4 ᠳ᠋ᠦ᠋ᠭᠡᠷ ᠰᠠᠷ᠎ᠠ ᠶᠢᠨ 20 ᠤ ᠡᠳᠦᠷ᠂ ᠥᠪᠡᠷᠲᠡᠭᠡᠨ ᠵᠠᠰᠠᠬᠤ ᠣᠷᠣᠨ 2023 ᠣᠨ ᠤ ᠠᠩᠬᠠᠳᠤᠭᠠᠷ | ᠬᠤᠭᠤᠴᠠᠭᠠᠨ ᠤ ᠴᠠᠭ ᠤᠨ ᠪᠠᠶᠢᠳᠠᠯ ᠪᠠ ᠲᠥᠷᠥ ᠶᠢᠨ ᠪᠣᠳᠣᠯᠭ᠎ᠠ ᠶᠢᠨ ᠮᠡᠳᠡᠭᠦᠯᠦᠯᠲᠡ ᠶᠢᠨ ᠬᠤᠷᠠᠯ ᠬᠤᠷᠠᠯᠳᠤᠭᠤᠯᠪᠠ | ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ | ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ 2023 ᠣᠨ ᠤ ᠵᠠᠰᠠᠭ ᠤᠨ ᠣᠷᠳᠣᠨ ᠤ | ᠠᠵᠢᠯ ᠤᠨ ᠢᠯᠡᠳᠬᠡᠯ ᠳᠤ ᠲᠠᠶᠢᠯᠤᠮᠵᠢ ᠬᠢᠬᠦ ᠶᠢᠨ ᠲᠣᠭᠤᠷᠢᠨ ᠳᠤ ᠲᠤᠰᠬᠠᠢ ᠰᠡᠳᠦᠪᠲᠦ ᠬᠠᠪᠰᠤᠷᠤᠨ ᠵᠢᠯᠣᠭᠤᠳᠤᠯᠭ᠎ᠠ | ᠬᠢᠪᠡ᠃ | ᠬᠤᠸᠠᠩ ᡁᠢ ᠴᠢᠶᠠᠩ ᠬᠡᠯᠡᠬᠦ ᠳᠤ ᠪᠠᠨ᠂ 2023 ᠣᠨ ᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠣᠷᠳᠣᠨ ᠤ ᠠᠵᠢᠯ ᠤᠨ ᠢᠯᠡᠳᠬᠡᠯ ᠤᠨ ᠭᠤᠣᠯ ᠰᠠᠨᠠᠭ᠎ᠠ ᠨᠢ ᠭᠦᠨᠵᠡᠭᠡᠢ᠂ ᠪᠦᠲᠦᠴᠡ ᠨᠢ ᠰᠢᠨ᠎ᠡ᠂ ᠠᠭᠤᠯᠭ᠎ᠠ ᠨᠢ | ᠪᠣᠳᠠᠲᠠᠢ᠂ ᠬᠡᠪ ᠨᠠᠮᠪᠠᠭ᠎ᠠ ᠨᠢ ᠥᠪᠡᠷᠮᠢᠴᠡ ᠪᠠᠶᠢᠵᠤ᠂ ᠥᠩᠭᠡᠷᠡᠭᠰᠡᠨ ᠲᠠᠪᠤᠨ ᠵᠢᠯ ᠳᠤ ᠣᠯᠣᠭᠰᠠᠨ ᠪᠡᠯᠭᠡ | ᠲᠡᠮᠳᠡᠭ ᠤᠨ ᠴᠢᠨᠠᠷᠲᠠᠢ ᠦᠷ᠎ᠡ ᠪᠦᠲᠦᠭᠡᠯ ᠢ ᠡᠷᠭᠢᠴᠡᠭᠦᠯᠦᠭᠰᠡᠨ ᠢᠶᠠᠷ ᠪᠠᠷᠠᠬᠤ ᠦᠭᠡᠢ ᠨᠢᠳᠤᠨᠤᠨ ᠤ ᠥᠷᠨᠢᠭᠦᠯᠦᠭᠰᠡᠨ | ᠰᠢᠨ᠎ᠡ ᠶᠢ ᠡᠭᠦᠳᠬᠦ ᠴᠢᠨᠠᠷᠲᠠᠢ ᠠᠵᠢᠯ ᠢ ᠲᠤᠪᠤᠶᠢᠯᠭᠠᠵᠦ᠂ ᠬᠤᠶᠢᠰᠢᠳᠠ ᠶᠢᠨ ᠲᠠᠪᠤᠨ ᠵᠢᠯ ᠤᠨ ᠬᠥᠭᠵᠢᠯᠲᠡ ᠶᠢᠨ | ᠶᠡᠷᠦᠩᠬᠡᠢ ᠵᠢᠷᠤᠮᠯᠠᠯ ᠪᠠ ᠵᠣᠷᠢᠯᠲᠠ ᠪᠣᠯᠬᠤ ᠪᠠᠷ ᠪᠠᠷᠠᠬᠤ ᠦᠭᠡᠢ ᠡᠨᠡ ᠵᠢᠯ ᠤᠨ ᠡᠯ᠎ᠡ ᠵᠦᠢᠯ ᠤᠨ ᠠᠵᠢᠯ ᠤᠨ | ᠡᠭᠦᠷᠭᠡ ᠶᠢᠨ ᠪᠢᠴᠢᠭ ᠪᠠᠶᠢᠵᠤ᠂ ᠬᠥᠮᠥᠰ ᠤᠨ ᠣᠶᠣᠨ ᠰᠡᠳᠬᠢᠯ ᠢ ᠨᠢᠭᠲᠠᠷᠠᠭᠤᠯᠤᠨ᠂ ᠢᠲᠡᠭᠡᠯ ᠵᠣᠷᠢᠭ ᠢ | ᠬᠥᠪᠴᠢᠯᠡᠵᠦ᠂ ᠠᠷᠠᠳ ᠤᠨ ᠰᠡᠳᠬᠢᠯ ᠢ ᠳᠤᠯᠠᠭᠠᠴᠠᠭᠤᠯᠤᠭᠰᠠᠨ ᠰᠠᠶᠢᠨ ᠮᠡᠳᠡᠭᠦᠯᠦᠯᠲᠡ ᠪᠣᠯᠣᠨ᠎ᠠ᠃ ᠡᠯ᠎ᠡ ᠱᠠᠲᠤᠨ ᠤ | ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ | ᠲᠠᠪᠤᠨ ᠶᠡᠭᠡ ᠡᠭᠦᠷᠭᠡ ᠪᠣᠯᠣᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ | ᠪᠠᠶᠢᠭᠤᠯᠬᠤ ᠬᠤᠶᠠᠷ ᠶᠡᠭᠡ ᠶᠠᠪᠤᠳᠠᠯ ᠤᠨ ᠲᠣᠭᠤᠷᠢᠨ ᠳᠤ᠂ ᠢᠯᠡᠳᠬᠡᠯ ᠳᠤ ᠳᠤᠷᠠᠳᠤᠭᠰᠠᠨ ᠬᠠᠷᠠᠯᠲᠠ ᠡᠭᠦᠷᠭᠡ ᠶᠢᠨ | ᠶᠣᠰᠣᠭᠠᠷ᠂ ᠬᠦᠴᠦᠯᠡᠨ ᠴᠢᠷᠮᠠᠶᠢᠬᠤ ᠡᠷᠴᠢ ᠵᠣᠷᠢᠭ᠂ ᠴᠠᠭ ᠢ ᠠᠮᠵᠢᠬᠤ ᠬᠦᠭ ᠠᠶᠢᠵᠠᠮ ᠢᠶᠠᠷ ᠤᠷᠤᠭᠰᠢᠯᠠᠨ | ᠳᠠᠪᠰᠢᠵᠤ᠂ ᠰᠢᠨ᠎ᠡ ᠴᠠᠭ ᠦᠶ᠎ᠡ ᠶᠢᠨ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ | ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠡᠢ᠃ | ᠬᠤᠷᠠᠯ ᠨᠢ ᠸᠢᠳᠢᠤ᠋ ᠬᠡᠯᠪᠡᠷᠢ ᠪᠠᠷ ᠡᠯ᠎ᠡ ᠠᠶᠢᠮᠠᠭ ᠬᠤᠲᠠ ᠬᠦᠷᠲᠡᠯ᠎ᠡ ᠶᠠᠪᠤᠭᠳᠠᠪᠠ᠃ |