ᠳᠤᠮᠳᠠᠳᠤ ᠣᠷᠣᠰ ᠪᠣᠯᠣᠨ ᠳᠤᠮᠳᠠᠳᠤ ᠮᠣᠩᠭᠤᠯ ᠤᠨ ᠬᠢᠯᠢ ᠳᠠᠭᠠᠤ ᠲᠠᠯ᠎ᠠ ᠨᠤᠲᠤᠭ ᠤᠨ ᠲᠦᠢᠮᠡᠷ ᠤᠨ ᠢᠯᠡ ᠭᠠᠯ ᠢ ᠠᠮᠵᠢᠯᠲᠠ ᠲᠠᠢ ᠪᠠᠷ ᠤᠨᠲᠠᠷᠠᠭᠠᠪᠠ
ᠨᠡᠶᠢᠲᠡᠯᠡᠭᠰᠡᠨ ᠴᠠᠭ᠄
2023/4/24
     4 ᠳ᠋ᠦ᠋ᠭᠡᠷ ᠰᠠᠷ᠎ᠠ ᠶᠢᠨ 21 ᠤ ᠡᠳᠦᠷ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠤᠨ ᠵᠢᠯᠤᠭᠤᠳᠬᠤ ᠭᠠᠵᠠᠷ ᠤᠨ ᠠᠯᠪᠠᠨ ᠭᠡᠷ ᠠᠴᠠ ᠣᠶᠢᠯᠠᠭᠠᠭᠰᠠᠨ ᠢᠶᠠᠷ᠂ 4 ᠳ᠋ᠦ᠋ᠭᠡᠷ ᠰᠠᠷ᠎ᠠ ᠶᠢᠨ 20 ᠤ ᠡᠳᠦᠷ ᠤᠨ ᠦᠳᠡ ᠶᠢᠨ ᠬᠤᠶᠢᠨ᠎ᠠ᠂ ᠮᠣᠩᠭᠤᠯ ᠤᠯᠤᠰ ᠪᠣᠯᠣᠨ ᠣᠷᠣᠰ ᠤᠨ ᠬᠢᠯᠢ ᠳᠣᠲᠣᠷ᠎ᠠ ᠲᠣᠰ ᠲᠣᠰ ᠨᠤᠲᠤᠭ ᠪᠡᠯᠴᠢᠭᠡᠷ ᠤᠨ ᠲᠦᠢᠮᠡᠷ ᠭᠠᠷᠤᠭᠰᠠᠨ ᠪᠥᠭᠡᠳ ᠮᠠᠨ ᠤ ᠤᠯᠤᠰ ᠤᠨ ᠬᠢᠯᠢ ᠬᠢᠵᠠᠭᠠᠷ ᠣᠷᠣᠨ ᠳᠤ ᠤᠯᠠᠮ ᠢᠶᠠᠷ ᠣᠶᠢᠷᠠᠲᠤᠭᠰᠠᠭᠠᠷ ᠯᠡ ᠪᠠᠶᠢᠪᠠ᠃      ᠲᠦᠢᠮᠡᠷ ᠤᠨ ᠪᠠᠶᠢᠳᠠᠯ ᠢ ᠲᠤᠰᠴᠤ ᠣᠯᠣᠭᠰᠠᠨ ᠤ ᠲᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠤᠢ ᠰᠢᠭᠤᠢ ᠶᠢᠨ ᠭᠠᠯ ᠰᠡᠷᠭᠡᠶᠢᠯᠡᠨ ᠤᠨᠲᠠᠷᠠᠭᠠᠬᠤ ᠶᠡᠷᠦᠩᠬᠡᠢ ᠠᠩᠭᠢ ᠶᠢᠨ ᠬᠥᠯᠥᠨ ᠪᠤᠶᠢᠷ ᠬᠤᠳᠠ ᠶᠢᠨ ᠰᠠᠯᠪᠤᠷᠢ ᠠᠩᠭᠢ ᠶᠢᠨ ᠬᠢᠨ ᠲᠡᠷᠡ ᠳᠠᠷᠤᠢ ᠳᠤ ᠨᠢ 300 ᠭᠠᠷᠤᠢ ᠵᠢᠯᠣᠭᠤᠳᠤᠭᠴᠢ ᠪᠠᠶᠢᠯᠳᠤᠭᠴᠢ᠂ 50 ᠭᠠᠷᠤᠢ ᠰᠠᠭᠤᠷᠢ ᠡᠯ᠎ᠡ ᠲᠥᠷᠥᠯ ᠤᠨ ᠠᠪᠤᠷᠠᠨ ᠲᠤᠰᠠᠯᠠᠬᠤ ᠮᠠᠰᠢᠨ ᠲᠡᠷᠭᠡ ᠲᠣᠮᠢᠯᠠᠵᠤ᠂ ᠬᠤᠶᠠᠷ ᠵᠠᠮ ᠬᠤᠪᠢᠶᠠᠨ ᠲᠤᠬᠠᠢ ᠶᠢᠨ ᠲᠠᠯᠠᠪᠤᠷ ᠲᠤ ᠬᠦᠷᠴᠦ ᠠᠪᠤᠷᠠᠨ ᠲᠤᠰᠠᠯᠠᠪᠠ᠃ 21 ᠤ ᠡᠳᠦᠷ ᠤᠨ 0 ᠴᠠᠭ 10 ᠮᠢᠨᠦ᠋ᠲ ᠪᠣᠯᠲᠠᠯ᠎ᠠ᠂ ᠤᠯᠠᠨ ᠲᠠᠯ᠎ᠠ ᠶᠢᠨ ᠬᠢᠨ ᠤ ᠪᠦᠬᠦ ᠬᠦᠴᠦ ᠪᠠᠷ ᠢᠶᠠᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠪᠠᠷ ᠳᠠᠮᠵᠢᠨ᠂ ᠳᠤᠮᠳᠠᠳᠤ ᠣᠷᠣᠰ ᠪᠣᠯᠣᠨ ᠳᠤᠮᠳᠠᠳᠤ ᠮᠣᠩᠭᠤᠯ ᠤᠨ ᠬᠢᠯᠢ ᠳᠠᠭᠠᠤ ᠶᠢᠨ ᠢᠯᠡ ᠭᠠᠯ ᠢ ᠠᠮᠵᠢᠯᠲᠠ ᠲᠠᠢ ᠪᠠᠷ ᠤᠨᠲᠠᠷᠠᠭᠠᠭᠰᠠᠨ ᠪᠠᠶᠢᠨ᠎ᠠ᠃      ᠣᠶᠢᠯᠠᠭᠠᠭᠰᠠᠨ ᠢᠶᠠᠷ᠂ ᠲᠣᠰ ᠤᠳᠠᠭᠠᠨ ᠤ ᠳᠤᠮᠳᠠᠳᠤ ᠣᠷᠣᠰ ᠪᠣᠯᠣᠨ ᠳᠤᠮᠳᠠᠳᠤ ᠮᠣᠩᠭᠤᠯ ᠤᠨ ᠬᠢᠯᠢ ᠳᠠᠭᠠᠤ ᠲᠠᠯ᠎ᠠ ᠨᠤᠲᠤᠭ ᠤᠨ ᠲᠦᠢᠮᠡᠷ ᠢ ᠬᠠᠰᠢᠵᠤ ᠤᠨᠲᠠᠷᠠᠭᠠᠬᠤ ᠶᠠᠪᠤᠴᠠ ᠳᠤ᠂ ᠮᠠᠨ ᠤ ᠣᠷᠣᠨ ᠤ ᠣᠶ ᠰᠢᠭᠤᠢ ᠶᠢᠨ ᠭᠠᠯ ᠰᠡᠷᠭᠡᠶᠢᠯᠡᠨ ᠤᠨᠲᠠᠷᠠᠭᠠᠬᠤ ᠠᠩᠭᠢ ᠶᠢᠨ ᠬᠢᠨ ᠨᠡᠶᠢᠲᠡ 6 ᠺᠢᠯᠣᠮᠧᠳ᠋ᠷ ᠬᠢᠯᠢ ᠶᠢᠨ ᠱᠤᠭᠤᠮ ᠳᠠᠭᠠᠤ ᠶᠢᠨ ᠢᠯᠡ ᠭᠠᠯ ᠢ ᠤᠨᠲᠠᠷᠠᠭᠠᠨ᠂ 70 ᠭᠠᠷᠤᠢ ᠤᠲᠤᠭᠠᠲᠤ ᠴᠡᠭ ᠢ ᠴᠡᠪᠡᠷᠯᠡᠵᠦ᠂ ᠨᠡᠶᠢᠲᠡ 200 ᠺᠢᠯᠣᠮᠧᠳ᠋ᠷ ᠣᠷᠳᠣ ᠬᠡᠰᠡᠭ ᠢ ᠲᠣᠭᠤᠷᠢᠨ ᠬᠠᠮᠠᠭᠠᠯᠠᠵᠤ᠂ ᠡᠯ᠎ᠡ ᠰᠠᠯᠠᠭ᠎ᠠ ᠮᠥᠴᠢᠷ ᠤᠨ ᠬᠢᠨ ᠨᠡᠶᠢᠲᠡ 800 ᠢᠯᠡᠭᠦᠦ ᠬᠥᠮᠥᠨ᠂ 150 ᠭᠠᠷᠤᠢ ᠲᠡᠷᠭᠡ ᠭᠠᠯ ᠤᠨᠲᠠᠷᠠᠭᠠᠬᠤ ᠠᠵᠢᠯᠯᠠᠭ᠎ᠠ ᠳᠤ ᠣᠷᠣᠯᠴᠠᠭᠰᠠᠨ ᠪᠠᠶᠢᠨ᠎ᠠ᠃ 21 ᠤ ᠡᠳᠦᠷ ᠤᠨ 9 ᠴᠠᠭ ᠪᠣᠯᠲᠠᠯ᠎ᠠ᠂ ᠣᠷᠣᠨ ᠨᠤᠲᠤᠭ ᠤᠨ ᠭᠠᠯ ᠰᠡᠷᠭᠡᠶᠢᠯᠡᠨ ᠤᠨᠲᠠᠷᠠᠭᠠᠬᠤ ᠠᠩᠭᠢ ᠶᠢᠨ ᠬᠢᠨ ᠳᠤᠮᠳᠠᠳᠤ ᠣᠷᠣᠰ ᠪᠣᠯᠣᠨ ᠳᠤᠮᠳᠠᠳᠤ ᠮᠣᠩᠭᠤᠯ ᠤᠨ ᠬᠢᠯᠢ ᠳᠠᠭᠠᠤ ᠣᠷᠣᠨ ᠢ ᠮᠥᠷᠳᠡᠨ ᠴᠡᠪᠡᠷᠯᠡᠵᠦ᠂ ᠣᠶ ᠰᠢᠭᠤᠢ ᠶᠢᠨ ᠭᠠᠯ ᠰᠡᠷᠭᠡᠶᠢᠯᠡᠨ ᠤᠨᠲᠠᠷᠠᠭᠠᠬᠤ ᠡᠩᠨᠡᠭᠡ ᠶᠢᠨ ᠬᠢᠨ ᠭᠠᠯ ᠤᠨ ᠠᠶᠤᠯ ᠤᠨ ᠭᠤᠣᠯᠳᠠᠯᠭ᠎ᠠ ᠲᠠᠢ ᠪᠠᠶᠢᠷᠢᠨ ᠳᠤ ᠲᠥᠪᠯᠡᠷᠡᠭᠦᠯᠦᠨ ᠪᠠᠶᠢᠷᠢᠯᠠᠭᠤᠯᠵᠤ᠂ ᠤᠶᠠᠨ ᠬᠠᠳᠠᠨ ᠲᠣᠭᠤᠷᠢᠨ ᠬᠠᠮᠠᠭᠠᠯᠠᠯᠲᠠ ᠥᠷᠨᠢᠭᠦᠯᠦᠨ᠂ ᠬᠢᠯᠢ ᠳᠠᠮᠵᠢᠨ ᠣᠷᠣᠵᠤ ᠢᠷᠡᠬᠦ ᠲᠦᠢᠮᠡᠷ ᠢ ᠪᠦᠬᠦ ᠬᠦᠴᠦᠨ ᠢᠶᠠᠷ ᠢᠶᠠᠨ ᠬᠠᠰᠢᠨ ᠰᠡᠷᠭᠡᠶᠢᠯᠡᠵᠦ᠂ ᠲᠠᠬᠢᠨ ᠲᠦᠢᠮᠡᠷ ᠭᠠᠷᠬᠤ ᠦᠭᠡᠢ ᠪᠠᠶᠢᠬᠤ ᠶᠢ ᠪᠠᠲᠤᠯᠠᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号