠯᠢ ᠶᠣᠰᠣᠭᠠᠷ ᠡᠷᠬᠡ ᠪᠠᠨ ᠬᠡᠷᠡᠭᠵᠢᠭᠦᠯᠬᠦ ᠪᠠ ᠰᠠᠨᠠᠯ ᠰᠠᠨᠠᠭᠤᠯᠭ᠎ᠠ ᠳᠤᠷᠠᠳᠬᠤ | ᠴᠢᠳᠠᠪᠤᠷᠢ ᠪᠠᠨ ᠳᠡᠭᠡᠭᠰᠢᠯᠡᠭᠦᠯᠦᠨ᠎ᠡ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠣᠶᠤᠨ ᠤ ᠬᠥᠮᠥᠷᠭᠡ ᠶᠢᠨ ᠪᠦᠯᠬᠦᠮ ᠢ ᠪᠡᠯᠡᠳᠬᠡᠨ ᠪᠠᠶᠢᠭᠤᠯᠵᠤ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠪᠠᠶᠢᠴᠠᠭᠠᠨ ᠰᠤᠳᠤᠯᠤᠯᠲᠠ ᠶᠢ ᠴᠢᠩᠭᠠᠳᠬᠠᠨ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠳᠤ ᠣᠶᠤᠨ ᠤ ᠳᠡᠮᠵᠢᠯᠭᠡ ᠬᠠᠩᠭᠠᠵᠤ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠠᠤᠯᠢ ᠳᠦᠷᠢᠮᠵᠢᠯᠲᠡ ᠪᠠ ᠲᠤᠰᠬᠠᠶᠢᠵᠢᠭᠰᠠᠨ ᠬᠢᠷᠢ | ᠲᠦᠪᠰᠢᠨ ᠢ ᠳᠡᠭᠡᠭᠰᠢᠯᠡᠭᠦᠯᠦᠨ᠎ᠡ᠃ ᠨᠢᠭᠲᠠ ᠵᠢᠯᠣᠭᠤᠳᠴᠤ ᠨᠢᠮᠪᠠᠢ ᠬᠠᠷᠢᠯᠴᠠᠨ᠎ᠠ᠃ ᠰᠢᠶᠠᠩ ᠪᠠᠯᠭᠠᠰᠤ ᠶᠢᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠠᠬᠢ ᠬᠠᠷᠢᠯᠴᠠᠭ᠎ᠠ ᠵᠢᠯᠣᠭᠤᠳᠤᠯᠭ᠎ᠠ ᠪᠠᠨ ᠴᠢᠩᠭᠠᠳᠬᠠᠨ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠬᠢᠭᠡᠳ ︽ᠨᠢᠭᠡ ᠣᠷᠳᠣᠨ ᠨᠢᠭᠡ ᠵᠥᠪᠯᠡᠯ ᠬᠤᠶᠠᠷ ᠬᠤᠷᠢᠶ᠎ᠠ︾ | ᠶᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠵᠤ᠂ ᠬᠠᠮᠲᠤ ᠪᠠᠷ ᠠᠰᠠᠭᠤᠳᠠᠯ ᠢ ᠢᠯᠡᠷᠡᠭᠦᠯᠬᠦ᠂ ᠠᠰᠠᠭᠤᠳᠠᠯ ᠢ | ᠰᠤᠳᠤᠯᠤᠨ ᠰᠢᠢᠳᠪᠦᠷᠢᠯᠡᠬᠦ ᠵᠢᠴᠢ ᠥᠨᠳᠥᠷ ᠪᠦᠲᠦᠮᠵᠢᠲᠡᠢ ᠪᠠᠷ ᠬᠠᠮᠵᠢᠯᠴᠠᠨ ᠬᠦᠴᠦᠯᠡᠬᠦ ᠰᠠᠶᠢᠨ ᠰᠠᠶᠢᠬᠠᠨ | ᠬᠠᠷᠢᠯᠴᠠᠭ᠎ᠠ ᠶᠢ ᠪᠣᠢ ᠪᠣᠯᠭᠠᠨ᠎ᠠ᠃ ᠴᠢᠩᠭ᠎ᠠ ᠰᠤᠷᠲᠠᠯ ᠢ ᠪᠠᠶᠢᠩᠭᠤ ᠠᠳᠬᠤᠨ᠎ᠠ᠃ ᠨᠠᠮ ᠳᠠᠭᠠᠨ ᠬᠠᠷᠢᠴᠠᠯᠠᠰᠢ ᠦᠭᠡᠶ | ᠦᠨᠡᠨᠴᠢ ᠰᠢᠳᠤᠷᠭᠤ ᠪᠠᠶᠢᠬᠤ ᠶᠢ ᠰᠤᠷᠲᠠᠯ ᠤᠨ ᠪᠠᠶᠢᠭᠤᠯᠤᠯᠲᠠ ᠶᠢᠨ ᠦᠨᠳᠦᠰᠦᠨ ᠱᠠᠭᠠᠷᠳᠠᠯᠭ᠎ᠠ ᠪᠣᠯᠭᠠᠵᠤ᠂ ᠣᠯᠠᠨ | ᠲᠦᠮᠡᠨ ᠲᠠᠢ ᠨᠢᠭᠲᠠ ᠬᠠᠷᠢᠯᠴᠠᠬᠤ ᠶᠠᠪᠤᠳᠠᠯ ᠢ ᠰᠤᠷᠲᠠᠯ ᠤᠨ ᠪᠠᠶᠢᠭᠤᠯᠤᠯᠲᠠ ᠶᠢᠨ ᠲᠡᠷᠢᠭᠦᠨ ᠴᠢᠬᠤᠯᠠ ᠡᠭᠦᠷᠭᠡ | ᠪᠣᠯᠭᠠᠨ᠂ ᠰᠠᠬᠢᠯᠭ᠎ᠠ ᠪᠠᠲᠤ ᠶᠣᠰᠣ ᠳᠦᠷᠢᠮ ᠢ ᠴᠢᠩᠭ᠎ᠠ ᠰᠠᠬᠢᠬᠤ ᠶᠢ ᠰᠤᠷᠲᠠᠯ ᠤᠨ ᠪᠠᠶᠢᠭᠤᠯᠤᠯᠲᠠ ᠶᠢᠨ ᠪᠠᠶᠢᠩᠭᠤ | ᠶᠢᠨ ᠠᠭᠤᠯᠭ᠎ᠠ ᠪᠣᠯᠭᠠᠵᠤ᠂ ᠡᠷᠬᠡ ᠶᠢᠨ ᠠᠵᠢᠯᠯᠠᠭᠠᠨ ᠢ ᠵᠢᠷᠤᠮᠵᠢᠭᠤᠯᠬᠤ ᠶᠠᠪᠤᠳᠠᠯ ᠢ ᠰᠤᠷᠲᠠᠯ ᠤᠨ | ᠪᠠᠶᠢᠭᠤᠯᠤᠯᠲᠠ ᠶᠢᠨ ᠪᠦᠲᠦᠮᠵᠢᠲᠡᠶ ᠪᠠᠲᠤᠯᠠᠭ᠎ᠠ ᠪᠣᠯᠭᠠᠨ᠂ ᠠᠷᠢᠭᠤᠨ ᠴᠢᠬᠡᠴᠢ ᠪᠣᠳᠠᠲᠠᠶ ᠶᠢ ᠡᠷᠬᠢᠮᠯᠡᠨ | ᠬᠠᠷᠢᠭᠤᠴᠠᠯᠭ᠎ᠠ ᠡᠭᠦᠷᠭᠡᠯᠡᠬᠦ ᠶᠢ ᠰᠤᠷᠲᠠᠯ ᠤᠨ ᠪᠠᠶᠢᠭᠤᠯᠤᠯᠲᠠ ᠶᠢᠨ ᠵᠠᠩᠭᠢᠯᠠᠭ᠎ᠠ ᠶᠢᠨ ᠭᠤᠭᠴᠤᠭ᠎ᠠ ᠪᠣᠯᠭᠠᠵᠤ᠂ | ᠤᠯᠤᠰ ᠲᠥᠷᠥ ᠪᠠᠲᠤ ᠴᠢᠩᠭ᠎ᠠ ᠪᠠᠶᠢᠬᠤ᠂ ᠠᠷᠠᠳ ᠲᠦᠮᠡᠨ ᠳᠤ ᠦᠢᠯᠡᠴᠢᠯᠡᠬᠦ᠂ ᠬᠠᠤᠯᠢ ᠪᠠᠷ ᠵᠠᠰᠠᠬᠤ ᠶᠢ | ᠬᠦᠨᠳᠦᠳᠬᠡᠬᠦ᠂ ᠠᠷᠠᠳᠴᠢᠯᠠᠯ ᠢ ᠪᠠᠳᠠᠷᠠᠭᠤᠯᠬᠤ ᠵᠢᠴᠢ ᠬᠠᠷᠢᠭᠤᠴᠠᠯᠭ᠎ᠠ ᠪᠠᠨ ᠬᠢᠴᠢᠶᠡᠩᠭᠦᠶᠢᠯᠡᠨ ᠭᠦᠢᠴᠡᠳᠬᠡᠭᠰᠡᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠺᠠᠳ᠋ᠷ ᠤᠨ ᠡᠩᠨᠡᠭᠡ ᠶᠢ ᠪᠠᠶᠢᠭᠤᠯᠵᠤ᠂ ᠨᠠᠩ ᠴᠢᠷᠮᠠᠶᠢᠨ | ᠳᠠᠪᠰᠢᠬᠤ ᠪᠠᠶᠢᠳᠠᠯ ᠢᠶᠠᠷ᠂ ᠨᠠᠩ ᠰᠢᠨᠵᠢᠯᠡᠬᠦ ᠤᠬᠠᠭᠠᠨᠴᠢ ᠪᠦᠷᠢᠨ ᠲᠡᠭᠦᠯᠳᠡᠷ ᠲᠣᠭᠲᠠᠴᠠ ᠵᠢᠴᠢ ᠨᠠᠩ ᠪᠣᠳᠠᠲᠠᠶ ᠶᠢ | ᠡᠷᠬᠢᠮᠯᠡᠭᠰᠡᠨ ᠬᠦᠴᠦᠲᠡᠶ ᠠᠷᠭ᠎ᠠ ᠬᠡᠮᠵᠢᠶ᠎ᠡ ᠪᠠᠷ ᠰᠢᠨ᠎ᠡ ᠴᠠᠭ ᠦᠶ᠎ᠡ ᠶᠢᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠠᠵᠢᠯ ᠤᠨ ᠨᠠᠩ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠦᠨ᠎ᠡ᠃ | ᠲᠥᠯᠥᠭᠡᠯᠡᠭᠴᠢᠳ ᠡ᠂ ᠥᠩᠭᠡᠷᠡᠭᠰᠡᠨ ᠢᠶᠠᠷ ᠲᠣᠯᠢᠳᠠᠭᠤᠯᠤᠨ᠂ ᠦᠨᠡᠨ ᠪᠣᠳᠠᠲᠠᠢ ᠠᠵᠢᠯᠯᠠᠵᠤ᠂ ᠢᠷᠡᠭᠡᠳᠦᠢ ᠳᠤ | ᠬᠦᠰᠡᠯ ᠮᠦᠷᠦᠭᠡᠳᠦᠯ ᠲᠠᠢ᠃ | ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ | ᠨᠢᠭᠲᠠᠷᠠᠨ ᠪᠦᠯᠬᠦᠮᠳᠡᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠤᠱᠯᠠᠭᠤᠯᠤᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠬᠤᠰᠢᠭᠤᠨ ᠤ ᠨᠠᠮ ᠤᠨ ᠬᠤᠷᠢᠶ᠎ᠠ ᠶᠢᠨ | ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠲᠡᠦᠬᠡ ᠳᠤ ᠣᠰᠣᠯᠳᠠᠬᠤ ᠦᠭᠡᠢ᠂ ᠴᠠᠭ ᠦᠶ᠎ᠡ ᠳᠤ ᠣᠰᠣᠯᠳᠠᠬᠤ | ᠦᠭᠡᠢ᠂ ᠠᠷᠠᠳ ᠲᠦᠮᠡᠨ ᠳᠤ ᠣᠰᠤᠯᠳᠠᠬᠤ ᠦᠭᠡᠢ ᠪᠠᠶᠢᠬᠤ ᠴᠢᠩᠭ᠎ᠠ ᠬᠠᠷᠢᠭᠤᠴᠠᠯᠭ᠎ᠠ ᠪᠠᠷ᠂ ᠳᠡᠭᠡᠳᠦ ᠳᠣᠣᠷᠠᠳᠤ | ᠱᠠᠲᠤ ᠪᠠᠷ ᠢᠶᠠᠨ ᠰᠡᠳᠬᠢᠯ ᠨᠢᠭᠡᠳᠦᠨ᠂ ᠡᠷᠴᠢ ᠵᠣᠷᠢᠭ ᠢᠶᠠᠨ ᠬᠦᠪᠴᠢᠯᠡᠨ ᠡᠷᠡᠮᠡᠬᠡᠶᠢᠯᠡᠨ ᠤᠷᠤᠭᠰᠢᠯᠠᠵᠤ᠂ ᠪᠠᠭᠠᠷᠢᠨ | ᠵᠡᠭᠦᠨ ᠬᠤᠰᠢᠭᠤᠨ ᠤ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ | ᠪᠢᠴᠢᠭᠯᠡᠬᠦ ᠶᠢᠨ ᠲᠥᠯᠥᠭᠡ ᠴᠢᠷᠮᠠᠶᠢᠨ ᠲᠡᠮᠡᠴᠡᠵᠡᠭᠡᠶ᠎ᠡ︕ |