ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠬᠢᠷᠠᠭᠤᠯᠤᠯᠲᠠ ᠪᠠᠷ᠂ 4 ᠰᠠᠷ᠎ᠠ ᠶᠢᠨ | 22 ᠤᠨ ᠡᠳᠦᠷ᠂ ᠸᠠᠩ ᠯᠢ ᠰᠢᠶᠠ ᠪᠦᠭᠦ ᠣᠷᠣᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠸᠢᠳᠢᠤ᠋ ᠬᠤᠷᠠᠯ ᠢ | ᠡᠷᠭᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠴᠣᠬᠤᠯᠠᠪᠤᠷᠢ ᠶᠢ ᠤᠯᠠᠮᠵᠢᠯᠠᠨ | ᠰᠤᠷᠤᠯᠴᠠᠵᠤ᠂ ᠪᠦᠭᠦ ᠤᠯᠤᠰ ᠤᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠲᠧᠯᠸᠢᠰ | ᠤᠲᠠᠰᠤ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠭᠦ ᠣᠷᠣᠨ ᠤ ᠠᠶᠤᠯᠭᠦᠢ | ᠦᠢᠯᠡᠳᠪᠦᠷᠢᠯᠡᠯ ᠤᠨ ᠠᠵᠢᠯ ᠢ ᠤᠯᠠᠮ ᠴᠢᠨᠠᠭᠰᠢᠳᠠ ᠪᠠᠶᠢᠷᠢᠯᠠᠭᠤᠯᠪᠠ᠃ | ᠸᠠᠩ ᠯᠢ ᠰᠢᠶᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠠᠳᠡᠯ ᠠᠴᠠ ᠭᠦᠨᠵᠡᠭᠡᠢ | ᠰᠤᠷᠭᠠᠮᠵᠢ ᠠᠪᠴᠤ᠂ ᠠᠶᠤᠯ ᠲᠦᠭᠰᠢᠭᠦᠷᠢ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ | ᠶᠠᠰᠤ ᠴᠢᠨᠠᠷ ᠢᠶᠠᠨ ᠴᠢᠨᠠᠭᠰᠢᠳᠠ ᠳᠡᠭᠡᠭᠰᠢᠯᠡᠭᠦᠯᠵᠦ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠪᠦᠭᠦ | ᠬᠦᠷᠢᠶ᠎ᠡ᠂ ᠪᠦᠭᠦ ᠲᠠᠯ᠎ᠠ᠂ ᠪᠦᠭᠦ ᠭᠤᠭᠴᠤᠭ᠎ᠠ ᠳᠤ ᠪᠣᠳᠠᠲᠠᠢ ᠪᠠᠷ ᠨᠠᠶᠢᠳᠠᠪᠤᠷᠢᠵᠢᠭᠤᠯᠬᠤ ᠬᠡᠷᠡᠭᠲᠡᠢ᠃ ᠠᠳᠡᠯ ᠮᠢᠨᠤ | ᠪᠡᠶ᠎ᠡ ᠳᠡᠭᠡᠷ᠎ᠡ ᠡᠭᠦᠰᠬᠦ ᠦᠭᠡᠢ ᠭᠡᠬᠦ ᠠᠵᠠ ᠬᠠᠷᠠᠬᠤ ᠪᠤᠳᠤᠯ ᠢ ᠡᠷᠡᠰ ᠲᠡᠪᠴᠢᠵᠦ᠂ ᠪᠠᠶᠢᠴᠠᠭᠠᠬᠤ ᠶᠢᠨ ᠲᠥᠯᠥᠭᠡ | ᠪᠠᠶᠢᠴᠠᠭᠠᠬᠤ᠂ ᠴᠡᠭᠴᠡᠯᠡᠨ ᠰᠠᠶᠢᠵᠢᠷᠠᠭᠤᠯᠬᠤ ᠶᠢᠨ ᠲᠥᠯᠥᠭᠡ ᠴᠡᠭᠴᠡᠯᠡᠨ ᠰᠠᠶᠢᠵᠢᠷᠠᠭᠤᠯᠬᠤ ᠠᠷᠭᠠᠴᠠᠭᠠᠬᠤ ᠪᠤᠳᠤᠯ ᠢ | ᠡᠷᠡᠰ ᠲᠡᠪᠴᠢᠵᠦ᠂ ᠴᠡᠭᠴᠡᠯᠡᠨ ᠰᠠᠶᠢᠵᠢᠷᠠᠭᠤᠯᠵᠤ ᠳ᠋ᠤᠭᠠᠷ ᠬᠠᠰᠤᠪᠠᠯ ᠪᠣᠯᠴᠢᠬᠠᠬᠤ᠂ ᠤᠤᠯ ᠨᠢ ᠶᠠᠭᠠᠬᠢᠵᠤ ᠪᠠᠶᠢᠭᠰᠠᠨ | ᠪᠣᠯ ᠶᠠᠭᠠᠬᠢᠵᠤ ᠪᠠᠶᠢᠯᠭᠠᠬᠤ ᠪᠣᠭᠤᠮᠲᠠ ᠳᠠᠪᠠᠭ᠋ᠤ ᠰᠡᠳᠬᠢᠴᠡ ᠶᠢ ᠡᠷᠡᠰ ᠲᠡᠪᠴᠢᠵᠦ᠂ ᠠᠮᠤᠷ ᠲᠦᠪᠰᠢᠨ ᠤ | ᠪᠠᠷᠢᠮᠵᠢᠶ᠎ᠠ ᠶᠢ ᠶᠡᠷᠦᠮᠳᠡᠭᠴᠢᠯᠡᠬᠦ᠂ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠶᠢ ᠶᠡᠷᠦᠮᠳᠡᠭᠴᠢᠯᠡᠬᠦ ᠨᠠᠵᠠᠭᠠᠢ | ᠪᠤᠳᠤᠯ ᠢ ᠡᠷᠡᠰ ᠲᠡᠪᠴᠢᠵᠦ᠂ ᠠᠮᠢ ᠨᠠᠰᠤ ᠶᠢ ᠳᠡᠭᠡᠳᠦᠯᠡᠬᠦ ᠰᠡᠳᠬᠢᠯᠭᠡ᠂ ᠠᠷᠠᠳ ᠲᠦᠮᠡᠨ ᠳᠤ ᠬᠠᠷᠢᠭᠤᠴᠠᠬᠤ | ᠰᠡᠳᠬᠢᠯᠭᠡ ᠪᠠᠷ ᠠᠶᠤᠯᠭᠦᠢ ᠦᠢᠯᠡᠳᠪᠦᠷᠢᠯᠡᠯ ᠢ ᠴᠠᠭ ᠢᠮᠠᠭᠲᠠ ᠰᠡᠳᠬᠢᠯ ᠳᠡᠭᠡᠨ ᠪᠤᠳᠤᠵᠤ᠂ ᠴᠢᠩᠭ᠎ᠠ ᠠᠳᠬᠤᠬᠤ | ᠬᠡᠷᠡᠭᠲᠡᠢ ᠭᠡᠪᠡ᠃ | ᠸᠠᠩ ᠯᠢ ᠰᠢᠶᠠ᠂ ᠭᠡᠮ ᠰᠣᠭᠤᠭ ᠢ ᠵᠢᠭᠰᠠᠭᠠᠨ ᠪᠠᠶᠢᠴᠠᠭᠠᠬᠤ ᠶᠢ ᠪᠣᠳᠠᠲᠠᠶᠢᠵᠢᠭᠤᠯᠤᠭᠰᠠᠨ ᠦᠭᠡᠢ᠂ | ᠴᠡᠭᠴᠡᠯᠡᠨ ᠰᠠᠶᠢᠵᠢᠷᠠᠭᠤᠯᠤᠭᠰᠠᠨ ᠶᠠᠰᠤ ᠴᠢᠨᠠᠷ ᠥᠨᠳᠥᠷ ᠪᠢᠰᠢ᠂ ᠪᠣᠯᠪᠠᠰᠤᠷᠠᠯ ᠰᠣᠷᠢᠯᠲᠠ ᠪᠣᠳᠠᠲᠠᠢ ᠪᠢᠰᠢ᠂ ᠠᠮᠤᠷ | ᠲᠦᠪᠰᠢᠨ ᠤ ᠪᠠᠷᠢᠮᠵᠢᠶ᠎ᠠ ᠥᠨᠳᠥᠷ ᠪᠢᠰᠢ᠂ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠭᠰᠠᠨ ᠦᠭᠡᠢ ᠵᠡᠷᠭᠡ | 5 ᠲᠦᠷᠦᠯ ᠤᠨ ᠲᠣᠪᠤᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠣᠨᠳᠣᠣ ᠭᠠᠵᠠᠷ ᠲᠤ ᠬᠠᠤᠯᠢ | ᠬᠡᠷᠡᠭᠵᠢᠭᠦᠯᠬᠦ᠂ ᠲᠤᠬᠠᠢ ᠶᠢᠨ ᠲᠠᠯᠠᠪᠠᠢ ᠳᠤ ᠬᠠᠷᠭᠤᠭᠤᠯᠤᠨ ᠪᠠᠶᠢᠴᠠᠭᠠᠬᠤ᠂ ᠲᠤᠰᠬᠠᠢ ᠮᠡᠷᠭᠡᠵᠢᠯᠲᠡᠨ ᠬᠠᠮᠲᠤᠷᠠᠨ | ᠣᠨᠣᠰᠢᠯᠠᠬᠤ ᠵᠡᠷᠭᠡ ᠬᠡᠯᠪᠡᠷᠢ ᠶᠢ ᠠᠪᠴᠤ᠂ ᠨᠢᠭᠡ ᠨᠢᠭᠡ ᠡᠷᠦᠭᠡ ᠪᠠᠷ ︽ᠰᠢᠭᠰᠢᠨ ᠪᠠᠶᠢᠴᠠᠭᠠᠵᠤ︾᠂ ᠨᠢᠭᠡ ᠨᠢᠭᠡ | ᠳᠦᠷᠦᠯ ᠢᠶᠠᠷ ︽ᠲᠠᠩᠰᠠ ᠠᠴᠠ ᠲᠠᠶᠢᠯᠬᠤ︾ ᠬᠡᠷᠡᠭᠲᠡᠢ᠃ ᠣᠳᠣᠬᠠᠨ ᠳᠤ 4 ᠶᠠᠪᠤᠳᠠᠯ ᠢ ᠭᠤᠣᠯᠳᠠᠯᠭ᠎ᠠ ᠲᠠᠢ | ᠰᠠᠶᠢᠲᠤᠷ ᠠᠳᠬᠤᠬᠤ ᠬᠡᠷᠡᠭᠲᠡᠢ᠂ ᠨᠢᠭᠡ ᠳᠤ᠂ ᠳᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ | ᠶᠠᠰᠤ ᠴᠢᠨᠠᠷ ᠢ ᠪᠦᠭᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠂ ᠬᠤᠶᠠᠷ ᠲᠤ᠂ ᠭᠤᠣᠯᠳᠠᠯᠭ᠎ᠠ ᠲᠠᠢ ᠲᠠᠯᠠᠪᠤᠷ | ᠭᠠᠵᠠᠷ ᠤᠨ ᠭᠠᠯ ᠤᠨ ᠠᠶᠤᠯ ᠤᠨ ᠳᠠᠯᠳᠠ ᠭᠡᠮ ᠢ ᠲᠦᠷᠭᠡᠳᠬᠡᠨ ᠵᠢᠭᠰᠠᠭᠠᠨ ᠪᠠᠶᠢᠴᠠᠭᠠᠬᠤ ᠬᠡᠷᠡᠭᠲᠡᠢ᠂ ᠭᠤᠷᠪᠠ ᠳᠤ᠂ | ᠦᠯᠡᠳᠡᠭᠳᠡᠯ ᠠᠭᠤᠷᠬᠠᠢ ᠬᠥᠮᠥᠷᠭᠡ ᠶᠢᠨ ᠠᠶᠤᠯ ᠲᠦᠭᠰᠢᠭᠦᠷᠢ ᠶᠢᠨ ᠳᠠᠯᠳᠠ ᠭᠡᠮ ᠢ ᠪᠦᠭᠦ ᠲᠠᠯ᠎ᠠ ᠪᠠᠷ ᠵᠢᠭᠰᠠᠭᠠᠨ | ᠪᠠᠶᠢᠴᠠᠭᠠᠬᠤ ᠬᠡᠷᠡᠭᠲᠡᠢ᠂ ᠳᠥᠷᠪᠡ ᠳᠤ᠂ ᠦᠶᠡᠷ ᠢ ᠰᠡᠷᠭᠡᠶᠢᠯᠡᠨ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠢ ᠪᠦᠭᠦ | ᠲᠠᠯ᠎ᠠ ᠪᠠᠷ ᠰᠠᠶᠢᠲᠤᠷ ᠠᠳᠬᠤᠬᠤ ᠬᠡᠷᠡᠭᠲᠡᠢ᠃ ᠠᠮᠤᠷ ᠲᠦᠪᠰᠢᠨ ᠤ ᠭᠡᠮ ᠰᠣᠭᠤᠭ ᠢ ᠵᠢᠭᠰᠠᠭᠠᠨ ᠪᠠᠶᠢᠴᠠᠭᠠᠵᠤ | ᠴᠡᠭᠴᠡᠯᠡᠨ ᠵᠠᠰᠠᠬᠤ ᠪᠠ ᠭᠤᠣᠯ ᠰᠡᠳᠦᠪᠲᠦ ᠬᠥᠮᠦᠵᠢᠯ ᠤᠨ ᠪᠠᠶᠢᠴᠠᠭᠠᠨ ᠰᠤᠳᠤᠯᠤᠯᠲᠠ ᠬᠢᠬᠦ ᠶᠢ ᠤᠶᠠᠯᠳᠤᠭᠤᠯᠵᠤ᠂ | ᠠᠰᠠᠭᠤᠳᠠᠯ ᠢ ᠦᠨᠡᠨ ᠬᠦ ᠪᠠᠶᠢᠴᠠᠭᠠᠵᠤ᠂ ᠴᠡᠭᠴᠡᠯᠡᠨ ᠰᠠᠶᠢᠵᠢᠷᠠᠭᠤᠯᠬᠤ ᠶᠢ ᠠᠩᠬᠠᠷᠴᠤ᠂ ᠠᠵᠢᠯ ᠤᠨ ᠪᠠᠶᠢᠷᠢ | ᠭᠦᠷᠳᠡᠯ᠎ᠡ ᠨᠠᠶᠢᠳᠠᠪᠤᠷᠢᠵᠢᠭᠤᠯᠵᠤ᠂ ᠬᠥᠮᠥᠨ ᠳᠤ ᠭᠦᠷᠳᠡᠯ᠎ᠡ ᠨᠠᠶᠢᠳᠠᠪᠤᠷᠢᠵᠢᠭᠤᠯᠵᠤ᠂ ᠪᠠᠷᠢᠮᠵᠢᠶ᠎ᠠ ᠶᠢ ᠳᠡᠭᠡᠭᠰᠢᠯᠡᠭᠦᠯᠵᠦ | ᠂ ᠬᠡᠪ ᠳᠠᠭᠤᠷᠢᠶᠠᠯ ᠢ ᠪᠤᠶ ᠪᠣᠯᠭᠠᠵᠤ᠂ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ ᠱᠠᠯᠠᠪᠳᠠᠭᠤᠯᠬᠤ ᠠᠵᠢᠯ ᠤᠨ | ᠯᠠᠪᠳᠠᠭᠤᠨ ᠪᠠᠲᠤᠲᠠᠢ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠸᠠᠩ ᡁᠢ ᠴᠢᠶᠠᠩ᠂ ᠵᠧᠩ ᠭᠤᠸᠠᠩ ᠵᠤᠤ ᠬᠤᠷᠠᠯ ᠳᠤ ᠣᠷᠣᠯᠴᠠᠵᠠᠢ᠃ |